ᠰᠤᠷᠪᠤᠯᠵᠢᠯᠠᠭ᠍ᠴᠢ 19 ᠤ᠋ ᠡᠳᠦᠷ ᠬᠤᠳᠠᠯᠳᠤᠭᠠᠨ᠎ᠤ ᠶᠠᠪᠤᠳᠠᠯ᠎ᠤᠨ ᠶᠠᠮᠤᠨ ᠡᠴᠡ ᠣᠢᠯᠠᠭᠠᠭ᠍ᠰᠠᠨ ᠨᠢ᠂ ᠬᠤᠳᠠᠯᠳᠤᠭᠠᠨ᠎ᠤ ᠶᠠᠪᠤᠳᠠᠯ᠎ᠤᠨ ᠶᠠᠮᠤᠨ᠎ᠤ ᠪᠥᠬᠥ᠌ ᠤᠯᠤᠰ᠎ᠤᠨ ᠴᠠᠬᠢᠯᠭᠠᠨ ᠬᠡᠷᠡᠭᠰᠡᠯ᠎ᠤᠨ ᠬᠠᠭᠤᠴᠢᠨ᠎ᠢᠶᠠᠷ ᠱᠢᠨ᠎ᠡ᠎ᠶ᠋ᠢ ᠰᠣᠯᠢᠬᠤ᠂ ᠳ᠋ᠢᠵᠢᠲ᠋ᠠᠯ ᠪᠠ ᠤᠶᠤᠨᠲᠤ ᠦᠶ᠋ᠯᠡᠳᠬᠦᠨ᠎ᠢ ᠰᠢᠨ᠎ᠡ ᠪᠡᠷ ᠬᠤᠳᠠᠯᠳᠤᠨ ᠠᠪᠬᠤ ᠮᠡᠳᠡᠭᠡ ᠵᠠᠩᠭᠢ᠎ᠶ᠋ᠢᠨ ᠱᠢᠰᠲ᠋ᠧᠮ᠎ᠦᠨ ᠲᠣᠭ᠎ᠠ ᠪᠠᠷᠢᠮᠲᠠ᠎ᠶ᠋ᠢ ᠦᠨᠳᠦᠰᠦᠯᠡᠪᠡᠯ᠂ 4 ᠰᠠᠷ᠎ᠠ᠎ᠶ᠋ᠢᠨ 16 ᠤ᠋ ᠡᠳᠦᠷ ᠪᠣᠯᠲᠠᠯ᠎ᠠ᠂ ᠳ᠋ᠢᠵᠢᠲ᠋ᠠᠯ ᠪᠠ ᠤᠶᠤᠨᠲᠤ ᠦᠶ᠋ᠯᠡᠳᠬᠦᠨ᠎ᠢ 4243.3 ᠲᠦᠮᠡᠨ ᠬᠤᠪᠢ ᠱᠢᠨ᠎ᠡ᠎ᠪᠡᠷ ᠬᠤᠳᠠᠯᠳᠤᠨ ᠠᠪᠴᠤ᠂ ᠠᠳᠠᠯᠢ ᠬᠤᠭᠤᠴᠠᠭᠠᠨ᠎ᠤ ᠬᠢ᠎ᠡᠴᠡ 31.7% ᠪᠡᠷ ᠨᠡᠮᠡᠭ᠌ᠳᠡᠪᠡ; ᠪᠣᠷᠣᠯᠠᠭᠤᠯᠭ᠎ᠠ᠎ᠶ᠋ᠢᠨ ᠳᠤᠭ᠎ᠠ 1261.53 ᠳ᠋ᠦᠩᠱᠢᠭᠤᠷ ᠲᠥᠭᠥᠷᠢᠭ᠎ᠲᠦ ᠬᠦᠷᠴᠦ᠍᠂ ᠠᠳᠠᠯᠢ ᠬᠤᠭᠤᠴᠠᠭᠠᠨ᠎ᠤ᠎ᠬᠢ᠎ᠡᠴᠡ 36.4% ᠪᠠᠷ ᠨᠡᠮᠡᠭ᠌ᠳᠡᠪᠡ᠃ ᠡᠭᠦᠨ᠎ᠳᠦ᠂ ᠭᠠᠷ ᠤᠲᠠᠰᠤᠨ᠎ᠤ ᠪᠣᠷᠣᠯᠠᠭᠤᠯᠭ᠎ᠠ᠎ᠶ᠋ᠢᠨ ᠡᠵᠡᠯᠡᠬᠦ᠌ ᠬᠠᠷᠢᠴᠠᠯ ᠨᠠᠶ᠋ᠮᠠᠨ ᠬᠤᠪᠢ᠎ᠶ᠋ᠢ ᠳᠠᠪᠠᠵᠤ᠂ 《ᠳᠤᠮᠳᠠ ᠳᠡᠭᠡᠳᠦ ᠲᠠᠰ ᠥᠷᠭᠡᠳᠴᠦ᠂ ᠬᠡᠷᠡᠭ᠌ᠯᠡᠭᠡᠨ᠎ᠦ ᠪᠦᠲᠦᠴᠡ ᠱᠢᠯᠢᠳᠡᠭ᠌ᠵᠢᠭᠰᠡᠨ》 ᠪᠠᠢᠳᠠᠯ ᠢᠯᠡᠷᠡᠪᠡ᠃
ᠵᠢᠯ᠎ᠤᠨ ᠡᠬᠢᠨ᠎ᠡᠴᠡ ᠨᠠᠭᠠᠰᠢ᠂ ᠭᠠᠷ ᠤᠲᠠᠰᠤ ᠵᠡᠷᠭᠡ ᠳ᠋ᠢᠵᠢᠲ᠋ᠠᠯ ᠦᠶ᠋ᠯᠡᠳᠬᠦᠨ᠎ᠢ ᠰᠢᠨ᠎ᠡ ᠪᠡᠷ ᠬᠤᠳᠠᠯᠳᠤᠨ ᠠᠪᠬᠤ ᠨᠥᠬᠥᠪᠥᠷᠢ᠎ᠶ᠋ᠢᠨ ᠴᠢᠨᠠᠷ᠎ᠢ ᠳᠡᠭᠡᠭ᠌ᠰᠢᠯᠡᠭᠦᠯᠦᠨ ᠬᠡᠪᠴᠢᠶ᠎ᠡ᠎ᠶ᠋ᠢ ᠥᠷᠭᠡᠳᠭᠡᠵᠦ ᠳ᠋ᠢᠵᠢᠲ᠋ᠠᠯ ᠦᠶ᠋ᠯᠡᠳᠬᠦᠨ ᠪᠠ ᠤᠶᠤᠨᠲᠤ ᠦᠶ᠋ᠯᠡᠳᠬᠦᠨ᠎ᠢ ᠰᠢᠨ᠎ᠡ ᠪᠡᠷ ᠬᠤᠳᠠᠯᠳᠤᠨ ᠠᠪᠬᠤ᠎ᠳᠦ ᠨᠥᠬᠥᠪᠥᠷᠢ ᠦᠭᠴᠦ᠂ ᠤᠶᠤᠨᠲᠤ ᠨᠢᠳᠦᠨ ᠱᠢᠯᠢ ᠠᠩᠬ᠎ᠠ ᠤᠳᠠᠭ᠎ᠠ ᠨᠥᠬᠥᠪᠥᠷᠢ ᠥᠭ᠌ᠬᠦ ᠬᠡᠪᠴᠢᠶᠡᠨ᠎ᠳᠦ ᠣᠷᠣᠭᠤᠯᠵᠤ᠂ ᠴᠢᠮᠡᠭᠡ ᠬᠣᠯᠪᠣᠭᠠᠨ᠎ᠤ ᠪᠠᠭᠠᠵᠢ ᠬᠡᠷᠡᠭ᠌ᠰᠡᠯ᠎ᠦᠨ ᠲᠥᠷᠥᠯ᠎ᠦᠨ ᠲᠠᠸᠠᠷ᠎ᠤᠨ ᠵᠢᠵᠢᠭ᠌ᠯᠡᠨ ᠬᠤᠳᠠᠯᠳᠤᠬᠤ ᠬᠡᠮᠵᠢᠶ᠎ᠡ᠎ᠶ᠋ᠢᠨ ᠨᠡᠯᠢᠶᠡᠳ ᠲᠦᠷᠭᠡᠨ ᠨᠡᠮᠡᠭ᠌ᠳᠡᠯ᠎ᠢ ᠳᠠᠢᠴᠢᠯᠠᠪᠠ᠃ 4 ᠰᠠᠷ᠎ᠠ᠎ᠶ᠋ᠢᠨ ᠳᠤᠮᠳᠠᠴᠢ ᠪᠣᠯᠲᠠᠯ᠎ᠠ᠂ ᠤᠯᠤᠰ ᠳᠠᠭᠠᠨ ᠦᠢᠯᠡᠳᠪᠦᠷᠢᠯᠡᠭᠰᠡᠨ ᠤᠶᠤᠨᠲᠤ ᠨᠢᠳᠦᠨ ᠱᠢᠯ᠎ᠦᠨ ᠦᠶ᠋ᠯᠡᠳᠬᠦᠨ᠎ᠦ 16 ᠳᠦᠷᠦᠯ ᠳᠡᠮᠳᠡᠭ ᠱᠢᠨ᠎ᠡ ᠪᠡᠷ ᠬᠤᠳᠠᠯᠳᠤᠨ ᠠᠪᠤᠪᠠᠯ ᠨᠥᠬᠥᠪᠥᠷᠢ ᠦᠭᠬᠦ ᠲᠥᠷᠥ᠎ᠶ᠋ᠢᠨ ᠪᠣᠳᠣᠯᠭ᠎ᠠ᠎ᠳᠤ ᠬᠠᠮᠤᠷᠤᠭᠳᠠᠵᠤ᠂ ᠭᠤᠤᠯᠳᠠᠯᠭ᠎ᠠ᠎ᠲᠠᠶ ᠠᠵᠤ ᠠᠬᠤᠢᠯᠠᠯ᠎ᠤᠨ ᠪᠣᠷᠣᠯᠠᠭᠤᠯᠭ᠎ᠠ᠎ᠶ᠋ᠢᠨ ᠬᠡᠮᠵᠢᠶ᠎ᠡ᠂ ᠪᠣᠷᠣᠯᠠᠭᠤᠯᠭ᠎ᠠ᠎ᠶ᠋ᠢᠨ ᠲᠣᠭ᠎ᠠ ᠠᠳᠠᠯᠢ ᠬᠤᠭᠤᠴᠠᠭᠠᠨ᠎ᠤ᠎ᠬᠢ᠎ᠡᠴᠡ ᠲᠣᠰ ᠲᠣᠰ 42.4%᠂ 46.8% ᠪᠠᠷ ᠨᠡᠮᠡᠭ᠌ᠳᠡᠪᠡ᠃
ᠣᠢᠯᠠᠭᠠᠭ᠍ᠰᠠᠨ᠎ᠢᠶᠠᠷ᠂ ᠬᠡᠷ᠎ᠦᠨ ᠴᠠᠬᠢᠯᠭᠠᠨ ᠬᠡᠷᠡᠭ᠌ᠰᠡᠯ᠎ᠢ ᠬᠠᠭᠤᠴᠢᠨ᠎ᠢᠶᠠᠷ ᠱᠢᠨ᠎ᠡ᠎ᠶ᠋ᠢ ᠰᠣᠯᠢᠬᠤ᠂ ᠳ᠋ᠢᠵᠢᠲ᠋ᠠᠯ ᠪᠠ ᠤᠶᠤᠨᠲᠤ ᠦᠶ᠋ᠯᠡᠳᠬᠦᠨ ᠰᠢᠨ᠎ᠡ ᠪᠡᠷ ᠬᠤᠳᠠᠯᠳᠤᠨ ᠠᠪᠤᠪᠠᠯ ᠨᠥᠬᠥᠪᠥᠷᠢ ᠦᠭᠬᠦ ᠲᠥᠷᠥ᠎ᠶ᠋ᠢᠨ ᠪᠣᠳᠣᠯᠭ᠎ᠠ᠎ᠶ᠋ᠢᠨ ᠳᠠᠢᠴᠢᠯᠠᠯᠲᠠ ᠳᠤᠤᠷ᠎ᠠ᠂ 1 ᠡᠴᠡ 3 ᠰᠠᠷ᠎ᠠ ᠪᠣᠯᠲᠠᠯ᠎ᠠ᠂ ᠬᠢᠵᠠᠭᠠᠷᠳᠤ ᠨᠤᠷᠮ᠎ᠠ ᠡᠴᠡ ᠳᠡᠭᠡᠭ᠌ᠰᠢᠬᠢ ᠨᠢᠭᠡᠴᠢ ᠴᠢᠮᠡᠭᠡ ᠬᠣᠯᠪᠣᠭᠠᠨ᠎ᠤ ᠪᠠᠭᠠᠵᠢ ᠬᠡᠷᠡᠭ᠌ᠰᠡᠯ᠎ᠦᠨ ᠲᠥᠷᠥᠯ᠎ᠦᠨ ᠲᠠᠸᠠᠷ᠎ᠤᠨ ᠵᠢᠵᠢᠭ᠌ᠯᠡᠨ ᠬᠤᠳᠠᠯᠳᠤᠭ᠍ᠰᠠᠨ ᠲᠣᠭ᠎ᠠ 2840 ᠳ᠋ᠦᠩᠱᠢᠭᠤᠷ ᠲᠥᠭᠥᠷᠢᠭ᠎ᠲᠦ ᠬᠦᠷᠴᠦ᠍᠂ ᠠᠳᠠᠯᠢ ᠬᠤᠭᠤᠴᠠᠭᠠᠨ᠎ᠤ᠎ᠬᠢ᠎ᠡᠴᠡ 20.8% ᠪᠠᠷ ᠨᠡᠮᠡᠭ᠌ᠳᠡᠵᠦ᠍᠂ ᠠᠳᠠᠯᠢ ᠬᠤᠭᠤᠴᠠᠭᠠᠨ᠎ᠤ ᠨᠡᠢᠭᠡᠮ᠎ᠦᠨ ᠬᠡᠷᠡᠭ᠌ᠯᠡᠭᠡᠨ᠎ᠦ ᠵᠦᠶ᠋ᠯ᠎ᠦᠨ ᠵᠢᠵᠢᠭ᠌ᠯᠡᠨ ᠬᠤᠳᠠᠯᠳᠤᠭ᠍ᠰᠠᠨ ᠪᠥᠬᠥ᠌ ᠲᠣᠭᠠᠨ᠎ᠤ ᠨᠡᠮᠡᠭ᠌ᠳᠡᠯ᠎ᠦᠨ ᠬᠤᠷᠳᠤᠴᠠ ᠡᠴᠡ ᠵᠠᠭᠤᠨ᠎ᠤ ᠬᠠᠷᠢᠴᠠᠯ᠎ᠢᠶᠡᠷ 18.4 ᠬᠤᠪᠢ ᠥᠨᠳᠥᠷ ᠪᠣᠯᠵᠣ᠂ 16 ᠲᠥᠷᠥᠯ᠎ᠦᠨ ᠲᠠᠸᠠᠷ᠎ᠤᠨ ᠳᠣᠲᠣᠷ᠎ᠠ ᠨᠢᠭᠡᠳᠦᠭᠡᠷ᠎ᠲᠦ ᠣᠷᠣᠪᠠ᠃
(ᠱᠢᠨᠬᠤᠸᠠ ᠬᠤᠷᠢᠶ᠎ᠠ᠎ᠶᠢᠨ ᠪᠡᠭᠡᠵᠢᠩ᠎ᠦᠨ 4 ᠰᠠᠷ᠎ᠠ᠎ᠶ᠋ᠢᠨ 19᠎ᠤ᠋ ᠴᠠᠬᠢᠯᠭᠠᠨ ᠮᠡᠳᠡᠭᠡ)