ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ 2026 ᠣᠨ᠎ᠤ ᠬᠣᠶᠠᠳᠤᠭᠠᠷ ᠪᠦᠯᠦᠭ᠎ᠦᠨ 《ᠬᠣᠶᠠᠷ ᠴᠢᠬᠤᠯᠠ》 ᠪᠦᠲᠦᠭᠡᠨ ᠪᠠᠢᠭᠤᠯᠤᠯᠲᠠ᠎ᠶᠢᠨ ᠲᠥᠷᠥᠯ ᠵᠦᠢᠯ᠎ᠦᠨ ᠨᠠᠷᠢᠨ ᠲᠠᠩᠰᠠ᠎ᠶᠢ ᠪᠠᠭᠤᠯᠭᠠᠪᠠ
2026-04-21 10:45:36
ᠵᠣᠬᠢᠶᠠᠭ᠍ᠴᠢ᠄
ᠸᠧᠢ ᠬᠣᠩ ᠢ ᠸᠧᠢ ᠢᠦᠢ ᠺᠦᠨ
ᠣᠩᠱᠢᠭ᠍ᠰᠠᠨ ᠣᠳᠠᠭ᠎ᠠ᠄
★★★☆☆

ᠰᠤᠷᠪᠤᠯᠵᠢᠯᠠᠭ᠍ᠴᠢ 19᠎ᠤ᠋ ᠡᠳᠦᠷ ᠤᠯᠤᠰ᠎ᠤᠨ ᠬᠥᠭᠵᠢᠭᠦᠯᠦᠯᠲᠡ ᠪᠡ ᠥᠭᠡᠷᠡᠴᠢᠯᠡᠯᠲᠡ᠎ᠶᠢᠨ ᠵᠥᠪᠯᠡᠯ᠎ᠡᠴᠡ ᠣᠢᠯᠠᠭᠠᠭᠰᠠᠨ ᠵᠢᠡᠷ᠂ ᠣᠢᠷ᠎ᠠ᠎ᠳᠤ ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ 2026 ᠣᠨ᠎ᠤ ᠬᠣᠶᠠᠳᠤᠭᠠᠷ ᠪᠦᠯᠦᠭ᠎ᠦᠨ 《ᠬᠣᠶᠠᠷ ᠴᠢᠬᠤᠯᠠ》 ᠪᠦᠲᠦᠭᠡᠨ ᠪᠠᠢᠭᠤᠯᠤᠯᠲᠠ᠎ᠶᠢᠨ ᠲᠦᠷᠦᠯ ᠵᠦᠢᠯ᠎ᠦᠨ ᠨᠠᠷᠢᠨ ᠳᠠᠨᠭᠰᠠ᠎ᠶᠢ ᠵᠣᠬᠢᠶᠠᠨ ᠪᠠᠢᠭᠤᠯᠤᠨ ᠪᠠᠭᠤᠯᠭᠠᠵᠤ᠂ ᠣᠷᠳᠣ᠌ ᠬᠤᠭᠤᠴᠠᠭᠠᠨ᠎ᠤ ᠣᠨᠴᠠᠭᠠᠶ ᠤᠯᠤᠰ᠎ᠤᠨ ᠵᠢᠭᠡᠯᠡᠯᠭᠡ᠎ᠶᠢᠨ ᠪᠡᠯᠡ ᠮᠥᠩᠭᠥ᠎ᠶᠢ ᠨᠡᠶ᠋ᠢᠲᠡ 2168 ᠳ᠋ᠦᠩᠰᠢᠭᠤᠷ ᠲᠥᠭᠥᠷᠢᠭ ᠲᠣᠬᠢᠷᠠᠭᠤᠯᠤᠨ 336 ᠴᠢᠬᠤᠯᠠ ᠶᠡᠬᠡ ᠲᠦᠷᠦᠯ ᠵᠦᠢᠯ᠎ᠢ ᠳᠡᠮᠵᠢᠪᠡ᠃

ᠰᠤᠷᠪᠤᠯᠵᠢᠯᠠᠭ᠍ᠴᠢ᠎ᠶᠢᠨ ᠣᠢᠯᠠᠭᠠᠭᠰᠠᠨ᠎ᠢᠶᠠᠷ᠂ ᠬᠣᠯᠪᠣᠭᠳᠠᠯ ᠪᠦᠬᠦᠢ ᠲᠥᠷᠥᠯ ᠵᠦᠢᠯ ᠨᠢ  ᠵᠣᠬᠢᠶᠠᠮᠠᠯ ᠣᠶᠤᠨ ᠴᠢᠳᠠᠪᠤᠷᠢ᠂ ᠬᠣᠲᠠ᠎ᠶᠢᠨ ᠭᠠᠵᠠᠷ ᠳᠣᠣᠷᠠᠬᠢ ᠬᠣᠭᠣᠯᠠᠢ᠎ᠶᠢᠨ ᠲᠣᠣᠷ᠎ᠤᠨ ᠪᠦᠲᠦᠭᠡᠨ ᠪᠠᠢᠭᠤᠯᠤᠯᠲᠠ ᠪᠠ ᠵᠠᠰᠠᠯᠳᠠ ᠥᠭᠡᠷᠡᠴᠢᠯᠡᠯᠲᠡ᠂ ᠬᠥᠬᠡᠮᠥ᠋ᠷᠡᠨ᠎ᠦ ᠠᠵᠤ ᠠᠬᠤᠢ᠎ᠶᠢᠨ ᠪᠦᠰᠡ᠎ᠶᠢᠨ ᠵᠠᠮ ᠬᠠᠷᠢᠯᠴᠠᠭᠠᠨ᠎ᠤ ᠰᠠᠭᠤᠷᠢ ᠲᠥᠬᠦᠭᠡᠷᠦᠮᠵᠢ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠂ ᠳᠡᠭᠡᠳᠦ ᠵᠡᠷᠭᠡ᠎ᠶᠢᠨ ᠰᠤᠷᠭᠠᠨ ᠬᠥᠮᠦᠵᠢᠯ᠎ᠦᠨ ᠶᠠᠰᠤ ᠴᠢᠨᠠᠷ᠎ᠢ ᠳᠡᠭᠡᠭᠰᠢᠯᠡᠭᠦᠯᠦᠨ ᠲᠠᠰ ᠳᠡᠪᠰᠢᠭᠦᠯᠬᠦ᠂ 《ᠤᠮᠠᠷᠠᠲᠤ᠎ᠶᠢᠨ ᠭᠤᠷᠪᠠᠨ ᠣᠷᠣᠨ》 ᠤ᠋ ᠢᠨᠵᠧᠨᠧᠷᠢᠩ ᠵᠡᠷᠭᠡ ᠭᠣᠣᠯᠳᠠᠯᠭ᠎ᠠ ᠲᠠᠢ ᠬᠦᠷᠢᠶᠡᠨ᠎ᠳᠦ ᠬᠣᠯᠪᠣᠭᠳᠠᠵᠤ ᠪᠠᠢᠨ᠎ᠠ᠃ ᠳᠡᠭᠡᠷ᠎ᠡ ᠨᠢ ᠡᠭᠦᠨ᠎ᠡᠴᠡ ᠡᠮᠦᠨ᠎ᠡ ᠨᠢᠭᠡᠨᠲᠡ ᠪᠠᠭᠤᠯᠭᠠᠭᠰᠠᠨ 3897 ᠳ᠋ᠦᠩᠰᠢᠭᠤᠷ ᠲᠥᠭᠥᠷᠢᠭ᠎ᠢ ᠨᠡᠮᠡᠪᠡᠯ᠂ ᠡᠨᠡ ᠵᠢᠯ 《ᠬᠣᠶᠠᠷ ᠴᠢᠬᠤᠯᠠ》 ᠪᠦᠲᠦᠭᠡᠨ ᠪᠠᠢᠭᠤᠯᠤᠯᠲᠠ᠎ᠶᠢᠨ ᠪᠡᠯᠡ ᠮᠥᠩᠭᠥ᠎ᠶᠢ ᠨᠡᠶ᠋ᠢᠲᠡ 6065 ᠳ᠋ᠦᠩᠰᠢᠭᠤᠷ ᠲᠥᠭᠥᠷᠢᠭ ᠲᠣᠬᠢᠷᠠᠭᠤᠯᠵᠤ᠂ ᠪᠦᠬᠦ ᠵᠢᠯ᠎ᠦᠨ 8000 ᠳ᠋ᠦᠩᠰᠢᠭᠤᠷ ᠲᠥᠭᠥᠷᠢᠭ᠎ᠦᠨ 76% ᠶ᠋ᠢ ᠡᠵᠡᠯᠡᠵᠦ᠂ ᠪᠠᠭᠤᠯᠭᠠᠭᠰᠠᠨ ᠠᠬᠢᠴᠠ ᠨᠢ ᠨᠢᠳᠤᠨᠤᠨ᠎ᠤ ᠬᠢ᠎ᠡᠴᠡ ᠢᠯᠡᠳᠲᠡ ᠲᠦᠷᠭᠡᠨ ᠪᠣᠯᠪᠡ᠃

ᠤᠯᠤᠰ᠎ᠤᠨ ᠬᠥᠭᠵᠢᠭᠦᠯᠦᠯᠲᠡ ᠪᠡ ᠥᠭᠡᠷᠡᠴᠢᠯᠡᠯᠲᠡ᠎ᠶᠢᠨ ᠵᠥᠪᠯᠡᠯ᠎ᠦᠨ ᠬᠣᠯᠪᠣᠭᠳᠠᠯ ᠪᠦᠬᠦᠢ ᠬᠠᠷᠢᠭᠤᠴᠠᠯᠭᠠᠲᠠᠨ᠂ ᠡᠭᠦᠨ᠎ᠦ ᠵᠡᠷᠭᠡ᠎ᠪᠡᠷ ᠪᠡᠯᠡ ᠣᠷᠣᠭᠤᠯᠤᠯᠲᠠ ᠪᠡᠯᠡ ᠲᠣᠬᠢᠷᠠᠭᠤᠯᠭ᠎ᠠ ᠵᠡᠷᠭᠡ ᠵᠢᠨ ᠲᠣᠭᠲᠠᠴᠠ᠎ᠶᠢ ᠴᠢᠨᠠᠭᠰᠢᠳᠠ ᠲᠡᠭᠦᠯᠳᠡᠷᠵᠢᠭᠦᠯᠦᠨ ᠰᠢᠯᠢᠳᠡᠭᠵᠢᠭᠦᠯᠵᠦ᠂ 《ᠵᠥᠭᠡᠯᠡᠨ ᠪᠦᠲᠦᠭᠡᠨ ᠪᠠᠢᠭᠤᠯᠤᠯᠲᠠ》 ᠶ᠋ᠢᠨ ᠠᠷᠭ᠎ᠠ ᠬᠡᠮᠵᠢᠶ᠎ᠡ᠎ᠶᠢ ᠲᠦᠷᠭᠡᠳᠬᠡᠨ ᠬᠡᠷᠡᠭᠵᠢᠭᠦᠯᠵᠦ᠂ ᠲᠥᠪ᠎ᠦᠨ ᠪᠡᠯᠡ ᠣᠷᠣᠭᠤᠯᠤᠯᠲᠠ᠎ᠶᠢᠨ ᠪᠡᠯᠡ ᠮᠥᠩᠭᠥ᠎ᠶᠢᠨ ᠬᠢᠨᠠᠯᠲᠠ ᠬᠠᠮᠢᠶᠠᠷᠤᠯᠲᠠ᠎ᠶᠢ ᠴᠢᠩᠭᠠᠳᠬᠠᠵᠤ᠂ ᠨᠠᠩ ᠣᠯᠠᠨ ᠪᠣᠳᠠᠲᠤ ᠪᠣᠳᠠᠰ᠎ᠤᠨ ᠠᠵᠢᠯ᠎ᠤᠨ ᠬᠡᠮᠵᠢᠶ᠎ᠡ᠎ᠶᠢ ᠡᠷᠲᠡᠬᠡᠨ ᠪᠦᠷᠢᠯᠳᠤᠭᠦᠯᠦᠨ᠎ᠡ ᠭᠡᠵᠤ ᠢᠯᠡᠳᠬᠡᠵᠡᠢ᠃

 (ᠰᠢᠨᠬᠤᠸᠠ ᠬᠣᠷᠢᠶ᠎ᠡ ᠵᠢᠨ ᠪᠡᠭᠡᠵᠢᠩ᠎ᠦᠨ 4 ᠰᠠᠷ᠎ᠠ᠎ᠶᠢᠨ 19᠎ᠤ᠋ ᠴᠠᠬᠢᠯᠭᠠᠨ ᠮᠡᠳᠡᠭᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号