ᠰᠤᠷᠪᠤᠯᠵᠢᠯᠠᠭ᠍ᠴᠢ ᠤᠢᠷ᠎ᠡ ᠵᠢᠨ ᠡᠳᠦᠷ ᠵᠢᠷᠭᠤᠳᠤᠭᠠᠷ ᠬᠤᠭᠤᠴᠠᠭᠠᠨ᠎ᠤ ᠳᠤᠮᠳᠠᠳᠤ ᠤᠯᠤᠰ᠎ᠤᠨ ᠤᠯᠠᠨ ᠤᠯᠤᠰ᠎ᠤᠨ ᠬᠡᠷᠡᠭ᠌ᠯᠡᠭᠡᠨ᠎ᠦ ᠵᠦᠢᠯ᠎ᠦᠨ ᠦᠵᠡᠰᠭᠦᠯᠡᠩ᠎ᠦᠨ ᠴᠤᠭ᠍ᠯᠠᠭᠠᠨ ᠡᠴᠡ ᠤᠢ᠍ᠢᠯᠠᠭᠠᠭ᠍ᠰᠠᠠᠢᠶᠡᠷ᠂ ᠲᠤᠰ ᠬᠤᠭᠤᠴᠠᠭᠠᠨ᠎ᠤ ᠬᠡᠷᠡᠭᠯᠡᠭᠡᠨ ᠤ᠋ ᠦᠵᠡᠰᠭᠦᠯᠡᠩ᠎ᠦᠨ ᠴᠤᠭ᠍ᠯᠠᠭᠠᠨ᠎ᠳᠤ ᠣᠷᠣᠯᠴᠠᠭᠰᠠᠨ ᠦᠵᠡᠭ᠌ᠴᠢᠳ᠎ᠦᠨ ᠲᠣᠭ᠎ᠠ᠂ ᠭᠠᠭᠴᠠ ᠡᠳᠦᠷ᠎ᠲᠦ ᠲᠠᠯᠠᠪᠠᠢ᠎ᠳᠤ ᠣᠷᠣᠭᠰᠠᠨ ᠬᠥᠮᠦᠨ᠎ᠦ ᠲᠣᠭ᠎ᠠ᠂ ᠦᠵᠡᠰᠭᠦᠯᠡᠩ᠎ᠦᠨ ᠴᠤᠭᠯᠠᠭᠠᠨ ᠤ᠋ ᠶᠡᠷᠦᠩᠬᠡᠢ ᠲᠠᠯᠠᠪᠠᠢ ᠵᠢᠴᠢ ᠤᠯᠠᠨ ᠤᠯᠤᠰ᠎ᠤᠨ ᠦᠵᠡᠭᠦᠯᠭᠡ᠎ᠶ᠋ᠢᠨ ᠵᠦᠢᠯᠡᠰ᠎ᠦᠨ ᠡᠵᠡᠯᠡᠬᠦ᠌ ᠬᠠᠷᠢᠴᠠᠯ ᠴᠥᠮ ᠲᠡᠦᠬᠡ᠎ᠶ᠋ᠢᠨ ᠱᠢᠨ᠎ᠡ ᠲᠡᠮᠳᠡᠭ᠌ᠯᠡᠯ᠎ᠢ ᠡᠭᠦᠳᠴᠦ᠍᠂ ᠳᠤᠮᠳᠠᠳᠤ ᠤᠯᠤᠰ᠎ᠤᠨ ᠬᠡᠷᠡᠭ᠌ᠯᠡᠭᠡᠨ᠎ᠦ ᠵᠠᠬ᠎ᠠ ᠳᠡᠯᠭᠡᠭᠦᠷ᠎ᠦᠨ ᠬᠦᠴᠦᠷᠬᠡᠭ ᠶᠡᠬᠡ ᠠᠮᠢᠵᠢᠷᠠᠯ᠎ᠤᠨ ᠬᠦᠴᠦᠨ ᠪᠣᠯᠤᠨ ᠨᠡᠬᠡᠬᠡᠯᠳᠡ᠎ᠶ᠋ᠢᠨ ᠲᠠᠲᠠᠬᠤ ᠬᠦᠴᠦᠨ᠎ᠢ ᠢᠯᠡᠷᠡᠭᠦᠯᠪᠡ᠃
ᠵᠢᠷᠭᠤᠳᠤᠭᠠᠷ ᠬᠤᠭᠤᠴᠠᠭᠠᠨ᠎ᠤ ᠬᠡᠷᠡᠭᠯᠡᠭᠡᠨ ᠤ᠋ ᠦᠵᠡᠰᠭᠦᠯᠡᠩ᠎ᠦᠨ ᠴᠤᠭ᠍ᠯᠠᠭᠠᠨ 4 ᠰᠠᠷ᠎ᠠ᠎ᠶ᠋ᠢᠨ 13 ᠤ᠋ ᠡᠳᠦᠷ ᠡᠴᠡ 18 ᠤ᠋ ᠡᠳᠦᠷ ᠪᠣᠯᠲᠠᠯ᠎ᠠ ᠬᠠᠢᠨᠠᠨ᠎ᠳᠤ ᠶᠠᠪᠤᠭ᠍ᠳᠠᠪᠠ᠃ ᠬᠡᠷᠡᠭᠯᠡᠭᠡᠨ ᠤ᠋ ᠦᠵᠡᠰᠭᠦᠯᠡᠩ᠎ᠤᠨ ᠴᠤᠭᠯᠠᠭᠠᠨ᠎ᠢ ᠭᠤᠤᠯᠯᠠᠨ ᠡᠷᠭᠢᠯᠡᠭ᠌ᠰᠡᠨ ᠲᠠᠯ᠎ᠠ᠎ᠶ᠋ᠢᠨ ᠲᠠᠨᠢᠯᠴᠠᠭᠤᠯᠤᠭ᠍ᠰᠠᠨ᠎ᠢᠶᠠᠷ᠂ ᠲᠣᠰ ᠬᠤᠭᠤᠴᠠᠭᠠᠨ᠎ᠤ ᠬᠡᠷᠡᠭᠯᠡᠭᠡᠨ ᠤ᠋ ᠦᠵᠡᠰᠭᠦᠯᠡᠩ᠎ᠦᠨ ᠴᠤᠭᠯᠠᠭᠠᠨ ᠤ᠋ ᠶᠡᠷᠦᠩᠬᠡᠶ ᠲᠠᠯᠠᠪᠠᠶ 14.3 ᠲᠦᠮᠡᠨ ᠲᠡᠭ᠌ᠰᠢ ᠳᠥᠷᠪᠡᠯᠵᠢᠨ ᠮᠧᠲ᠋ᠷ᠎ᠲᠦ ᠬᠦᠷᠴᠦ᠍᠂ ᠳᠡᠭᠡᠷ᠎ᠡ ᠬᠤᠭᠤᠴᠠᠭᠠᠨ᠎ᠤ ᠬᠢ᠎ᠡᠴᠡ 1.3 ᠲᠦᠮᠡᠨ ᠲᠡᠭ᠌ᠰᠢ ᠳᠥᠷᠪᠡᠯᠵᠢᠨ ᠮᠧᠲ᠋ᠷ ᠨᠡᠮᠡᠭ᠌ᠳᠡᠵᠡᠶ; 67 ᠤᠯᠤᠰ ᠪᠠ ᠭᠠᠵᠠᠷ ᠣᠷᠣᠨ ᠡᠴᠡ ᠢᠷᠡᠭ᠌ᠰᠡᠨ 3413 ᠬᠡᠷᠡᠭ᠌ᠯᠡᠭᠡᠨ᠎ᠦ ᠰᠣᠳᠣᠨ ᠲᠦᠷᠦᠯ ᠲᠡᠮᠳᠡᠭ ᠦᠵᠡᠭᠦᠯᠭᠡ᠎ᠳᠦ ᠣᠷᠣᠯᠴᠠᠵᠤ᠂ ᠤᠯᠠᠨ ᠤᠯᠤᠰ᠎ᠤᠨ ᠦᠵᠡᠭᠦᠯᠭᠡ᠎ᠶ᠋ᠢᠨ ᠵᠦᠢᠯ᠎ᠤᠨ ᠬᠠᠷᠢᠴᠠᠯ 65% ᠳ᠋ᠤ᠌ ᠬᠦᠷᠴᠦ᠍᠂ ᠳᠡᠭᠡᠷ᠎ᠡ ᠬᠤᠭᠤᠴᠠᠭᠠᠨ᠎ᠤ ᠬᠢ᠎ᠡᠴᠡ ᠵᠠᠭᠤᠨ᠎ᠤ ᠬᠠᠷᠢᠴᠠᠯ᠎ᠢᠶᠠᠷ 20 ᠬᠤᠪᠢ ᠳᠡᠭᠡᠭ᠌ᠰᠢᠯᠡᠪᠡ᠃
ᠦᠵᠡᠭ᠌ᠴᠢᠳ᠎ᠦᠨ ᠬᠠᠯᠠᠭᠤᠨ ᠬᠦᠷᠢᠶᠡᠯᠡᠯ᠎ᠢ ᠤᠯᠵᠤ᠂ ᠦᠵᠡᠰᠭᠦᠯᠡᠩ᠎ᠦᠨ ᠴᠤᠭ᠍ᠯᠠᠭᠠᠨ ᠤ᠋ ᠦᠵᠡᠭ᠌ᠴᠢᠳ ᠨᠡᠢᠲᠡ 34 ᠲᠦᠮᠡᠨ ᠬᠥᠮᠦᠨ ᠤᠳᠠᠭ᠎ᠠ ᠬᠦᠷᠴᠦ᠍᠂ ᠡᠭᠦᠨ᠎ᠳᠦ ᠭᠤᠤᠯ ᠴᠤᠭᠯᠠᠭᠠᠨ ᠤ᠋ ᠲᠠᠯᠠᠪᠠᠶ᠎ᠶᠢᠨ 4 ᠰᠠᠷ᠎ᠠ᠎ᠶ᠋ᠢᠨ 18᠎ᠤ᠋ ᠡᠳᠦᠷ ᠭᠠᠭ᠍ᠴᠠ ᠡᠳᠦᠷ᠎ᠲᠦ ᠲᠠᠯᠠᠪᠠᠶ᠎ᠳᠤ ᠣᠷᠣᠭᠰᠠᠨ ᠦᠵᠡᠭ᠌ᠴᠢᠳ 6 ᠲᠦᠮᠡᠨ ᠬᠥᠮᠦᠨ᠎ᠢ ᠳᠠᠪᠠᠵᠤ᠂ ᠲᠠᠯᠠᠪᠠᠶ᠎ᠳᠤ ᠤᠷᠤᠭᠰᠠᠨ ᠬᠥᠮᠦᠨ᠎ᠦ ᠲᠣᠭ᠎ᠠ ᠪᠣᠯᠤᠨ ᠭᠠᠭ᠍ᠴᠠ ᠡᠳᠦᠷ᠎ᠲᠦ ᠲᠠᠯᠠᠪᠠᠶ᠎ᠳᠤ ᠣᠷᠣᠭᠰᠠᠨ ᠬᠥᠮᠦᠨ᠎ᠦ ᠲᠣᠭ᠎ᠠ ᠴᠥᠮ ᠲᠡᠦᠬᠡ᠎ᠶ᠋ᠢᠨ ᠲᠡᠮᠳᠡᠭ᠌ᠯᠡᠯ᠎ᠢ ᠱᠢᠨᠡᠳᠭᠡᠪᠡ᠃
ᠦᠵᠡᠰᠭᠦᠯᠡᠩ᠎ᠦᠨ ᠴᠤᠭ᠍ᠯᠠᠭᠠᠨ᠎ᠤ ᠬᠤᠭᠤᠴᠠᠭᠠᠨ᠎ᠳᠤ᠂ ᠭᠣᠣᠯᠯᠠᠨ ᠡᠷᠬᠢᠯᠡᠬᠴᠢ ᠲᠠᠯ᠎ᠠ᠎ᠶ᠋ᠢᠨ ᠬᠢᠨ 10 ᠲᠠᠯᠠᠪᠤᠷ ᠬᠠᠩᠭᠠᠯᠭ᠎ᠠ ᠬᠡᠷᠡᠭ᠌ᠴᠡᠭᠡ᠎ᠶ᠋ᠢ ᠵᠣᠯᠭᠠᠭᠤᠯᠬᠤ ᠠᠵᠢᠯᠯᠠᠭ᠎ᠠ᠎ᠶ᠋ᠢ ᠵᠡᠷᠭᠡ᠎ᠪᠡᠷ ᠡᠷᠬᠢᠯᠡᠵᠦ᠍᠂ ᠥᠨᠳᠥᠷ ᠪᠦᠲᠦᠮᠵᠢᠲᠡᠢ ᠬᠠᠮᠲᠤᠷᠠᠯᠴᠠᠭᠠᠨ᠎ᠤ ᠬᠥᠭᠥᠷᠭᠡ᠎ᠶ᠋ᠢ ᠪᠠᠢᠭᠤᠯᠪᠠ᠃ ᠡᠭᠦᠨ᠎ᠡᠴᠡ ᠭᠠᠳᠠᠨ᠎ᠠ᠂ ᠲᠣᠰ ᠬᠤᠭᠤᠴᠠᠭᠠᠨ᠎ᠤ ᠬᠡᠷᠡᠭᠯᠡᠭᠡᠨ ᠤ᠋ ᠦᠵᠡᠰᠭᠦᠯᠡᠩ᠎ᠦᠨ ᠴᠤᠭ᠍ᠯᠠᠭᠠᠨ᠎ᠳᠤ ᠨᠡᠢᠲᠡ 67 ᠲᠠᠯᠠᠪᠤᠷ ᠭᠤᠤᠯᠳᠠᠯᠭ᠎ᠠ᠎ᠲᠠᠶ ᠠᠵᠢᠯᠯᠠᠭ᠎ᠠ ᠡᠷᠭᠢᠯᠡᠵᠦ᠍᠂ ᠡᠭᠦᠨ᠎ᠳᠦ 11 ᠲᠠᠯᠠᠪᠤᠷ ᠠᠯᠪᠠᠨ᠎ᠤ ᠲᠠᠯ᠎ᠠ᠎ᠶ᠋ᠢᠨ ᠠᠵᠢᠯᠯᠠᠭ᠎ᠠ ᠪᠠ 56 ᠲᠠᠯᠠᠪᠤᠷ ᠢᠵᠢ ᠪᠦᠷᠢᠳᠦᠭᠦᠯᠬᠦ᠌ ᠠᠵᠢᠯᠯᠠᠭ᠎ᠠ ᠪᠠᠭ᠍ᠲᠠᠵᠤ᠂ ᠡᠭᠦᠨ᠎ᠳᠦ ᠵᠢᠷᠭᠤᠳᠤᠭᠠᠷ ᠬᠤᠭᠤᠴᠠᠭᠠᠨ᠎ᠤ ᠬᠡᠷᠡᠭᠯᠡᠭᠡᠨ ᠤ᠋ ᠦᠵᠡᠰᠭᠦᠯᠡᠩ᠎ᠦᠨ ᠴᠤᠭ᠍ᠯᠠᠭᠠᠨ ᠵᠢᠴᠢ 2026 ᠤᠨ ᠤ᠋ 《ᠳᠤᠮᠳᠠᠳᠤ ᠤᠯᠤᠰ ᠳᠡᠬᠢ ᠬᠤᠳᠠᠯᠳᠤᠭ᠎ᠠ》 ᠣᠯᠠᠨ ᠤᠯᠤᠰ᠎ᠤᠨ ᠬᠡᠷᠡᠭ᠌ᠯᠡᠭᠡᠨ᠎ᠦ ᠤᠯᠠᠷᠢᠯ᠎ᠤᠨ ᠡᠬᠢᠯᠡᠯᠲᠡ᠎ᠶ᠋ᠢᠨ ᠶᠣᠰᠣᠯᠠᠯ᠂ ᠳᠤᠮᠳᠠᠳᠤ ᠤᠯᠤᠰ᠎ᠲᠤ ᠪᠠᠯᠠ ᠣᠷᠣᠭᠤᠯᠬᠤ· 2026 ᠣᠨ᠎ᠤ ᠪᠥᠬᠥ᠌ ᠪᠥᠮᠪᠥᠷᠴᠡᠭ᠎ᠦᠨ ᠠᠵᠤ ᠦᠶ᠋ᠯᠡᠰ᠎ᠦᠨ ᠠᠷᠠᠯᠵᠢᠶᠠᠴᠢᠨ ᠤᠷᠢᠬᠤ ᠶᠡᠬᠡ ᠬᠤᠷᠠᠯ᠎ᠤᠨ ᠶᠡᠷᠦᠩᠬᠡᠢᠯᠡᠭ᠌ᠰᠡᠨ ᠲᠠᠨᠢᠯᠴᠠᠭᠤᠯᠭ᠎ᠠ᠎ᠶ᠋ᠢᠨ ᠶᠡᠬᠡ ᠬᠤᠷᠠᠯ ᠵᠡᠷᠭᠡ ᠭᠤᠤᠯᠳᠠᠯᠭ᠎ᠠ᠎ᠲᠠᠶ ᠠᠵᠢᠯᠯᠠᠭ᠎ᠠ᠎ᠶ᠋ᠢ ᠪᠠᠭ᠍ᠲᠠᠭᠠᠭ᠍ᠰᠠᠨ ᠪᠥᠭᠡᠳ ᠬᠡᠷᠡᠭ᠌ᠯᠡᠭᠡᠨ᠎ᠦ ᠬᠦᠷᠢᠶᠡᠨ᠎ᠦ ᠠᠵᠢᠯ ᠲᠥᠷᠥᠯ᠎ᠦᠨ 11 ᠮᠡᠳᠡᠭᠦᠯᠦᠯᠲᠡ᠎ᠶ᠋ᠢ ᠨᠡᠢᠲᠡᠯᠡᠪᠡ᠃
ᠬᠤᠳᠠᠯᠳᠤᠭᠠᠨ᠎ᠤ ᠲᠣᠭ᠎ᠠ ᠪᠠᠷᠢᠮᠲᠠ ᠬᠢᠭᠡᠳ ᠵᠠᠳᠠᠯᠤᠯᠲᠠ᠎ᠶ᠋ᠢᠨ ᠪᠠᠢᠭᠤᠯᠤᠮᠵᠢ ᠪᠤᠯᠬᠤᠳ᠋ᠦᠨ& ᠪᠦᠷᠠᠨᠳ᠋ᠰᠵᠦᠢᠲ ᠺᠤᠮᠫᠠᠨᠢ᠎ᠶᠢᠨ ᠳᠤᠮᠳᠠᠳᠤ ᠤᠯᠤᠰ᠎ᠤᠨ ᠣᠷᠣᠨ᠎ᠤ ᠶᠡᠷᠦᠩᠬᠡᠶ ᠵᠠᠬᠢᠷᠤᠭ᠍ᠴᠢ ᠦ᠋ ᠭᠤᠸᠠᠩ ᠢᠦᠶ᠂ ᠬᠡᠳᠦᠢᠪᠡᠷ ᠪᠥᠬᠥ᠌ ᠳᠡᠯᠡᠬᠡᠶ᠎ᠶ᠋ᠢᠨ ᠲᠣᠭ᠍ᠲᠠᠭᠠᠯᠲᠤ ᠪᠤᠰᠤ ᠴᠢᠨᠠᠷ ᠱᠢᠷᠦᠭᠦᠰᠴᠦ᠍ ᠪᠠᠢᠭ᠎ᠠ ᠪᠣᠯᠪᠠᠴᠤ᠌ ᠬᠡᠷᠡᠭᠯᠡᠭᠡᠨ ᠤ᠋ ᠦᠵᠡᠰᠭᠦᠯᠡᠩ᠎ᠦᠨ ᠴᠤᠭ᠍ᠯᠠᠭᠠᠨ᠎ᠤ ᠬᠡᠪᠴᠢᠶ᠎ᠡ ᠵᠢᠯ ᠳᠠᠷᠠᠭᠠᠯᠠᠨ ᠥᠷᠭᠡᠳᠴᠦ᠍᠂ ᠣᠯᠠᠨ ᠤᠯᠤᠰ᠎ᠤᠨ ᠳᠦᠷᠦᠯ ᠲᠡᠮᠳᠡᠭ᠎ᠤᠨ ᠠᠩᠬ᠎ᠠ ᠲᠠᠷᠬᠠᠭᠠᠬᠤ᠂ ᠠᠩᠬ᠎ᠠ ᠦᠵᠡᠭᠦᠯᠬᠦ᠌᠂ ᠠᠩᠬ᠎ᠠ ᠳᠡᠯᠭᠡᠬᠦ ᠠᠵᠢᠯᠯᠠᠭ᠎ᠠ ᠡᠷᠭᠢᠯᠡᠭᠦ ᠵᠢ ᠦᠷᠭᠦᠯᠵᠢᠯᠡᠨ ᠲᠡᠳᠡᠨ ᠠᠪᠴᠢᠷᠠᠵᠤ ᠪᠠᠢᠨ᠎ᠠ᠂ ᠢᠯᠠᠩᠭᠤᠶ᠎ᠠ ᠡᠨᠡ ᠵᠢᠯ᠎ᠦᠨ ᠦᠵᠡᠰᠭᠦᠯᠡᠩ᠎ᠦᠨ ᠴᠤᠭ᠍ᠯᠠᠭᠠᠨ᠎ᠤ ᠬᠤᠭᠤᠴᠠᠭᠠᠨ᠎ᠳᠤ ᠶᠡᠬᠡ ᠬᠡᠮᠵᠢᠶᠡᠨ᠎ᠦ ᠱᠢᠨ᠎ᠡ ᠦᠶ᠋ᠯᠡᠳᠬᠦᠨ ᠲᠥᠪᠯᠡᠷᠡᠩᠭᠦᠶ ᠳᠡᠯᠭᠡᠭᠳᠡᠭᠰᠡᠨ ᠨᠢ ᠣᠯᠠᠨ ᠤᠯᠤᠰ᠎ᠤᠨ ᠳᠦᠷᠦᠯ ᠲᠡᠮᠳᠡᠭ ᠳᠤᠮᠳᠠᠳᠤ ᠤᠯᠤᠰ᠎ᠤᠨ ᠬᠡᠷᠡᠭ᠌ᠯᠡᠭᠡᠨ᠎ᠦ ᠵᠠᠬ᠎ᠠ ᠳᠡᠯᠭᠡᠭᠦᠷ᠎ᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ ᠪᠠᠢᠬᠤ᠎ᠶ᠋ᠢ ᠭᠦᠶ᠋ᠴᠡᠳ ᠬᠠᠷᠠᠭᠤᠯᠵᠤ ᠪᠠᠢᠨ᠎ᠠ᠃ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠳᠦ ᠬᠡᠷᠡᠭ᠌ᠯᠡᠭᠡ᠎ᠶ᠋ᠢ ᠶᠡᠬᠡᠪᠡᠷ ᠬᠥᠭ᠌ᠵᠢᠭᠦᠯᠦᠨ᠎ᠡ ᠭᠡᠵᠦ᠍ ᠲᠣᠳᠣᠷᠬᠠᠢ ᠳᠤᠷᠠᠳᠴᠠᠢ᠂ ᠲᠦᠷᠦ᠍᠎ᠶ᠋ᠢᠨ ᠪᠤᠳᠤᠯᠭ᠎ᠠ᠎ᠶ᠋ᠢᠨ ᠵᠢᠯᠤᠭᠤᠳᠤᠯᠭ᠎ᠠ ᠳᠣᠣᠷ᠎ᠠ᠂ ᠳᠤᠮᠳᠠᠳᠤ ᠤᠯᠤᠰ᠎ᠤᠨ ᠬᠡᠷᠡᠭ᠌ᠯᠡᠭᠡᠨ᠎ᠦ ᠵᠠᠬ᠎ᠠ ᠳᠡᠯᠭᠡᠭᠦᠷ᠎ᠦᠨ ᠲᠣᠭ᠍ᠲᠠᠭᠤᠨ ᠬᠡᠷᠡᠭ᠌ᠴᠡᠭᠡ ᠨᠢ ᠯᠠᠪᠲᠠᠢ ᠨᠡᠩ ᠤᠯᠠᠨ ᠤᠯᠠᠨ ᠤᠯᠤᠰ᠎ᠤᠨ ᠠᠵᠤ ᠠᠬᠤᠢᠯᠠᠯ᠎ᠢ ᠳᠠᠳᠠᠨ ᠳᠤᠮᠳᠠᠳᠤ ᠤᠯᠤᠰ᠎ᠲᠠᠬᠢ ᠪᠡᠯᠡ ᠣᠷᠣᠭᠤᠯᠤᠯᠲᠠ᠎ᠪᠠᠨ ᠨᠡᠮᠡᠭ᠌ᠳᠡᠭᠦᠯᠵᠤ᠂ ᠳᠤᠮᠳᠠᠳᠤ ᠤᠯᠤᠰ᠎ᠤᠨ ᠵᠠᠬ᠎ᠠ ᠳᠡᠯᠭᠡᠭᠦᠷ ᠲᠦ᠍ ᠬᠦᠨ ᠦᠨᠳᠦᠰᠦᠯᠡᠬᠦ ᠪᠣᠯᠤᠨ᠎ᠠ ᠭᠡᠵᠦ ᠢᠯᠡᠳᠬᠡᠪᠡ᠃
(ᠱᠢᠨᠬᠤᠸᠠ ᠬᠤᠷᠢᠶ᠎ᠠ᠎ᠶᠢᠨ ᠬᠠᠢ᠌ᠺᠸᠤ ᠵᠢᠨ ᠴᠠᠬᠢᠯᠭᠠᠨ ᠮᠡᠳᠡᠭᠡ)