ᠪᠥᠬᠥ᠌ ᠤᠯᠤᠰ᠎ᠤᠨ ᠬᠣᠲᠠᠳ ᠬᠠᠮᠳᠤᠷᠠᠨ ᠲᠠᠬᠦᠰᠬᠦ ᠤᠶᠤᠲᠠᠳ᠎ᠢ ᠤᠷᠢᠨ ᠡᠯᠰᠡᠬᠦ ᠥᠪᠥᠷ ᠮᠣᠩᠭᠣᠯ᠎ᠤᠨ ᠬᠤᠪᠢᠶᠠᠷᠢ ᠲᠠᠯᠠᠪᠠᠶ᠎ᠶᠢᠨ ᠠᠵᠢᠯᠯᠠᠭ᠎ᠠ ᠶᠠᠪᠤᠭᠳᠠᠪᠠ
2026-04-21 11:30:05
ᠵᠣᠬᠢᠶᠠᠭ᠍ᠴᠢ᠄
​ ᠪᠤᠤ ᠢᠤᠢ ᠶᠢᠡᠭ
ᠣᠩᠱᠢᠭ᠍ᠰᠠᠨ ᠣᠳᠠᠭ᠎ᠠ᠄
★★★☆☆

4 ᠰᠠᠷ᠎ᠠ᠎ᠶᠢᠨ 18 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠶ᠋ᠢᠭᠡᠮ᠎ᠦᠨ ᠪᠠᠲᠤᠯᠠᠭ᠎ᠠ ᠵᠢᠨ ᠲᠢᠩᠬᠢᠮ᠎ᠡᠴᠡ ᠭᠣᠣᠯᠯᠠᠨ ᠡᠷᠬᠢᠯᠡᠵᠦ᠍᠂ ᠥᠪᠡᠷᠲᠡᠭᠡᠨ ᠵᠠᠰᠠᠬᠤ ᠣᠷᠣᠨ᠎ᠤ ᠠᠵᠢᠯ ᠣᠯᠭᠣᠯᠲᠠ᠎ᠶᠢᠨ ᠦᠢᠯᠡᠴᠢᠯᠡᠭᠡᠨ᠎ᠦ ᠲᠥᠪ᠂ ᠪᠣᠷᠣᠲᠣᠬᠣᠢ ᠳᠡᠭᠡᠳᠦ ᠰᠤᠷᠭᠠᠭᠤᠯᠢ᠂ ᠪᠠᠶᠠᠨᠨᠠᠭᠤᠷ ᠬᠤᠳᠠ᠎ᠶᠢᠨ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠶ᠋ᠢᠭᠡᠮ᠎ᠦᠨ ᠪᠠᠲᠤᠯᠠᠭ᠎ᠠ ᠵᠢᠨ ᠲᠣᠪᠴᠢᠶ᠎ᠠ᠎ᠠᠴᠠ ᠳᠠᠭᠠᠭᠠᠴᠢᠯᠠᠨ ᠡᠷᠬᠢᠯᠡᠭᠰᠡᠨ 2026 ᠣᠨ᠎ᠤ ᠪᠦᠬᠦ᠌ ᠤᠯᠤᠰ᠎ᠤᠨ ᠬᠣᠲᠠᠳ ᠬᠠᠮᠲᠤᠷᠠᠠ ᠶᠡᠬᠡ ᠳᠡᠭᠡᠳᠦ ᠰᠤᠷᠭᠠᠭᠤᠯᠢ ᠵᠢᠨ ᠲᠠᠬᠦᠰᠬᠦ ᠤᠶᠤᠲᠠᠳ᠎ᠢ ᠤᠷᠢᠨ ᠡᠯᠰᠡᠬᠦ  ᠬᠠᠪᠤᠷ᠎ᠤᠨ ᠤᠯᠠᠷᠢᠯ᠎ᠤᠨ ᠲᠤᠰᠬᠠᠢ ᠲᠠᠯᠠᠪᠠᠢ ᠵᠢᠨ ᠥᠪᠥᠷ ᠮᠣᠩᠭᠣᠯ᠎ᠤᠨ ᠬᠤᠪᠢᠶᠠᠷᠢ ᠲᠠᠯᠠᠪᠠᠢ᠎ᠶᠢᠨ ᠠᠵᠢᠯᠯᠠᠭ᠎ᠠ ᠪᠣᠷᠣᠲᠣᠬᠣᠢ ᠳᠡᠭᠡᠳᠦ ᠰᠤᠷᠭᠠᠭᠤᠯᠢ᠎ᠳᠤ ᠶᠠᠪᠤᠭᠳᠠᠪᠠ᠃

ᠠᠵᠢᠯᠯᠠᠭ᠎ᠠ᠎ᠨᠢ 2026 ᠣᠨ᠎ᠤ ᠶᠡᠬᠡ ᠳᠡᠭᠡᠳᠦ ᠰᠤᠷᠭᠠᠭᠤᠯᠢ ᠵᠢᠨ ᠲᠡᠭᠦᠰᠬᠦ ᠤᠶᠤᠲᠠᠳ ᠵᠢᠴᠢ ᠥᠩᠭᠡᠷᠡᠭᠰᠡᠨ ᠬᠤᠭᠤᠴᠠᠭᠠᠨ᠎ᠤ ᠰᠤᠷᠭᠠᠭᠤᠯᠢ᠎ᠠᠴᠠ᠎ᠪᠠᠨ ᠰᠠᠯᠤᠭᠠᠳ ᠠᠵᠢᠯ ᠣᠯᠤᠭᠠᠳᠤᠶ ᠤᠶᠤᠲᠠᠳ ᠲᠸ᠋ ᠠᠩᠬᠠᠷᠤᠯ᠎ᠢᠶᠠᠨ ᠲᠥᠪᠯᠡᠷᠡᠭᠦᠯᠵᠦ᠍᠂ ᠠᠵᠢᠯ ᠣᠯᠭᠣᠬᠤ ᠬᠠᠩᠭᠠᠯᠭ᠎ᠠ ᠬᠡᠷᠡᠭᠴᠡᠭᠡ᠎ᠶᠢ ᠵᠣᠯᠭᠠᠭᠤᠯᠬᠤ ᠦᠢᠯᠡᠴᠢᠯᠡᠬᠡᠨ ᠤ᠋ ᠲᠠᠪᠴᠠᠩ᠎ᠢ ᠪᠠᠶ᠋ᠢᠭᠤᠯᠵᠤ᠂ ᠰᠦᠯᠵᠢᠶᠡᠨ ᠳᠡᠭᠡᠷ᠎ᠡ ᠪᠠ ᠪᠤᠲᠠᠲᠤ ᠴᠤᠭᠴᠠ ᠳ᠋ᠤ ᠨᠡᠶ᠋ᠢᠲᠡ 139 ᠠᠵᠤ ᠠᠬᠤᠶ᠋ᠢᠯᠠᠯ᠎ᠢ ᠵᠣᠬᠢᠶᠠᠨ ᠪᠠᠶ᠋ᠢᠭᠤᠯᠤᠨ ᠴᠤᠭᠯᠠᠭᠠᠨ᠎ᠳᠤ ᠣᠷᠣᠯᠴᠠᠭᠤᠯᠵᠤ᠂ 2990 ᠠᠵᠢᠯ᠎ᠤᠨ ᠪᠠᠶ᠋ᠢᠷᠢ ᠬᠠᠩᠭᠠᠵᠤ᠂ ᠪᠥᠬᠥ᠌ ᠣᠷᠣᠨ᠎ᠤ ᠴᠢᠨᠠᠷ ᠰᠠᠶ᠋ᠢᠲᠠᠶ ᠬᠥᠭᠵᠢᠯᠲᠡ᠎ᠳᠦ ᠵᠠᠯᠠᠭᠤ ᠴᠢᠳᠠᠪᠤᠷᠢᠲᠠᠨ᠎ᠤ ᠬᠥᠳᠡᠯᠭᠡᠬᠦ᠌ ᠡᠨᠧᠷᠭᠢ᠎ᠶᠢ ᠲᠥᠪᠯᠡᠷᠡᠭᠦᠯᠵᠠᠢ᠃ ᠲᠣᠰ ᠤᠳᠠᠭᠠᠨ᠎ᠤ ᠠᠵᠢᠯᠲᠠᠨ ᠡᠯᠰᠡᠬᠦ᠌ ᠴᠤᠭᠯᠠᠭᠠᠨ᠎ᠢ ᠰᠦᠯᠵᠢᠶᠡᠨ ᠳᠡᠭᠡᠷᠡᠬᠢ ᠪᠠ ᠠᠬᠤᠢ ᠲᠠᠯᠠᠪᠠᠢ᠎ᠶᠢ ᠠᠭᠤᠰᠤᠯᠴᠠᠭᠤᠯᠬᠤ ᠬᠡᠯᠪᠡᠷᠢ᠎ᠪᠡᠷ ᠥᠷᠨᠢᠭᠦᠯᠪᠡ᠄  ᠠᠬᠤᠢ ᠲᠠᠯᠠᠪᠠᠶ ᠵᠢᠨ ᠴᠤᠭᠯᠠᠭᠠᠨ᠎ᠢ ᠪᠣᠷᠣᠲᠣᠬᠣᠶ ᠳᠡᠭᠡᠳᠦ ᠰᠤᠷᠭᠠᠭᠤᠯᠢ᠎ᠳᠤ ᠪᠠᠶ᠋ᠢᠷᠢᠯᠠᠭᠤᠯᠵᠤ᠂ ᠲᠤᠬᠠᠶ᠎ᠶᠢᠨ ᠲᠠᠯᠠᠪᠠᠶ᠎ᠳᠤ ᠶᠡᠷᠦᠩᠬᠡᠶ᠋ᠢᠯᠡᠭᠰᠡᠨ ᠠᠵᠢᠯᠲᠠᠨ ᠡᠯᠰᠡᠬᠦ᠌ ᠲᠤᠰᠬᠠᠶ ᠲᠣᠭᠣᠷᠢᠭ᠂  ᠦᠢᠯᠡᠰ ᠪᠤᠰᠬᠠᠬᠤ ᠶ᠋ᠢ ᠵᠢᠯᠣᠭᠣᠳᠬᠤ ᠦᠢᠯᠡᠴᠢᠯᠡᠬᠡᠨ᠎ᠦ ᠲᠤᠰᠬᠠᠶ ᠲᠣᠭᠣᠷᠢᠭ᠂《ᠪᠡᠭᠡᠵᠢᠩ ᠥᠪᠥᠷ ᠮᠣᠩᠭᠣᠯ ᠯᠤᠭ᠎ᠠ ᠵᠢᠨ ᠬᠥᠳᠡᠯᠮᠦᠷᠢ ᠦᠢᠯᠡᠴᠢᠯᠡᠬᠡᠨ᠎ᠦ ᠬᠠᠮᠵᠢᠯᠴᠠᠭ᠎ᠠ》 ᠬᠢᠭᠡᠳ《ᠵᠡᠭᠦᠨ ᠬᠡᠰᠡᠭ᠎ᠦᠨ ᠬᠦᠲᠠᠯᠮᠤᠷᠢ ᠬᠦᠴᠤᠨ᠎ᠢ ᠪᠠᠷᠠᠭᠤᠨ ᠬᠡᠰᠡᠭ᠎ᠲᠸ᠋ ᠬᠡᠷᠡᠭᠯᠡᠬᠦ᠌》 ᠲᠤᠰᠬᠠᠶ ᠲᠣᠭᠣᠷᠢᠭ ᠵᠡᠷᠭᠡ ᠠᠷᠪᠠᠨ ᠶᠡᠬᠡ ᠲᠤᠰᠬᠠᠶ ᠲᠣᠭᠣᠷᠢᠭ ᠭᠠᠷᠭᠠᠵᠤ᠂ ᠠᠵᠢᠯ ᠡᠷᠢᠵᠦ᠍ ᠠᠵᠢᠯᠲᠠᠨ ᠡᠯᠰᠡᠬᠦ᠌᠂ ᠠᠵᠢᠯ ᠮᠡᠷᠭᠡᠵᠢᠯ᠎ᠦᠨ ᠵᠢᠯᠣᠭᠣᠳᠣᠯᠭ᠎ᠠ ᠬᠢᠬᠦ᠌᠂ ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ ᠬᠢᠬᠦ᠌᠂ ᠤᠷ᠎ᠠ ᠮᠡᠷᠬᠡᠵᠢᠯ᠎ᠢ ᠳᠡᠭᠡᠭᠰᠢᠯᠡᠭᠦᠯᠬᠦ᠌᠂ ᠦᠢᠯᠡᠰ ᠪᠤᠰᠬᠠᠬᠤ᠎ᠶᠢ ᠲᠡᠳᠬᠦᠨ ᠳᠡᠮᠵᠢᠬᠦ᠌ ᠵᠡᠷᠭᠡ ᠦᠢᠯᠡᠴᠢᠯᠡᠬᠡ ᠬᠠᠩᠭᠠᠵᠤ᠂ ᠠᠵᠤ ᠠᠬᠤᠶ᠋ᠢᠯᠠᠯ ᠪᠣᠯᠤᠨ ᠠᠵᠢᠯ ᠡᠷᠢᠭᠰᠡᠳ᠎ᠲᠦ᠍ ᠨᠢᠭᠡ ᠥᠷᠲᠡᠭᠡᠴᠢᠯᠡᠭᠰᠡᠨ ᠮᠠᠶᠢᠭ᠎ᠤᠨ ᠠᠵᠢᠯ ᠣᠯᠭᠣᠯᠲᠠ᠎ᠶᠢᠨ ᠦᠢᠯᠡᠴᠢᠯᠡᠬᠡ ᠬᠠᠩᠭᠠᠵᠠᠢ᠃  ᠰᠦᠯᠵᠢᠶᠡᠨ ᠲᠡᠬᠡᠷᠡᠬᠢ ᠴᠤᠭᠯᠠᠭᠠᠨ ᠨᠢ 《ᠠᠵᠢᠯ ᠣᠯᠭᠣᠯᠲᠠ᠎ᠶᠢᠨ ᠥᠪᠥᠷ ᠮᠣᠩᠭᠣᠯ》ᠰᠦᠯᠵᠢᠶᠡᠨ ᠳᠡᠭᠡᠷ᠎ᠡ ᠠᠵᠢᠯᠲᠠᠨ ᠡᠯᠰᠡᠬᠦ᠌ ᠠᠵᠢᠯ᠎ᠤᠨ ᠪᠠᠶ᠋ᠢᠷᠢ ᠨᠡᠶ᠋ᠢᠲᠡᠯᠡᠵᠦ᠍᠂ ᠰᠢᠭᠤᠳ ᠨᠡᠪᠲᠡᠷᠡᠭᠦᠯᠭᠡ᠎ᠪᠡᠷ ᠠᠵᠢᠯ᠎ᠤᠨ ᠪᠠᠶ᠋ᠢᠷᠢ ᠳᠠᠨᠢᠯᠴᠠᠭᠤᠯᠬᠤ ᠲᠤᠰᠬᠠᠶ ᠪᠤᠯᠤᠩ ᠭᠠᠷᠭᠠᠵᠤ᠂ ᠲᠤᠬᠠᠶ᠎ᠶᠢᠨ ᠲᠠᠯᠠᠪᠤᠷ᠎ᠲᠤ᠌ ᠬᠦᠷᠴᠦ᠍ ᠳᠡᠶ᠋ᠢᠯᠦᠭᠰᠡᠨ ᠥᠬᠡᠶ ᠠᠵᠢᠯ ᠡᠷᠢᠭᠰᠡᠳ᠎ᠢ ᠰᠦᠯᠵᠢᠶ᠎ᠠ ᠪᠠᠷ ᠠᠵᠢᠯ᠎ᠤᠨ ᠪᠠᠶ᠋ᠢᠷᠢ ᠰᠣᠩᠭᠣᠵᠤ᠂ ᠠᠵᠤ ᠠᠬᠤᠶ᠋ᠢᠯᠠᠯ᠎ᠲᠠᠶ ᠨᠠᠷᠢᠯᠢᠭ ᠣᠨᠣᠴᠠᠲᠠᠶ᠎ᠪᠠᠷ ᠵᠣᠯᠭᠠᠭᠤᠯᠵᠠᠢ᠃ ᠠᠵᠢᠯᠲᠠᠨ ᠡᠯᠰᠡᠬᠦ᠌ ᠲᠤᠬᠠᠶ᠎ᠶᠢᠨ ᠲᠠᠯᠠᠪᠠᠶ᠎ᠳᠤ᠂ ᠠᠵᠢᠯ ᠡᠷᠢᠭᠰᠡᠳ ᠠᠵᠤ ᠠᠬᠤᠶ᠋ᠢᠯᠠᠯ᠎ᠤᠨ ᠲᠥᠯᠥᠭᠡᠯᠡᠭᠴᠢᠳ᠎ᠲᠡᠶ ᠢᠳᠡᠪᠬᠢᠲᠡᠶ ᠨᠡᠪᠲᠡᠷᠡᠯᠴᠡᠵᠦ᠍᠂ ᠥᠨᠳᠥᠷ ᠪᠦᠲᠦᠮᠵᠢᠲᠡᠶ ᠵᠣᠯᠭᠠᠯᠴᠠᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号