ᠦᠪᠤᠷ ᠮᠤᠩᠭᠤᠯ ᠤ᠋ᠨ ᠥᠪᠡᠷᠲᠡᠭᠡᠨ ᠵᠠᠰᠠᠬᠤ ᠣᠷᠣᠨ ᠤ᠋ ᠰᠣᠶᠣᠯ ᠪᠠ ᠵᠢᠭᠤᠯᠴᠢᠯᠠᠯ ᠤ᠋ᠨ ᠲᠢᠩᠬᠢᠮ ᠲᠦᠷᠦᠬᠦᠬᠡᠨ ᠪᠥᠬᠥ᠌ ᠣᠷᠣᠨ ᠤ᠋ ᠳᠠᠢᠴᠢᠯᠠᠯᠲᠠ ᠪᠠᠢᠷᠢᠯᠠᠭᠤᠯᠤᠯᠲᠠ ᠶ᠋ᠢᠨ ᠸᠢᠳᠢᠣ᠋ ᠬᠤᠷᠠᠯ ᠬᠢᠵᠤ᠂ ᠲᠥᠪ ᠤ᠋ᠨ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠤᠯᠤᠰ ᠤ᠋ᠨ ᠬᠢᠨᠠᠨ ᠪᠠᠢᠴᠠᠭᠠᠬᠤ ᠵᠥᠪᠯᠡᠯ ᠪᠣᠯᠤᠨ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶ᠎ᠠ᠂ ᠵᠠᠰᠠᠭ ᠤ᠋ᠨ ᠣᠷᠳᠣᠨ ᠤ᠋ ᠪᠠᠢᠷᠢᠯᠠᠭᠤᠯᠤᠯᠲᠠ ᠱᠠᠭᠠᠷᠳᠠᠯᠭ᠎ᠠ ᠵᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠵᠢᠭᠤᠯᠴᠢᠯᠠᠯ ᠤ᠋ᠨ ᠬᠥᠲᠥᠴᠢ ᠶ᠋ᠢᠨ ᠠᠵᠢᠯ ᠲᠦᠷᠦᠯ ᠢ᠋ ᠲᠤᠰᠭᠠᠶ ᠴᠡᠭ᠌ᠴᠡᠯᠡᠨ ᠵᠠᠰᠠᠬᠤ ᠠᠵᠢᠯ ᠢ᠋ ᠳᠠᠢᠴᠢᠯᠠᠨ ᠪᠠᠢᠷᠢᠯᠠᠭᠤᠯᠪᠠ᠃
2026 ᠣᠨ ᠪᠣᠯ ᠵᠢᠭᠤᠯᠴᠢᠯᠠᠯ ᠤ᠋ᠨ ᠠᠵᠢᠯ ᠲᠥᠷᠥᠯ ᠤ᠋ᠨ ᠲᠣᠪᠣᠢᠮ᠎ᠠ ᠠᠰᠠᠭᠤᠳᠠᠯ ᠢ᠋ ᠴᠡᠭ᠌ᠴᠡᠯᠡᠨ ᠵᠠᠰᠠᠬᠤ ᠠᠵᠢᠯ ᠤ᠋ᠨ ᠪᠣᠭᠣᠮᠲᠠ ᠱᠢᠪᠲᠤᠯᠬᠤ ᠱᠢᠶ᠋ᠳᠪᠦᠷᠢᠲᠦ ᠳᠠᠢᠯᠠᠯᠳᠤᠭᠠᠨ ᠬᠢᠬᠦ᠌ ᠵᠢᠯ ᠪᠣᠯᠤᠨ᠎ᠠ᠃ ᠪᠥᠬᠥ᠌ ᠣᠷᠣᠨ ᠤ᠋ ᠰᠣᠶᠣᠯ ᠪᠠ ᠵᠢᠭᠤᠯᠴᠢᠯᠠᠯ ᠤ᠋ᠨ ᠱᠢᠰᠲ᠋ᠧᠮ ᠨᠢ 《ᠲᠥᠷᠥ ᠶ᠋ᠢᠨ ᠶᠠᠪᠤᠳᠠᠯ ᠤ᠋ᠨ ᠬᠣᠷᠢᠶ᠎ᠠ ᠶ᠋ᠢᠨ ᠠᠯᠪᠠᠨ ᠲᠢᠩᠬᠢᠮ ᠤ᠋ᠨ ᠵᠢᠭᠤᠯᠴᠢᠯᠠᠯ ᠤ᠋ᠨ ᠵᠠᠬ᠎ᠠ ᠳᠡᠯᠭᠡᠭᠦᠷ ᠤ᠋ᠨ ᠶᠡᠷᠦᠩᠬᠡᠢᠯᠡᠭ᠌ᠰᠡᠨ ᠬᠢᠨᠠᠯᠲᠠ ᠬᠠᠮᠢᠶᠠᠷᠤᠯᠲᠠ ᠵᠢ ᠤᠯᠠᠮ ᠨᠢᠭᠡ ᠠᠯᠬᠤᠮ ᠴᠢᠩᠭᠠᠳᠭᠠᠬᠤ ᠲᠤᠬᠠᠶ ᠮᠡᠳᠡᠭ᠌ᠳᠡᠯ》 ᠢ᠋ ᠴᠢᠩᠭ᠎ᠠ ᠨᠠᠢᠳᠠᠪᠤᠷᠢᠵᠢᠭᠤᠯᠵᠤ᠂ ᠣᠲᠣ ᠶ᠋ᠢᠨ ᠪᠠᠢᠭ᠎ᠠ ᠦᠷ᠎ᠡ ᠪᠦᠲᠦᠭᠡᠯ ᠢ᠋ᠶ᠋ᠡᠨ ᠪᠡᠬᠢᠵᠢᠭᠦᠯᠦᠭ᠌ᠰᠡᠨ ᠰᠠᠭᠤᠷᠢᠨ ᠳᠡᠭᠡᠷ᠎ᠡ ᠵᠢᠭᠤᠯᠴᠢᠯᠠᠯ ᠤ᠋ᠨ ᠦᠶ᠋ᠯᠡᠴᠢᠯᠡᠭᠡᠨ ᠤ᠋ ᠭᠠᠵᠠᠷ ᠤ᠋ᠨ ᠲᠣᠭ᠍ᠲᠠᠭᠠᠯ ᠡᠴᠡ ᠵᠥᠷᠢᠴᠡᠨ ᠡᠵᠡᠩᠨᠡᠬᠦ᠌᠂ ᠵᠢᠭᠤᠯᠴᠢᠯᠠᠯ ᠤ᠋ᠨ ᠬᠥᠲᠥᠴᠢ ᠲᠣᠭ᠍ᠲᠠᠭᠠᠯ ᠡᠴᠡ ᠵᠥᠷᠢᠴᠡᠨ ᠠᠵᠢᠯ ᠡᠷᠭᠢᠯᠡᠬᠦ᠌᠂ ᠬᠤᠳᠠᠯᠳᠤᠭᠠᠨ ᠤ᠋ ᠭᠠᠵᠠᠷ ᠲᠣᠭ᠍ᠲᠠᠭᠠᠯ ᠡᠴᠡ ᠵᠥᠷᠢᠴᠡᠨ ᠡᠵᠡᠩᠨᠡᠬᠦ᠌᠂ ᠰᠦᠯᠵᠢᠶᠡᠨ ᠳᠡᠭᠡᠷ᠎ᠡ ᠬᠠᠤᠯᠢ ᠪᠤᠰᠤ ᠪᠠᠷ ᠡᠵᠡᠩᠨᠡᠬᠦ᠌ ᠵᠡᠷᠬᠡ 4 ᠲᠥᠷᠥᠯ ᠤ᠋ᠨ ᠠᠰᠠᠭᠤᠳᠠᠯ ᠢ᠋ ᠭᠤᠤᠯᠳᠠᠯᠭ᠎ᠠ ᠲᠠᠢ ᠴᠡᠭᠴᠡᠯᠡᠵᠦ᠂ ᠲᠠᠪᠤᠨ ᠶᠡᠬᠡ ᠱᠢᠪᠲᠤᠯᠤᠯᠲᠠ ᠶ᠋ᠢᠨ ᠠᠵᠢᠯᠯᠠᠭ᠎ᠠ ᠵᠢ ᠲᠥᠪᠯᠡᠷᠡᠭᠦᠯᠦᠨ ᠥᠷᠨᠢᠭᠦᠯᠬᠦ ᠪᠤᠯᠤᠨ᠎ᠠ᠃
ᠨᠢᠬᠡ ᠳ᠋ᠤ᠂《ᠡᠬᠢ ᠵᠢ ᠳᠠᠰᠤᠯᠵᠦ ᠦᠨᠳᠦᠰᠦ ᠵᠢ ᠪᠡᠬᠢᠵᠢᠭᠦᠯᠬᠦ᠌》ᠠᠵᠢᠯᠯᠠᠭ᠎ᠠ ᠦᠷᠨᠢᠬᠦᠯᠵᠤ᠂ ᠰᠤᠶᠤᠯ ᠵᠢᠭᠤᠯᠴᠢᠯᠠᠯ᠂ ᠢᠨᠲ᠋ᠧᠷ ᠰᠦᠯᠵᠢᠶᠡᠨ ᠤ᠋ ᠮᠡᠳᠡᠭᠡ ᠵᠠᠩᠭᠢ ᠪᠤᠯᠤᠨ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠵᠡᠷᠬᠡ ᠤᠯᠠᠨ ᠰᠠᠯᠠᠭ᠎ᠠ ᠮᠥᠴᠢᠷ ᠬᠠᠮᠲᠤᠷᠠᠨ ᠰᠦᠯᠵᠢᠶᠡᠨ ᠳᠡᠭᠡᠷᠡᠬᠢ ᠵᠦᠢ ᠵᠤᠬᠢᠰ ᠦᠬᠡᠢ ᠬᠢᠮᠳᠠ ᠵᠢᠭᠤᠯᠴᠢᠯᠠᠯ ᠤ᠋ᠨ ᠵᠠᠷ ᠮᠡᠳᠡᠭᠡ ᠵᠢ ᠴᠡᠪᠡᠷᠯᠡᠵᠦ᠂ ᠵᠢᠭᠤᠯᠴᠢᠯᠠᠯ ᠤ᠋ᠨ ᠦᠶ᠋ᠯᠡᠳᠬᠦᠨ ᠤ᠋ ᠦᠨ᠎ᠡ ᠬᠠᠩᠰᠢ ᠵᠢ ᠬᠢᠨᠠᠨ ᠬᠡᠮᠵᠢᠬᠦ ᠲᠣᠭ᠍ᠲᠠᠴᠠ ᠵᠢ ᠪᠠᠢᠭᠤᠯᠤᠨ᠂ 《ᠦᠬᠦᠱᠢᠷᠡᠮᠡᠯ ᠵᠢᠭᠤᠯᠴᠢᠯᠠᠯ ᠤ᠋ᠨ ᠬᠤᠷᠢᠶ᠎ᠠ》᠂ 《ᠨᠡᠷ᠎ᠠ ᠵᠢᠨ ᠳᠡᠳᠦᠢ ᠬᠤᠷᠢᠶ᠎ᠠ》ᠶ᠋ᠢ ᠠᠷᠢᠯᠭᠠᠨ᠂ ᠨᠡᠷ᠎ᠠ ᠵᠡᠬᠦᠵᠤ ᠳᠠᠭᠠᠭᠠᠴᠢᠯᠠᠭᠤᠯᠬᠤ ᠵᠢ ᠴᠢᠩᠭ᠎ᠠ ᠴᠠᠭᠠᠵᠠᠯᠠᠨ᠎ᠠ᠃ ᠬᠣᠶᠠᠷ ᠲᠦ᠍᠂《ᠮᠡᠷᠭᠡᠵᠢᠯ ᠢ᠋ᠶ᠋ᠡᠷ ᠡᠨ᠋ᠸᠷᠬᠢ ᠣᠯᠭᠣᠬᠤ》 ᠠᠵᠢᠯᠯᠠᠭ᠎ᠠ ᠦᠷᠨᠢᠬᠦᠯᠵᠤ᠂ ᠪᠥᠬᠥ᠌ ᠤᠯᠤᠰ ᠤ᠋ᠨ ᠵᠢᠭᠤᠯᠴᠢᠯᠠᠯ ᠤ᠋ᠨ ᠬᠢᠨᠠᠯᠲᠠ ᠬᠠᠮᠢᠶᠠᠷᠤᠯᠲᠠ ᠦᠶ᠋ᠯᠡᠴᠢᠯᠡᠭᠡᠨ ᠤ᠋ ᠲᠠᠪᠴᠠᠩ ᠳ᠋ᠦ ᠲᠦᠱᠢᠭ᠌ᠯᠡᠨ ᠵᠢᠭᠤᠯᠴᠢᠯᠠᠯᠤᠨ ᠬᠤᠷᠢᠶ᠎ᠠ ᠵᠢᠨ ᠠᠶᠠᠯᠠᠯ ᠤ᠋ᠨ ᠵᠢᠮ ᠢ᠋ ᠴᠠᠭ ᠲᠤᠬᠠᠶ ᠳ᠋ᠤᠨᠢ ᠬᠢᠨᠠᠨ ᠡᠵᠡᠮᠳᠡᠵᠦ᠍᠂ ᠪᠠᠷᠠᠭ᠎ᠠ ᠬᠤᠳᠠᠯᠳᠤᠨ ᠠᠪᠬᠤ ᠴᠡᠭ ᠨᠢ ᠬᠡᠮᠵᠢᠶ᠎ᠡ ᠡᠴᠡ ᠬᠡᠲᠦᠷᠡᠭ᠌ᠰᠡᠨ᠂ ᠬᠡᠲᠦ ᠤᠳᠠᠭᠠᠨ ᠵᠣᠭ᠍ᠰᠣᠭ᠍ᠰᠠᠨ ᠢ᠋ ᠠᠦ᠋ᠲ᠋ᠣ᠋ ᠪᠠᠷ ᠰᠡᠷᠡᠮᠵᠢᠯᠡᠭᠦᠯᠦᠨ᠎ᠡ᠃ ᠭᠤᠷᠪᠠ ᠳ᠋ᠦ᠂ 《ᠢᠲᠡᠭᠡᠮᠵᠢ ᠵᠢᠨ ᠰᠠᠭᠤᠷᠢ ᠵᠢ ᠴᠣᠭ᠍ᠴᠠᠯᠠᠬᠤ》 ᠠᠵᠢᠯᠯᠠᠭ᠎ᠠ ᠦᠷᠨᠢᠬᠦᠯᠵᠤ᠂ ᠰᠠᠷ᠎ᠠ ᠪᠤᠯᠭᠠᠨ ᠵᠢᠭᠤᠯᠴᠢᠯᠠᠯ ᠤ᠋ᠨ ᠦᠶ᠋ᠯᠡᠴᠢᠯᠡᠭᠡᠨ ᠤ᠋ ᠭᠠᠵᠠᠷ ᠤ᠋ᠨ 《ᠬᠠᠷ᠎ᠠ ᠴᠠᠭᠠᠨ ᠳᠠᠩᠰᠠ》 ᠶ᠋ᠢ ᠨᠡᠢᠲᠡᠯᠡᠨ᠂ ᠵᠠᠯᠭᠠᠭ᠎ᠠ ᠪᠠᠷ 2 ᠤᠳᠠᠭ᠎ᠠ ᠬᠠᠷ᠎ᠠ ᠳᠠᠩᠰᠠᠨ ᠳ᠋ᠦ ᠣᠷᠣᠭ᠍ᠰᠠᠨ ᠪᠤᠯ ᠠᠵᠢᠯ ᠢ᠋ ᠨᠢ ᠵᠣᠭ᠍ᠰᠣᠭᠠᠨ ᠴᠡᠭ᠌ᠴᠡᠯᠡᠵᠦ᠍᠂ ᠬᠠᠤᠯᠢ ᠲᠣᠭ᠍ᠲᠠᠭᠠᠯ ᠡᠴᠡ ᠵᠥᠷᠢᠴᠡᠭ᠌ᠰᠡᠨ ᠮᠡᠳᠡᠭᠡ ᠵᠠᠩᠭᠢ ᠵᠢ ᠤᠯᠤᠰ ᠤ᠋ᠨ ᠢᠳᠡᠬᠡᠮᠵᠢ ᠵᠢᠨ ᠲᠠᠪᠴᠠᠩ ᠳ᠋ᠦ ᠤᠷᠤᠭᠤᠯᠵᠤ ᠬᠠᠮᠲᠤᠷᠠᠨ ᠵᠠᠯᠬᠠᠭᠠᠨ ᠴᠡᠭᠡᠷᠯᠡᠭᠦᠯᠦᠨ᠎ᠠ᠃ ᠳᠥᠷᠪᠡ ᠳ᠋ᠦ᠂ 《ᠶᠠᠰᠤ ᠴᠢᠨᠠᠷ ᠢ᠋ ᠰᠠᠢᠵᠢᠷᠠᠭᠤᠯᠬᠤ》 ᠠᠵᠢᠯᠯᠠᠭ᠎ᠠ ᠦᠷᠨᠢᠬᠦᠯᠵᠤ᠂ ᠵᠢᠭᠤᠯᠴᠢᠯᠠᠯ ᠤ᠋ᠨ ᠦᠶ᠋ᠯᠡᠴᠢᠯᠡᠭᠡᠨ ᠤ᠋ ᠭᠠᠵᠠᠷ ᠤ᠋ᠨ ᠬᠢᠨ ᠵᠢᠭᠤᠯᠴᠢᠯᠠᠯ ᠤ᠋ᠨ ᠬᠥᠲᠥᠴᠢ ᠶ᠋ᠢᠨ ᠦᠨᠳᠦᠰᠦᠨ ᠴᠠᠯᠢᠩ ᠢ᠋ ᠥᠭ᠌ᠴᠤ ᠪᠠᠢᠬᠤ ᠡᠰᠡᠬᠦ᠌᠂ ᠨᠡᠢᠭᠡᠮ ᠤ᠋ᠨ ᠳᠠᠭᠠᠳᠭᠠᠯ ᠢ᠋ ᠨᠢ ᠲᠤᠱᠢᠶᠠᠵᠦ ᠪᠠᠢᠬᠤ ᠡᠰᠡᠬᠦ᠌ ᠵᠢ ᠪᠠᠢᠴᠠᠭᠠᠨ᠂ 《ᠦᠨᠳᠦᠰᠦᠨ ᠴᠠᠯᠢᠩ ᠥᠬᠡᠶ᠂ ᠰᠠᠭᠤᠳᠭᠠᠯ ᠢᠳᠡᠬᠦ ᠳ᠋ᠦ ᠲᠦᠱᠢᠭ᠌ᠯᠡᠬᠦ᠌》 ᠠᠰᠠᠭᠤᠳᠠᠯ ᠢ᠋ ᠡᠬᠢ ᠡᠭᠦᠰᠦᠯ ᠡᠴᠡ ᠨᠢ ᠱᠢᠶ᠋ᠳᠪᠦᠷᠢᠯᠡᠨᠡ᠃ ᠲᠠᠪᠤ ᠳ᠋ᠦ᠂ 《ᠰᠠᠬᠢᠯᠭ᠎ᠠ ᠪᠠᠲᠤ ᠰᠢᠬᠦᠬᠦ ᠪᠠᠢᠴᠠᠭᠠᠬᠤ ᠬᠤᠷᠢᠶ᠎ᠠ ᠬᠠᠮᠳᠤᠷᠠᠬᠤ》 ᠠᠵᠢᠯᠯᠠᠭ᠎ᠠ ᠦᠷᠨᠢᠬᠦᠯᠵᠦ᠂ ᠠᠯᠪᠠᠳᠠᠨ ᠠᠷᠠᠯᠵᠢᠶᠠᠯᠠᠭᠤᠯᠤᠭ᠍ᠰᠠᠨ ᠶᠠᠯ᠎ᠠ᠂ ᠮᠡᠬᠡᠯᠡᠭ᠌ᠰᠡᠨ ᠶᠠᠯ᠎ᠠ ᠬᠢᠭ᠌ᠰᠡᠨ ᠢ᠋ᠶ᠋ᠡᠷ ᠰᠡᠵᠢᠭ᠌ᠯᠡᠭ᠌ᠳᠡᠭ᠌ᠰᠡᠨ ᠪᠠᠢᠪᠠᠯ ᠳᠣᠲᠣᠭᠠᠳᠤ ᠵᠢ ᠬᠠᠮᠠᠭᠠᠯᠠᠬᠤ ᠪᠠᠢᠭᠤᠯᠭ᠎ᠠ ᠳ᠋ᠦ ᠱᠢᠯᠵᠢᠭᠦᠯᠦᠨ ᠬᠦᠷᠭᠡᠵᠦ᠍᠂ ᠬᠢᠨᠠᠨ ᠬᠠᠮᠢᠶᠠᠷᠬᠤ ᠬᠠᠷᠢᠭᠤᠴᠠᠯᠭ᠎ᠠ ᠪᠠᠨ ᠠᠯᠳᠠᠭ᠍ᠰᠠᠨ᠂ ᠬᠡᠬᠡᠯᠢ ᠬᠠᠬᠤᠤᠯᠢᠢᠳᠡᠭᠰᠡᠨ ᠠᠰᠠᠭᠤᠳᠠᠯ ᠢ᠋ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠪᠠᠢᠭᠤᠯᠭ᠎ᠠ ᠳ᠋ᠦ ᠱᠢᠯᠵᠢᠭᠦᠯᠦᠨ ᠲᠤᠱᠢᠶᠠᠨᠠ᠃
ᠤᠢᠯᠠᠭᠠᠭᠰᠠᠨ ᠵᠢᠡᠷ᠂ ᠮᠠᠨ ᠤ᠋ ᠤᠷᠤᠨ ᠵᠢᠭᠤᠯᠴᠢᠯᠠᠯ ᠤ᠋ᠨ ᠬᠥᠲᠥᠴᠢ ᠶ᠋ᠢᠨ ᠠᠵᠢᠯ ᠲᠦᠷᠦᠯ ᠢ᠋ ᠲᠤᠰᠭᠠᠶ ᠴᠡᠭ᠌ᠴᠡᠯᠡᠨ ᠵᠠᠰᠠᠬᠤ ᠠᠵᠢᠯ ᠤ᠋ᠨ ᠶᠠᠪᠤᠴᠠ ᠳ᠋ᠤ ᠭᠤᠤᠯᠳᠠᠯᠭ᠎ᠠ ᠲᠠᠶ ᠦᠵᠡᠮᠵᠢ ᠶ᠋ᠢᠨ ᠣᠷᠣᠨ᠂ ᠵᠠᠮ ᠬᠠᠷᠢᠯᠴᠠᠭᠠᠨ ᠤ᠋ ᠬᠦᠶ᠋ᠰᠦ ᠭᠠᠵᠠᠷ ᠲᠦ᠍ ᠪᠠᠢᠴᠠᠭᠠᠬᠤ ᠴᠡᠭ ᠭᠠᠷᠭᠠᠨ ᠵᠢᠭᠤᠯᠴᠢᠯᠠᠯ ᠤ᠋ᠨ ᠪᠦᠯᠬᠦᠮ ᠢ᠋ ᠰᠤᠭᠤᠴᠢᠨ ᠪᠠᠢᠴᠠᠭᠠᠵᠤ᠂ ᠪᠠᠷᠠᠭ᠎ᠠ ᠬᠤᠳᠠᠯᠳᠤᠨ ᠠᠪᠬᠤ ᠳᠡᠯᠭᠡᠭᠦᠷ ᠲᠦ᠍ ᠭᠦᠨᠵᠡᠭᠡᠢᠷᠡᠨ ᠲᠠᠩᠰᠠ ᠬᠠᠷ᠎ᠠ ᠵᠢ ᠭᠡᠳᠡᠷᠭᠦ᠌ ᠪᠠᠢᠴᠠᠭᠠᠨ᠂ ᠵᠢᠭᠤᠯᠴᠢᠯᠠᠯ ᠤ᠋ᠨ ᠦᠶ᠋ᠯᠡᠴᠢᠯᠡᠭᠡᠨ ᠤ᠋ ᠭᠠᠵᠠᠷ ᠤ᠋ᠨ ᠳ᠋ᠦᠩᠨᠡᠨ ᠪᠤᠳᠤᠭ᠍ᠰᠠᠨ ᠭᠡᠷᠡᠴᠢ ᠪᠠᠷᠢᠮᠲᠠ ᠵᠢ ᠨᠢᠭᠳᠠᠯᠠᠨ ᠪᠠᠢᠴᠠᠭᠠᠨ᠎ᠠ; ᠪᠠᠢᠴᠠᠭᠠᠨ ᠲᠣᠳᠣᠯᠠᠭ᠍ᠰᠠᠨ ᠬᠠᠤᠯᠢ ᠲᠣᠭ᠍ᠲᠠᠭᠠᠯ ᠡᠴᠡ ᠵᠥᠷᠢᠴᠡᠭ᠌ᠰᠡᠨ ᠦᠢᠯᠡ ᠠᠵᠢᠯᠯᠠᠭ᠎ᠠ ᠵᠢ ᠬᠠᠤᠯᠢ ᠶᠣᠰᠣᠭᠠᠷ ᠴᠢᠩᠭ᠎ᠠ ᠪᠥᠭᠡᠳ ᠬᠦᠨᠳᠦ᠍ ᠪᠡᠷ ᠱᠢᠢᠳᠭᠡᠵᠦ᠍᠂ ᠦᠢᠯᠡ ᠪᠠᠢᠳᠠᠯ ᠨᠢ ᠬᠦᠨᠳᠦ ᠨᠣᠴᠢᠲᠠᠶ᠂ ᠶᠡᠬᠡ ᠮᠠᠭᠤ ᠨᠥᠯᠥᠭᠡᠲᠤᠰᠬᠠᠯ ᠭᠠᠷᠤᠭᠰᠠᠨ ᠪᠤᠯ 《ᠨᠢᠭᠡ ᠯᠡ ᠤᠳᠠᠭ᠎ᠠ ᠳ᠋ᠦ ᠵᠠᠮ ᠢ᠋ ᠨᠢ ᠳᠠᠰᠤᠯᠬᠤ》 ᠶ᠋ᠢ ᠡᠷᠡᠰ ᠨᠠᠢᠳᠠᠪᠤᠷᠢᠵᠢᠭᠤᠯᠵᠤ᠂ ᠵᠢᠭᠤᠯᠴᠢᠯᠠᠯ ᠤ᠋ᠨ ᠠᠵᠢᠯ ᠲᠥᠷᠥᠯ ᠳ᠋ᠦ ᠣᠷᠣᠬᠤ ᠵᠢ ᠨᠢ ᠨᠠᠰᠤᠨ ᠲᠤᠷᠱᠢᠳᠠ ᠴᠠᠭᠠᠵᠠᠯᠠᠨ᠎ᠠ᠃ ᠡᠬᠦᠨ ᠤ᠋ ᠬᠠᠮᠳᠤ ᠰᠣᠶᠣᠯ ᠵᠢᠭᠤᠯᠴᠢᠯᠠᠯ᠂ ᠳᠣᠲᠣᠭᠠᠳᠤ ᠵᠢ ᠬᠠᠮᠠᠭᠠᠯᠠᠬᠤ᠂ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ᠂ ᠵᠠᠮ ᠬᠠᠷᠢᠯᠴᠠᠭ᠎ᠠ ᠲᠡᠭᠡᠭᠡᠪᠦᠷᠢ ᠵᠡᠷᠭᠡ ᠰᠠᠯᠠᠭ᠎ᠠ ᠮᠥᠴᠢᠷ ᠬᠠᠮᠲᠤᠷᠠᠨ ᠪᠠᠢᠩᠭᠤ ᠵᠢᠨ ᠴᠢᠨᠠᠷᠳᠠᠢ ᠬᠠᠤᠯᠢ ᠬᠡᠷᠡᠭ᠌ᠵᠢᠭᠦᠯᠬᠦ᠌ ᠲᠣᠭ᠍ᠲᠠᠴᠠ ᠵᠢ ᠦᠷᠭᠦᠯᠵᠢᠯᠡᠨ ᠥᠷᠨᠢᠭᠦᠯᠵᠦ᠍᠂ ᠦᠨᠡᠮᠯᠡᠯ ᠥᠬᠡᠶ ᠪᠡᠷ ᠡᠵᠡᠩᠨᠡᠬᠦ᠌᠂ 《ᠵᠦᠶ ᠵᠣᠬᠢᠰ ᠥᠬᠡᠶ ᠬᠢᠮᠳᠠ ᠵᠢᠭᠤᠯᠴᠢᠯᠠᠯ ᠦᠷᠨᠢᠬᠦᠯᠬᠦ》᠂ ᠬᠤᠳᠠᠯ ᠬᠠᠭᠤᠷᠮᠠᠭ ᠢ᠋ᠶ᠋ᠠᠷ ᠤᠬᠠᠭᠤᠯᠬᠤ᠂ ᠦᠨ᠎ᠡ ᠬᠠᠩᠰᠢ ᠪᠠᠷ ᠮᠡᠬᠡᠯᠡᠬᠦ᠌᠂ ᠠᠯᠪᠠᠲᠠᠨ ᠬᠤᠳᠠᠯᠳᠤᠨ ᠠᠪᠤᠭᠤᠯᠬᠤ ᠠᠯᠪᠠᠲᠠᠨ ᠬᠤᠳᠠᠯᠳᠤᠭᠤᠯᠬᠤ ᠵᠡᠷᠭᠡ ᠠᠵᠢᠯᠯᠠᠭ᠎ᠠ ᠳ᠋ᠦ ᠴᠢᠩᠭ᠎ᠠ ᠴᠣᠬᠢᠯᠲᠠ ᠦᠭᠬᠦ ᠪᠤᠯᠤᠨ᠎ᠠ᠃