ᠳᠤᠮᠳᠠᠳᠤ ᠤᠷᠤᠰ ᠤ᠋ᠨ ᠵᠠᠯᠠᠭᠤᠴᠤᠳ ᠪᠠᠭᠠᠴᠤᠳ ᠤ᠋ᠨ ᠰᠣᠶᠣᠯ ᠤᠷᠠᠯᠢᠭ ᠤ᠋ᠨ ᠠᠵᠢᠯᠯᠠᠭ᠎ᠠ ᠶᠠᠪᠤᠬᠳᠠᠪᠠ
2026-04-21 16:48:36
ᠵᠣᠬᠢᠶᠠᠭ᠍ᠴᠢ᠄
​ ᠬᠦᠭᠵᠢᠯᠳᠦ
ᠣᠩᠱᠢᠭ᠍ᠰᠠᠨ ᠣᠳᠠᠭ᠎ᠠ᠄
★★★☆☆

ᠦᠪᠦᠷ ᠮᠤᠨᠭᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠰᠤᠶᠤᠯ ᠪᠠ ᠵᠢᠭᠤᠯᠴᠢᠯᠠᠯ ᠤ᠋ᠨ ᠲᠢᠩᠬᠢᠮ ᠡᠴᠡ ᠤᠢᠯᠠᠭᠠᠭᠰᠠᠨ ᠢ᠋ᠶ᠋ᠡᠷ᠂  ᠲᠦᠷᠦᠬᠦᠬᠡᠨ ᠬᠣᠶᠠᠳᠤᠭᠠᠷ ᠬᠤᠭᠤᠴᠠᠭᠠᠨ ᠤ᠋《ᠲᠦᠮᠡᠨ ᠭᠠᠵᠠᠷ ᠤ᠋ᠨ ᠴᠠᠢ ᠶ᠋ᠢᠨ ᠵᠠᠮ ᠤ᠋ᠨ ᠦᠷᠳᠡᠬᠡ》 ᠳᠤᠮᠳᠠᠳᠤ ᠤᠷᠤᠰ ᠤ᠋ᠨ ᠵᠠᠯᠠᠭᠤᠴᠤᠳ ᠪᠠᠭᠠᠴᠤᠳ ᠤ᠋ᠨ ᠰᠣᠶᠣᠯ ᠤᠷᠠᠯᠢᠭ ᠤ᠋ᠨ ᠠᠵᠢᠯᠯᠠᠭ᠎ᠠ  ᠪᠠ 2026 ᠣᠨ ᠤ᠋ ᠬᠠᠪᠤᠷ ᠤ᠋ᠨ ᠤᠯᠠᠷᠢᠯ ᠤ᠋ᠨ ᠮᠠᠨᠵᠤᠤᠷ ᠤ᠋ᠨ ᠬᠢᠯᠢ ᠠᠯᠤᠰᠯᠠᠭ᠍ᠰᠠᠨ ᠰᠤᠳᠤᠯᠤᠨ ᠰᠤᠷᠤᠯᠴᠠᠬᠤ ᠵᠢᠭᠤᠯᠴᠢᠯᠠᠯ ᠵᠡᠷᠭᠡ ᠪᠡᠷ  ᠮᠠᠨᠵᠤᠤᠷ ᠲᠦ᠍ ᠶᠠᠪᠤᠬᠳᠠᠪᠠ᠃ ᠠᠵᠢᠯᠯᠠᠭ᠎ᠠ ᠨᠢ ᠳᠤᠮᠳᠠᠳᠤ ᠣᠷᠣᠰ ᠤ᠋ᠨ ᠵᠠᠯᠠᠭᠤᠴᠤᠳ ᠪᠠᠭᠠᠴᠤᠳ ᠤ᠋ᠨ ᠰᠣᠶᠣᠯ ᠤᠷᠠᠯᠢᠭ ᠤ᠋ᠨ ᠰᠣᠯᠢᠯᠴᠠᠭ᠎ᠠ ᠪᠣᠯᠤᠨ ᠬᠢᠯᠢ ᠠᠯᠤᠰᠯᠠᠭᠰᠠᠨ ᠰᠤᠳᠤᠯᠤᠨ ᠰᠤᠷᠤᠯᠴᠠᠯᠭ᠎ᠠ ᠪᠠᠷ ᠭᠤᠤᠯ ᠪᠣᠯᠭᠠᠨ᠂ ᠲᠦᠮᠡᠨ ᠭᠠᠵᠠᠷ ᠤ᠋ᠨ ᠴᠠᠶ ᠶ᠋ᠢᠨ ᠵᠠᠮ ᠤ᠋ᠨ ᠰᠣᠶᠣᠯ ᠤ᠋ᠨ ᠠᠭᠤᠯᠤᠭ᠍ᠳᠠᠬᠤᠨ ᠪᠣᠯᠤᠨ ᠮᠠᠨᠵᠤᠤᠷ ᠤ᠋ᠨ ᠬᠢᠯᠢ ᠶ᠋ᠢᠨ ᠰᠣᠶᠣᠯ ᠵᠢᠭᠤᠯᠴᠢᠯᠠᠯ ᠤ᠋ᠨ ᠳᠠᠪᠠᠭᠤᠯᠢᠭ ᠲᠦ᠍ ᠲᠦᠱᠢᠭ᠌ᠯᠡᠵᠤ᠂ ᠬᠣᠶᠠᠷ ᠤᠯᠤᠰ ᠤ᠋ᠨ ᠵᠠᠯᠠᠭᠤᠴᠤᠳ ᠪᠠᠭᠠᠴᠤᠳ ᠤ᠋ᠨ ᠰᠣᠶᠣᠯ ᠤ᠋ᠨ ᠲᠣᠯᠢᠳᠠᠯ ᠢ᠋ ᠭᠦᠨᠵᠡᠭᠡᠢᠷᠡᠭᠦᠯᠤᠨ᠂ ᠳᠤᠮᠳᠠᠳᠤ ᠣᠷᠣᠰ ᠮᠣᠩᠭᠣᠯ ᠤ᠋ᠨ ᠬᠥᠷᠰᠢ ᠵᠡᠷᠭᠡᠯᠡᠳᠡᠭᠡ ᠭᠠᠵᠠᠷ ᠣᠷᠣᠨ ᠤ᠋ ᠰᠣᠯᠢᠯᠴᠠᠭ᠎ᠠ ᠬᠠᠮᠲᠤᠷᠠᠯᠴᠠᠭᠠᠨ ᠤ᠋ ᠠᠵᠢᠯᠯᠠᠭ᠎ᠠ ᠶ᠋ᠢᠨ ᠲᠥᠷᠥᠯ ᠲᠡᠮᠳᠡᠭ᠌᠎ᠢ ᠴᠤᠭᠴᠠᠯᠠᠬᠤ ᠵᠢ ᠵᠤᠷᠢᠵᠠᠢ᠃

ᠲᠣᠰ ᠠᠵᠢᠯᠯᠠᠭ᠎ᠠ᠎ᠨᠢ ᠣᠷᠣᠰ ᠤ᠋ᠨ ᠬᠠᠪᠤᠷ ᠤ᠋ᠨ ᠠᠮᠠᠷᠠᠯᠲᠠ ᠵᠢ ᠬᠠᠮᠤᠷᠴᠤ᠌᠂ ᠪᠠᠷᠤᠭ ᠣᠷᠣᠰ ᠤ᠋ᠨ ᠬᠤᠢᠳᠦ ᠪᠠᠢᠭᠠᠯᠰᠺ ᠬᠢᠵᠠᠭᠠᠷ ᠣᠷᠣᠨ᠂ ᠪᠥᠬᠥᠳᠡ ᠨᠠᠢᠷᠠᠮᠳᠠᠬᠤ ᠪᠤᠷᠢᠶᠠᠳ ᠤᠯᠤᠰ᠂ ᠢᠷᠺᠦ᠋ᠼᠺ ᠵᠧᠸ᠋ ᠵᠡᠷᠭᠡ ᠭᠠᠵᠠᠷ ᠤ᠋ᠨ 10000 ᠱᠢᠬᠠᠮ ᠪᠠᠭ᠍ᠰᠢ ᠰᠣᠷᠣᠭ᠍ᠴᠢ ᠵᠢᠴᠢ ᠬᠡᠷ᠎ᠦᠨ ᠠᠬᠠᠮᠠᠳ ᠳᠤᠮᠳᠠᠳᠤ ᠤᠯᠤᠰ ᠲᠦ᠍ ᠵᠢᠭᠤᠯᠴᠢᠯᠠᠪᠠ᠃ ᠠᠵᠢᠯᠯᠠᠭ᠎ᠠ ᠳ᠋ᠦ ᠤᠷᠠᠨ ᠪᠢᠴᠢᠯᠭᠡ᠂ ᠤᠷᠠᠨ ᠵᠢᠷᠤᠭ᠂ ᠴᠠᠢ ᠶ᠋ᠢᠨ ᠤᠷᠠᠯᠢᠭ᠂ ᠪᠥᠵᠢᠭ᠎ᠦᠨ ᠦᠵᠡᠭᠦᠯᠭᠡ ᠵᠡᠷᠭᠡ ᠤᠯᠠᠨ ᠡᠱᠢᠲᠦ ᠲᠦᠷᠦᠯ ᠵᠦᠢᠯ ᠢ᠋ ᠲᠤᠬᠢᠷᠠᠭᠤᠯᠵᠤ᠂ ᠳᠤᠮᠳᠠᠳᠤ ᠤᠷᠤᠰ ᠤ᠋ᠨ ᠵᠠᠯᠠᠭᠤᠴᠤᠳ ᠪᠠᠭᠠᠴᠤᠳ ᠲᠦ᠍ ᠳᠤᠮᠳᠠᠳᠤ ᠶ᠋ᠢᠨ ᠱᠢᠯᠢᠳᠡᠭ ᠤᠯᠠᠮᠵᠢᠯᠠᠯᠲᠤ ᠰᠣᠶᠣᠯ ᠢ᠋ ᠤᠢ᠍ᠢᠯᠠᠭᠠᠭᠤᠯᠵᠤ᠂ ᠬᠠᠷᠢᠯᠴᠠᠨ ᠦᠢᠯᠡᠳᠦᠯᠴᠡᠬᠦ᠌ ᠳᠤᠮᠳᠠ ᠨᠥᠬᠥᠷᠯᠡᠯ ᠵᠢᠡᠨ ᠵᠤᠵᠠᠭᠠᠳᠭᠠᠬᠰᠠᠨ ᠪᠠᠢᠨ᠎ᠠ᠃ ᠰᠤᠳᠤᠯᠤᠨ ᠰᠤᠷᠤᠯᠴᠠᠬᠤ ᠶᠠᠰᠤ ᠴᠢᠨᠠᠷ ᠢ᠋ ᠳᠡᠭᠡᠭ᠌ᠰᠢᠯᠡᠭᠦᠯᠬᠦ᠌ ᠶ᠋ᠢᠨ ᠲᠥᠯᠥᠭᠡ ᠮᠠᠨᠵᠤᠤᠷ ᠬᠤᠳᠠ ᠵᠢᠨ ᠬᠢᠨ ᠡᠨᠡ ᠵᠢᠯ ᠰᠤᠳᠤᠯᠤᠨ ᠰᠤᠷᠤᠯᠴᠠᠬᠤ ᠵᠠᠮ ᠱᠤᠭᠤᠮ ᠢ᠋ᠶ᠋ᠠᠨ ᠱᠢᠯᠢᠳᠡᠭ᠌ᠵᠢᠭᠦᠯᠵᠦ᠍᠂ ᠬᠠᠢᠯᠠᠷ᠂ ᠬᠠᠷᠪᠢᠨ᠂ ᠪᠡᠭᠡᠵᠢᠩ ᠵᠡᠷᠭᠡ ᠭᠠᠵᠠᠷ ᠤ᠋ᠨ ᠡᠬᠢ ᠪᠠᠶᠠᠯᠢᠭ ᠢ᠋ ᠬᠣᠯᠪᠣᠨ᠂ ᠰᠤᠳᠤᠯᠤᠨ ᠰᠤᠷᠤᠯᠴᠠᠬᠤ ᠠᠭᠤᠯᠭ᠎ᠠ ᠪᠠᠨ ᠪᠠᠶᠠᠯᠢᠭ᠍ᠵᠢᠭᠤᠯᠵᠤ᠂ ᠵᠠᠯᠠᠭᠤᠴᠤᠳ ᠪᠠᠭᠠᠴᠤᠳ ᠤ᠋ᠨ ᠮᠡᠳᠡᠯᠬᠡ ᠬᠦᠷᠳᠡᠬᠦ ᠬᠦᠷᠢᠶ᠎ᠠ ᠴᠠᠷᠠᠭ᠎ᠠ ᠵᠢ ᠥᠷᠭᠡᠳᠭᠡᠵᠠᠢ᠃

ᠲᠦᠮᠡᠨ ᠭᠠᠵᠠᠷ ᠤ᠋ᠨ ᠴᠠᠢ ᠶ᠋ᠢᠨ ᠵᠠᠮ ᠪᠤᠯ ᠡᠧᠦ᠋ᠷᠦᠫᠠ ᠠᠽᠢᠶ᠎ᠠ ᠶ᠋ᠢᠨ ᠡᠬᠡ ᠬᠠᠭᠤᠷᠠᠢ ᠶ᠋ᠢᠨ ᠤᠷᠲᠦ ᠤᠳᠠᠭᠠᠨ ᠲᠡᠥᠬᠡ ᠲᠠᠢ ᠠᠷᠠᠯᠵᠢᠶᠠᠨ ᠤ᠋ ᠵᠠᠮ ᠪᠠᠢᠵᠦ᠂ ᠢᠮᠠᠭᠳᠠ ᠲᠤᠮᠳᠠᠳᠦ ᠤᠷᠤᠰ ᠮᠤᠨᠭᠭᠤᠯ ᠭᠤᠷᠪᠠᠨ ᠤᠯᠤᠰ ᠤ᠋ᠨ ᠠᠷᠠᠳ ᠲᠦᠮᠡᠨ ᠤ᠋ ᠨᠦᠬᠦᠷᠯᠡᠯ ᠬᠢᠭᠡᠳ ᠶᠠᠪᠤᠯᠴᠠᠭ᠎ᠠ ᠰᠤᠯᠢᠯᠴᠠᠭ᠎ᠠ ᠵᠢ ᠲᠦᠯᠦᠬᠡᠯᠡᠵᠦ ᠪᠠᠢᠳᠠᠭ᠃ ᠮᠠᠨᠵᠤᠤᠷ ᠬᠤᠳᠠ ᠲᠦᠮᠡᠨ ᠭᠠᠵᠠᠷ ᠤ᠋ᠨ ᠴᠠᠢ ᠶ᠋ᠢᠨ ᠵᠠᠮ ᠢ᠋ᠶ᠋ᠡᠷ ᠰᠡᠳᠦᠪᠯᠡᠨ᠂ ᠭᠤᠷᠪᠠᠨ ᠤᠯᠤᠰ ᠤ᠋ᠨ ᠵᠠᠯᠠᠭᠤᠴᠤᠳ ᠪᠠᠭᠠᠴᠤᠳ ᠤ᠋ᠨ ᠨᠦᠬᠦᠷᠯᠡᠯ ᠰᠤᠯᠢᠯᠴᠠᠭ᠎ᠠ ᠵᠢ ᠬᠦᠴᠦᠳᠡᠢ ᠠᠬᠢᠭᠤᠯᠵᠤ᠂ ᠭᠤᠷᠪᠠᠨ ᠤᠯᠤᠰ ᠤ᠋ᠨ ᠰᠤᠶᠤᠯ ᠤ᠋ᠨ ᠦᠪᠡᠷᠮᠢᠴᠡ ᠰᠢᠨᠵᠢ ᠵᠢ ᠮᠡᠳᠡᠷᠡᠬᠦᠯᠦᠨ᠂ 《ᠲᠦᠮᠡᠨ ᠭᠠᠵᠠᠷ ᠤ᠋ᠨ ᠴᠠᠢ ᠶ᠋ᠢᠨ ᠵᠠᠮ》 ᠤᠯᠠᠨ ᠤᠯᠤᠰ ᠤ᠋ᠨ ᠵᠢᠭᠤᠯᠴᠢᠯᠠᠯ ᠤ᠋ᠨ ᠲᠦᠷᠦᠯ ᠳᠡᠮᠳᠡᠭ ᠤ᠋ᠨ ᠨᠡᠷ᠎ᠠ ᠨᠦᠯᠦᠬᠡ ᠵᠢ ᠦᠷᠭᠡᠳᠬᠡᠵᠦ᠂ ᠰᠤᠳᠤᠯᠤᠨ ᠰᠤᠷᠤᠯᠴᠠᠬᠤ ᠲᠦᠷᠦᠯ ᠲᠡᠮᠳᠡᠭ ᠢ᠋ ᠦᠷᠭᠦᠯᠵᠢᠯᠡᠨ ᠬᠦᠴᠦᠷᠬᠡᠭ᠌ᠵᠢᠭᠦᠯᠵᠦ᠍᠂ ᠬᠢᠯᠢ ᠠᠯᠤᠰᠯᠠᠭᠰᠠᠨ ᠰᠣᠶᠣᠯ ᠵᠢᠭᠤᠯᠴᠢᠯᠠᠯ ᠤ᠋ᠨ ᠰᠣᠯᠢᠯᠴᠠᠭ᠎ᠠ ᠬᠠᠮᠲᠤᠷᠠᠯᠴᠠᠭ᠎ᠠ ᠵᠢ ᠦᠷᠭᠦᠯᠵᠢᠯᠡᠨ ᠭᠦᠨᠵᠡᠭᠡᠢᠷᠡᠭᠦᠯᠦᠭᠰᠡᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号