ᠦᠪᠦᠷ ᠮᠤᠩᠭᠤᠯ ᠤ᠋ᠨ ᠦᠪᠡᠷᠲᠡᠭᠡᠨ ᠵᠠᠰᠠᠬᠤ ᠤᠷᠤᠨ ᠤ᠋ ᠤᠢ ᠰᠢᠭᠤᠢ ᠪᠠ ᠨᠤᠲᠤᠭ ᠪᠡᠯᠴᠢᠭᠡᠷ ᠤ᠋ᠨ ᠲᠤᠪᠴᠢᠶ᠎ᠡ ᠡᠴᠡ ᠤᠢᠯᠠᠭᠠᠭᠰᠠᠨ ᠵᠢᠡᠷ᠂ 2026 ᠣᠨ ᠳ᠋ᠤ ᠮᠠᠨ ᠤ᠋ ᠤᠷᠤᠨ ᠰᠠᠨᠠᠭᠠᠴᠢᠯᠠᠭ᠎ᠠ ᠡᠴᠡ ᠪᠡᠨ ᠠᠵᠢᠯᠯᠠᠵᠤ ᠂ ᠬᠦᠴᠦ ᠪᠡᠨ ᠲᠥᠪᠯᠡᠷᠡᠭᠦᠯᠦᠨ ᠪᠣᠭᠣᠮᠲᠠ ᠱᠢᠪᠲᠤᠯᠵᠤ᠂ ᠣᠨ ᠤ᠋ ᠬᠠᠷᠠᠯᠲᠠ ᠡᠭᠦᠷᠭᠡ᠎ᠪᠡᠨ ᠴᠢᠨᠠᠷ ᠰᠠᠢᠲᠠᠶ ᠪᠡᠶᠡᠯᠡᠭᠦᠯᠬᠦ᠌ ᠶ᠋ᠢ ᠦᠨᠡᠨ ᠬᠦ᠌ ᠪᠠᠲᠤᠯᠠᠵᠦ ᠪᠤᠢ᠃
ᠮᠠᠨ ᠤ᠋ ᠤᠷᠤᠨ ᠬᠡᠷᠡᠯᠴᠢ ᠴᠡᠨᠡᠭ ᠵᠢᠡᠷ ᠡᠯᠡᠰᠦ ᠶ᠋ᠢ ᠵᠠᠰᠠᠬᠤ ᠶ᠋ᠢ ᠯᠠᠪᠳᠠᠭᠤᠨ᠎ᠢᠶᠠᠷ ᠠᠬᠢᠭᠤᠯᠤᠨ᠂ 《ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠴᠦᠯᠯᠡᠷᠭᠡᠭ᠌ᠵᠢᠯ᠎ᠢ ᠰᠡᠷᠭᠡᠢᠯᠡᠨ ᠵᠠᠰᠠᠬᠤ ᠪᠠ ᠰᠠᠯᠬᠢᠨ ᠬᠦᠴᠦᠨ᠎ᠦ ᠴᠠᠬᠢᠯᠭᠠᠨ ᠬᠡᠷᠡᠯᠴᠢ ᠴᠡᠨᠡᠭ᠎ᠢ ᠨᠢᠭᠡ ᠴᠣᠭ᠍ᠴᠠᠵᠢᠭᠤᠯᠬᠤ ᠢᠨᠵᠧᠨᠧᠷᠢᠩ᠎ᠦᠨ ᠪᠥᠲᠥᠭᠡᠨ ᠪᠠᠢᠭᠤᠯᠤᠯᠲᠠ ᠶ᠋ᠢᠨ ᠲᠥᠰᠦᠯ (2025 — 2030 ᠣᠨ)》 ᠢ᠋ ᠲᠦᠷᠭᠡᠳᠭᠡᠨ ᠲᠣᠭ᠍ᠲᠠᠭᠠᠵᠤ᠂ ᠠᠮᠢ ᠠᠬᠤᠶ ᠶ᠋ᠢᠨ ᠠᠮᠤᠷ ᠲᠦᠪᠱᠢᠨ᠎ᠦ ᠬᠠᠯᠬᠠᠪᠴᠢ ᠬᠢᠭᠡᠳ ᠡᠨᠧᠷᠭᠢ ᠶ᠋ᠢᠨ ᠠᠮᠤᠷ ᠲᠦᠪᠱᠢᠨ᠎ᠦ ᠪᠠᠲᠤᠯᠠᠭ᠎ᠠ ᠶ᠋ᠢ ᠨᠢᠭᠡᠳᠦᠯᠲᠡᠶ ᠲᠥᠯᠥᠪᠵᠢᠭᠦᠯᠪᠡ; 《ᠵᠠᠮ᠎ᠢᠶᠠᠷ ᠡᠯᠡᠰᠦ ᠶ᠋ᠢ ᠵᠠᠰᠠᠬᠤ》 ᠶ᠋ᠢ ᠪᠦᠬᠦ᠌ ᠲᠠᠯ᠎ᠠ ᠪᠡᠷ ᠠᠬᠢᠭᠤᠯᠵᠤ᠂ ᠰᠥᠨᠥᠭᠡᠯᠲᠡ ᠵᠢᠨ ᠳᠠᠢᠯᠠᠯᠳᠤᠭᠠᠨ ᠤ᠋ ᠣᠷᠣᠨ ᠡᠴᠡ ᠪᠤᠭᠤᠮᠲᠠ ᠰᠢᠪᠲᠤᠯᠬᠤ ᠳᠠᠢᠯᠠᠯᠳᠤᠭᠠᠨ ᠤ᠋ ᠣᠷᠣᠨ᠂ ᠬᠣᠷᠢᠭ᠍ᠯᠠᠯᠲᠠ ᠵᠢᠨ ᠳᠠᠢᠯᠠᠯᠳᠤᠭᠠᠨ ᠤ᠋ ᠣᠷᠣᠨ ᠲᠡᠢᠰᠢ ᠥᠷᠭᠡᠵᠢᠬᠦ᠌ ᠶ᠋ᠢ ᠠᠬᠢᠭᠤᠯᠤᠨ᠂ ᠡᠯᠡᠰᠦ ᠶ᠋ᠢ ᠳᠤᠭᠤᠯᠤᠭ᠍ᠰᠠᠨ 2600 ᠺᠢᠯᠣᠮᠧᠲᠷ ᠵᠠᠰᠠᠮᠠᠯ ᠵᠠᠮ᠎ᠢ ᠱᠢᠨ᠎ᠡ᠎ᠪᠡᠷ ᠥᠭᠡᠷᠡᠴᠢᠯᠡᠨ ᠪᠠᠢᠭᠤᠯᠵᠤ᠂ 300 ᠲᠦᠮᠡᠨ ᠮᠦ᠍ ᠶ᠋ᠢᠨ ᠡᠯᠡᠰᠦ ᠶ᠋ᠢ ᠵᠠᠰᠠᠬᠤ ᠶ᠋ᠢ ᠳᠠᠢᠴᠢᠯᠠᠪᠠ; ᠮᠣᠳᠣ ᠲᠠᠷᠢᠬᠤ ᠣᠶᠤᠨᠴᠢ ᠮᠠᠱᠢᠨ ᠬᠥᠮᠦᠨ᠂ ᠡᠯᠡᠰᠦᠨ᠎ᠦ ᠬᠠᠯᠬᠠᠪᠴᠢ ᠳᠡᠪᠢᠰᠭᠦ ᠮᠠᠱᠢᠨ ᠵᠡᠷᠭᠡ ᠡᠯᠡᠰᠦ ᠶ᠋ᠢ ᠵᠠᠰᠠᠬᠤ ᠲᠡᠷᠢᠭᠦᠨ᠎ᠦ ᠮᠠᠱᠢᠨ ᠲᠦᠬᠦᠭᠡᠷᠦᠮᠵᠢ ᠶ᠋ᠢ ᠳᠡᠯᠭᠡᠷᠡᠭᠦᠯᠦᠨ ᠬᠡᠷᠡᠭ᠌ᠯᠡᠬᠦ᠌ ᠡᠷᠴᠢᠮ᠎ᠢᠶᠡᠨ ᠴᠢᠩᠭᠠᠷᠠᠭᠤᠯᠵᠤ᠂ ᠮᠠᠱᠢᠨ᠎ᠢᠶᠠᠷ ᠡᠯᠡᠰᠦ ᠶ᠋ᠢ ᠵᠠᠰᠠᠬᠤ ᠪᠦᠷᠬᠦᠴᠡ ᠶ᠋ᠢᠨ ᠨᠣᠷᠮ᠎ᠠ ᠶ᠋ᠢ ᠳᠡᠭᠡᠭ᠌ᠰᠢᠯᠡᠭᠦᠯᠪᠡ; 《ᠥᠪᠡᠷᠲᠡᠭᠡᠨ ᠵᠠᠰᠠᠬᠤ ᠣᠷᠣᠨ ᠤ᠋ ᠠᠷᠠᠳ ᠤ᠋ᠨ ᠠᠮᠢᠳᠤᠷᠠᠯ ᠤ᠋ᠨ ᠠᠷᠪᠠᠨ ᠶᠡᠬᠡ ᠢᠨᠵᠧᠨᠧᠷᠢᠩ》᠎ᠢ᠋ ᠬᠢᠨᠠᠮᠠᠭᠠᠶ ᠨᠠᠢᠳᠠᠪᠤᠷᠢᠵᠢᠭᠤᠯᠵᠤ᠂ ᠠᠵᠢᠯ ᠣᠯᠭᠣᠯᠲᠠ ᠪᠡᠷ ᠲᠡᠳᠬᠦᠮᠵᠢ ᠶ᠋ᠢ ᠣᠷᠣᠯᠠᠭᠤᠯᠬᠤ ᠶ᠋ᠢ ᠶᠡᠬᠡ ᠪᠡᠷ ᠳᠡᠯᠭᠡᠷᠡᠭᠦᠯᠵᠦ᠍᠂ 《ᠲᠣᠰᠭᠣᠨ ᠤ᠋ ᠨᠠᠮ ᠤ᠋ᠨ ᠡᠭᠦᠷ + ᠮᠠᠯᠴᠢᠨ ᠲᠠᠷᠢᠶᠠᠴᠢᠨ》 ᠵᠡᠷᠭᠡ ᠵᠠᠭ᠍ᠪᠤᠷ᠎ᠢ ᠰᠦᠪᠡᠭ᠌ᠴᠢᠯᠡᠨ᠂ ᠨᠠᠩ ᠣᠯᠠᠨ ᠮᠠᠯᠴᠢᠨ ᠲᠠᠷᠢᠶᠠᠴᠢᠨ᠎ᠢ ᠵᠣᠬᠢᠶᠠᠨ ᠪᠠᠢᠭᠤᠯᠤᠨ ᠣᠷᠣᠯᠴᠠᠭᠤᠯᠵᠤ᠂ ᠪᠥᠬᠥ᠌ ᠵᠢᠯ ᠳ᠋ᠤ 10 ᠳ᠋ᠦᠩᠱᠢᠭᠤᠷ ᠲᠥᠭᠥᠷᠢᠭ᠎ᠡᠴᠡ ᠳᠡᠭᠡᠭ᠌ᠰᠢ ᠬᠥᠳᠡᠯᠮᠦᠷᠢ ᠦᠶ᠋ᠯᠡᠴᠢᠯᠡᠭᠡᠨ᠎ᠦ ᠬᠥᠯᠥᠰᠥ᠍ ᠣᠯᠭᠣᠮᠵᠢ ᠣᠯᠭᠣᠬᠤ ᠪᠡᠷ ᠬᠦᠴᠦᠯᠡᠵᠦ ᠪᠤᠢ᠃
《〈ᠤᠮᠠᠷᠠᠲᠤ ᠵᠢᠨ ᠭᠤᠷᠪᠠᠨ ᠤᠷᠤᠨ〉 ᠤ᠋ ᠢᠨᠵᠧᠨᠧᠷᠢᠩ᠎ᠦᠨ ᠶᠠᠰᠤ ᠴᠢᠨᠠᠷ ᠤ᠋ᠨ ᠣᠨ ᠤ᠋ ᠲᠤᠰᠭᠠᠶ ᠠᠵᠢᠯᠯᠠᠭ᠎ᠠ》 ᠶ᠋ᠢ ᠬᠡᠷᠡᠭ᠌ᠵᠢᠭᠦᠯᠬᠦ᠌᠎ᠪᠡᠷ ᠬᠥᠲᠥᠯᠦᠮᠵᠢ ᠪᠣᠯᠭᠠᠵᠤ᠂ 《ᠤᠮᠠᠷᠠᠲᠤ ᠵᠢᠨ ᠭᠤᠷᠪᠠᠨ ᠤᠷᠤᠨ》 ᠤ᠋ ᠢᠨᠵᠧᠨᠧᠷᠢᠩ᠎ᠦᠨ ᠪᠥᠲᠥᠭᠡᠨ ᠪᠠᠢᠭᠤᠯᠤᠯᠲᠠ ᠶ᠋ᠢᠨ ᠶᠠᠰᠤ ᠴᠢᠨᠠᠷ᠎ᠢ ᠪᠥᠬᠥ᠌ ᠲᠠᠯ᠎ᠠ ᠪᠡᠷ ᠳᠡᠭᠡᠭ᠌ᠰᠢᠯᠡᠭᠦᠯᠵᠦ᠂ ᠣᠨ ᠤ᠋ ᠦᠷ᠎ᠡ ᠪᠦᠲᠦᠮᠵᠢ ᠶ᠋ᠢ ᠬᠢᠨᠠᠨ ᠬᠡᠮᠵᠢᠬᠦ ᠪᠠ ᠳᠤᠮᠳᠠ ᠬᠤᠭᠤᠴᠠᠭᠠᠨ ᠤ᠋ ᠦᠨᠡᠯᠡᠨ ᠵᠢᠱ᠌ᠢᠬᠦ᠌ ᠶ᠋ᠢ ᠥᠷᠨᠢᠭᠦᠯᠵᠦ᠂ ᠣᠶ ᠱᠢᠭᠤᠶ ᠪᠠ ᠨᠤᠲᠤᠭ ᠪᠡᠯᠴᠢᠭᠡᠷ᠎ᠦᠨ ᠴᠢᠨᠠᠷ ᠰᠠᠢᠲᠠᠶ ᠶᠡᠷᠦᠩᠬᠡᠢᠯᠡᠭ᠌ᠰᠡᠨ ᠪᠠᠢᠴᠠᠭᠠᠯᠲᠠ ᠪᠠ 《ᠤᠮᠠᠷᠠᠲᠤ ᠵᠢᠨ ᠭᠤᠷᠪᠠᠨ ᠤᠷᠤᠨ》 ᠵᠡᠷᠭᠡ ᠭᠤᠤᠯᠳᠠᠯᠭ᠎ᠠ᠎ᠲᠠᠶ ᠠᠮᠢ ᠠᠬᠤᠶ ᠶ᠋ᠢᠨ ᠢᠨᠵᠧᠨᠧᠷᠢᠩ᠎ᠦᠨ ᠪᠥᠲᠥᠭᠡᠨ ᠪᠠᠢᠭᠤᠯᠤᠯᠲᠠ ᠶ᠋ᠢᠨ ᠮᠡᠷᠭᠡᠵᠢᠯ᠎ᠦᠨ ᠪᠠᠢᠴᠠᠭᠠᠯᠲᠠ ᠶ᠋ᠢ ᠦᠷᠭᠦᠯᠵᠢᠯᠡᠨ ᠠᠬᠢᠭᠤᠯᠤᠨ᠂ ᠪᠠᠢᠭᠤᠯᠬᠤ ᠪᠠ ᠬᠠᠮᠢᠶᠠᠷᠬᠤ ᠶ᠋ᠢ ᠵᠡᠷᠭᠡ ᠪᠡᠷ ᠴᠢᠬᠤᠯᠠᠴᠢᠯᠠᠬᠤ ᠶ᠋ᠢ ᠪᠠᠷᠢᠮᠲᠠᠯᠠᠨ᠂ ᠠᠮᠢ ᠠᠬᠤᠶ ᠶ᠋ᠢᠨ ᠪᠦᠲᠦᠭᠡᠨ ᠪᠠᠢᠭᠤᠯᠤᠯᠲᠠ ᠶ᠋ᠢᠨ ᠦᠷ᠎ᠡ ᠪᠦᠲᠦᠭᠡᠯ᠎ᠢ ᠦᠨᠡᠨ ᠬᠦ᠌ ᠰᠠᠢᠲᠤᠷ ᠪᠡᠬᠢᠵᠢᠭᠦᠯᠵᠦ᠍᠂ 《ᠤᠯᠤᠰ ᠤ᠋ᠨ ᠥᠮᠴᠢᠯᠡᠯᠲᠦ ᠣᠶ ᠱᠢᠭᠤᠶ ᠶ᠋ᠢᠨ ᠲᠠᠯᠠᠪᠠᠶ +》 ᠵᠠᠭ᠍ᠪᠤᠷ᠎ᠢ ᠬᠡᠷᠡᠭ᠌ᠵᠢᠭᠦᠯᠵᠦ᠍᠂ ᠨᠥᠬᠥᠴᠡᠯ ᠳ᠋ᠤ ᠨᠡᠢᠴᠡᠬᠦ᠌ 《ᠤᠮᠠᠷᠠᠲᠤ ᠵᠢᠨ ᠭᠤᠷᠪᠠᠨ ᠤᠷᠤᠨ》 ᠤ᠋ ᠢᠨᠵᠧᠨᠧᠷᠢᠩ᠎ᠦᠨ ᠨᠤᠲᠤᠭ ᠪᠡᠯᠴᠢᠭᠡᠷ᠎ᠦᠨ ᠵᠠᠰᠠᠯᠲᠠ ᠶ᠋ᠢᠨ ᠣᠷᠣᠨ᠎ᠢ ᠨᠤᠲᠤᠭ ᠪᠡᠯᠴᠢᠭᠡᠷ᠎ᠦᠨ ᠪᠡᠯᠴᠢᠭᠡᠷᠯᠡᠭᠦᠯᠬᠦ᠌ ᠶ᠋ᠢ ᠴᠠᠭᠠᠵᠠᠯᠠᠬᠤ ᠣᠷᠣᠨ ᠳ᠋ᠤ ᠣᠷᠣᠭᠤᠯᠤᠨ ᠬᠠᠮᠢᠶᠠᠷᠴᠤ᠌᠂ 《ᠤᠮᠠᠷᠠᠲᠤ ᠵᠢᠨ ᠭᠤᠷᠪᠠᠨ ᠤᠷᠤᠨ》 ᠤ᠋ ᠢᠨᠵᠧᠨᠧᠷᠢᠩ᠎ᠦᠨ ᠬᠠᠮᠢᠶᠠᠷᠴᠤ᠌ ᠬᠠᠮᠠᠭᠠᠯᠠᠬᠤ ᠪᠡᠯᠡ ᠮᠥᠩᠭᠥ᠌ ᠬᠦᠷᠦᠯᠴᠡᠬᠦ᠌ ᠦᠭᠡᠶ ᠪᠠᠢᠭ᠎ᠠ ᠠᠰᠠᠭᠤᠳᠠᠯ ᠢ ᠪᠦᠲᠦᠮᠵᠢᠲᠡᠶ ᠱᠢᠶ᠋ᠳᠪᠦᠷᠢᠯᠡᠬᠦ ᠪᠤᠯᠤᠨ᠎ᠠ᠃