ᠦᠪᠦᠷ ᠮᠤᠩᠭᠤᠯ ᠤ᠋ᠨ 66 ᠲᠦᠷᠦᠯᠬᠢ ᠶ᠋ᠢᠨ ᠵᠢᠷᠦᠬᠡᠨ ᠡᠪᠡᠳᠴᠢᠨ ᠲᠠᠢ ᠬᠡᠤᠬᠡᠳ ᠱᠠᠩᠬᠠᠢ ᠳ᠋ᠤ ᠬᠦᠷᠴᠤ ᠦᠨ᠎ᠠ ᠲᠦᠯᠦᠪᠤᠷᠢ ᠦᠭᠡᠢ ᠪᠡᠷ ᠵᠠᠰᠠᠯ ᠬᠢᠯᠭᠡᠬᠦ ᠪᠡᠷ ᠳᠤᠭᠳᠠᠵᠠᠢ
2026-04-21 09:55:42
ᠵᠣᠬᠢᠶᠠᠭ᠍ᠴᠢ᠄
ᠡᠷᠳᠡᠨᠢᠬᠤᠸᠠᠷ
ᠣᠩᠱᠢᠭ᠍ᠰᠠᠨ ᠣᠳᠠᠭ᠎ᠠ᠄
★★★☆☆

ᠦᠪᠦᠷ ᠮᠤᠩᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠤᠯᠠᠭᠠᠨ ᠵᠠᠭᠠᠯᠮᠠᠢᠳᠠᠨ ᠤ᠋ ᠨᠡᠢᠭᠡᠮᠯᠢᠭ ᠡᠴᠡ ᠤᠢᠯᠠᠭᠠᠭᠰᠠᠨ ᠶ᠋ᠢᠡᠷ᠂ 2026 ᠤᠨ ᠤ᠋ 《ᠰᠠᠬᠢᠭᠤᠰᠤᠨ ᠲᠩᠷᠢ ᠶ᠋ᠢᠨ ᠠᠶᠠᠯᠠᠯ》 ᠲᠦᠷᠦᠯᠬᠢ ᠶ᠋ᠢᠨ ᠵᠢᠷᠦᠬᠡᠨ ᠡᠪᠡᠳᠴᠢᠨ ᠲᠠᠢ ᠬᠡᠤᠬᠡᠳ ᠢ᠋ ᠠᠪᠤᠷᠠᠨ ᠲᠤᠰᠠᠯᠠᠬᠤ ᠠᠵᠢᠯᠯᠠᠭ᠎ᠠ ᠪᠡᠷ ᠮᠠᠨ ᠤ᠋ ᠤᠷᠤᠨ ᠤ᠋ ᠲᠦᠷᠦᠯᠬᠢ ᠶ᠋ᠢᠨ ᠵᠢᠷᠦᠬᠡᠨ ᠡᠪᠡᠳᠴᠢᠨ ᠲᠠᠢ 66 ᠬᠡᠤᠬᠡᠳ ᠱᠠᠩᠬᠠᠢ ᠳ᠋ᠤ ᠬᠦᠷᠴᠤ ᠦᠨ᠎ᠠ ᠲᠦᠯᠦᠪᠤᠷᠢ ᠦᠭᠡᠢ ᠪᠡᠷ ᠵᠠᠰᠠᠯ ᠬᠢᠯᠭᠡᠬᠦ ᠪᠡᠷ ᠳᠤᠭᠳᠠᠪᠠ᠃

ᠡᠨᠡ ᠵᠢᠯ ᠤ᠋ᠨ 3 ᠰᠠᠷ᠎ᠠ ᠶ᠋ᠢᠨ 17 ᠡᠴᠡ 4 ᠰᠠᠷ᠎ᠠ ᠶ᠋ᠢᠨ 3 ᠤ᠋ ᠡᠳᠤᠷ ᠪᠤᠯᠳᠠᠯ᠎ᠠ ᠦᠪᠡᠷᠳᠡᠭᠡᠨ ᠵᠠᠰᠠᠬᠤ ᠤᠷᠤᠨ ᠤ᠋ ᠤᠯᠠᠭᠠᠨ ᠵᠠᠭᠠᠯᠮᠠᠢᠳᠠᠨ ᠤ᠋ ᠨᠡᠢᠭᠡᠮᠯᠢᠭ ᠤ᠋ᠨ ᠬᠢᠨ ᠳᠤᠮᠳᠠᠳᠤ ᠤᠯᠤᠰ ᠤ᠋ᠨ ᠤᠯᠠᠭᠠᠨ ᠵᠠᠭᠠᠯᠮᠠᠢᠳᠠᠨ ᠤ᠋ ᠰᠠᠭᠤᠷᠢ ᠮᠦᠩᠬᠦᠨ ᠤ᠋ ᠨᠡᠢᠭᠡᠮᠯᠢᠭ᠂ ᠱᠠᠩᠬᠠᠢ ᠶᠡᠬᠡ ᠰᠤᠷᠭᠠᠭᠤᠯᠢ ᠶ᠋ᠢᠨ ᠠᠨᠠᠭᠠᠬᠤ ᠤᠬᠠᠭᠠᠨ ᠤ᠋ ᠳᠡᠭᠡᠳᠦ ᠰᠤᠷᠭᠠᠭᠤᠯᠢ ᠶ᠋ᠢᠨ ᠢ ᠳ᠋ᠠ ᠡᠮᠨᠡᠯᠭᠡ ᠶ᠋ᠢᠨ ᠬᠤᠷᠢᠶ᠎ᠠ ᠲᠠᠢ ᠬᠠᠮᠳᠤᠷᠠᠨ ᠦᠪᠦᠷ ᠮᠤᠩᠭᠤᠯ ᠳ᠋ᠤ 《ᠰᠠᠬᠢᠭᠤᠰᠤᠨ ᠲᠩᠷᠢ ᠶ᠋ᠢᠨ ᠠᠶᠠᠯᠠᠯ》ᠲᠦᠷᠦᠯᠬᠢ ᠶ᠋ᠢᠨ ᠵᠢᠷᠦᠬᠡᠨ ᠡᠪᠡᠳᠴᠢᠨ ᠲᠠᠢ ᠬᠡᠤᠬᠡᠳ ᠢ᠋ ᠠᠪᠤᠷᠠᠨ ᠲᠤᠰᠠᠯᠠᠬᠤ ᠠᠵᠢᠯᠯᠠᠭ᠎ᠠ ᠦᠷᠨᠢᠭᠦᠯᠪᠠ᠃ ᠲᠤᠰ ᠤᠳᠠᠭ᠎ᠠ ᠵᠢᠨ ᠠᠵᠢᠯᠯᠠᠭ᠎ᠠ ᠳ᠋ᠤ ᠪᠦᠬᠦ ᠤᠷᠤᠨ ᠤ᠋ 12 ᠠᠢᠮᠠᠭ ᠬᠤᠳᠠ ᠶ᠋ᠢᠨ ᠪᠦᠬᠦᠯᠢ 18 ᠨᠠᠰᠤ ᠡᠴᠡ ᠳᠤᠷᠤᠭᠰᠢᠬᠢ ᠮᠡᠰᠡ ᠵᠠᠰᠠᠯ ᠬᠢᠬᠦ ᠴᠢᠬᠤᠯᠠᠳᠠᠢ ᠪᠤᠶᠤ ᠮᠡᠰᠡ ᠵᠠᠰᠠᠯ ᠤ᠋ᠨ ᠳᠠᠷᠠᠭᠠᠬᠢ ᠡᠷᠡᠭᠦᠯᠵᠢᠯ ᠤ᠋ᠨ ᠪᠠᠢᠴᠠᠭᠠᠯᠳᠠ ᠬᠢᠬᠦ ᠴᠢᠬᠤᠯᠠᠳᠠᠢ 334 ᠬᠡᠤᠬᠡᠳ ᠲᠤ᠌ ᠦᠨ᠎ᠠ ᠲᠦᠯᠦᠪᠤᠷᠢ ᠦᠭᠡᠢ ᠪᠡᠷ ᠪᠠᠢᠴᠠᠭᠠᠯᠳᠠ ᠬᠢᠭᠰᠡᠨ ᠳ᠋ᠤ 66 ᠬᠡᠤᠬᠡᠳ ᠨᠢ ᠵᠠᠰᠠᠯ ᠬᠢᠬᠦ ᠨᠦᠬᠦᠴᠡᠯ ᠳ᠋ᠤ ᠨᠡᠢᠴᠡᠪᠡ᠃ ᠦᠪᠡᠷᠳᠡᠭᠡᠨ ᠵᠠᠰᠠᠬᠤ ᠤᠷᠤᠨ ᠤ᠋ ᠤᠯᠠᠭᠠᠨ ᠵᠠᠭᠠᠯᠮᠠᠢᠳᠠᠨ ᠤ᠋ ᠨᠡᠢᠭᠡᠮᠯᠢᠭ ᠡᠳᠡᠭᠡᠷ ᠬᠡᠤᠬᠡᠳ ᠢ᠋ ᠪᠦᠯᠦᠭ ᠬᠤᠪᠢᠶᠠᠨ ᠱᠠᠩᠬᠠᠢ ᠳ᠋ᠤ ᠠᠪᠠᠴᠢᠵᠤ ᠦᠨ᠎ᠠ ᠲᠦᠯᠦᠪᠤᠷᠢ ᠦᠭᠡᠢ ᠪᠡᠷ ᠵᠠᠰᠠᠯ ᠬᠢᠯᠭᠡᠬᠦ ᠪᠡᠷ ᠳᠤᠭᠳᠠᠵᠤ᠂ 3 ᠰᠠᠷ᠎ᠠ ᠶ᠋ᠢᠨ 21 ᠤ᠋ ᠡᠳᠦᠷ ᠨᠢᠭᠡᠨᠳᠡ ᠲᠦᠷᠦᠭᠦᠦ ᠪᠦᠯᠦᠭ ᠤ᠋ᠨ 20 ᠬᠡᠤᠬᠡᠳ ᠲᠦ᠍ ᠠᠮᠵᠢᠯᠳᠠ ᠲᠠᠢ ᠪᠡᠷ ᠵᠠᠰᠠᠯ ᠬᠢᠯᠭᠡᠪᠡ᠃ ᠡᠭᠦᠨ ᠳ᠋ᠤ ᠵᠠᠮ ᠬᠠᠷᠢᠯᠴᠠᠭᠠᠨ ᠤ᠋ ᠰᠦᠢᠳᠭᠡᠯ᠂ ᠢᠳᠡᠵᠦ ᠤᠤᠭᠤᠬᠤ ᠬᠤᠨᠤᠭ ᠪᠠᠭᠤᠳᠠᠯ ᠤ᠋ᠨ ᠰᠦᠢᠳᠭᠡᠯ᠂ ᠮᠡᠰᠡ ᠵᠠᠰᠠᠯ ᠤ᠋ᠨ ᠰᠦᠢᠳᠭᠡᠯ ᠢ᠋ ᠴᠦᠮ ᠠᠪᠤᠷᠠᠨ ᠲᠤᠰᠠᠯᠠᠬᠤ ᠠᠵᠢᠯᠯᠠᠭ᠎ᠠ ᠡᠴᠡ ᠬᠠᠷᠢᠭᠤᠴᠠᠵᠠᠢ᠃

ᠳᠤᠮᠳᠠᠳᠤ ᠤᠯᠤᠰ ᠤ᠋ᠨ ᠤᠯᠠᠭᠠᠨ ᠵᠠᠭᠠᠯᠮᠠᠢᠳᠠᠨ ᠤ᠋ ᠰᠠᠭᠤᠷᠢ ᠮᠦᠩᠬᠦᠨ ᠤ᠋ ᠨᠡᠢᠭᠡᠮᠯᠢᠭ 2023 ᠤᠨ ᠳ᠋ᠤ 《ᠰᠠᠬᠢᠭᠤᠰᠤᠨ ᠲᠩᠷᠢ ᠶ᠋ᠢᠨ ᠠᠶᠠᠯᠠᠯ》 ᠲᠦᠷᠦᠯᠬᠢ ᠶ᠋ᠢᠨ ᠵᠢᠷᠦᠬᠡᠨ ᠡᠪᠡᠳᠴᠢᠨ ᠲᠠᠢ ᠬᠡᠤᠬᠡᠳ ᠢ᠋ ᠠᠪᠤᠷᠠᠨ ᠲᠤᠰᠠᠯᠠᠬᠤ ᠠᠵᠢᠯᠯᠠᠭ᠎ᠠ ᠶ᠋ᠢ ᠡᠬᠢᠯᠡᠭᠦᠯᠦᠭᠰᠡᠨ ᠡᠴᠡ ᠨᠠᠭᠠᠰᠢ᠂ ᠦᠪᠦᠷ ᠮᠤᠩᠭᠤᠯ ᠳ᠋ᠤ 4 ᠤᠳᠠᠭ᠎ᠠ ᠠᠵᠢᠯᠯᠠᠭ᠎ᠠ ᠦᠷᠨᠢᠭᠦᠯᠵᠦ᠂ ᠤᠷᠢᠳ ᠬᠤᠵᠢᠳ 232 ᠬᠡᠤᠬᠡᠳ ᠤ᠋ᠨ ᠲᠦᠷᠦᠯᠬᠢ ᠶ᠋ᠢᠨ ᠵᠢᠷᠦᠬᠡᠨ ᠡᠪᠡᠳᠴᠢᠨ ᠢ᠋ ᠡᠳᠡᠭᠡᠷᠡᠭᠦᠯᠦᠭᠰᠡᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号