ᠲᠦᠷᠦᠬᠦᠬᠡᠨ᠂ ᠬᠦᠬᠡᠬᠣᠲᠠ ᠶ᠋ᠢᠨ ᠦᠨᠳᠦᠰᠦᠨ ᠱᠠᠲᠤᠨ ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠤᠨ ᠺᠠᠳ᠋ᠷᠴᠤᠳ ᠤᠨ ᠲᠤᠱᠢᠶᠠᠯ ᠬᠠᠷᠢᠭᠤᠴᠠᠯᠭ᠎ᠠ᠎ᠪᠠᠨ ᠭᠦᠶ᠋ᠴᠡᠳᠭᠡᠬᠦ᠌ ᠪᠤᠯᠪᠠᠰᠤᠷᠠᠯ ᠬᠥᠬᠡᠬᠣᠲᠠ᠎ᠶ᠋ᠢᠨ ᠨᠠᠮ ᠤᠨ ᠬᠣᠷᠢᠶ᠎ᠠ ᠵᠢᠨ ᠨᠠᠮ᠎ᠤᠨ ᠰᠤᠷᠭᠠᠭᠤᠯᠢ᠎ᠳᠤ ᠶᠠᠪᠤᠭ᠍ᠳᠠᠪᠠ᠃ ᠪᠥᠬᠥ᠌ ᠬᠣᠲᠠ᠎ᠶ᠋ᠢᠨ ᠱᠢᠶᠠᠩ ᠪᠠᠯᠭᠠᠰᠤᠨ ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠡᠷᠢᠭᠦᠯᠡᠭ᠌ᠴᠢ᠂ ᠵᠡᠭᠡᠯᠢ ᠭᠤᠳᠤᠮᠵᠢ᠎ᠶ᠋ᠢᠨ ᠠᠷᠠᠳ ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠠᠵᠢᠯ᠎ᠤᠨ ᠵᠥᠪᠯᠡᠯ ᠦᠨ ᠡᠷᠬᠢᠯᠡᠭ᠌ᠴᠢ ᠵᠢᠴᠢ ᠬᠡᠰᠡᠭ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠤᠨ ᠺᠠᠳ᠋ᠷ ᠨᠡᠢᠲᠡ 120 ᠭᠠᠷᠤᠶ ᠬᠥᠮᠦᠨ ᠪᠣᠯᠪᠠᠰᠤᠷᠠᠯ᠎ᠳᠤ ᠣᠷᠣᠯᠴᠠᠪᠠ᠃
ᠲᠤᠰ ᠤᠳᠠᠭ᠎ᠠ ᠶ᠋ᠢᠨ ᠪᠣᠯᠪᠠᠰᠤᠷᠠᠯ ᠦᠨᠳᠦᠰᠦᠨ ᠱᠠᠲᠤᠨ ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠤᠨ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌ ᠪᠣᠳᠠᠲᠤ ᠪᠠᠢᠳᠠᠯ᠎ᠲᠠᠶ ᠨᠢᠭ᠍ᠲᠠ ᠤᠶᠠᠯᠳᠤᠭᠤᠯᠵᠤ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠭᠤᠯᠤᠯ᠎ᠢ ᠪᠠᠷᠢᠮᠲᠠᠯᠠᠨ ᠲᠡᠭᠦᠯᠳᠡᠷᠵᠢᠭᠦᠯᠬᠦ᠌᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ《1571》 ᠠᠵᠢᠯ ᠤᠨ ᠪᠠᠢᠷᠢᠯᠠᠭᠤᠯᠤᠯᠲᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠬᠤ᠂ ᠳᠤᠮᠳᠠᠳᠤ᠎ᠶ᠋ᠢᠨ ᠦᠨᠳᠦᠰᠦᠲᠡᠨ ᠦ ᠬᠠᠮᠲᠤ ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠂ ᠱᠢᠨ᠎ᠡ ᠴᠠᠭ ᠦᠶ᠎ᠡ ᠶ᠋ᠢᠨ ᠦᠨᠳᠦᠰᠦᠨ ᠱᠠᠲᠤᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠤᠨ ᠠᠵᠢᠯ ᠤᠨ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ ᠵᠡᠷᠭᠡ ᠠᠭᠤᠯᠭ᠎ᠠ᠎ᠶ᠋ᠢᠨ ᠲᠣᠭᠣᠷᠢᠨ᠎ᠳᠤ ᠪᠣᠯᠪᠠᠰᠤᠷᠠᠯ ᠬᠢᠪᠡ᠃
ᠪᠤᠯᠪᠠᠰᠤᠷᠠᠯ ᠡᠴᠨ᠂ ᠦᠨᠳᠦᠰᠦᠨ ᠱᠠᠲᠤᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠪᠣᠯ ᠤᠯᠤᠰ᠎ᠤᠨ ᠦᠨᠳᠦᠰᠦᠨ ᠱᠠᠲᠤᠨ᠎ᠤ ᠵᠠᠰᠠᠭ᠎ᠤᠨ ᠡᠷᠬᠡ᠎ᠶ᠋ᠢᠨ ᠴᠢᠬᠤᠯᠠ ᠪᠦᠷᠢᠯᠳᠦᠬᠦᠨ ᠬᠡᠰᠡᠭ ᠮᠥᠨ᠂ ᠪᠦᠬᠦ᠌ ᠶᠠᠪᠤᠴᠠ᠎ᠶ᠋ᠢᠨ ᠠᠷᠠᠳ᠎ᠤᠨ ᠠᠷᠠᠳᠴᠢᠯᠠᠯ᠎ᠢ ᠦᠢᠯᠡᠳᠦᠯᠭᠡᠵᠢᠭᠦᠯᠬᠦ᠌ 《ᠬᠣᠱᠢᠭᠤᠴᠢ ᠵᠢᠭ᠍ᠰᠠᠭᠠᠯ᠎ᠤᠨ ᠭᠠᠵᠠᠷ》 ᠮᠥᠨ᠃ ᠪᠦᠬᠦ᠌ ᠬᠣᠲᠠ᠎ᠶ᠋ᠢᠨ ᠦᠨᠳᠦᠰᠦᠨ ᠱᠠᠲᠤᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠺᠠᠳ᠋ᠷᠴᠤᠳ ᠦᠵᠡᠯ ᠰᠠᠨᠠᠭ᠎ᠠ ᠦᠵᠡᠯᠳᠡ ᠲᠠᠨᠢᠯᠲᠠ᠎ᠪᠠᠨ ᠤᠯᠠᠮ ᠨᠢᠭᠡ ᠠᠯᠬᠤᠮ ᠳᠡᠭᠡᠭ᠌ᠰᠢᠯᠡᠭᠦᠯᠵᠦ᠍᠂ ᠦᠨᠳᠦᠰᠦᠨ ᠤᠯᠤᠰ ᠲᠥᠷᠦ᠍᠎ᠶ᠋ᠢᠨ ᠪᠠᠢᠭᠤᠯᠤᠯ᠎ᠤᠨ ᠰᠠᠭᠤᠷᠢ᠎ᠶ᠋ᠢ ᠪᠡᠬᠢᠵᠢᠭᠦᠯᠬᠦ᠌᠂ ᠦᠨᠳᠦᠰᠦᠨ ᠱᠠᠲᠤᠨ᠎ᠤ ᠵᠠᠰᠠᠯᠲᠠ᠎ᠶ᠋ᠢᠨ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠬᠦ᠌᠂ ᠱᠢᠨ᠎ᠡ ᠴᠠᠭ ᠦᠶ᠎ᠡ᠎ᠶ᠋ᠢᠨ ᠣᠯᠠᠨ ᠲᠦᠮᠡᠨᠴᠢ ᠱᠤᠭᠤᠮ᠎ᠢᠶᠠᠷ ᠰᠠᠢᠲᠤᠷ ᠵᠠᠮᠨᠠᠬᠤ ᠦᠨᠳᠦᠷᠴᠡ᠎ᠳ᠋ᠤ ᠵᠣᠭ᠍ᠰᠣᠵᠤ᠂ ᠦᠨᠳᠦᠰᠦᠨ ᠱᠠᠲᠤᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠠᠵᠢᠯ᠎ᠤᠨ ᠴᠢᠨᠠᠷ ᠰᠠᠢᠲᠠᠢ ᠬᠥᠭ᠌ᠵᠢᠯᠲᠡ᠎ᠶ᠋ᠢ ᠯᠠᠪᠳᠠᠭᠤᠨ ᠪᠠᠲᠤᠲᠠᠢ ᠠᠬᠢᠭᠤᠯᠬᠤ ᠬᠡᠷᠡᠭ᠌ᠲᠡᠢ᠃ ᠡᠭᠦᠷᠭᠡ ᠬᠠᠷᠢᠭᠤᠴᠠᠯᠭ᠎ᠠ᠎ᠪᠠᠨ ᠵᠣᠷᠢᠭ᠍ᠲᠠᠢ ᠡᠭᠦᠷᠭᠡᠯᠡᠵᠦ᠍᠂ ᠤᠯᠤᠰ ᠲᠦᠷᠦ᠍᠎ᠶ᠋ᠢᠨ ᠵᠢᠯᠣᠭᠣᠳᠤᠮᠵᠢ᠎ᠶ᠋ᠢ ᠴᠢᠩᠭᠠᠳᠭᠠᠬᠤ᠂ ᠲᠥᠯᠥᠭᠡᠯᠡᠭ᠌ᠴᠢ ᠵᠢᠨ ᠭᠡᠷ ᠦᠷᠳᠡᠭᠡ᠎ᠶ᠋ᠢ ᠰᠠᠢᠲᠤᠷ ᠪᠠᠢᠭᠤᠯᠤᠨ ᠬᠡᠷᠡᠭ᠌ᠯᠡᠬᠦ᠌᠂ ᠠᠷᠠᠳ ᠤᠯᠠᠨ᠎ᠲᠠᠶ ᠨᠢᠭ᠍ᠲᠠ ᠬᠠᠷᠢᠯᠴᠠᠬᠤ᠂ ᠬᠤᠭᠤᠴᠠᠭ᠎ᠠ ᠰᠣᠯᠢᠬᠤ ᠰᠣᠩᠭᠣᠭᠤᠯᠢ᠎ᠶ᠋ᠢ ᠬᠠᠤᠯᠢ ᠶᠣᠰᠣᠭᠠᠷ ᠰᠠᠢᠲᠤᠷ ᠬᠢᠬᠦ᠌᠂ ᠲᠤᠰ ᠪᠡᠶ᠎ᠡ᠎ᠶ᠋ᠢᠨ ᠪᠠᠢᠭᠤᠯᠤᠯᠲᠠ᠎ᠪᠠᠨ ᠪᠦᠬᠦ᠌ ᠲᠠᠯ᠎ᠠ᠎ᠪᠠᠷ ᠴᠢᠩᠭᠠᠳᠭᠠᠬᠤ ᠵᠡᠷᠭᠡ ᠠᠵᠢᠯ᠎ᠢ ᠦᠨᠡᠨ ᠬᠦ᠌ ᠰᠠᠢᠲᠤᠷ ᠠᠳᠭᠤᠵᠤ᠂ ᠪᠦᠬᠦ᠌ ᠶᠠᠪᠤᠴᠠ᠎ᠶ᠋ᠢᠨ ᠠᠷᠠᠳ᠎ᠤᠨ ᠠᠷᠠᠳᠴᠢᠯᠠᠯ ᠢ ᠤᠷᠤᠨ ᠤ᠋ ᠲᠥᠪ ᠲᠸ᠋ ᠨᠡᠩ ᠤᠯᠠᠨ ᠦᠷ᠎ᠡ ᠪᠦᠲᠦᠭᠡᠯ ᠤᠯᠬᠤ ᠵᠢ ᠪᠠᠳᠤᠯᠠᠬᠤ ᠬᠡᠷᠡᠭ᠌ᠲᠡᠢ ᠭᠡᠵᠡᠢ᠃
ᠪᠣᠯᠪᠠᠰᠤᠷᠠᠯ᠎ᠳᠤ ᠣᠷᠣᠯᠴᠠᠭ᠍ᠰᠠᠳ᠂ ᠰᠤᠷᠤᠯᠴᠠᠯᠭ᠎ᠠ᠎ᠶ᠋ᠢᠨ ᠦᠷ᠎ᠡ ᠪᠦᠲᠦᠭᠡᠯ᠎ᠢ ᠲᠤᠱᠢᠶᠠᠯ ᠬᠠᠷᠢᠭᠤᠴᠠᠯᠭ᠎ᠠ᠎ᠪᠠᠨ ᠭᠦᠶ᠋ᠴᠡᠳᠭᠡᠬᠦ᠌ ᠪᠣᠳᠠᠲᠤ ᠠᠵᠢᠯᠯᠠᠭ᠎ᠠ ᠪᠠ ᠠᠵᠢᠯ᠎ᠢᠶᠠᠨ ᠠᠬᠢᠭᠤᠯᠬᠤ ᠦᠷ᠎ᠡ ᠪᠦᠲᠦᠮᠵᠢ ᠪᠣᠯᠭᠠᠨ ᠬᠤᠪᠢᠷᠠᠭᠤᠯᠵᠤ᠂ ᠪᠥᠬᠥ᠌ ᠶᠠᠪᠤᠴᠠ᠎ᠶ᠋ᠢᠨ ᠠᠷᠠᠳ᠎ᠤᠨ ᠠᠷᠠᠳᠴᠢᠯᠠᠯ᠎ᠢ ᠭᠦᠨᠵᠡᠭᠡᠶ ᠦᠶ᠋ᠯᠡᠳᠦᠯᠭᠡᠵᠢᠭᠦᠯᠵᠦ᠍᠂ ᠣᠷᠣᠨ᠎ᠤ ᠲᠥᠪ᠎ᠦᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠠᠵᠢᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ᠎ᠳᠤ ᠦᠵᠡᠭᠦᠯᠪᠡᠰᠦ ᠵᠣᠬᠢᠬᠤ ᠬᠤᠪᠢ ᠨᠡᠮᠡᠷᠢ᠎ᠪᠡᠨ ᠦᠵᠡᠭᠦᠯᠦᠨ᠎ᠡ ᠭᠡᠵᠤ ᠢᠯᠡᠳᠭᠡᠵᠡᠭᠡᠪᠡ᠃