ᠮᠠᠨ ᠤ᠋ ᠤᠷᠤᠨ 2026 ᠤᠨ ᠤ᠋ ᠤᠯᠤᠰ ᠤ᠋ᠨ ᠡᠮ ᠤ᠋ᠨ ᠵᠦᠢᠯᠡᠰ ᠢ᠋ ᠰᠤᠭᠤᠴᠢᠨ ᠪᠠᠢᠴᠠᠭᠠᠬᠤ ᠠᠵᠢᠯ ᠢ᠋ ᠪᠦᠬᠦ ᠲᠠᠯ᠎ᠠ ᠪᠡᠷ ᠡᠬᠢᠯᠡᠭᠦᠯᠵᠡᠢ
2026-04-21 16:45:01
ᠵᠣᠬᠢᠶᠠᠭ᠍ᠴᠢ᠄
ᠡᠷᠳᠡᠨᠢᠬᠤᠸᠠᠷ
ᠣᠩᠱᠢᠭ᠍ᠰᠠᠨ ᠣᠳᠠᠭ᠎ᠠ᠄
★★★☆☆

ᠦᠪᠦᠷ ᠮᠤᠩᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠡᠮ ᠤ᠋ᠨ ᠵᠦᠢᠯᠡᠰ ᠤ᠋ᠨ ᠬᠢᠨᠠᠯᠳᠠ ᠬᠠᠮᠢᠶᠠᠷᠤᠯᠳᠠ ᠶ᠋ᠢᠨ ᠲᠤᠪᠴᠢᠶ᠎ᠠ ᠤᠢᠷ᠎ᠠ ᠳ᠋ᠤ 《2026 ᠤᠨ ᠤ᠋ ᠤᠯᠤᠰ ᠤ᠋ᠨ ᠡᠮ ᠤ᠋ᠨ ᠵᠦᠢᠯᠡᠰ ᠢ᠋ ᠰᠤᠭᠤᠴᠢᠨ ᠪᠠᠢᠴᠠᠭᠠᠬᠤ ᠠᠵᠢᠯ ᠢ᠋ ᠰᠠᠢᠳᠦᠷ ᠬᠢᠬᠦ ᠲᠤᠬᠠᠢ ᠮᠡᠳᠡᠭᠳᠡᠯ》 ᠢ᠋ ᠳᠠᠷᠤᠮᠠᠯᠯᠠᠨ ᠲᠠᠷᠬᠠᠭᠠᠵᠤ᠂ 2026 ᠤᠨ ᠤ᠋ ᠤᠯᠤᠰ ᠤ᠋ᠨ ᠡᠮ ᠤ᠋ᠨ ᠵᠦᠢᠯᠡᠰ ᠢ᠋ ᠰᠤᠭᠤᠴᠢᠨ ᠪᠠᠢᠴᠠᠭᠠᠬᠤ ᠵᠢᠴᠢ ᠬᠢᠲᠠᠳ ᠡᠮ ᠤ᠋ᠨ ᠮᠠᠲᠧᠷᠢᠶᠠᠯ ᠤ᠋ᠨ ᠶᠠᠰᠤ ᠴᠢᠨᠠᠷ ᠢ᠋ ᠬᠢᠨᠠᠨ ᠰᠢᠯᠭᠠᠬᠤ ᠠᠵᠢᠯ ᠢ᠋ ᠪᠦᠬᠦ ᠲᠠᠯ᠎ᠠ ᠪᠡᠷ ᠡᠬᠢᠯᠡᠭᠦᠯᠪᠡ᠃

ᠰᠤᠭᠤᠴᠢᠨ ᠪᠠᠢᠴᠠᠭᠠᠬᠤ ᠪᠠ ᠬᠢᠨᠠᠨ ᠰᠢᠯᠭᠠᠬᠤ ᠡᠯ᠎ᠠ ᠵᠦᠢᠯ ᠤ᠋ᠨ ᠠᠵᠢᠯ ᠤ᠋ᠨ ᠦᠨᠳᠦᠷ ᠪᠠᠷᠢᠮᠵᠢᠶ᠎ᠠ ᠪᠡᠷ ᠴᠢᠨᠠᠷᠯᠢᠭ ᠶᠠᠪᠤᠭᠳᠠᠬᠤ ᠶ᠋ᠢ ᠪᠠᠳᠤᠯᠠᠬᠤ ᠶ᠋ᠢᠨ ᠲᠦᠯᠥᠭᠡ ᠦᠪᠡᠷᠳᠡᠭᠡᠨ ᠵᠠᠰᠠᠬᠤ ᠤᠷᠤᠨ ᠤ᠋ ᠡᠮ ᠤ᠋ᠨ ᠵᠦᠢᠯᠡᠰ ᠤ᠋ᠨ ᠬᠢᠨᠠᠯᠳᠠ ᠬᠠᠮᠢᠶᠠᠷᠤᠯᠳᠠ ᠶ᠋ᠢᠨ ᠲᠤᠪᠴᠢᠶ᠎ᠠ ᠭᠤᠤᠯᠳᠠᠯᠭ᠎ᠠ ᠲᠠᠢ ᠲᠦᠷᠦᠯ ᠵᠦᠢᠯ᠂ ᠭᠤᠤᠯᠳᠠᠯᠭ᠎ᠠ ᠲᠠᠢ ᠬᠦᠷᠢᠶ᠎ᠠ᠂ ᠭᠤᠤᠯᠳᠠᠯᠭ᠎ᠠ ᠲᠠᠢ ᠭᠤᠭᠴᠤᠭ᠎ᠠ ᠳ᠋ᠤ ᠠᠩᠬᠠᠷᠤᠯ ᠶ᠋ᠢᠡᠨ ᠲᠦᠪᠯᠡᠷᠡᠭᠦᠯᠦᠨ᠂ ᠠᠵᠢᠯ ᠡᠭᠦᠷᠭᠡ ᠶ᠋ᠢ ᠨᠠᠷᠢᠨ ᠨᠢᠭᠳᠠ ᠬᠤᠪᠢᠶᠠᠵᠤ ᠪᠠᠢᠷᠢᠯᠠᠭᠤᠯᠵᠠᠢ᠃ ᠡᠭᠦᠨ ᠳ᠋ᠤ ᠦᠪᠡᠷᠳᠡᠭᠡᠨ ᠵᠠᠰᠠᠬᠤ ᠤᠷᠤᠨ ᠤ᠋ ᠡᠮ ᠤ᠋ᠨ ᠵᠦᠢᠯᠡᠰ ᠢ᠋ ᠪᠠᠢᠴᠠᠭᠠᠬᠤ ᠲᠦᠪ ᠦᠯᠢᠭᠡᠷ ᠠᠪᠬᠤ ᠠᠵᠢᠯ ᠢ᠋ ᠬᠠᠷᠢᠭᠤᠴᠠᠵᠤ᠂ ᠦᠪᠡᠷᠳᠡᠭᠡᠨ ᠵᠠᠰᠠᠬᠤ ᠤᠷᠤᠨ ᠤ᠋ ᠡᠮ ᠤ᠋ᠨ ᠵᠦᠢᠯᠡᠰ ᠢ᠋ ᠰᠢᠯᠭᠠᠨ ᠪᠠᠢᠴᠠᠭᠠᠬᠤ ᠰᠤᠳᠤᠯᠤᠯ ᠤ᠋ᠨ ᠬᠦᠷᠢᠶᠡᠯᠡᠩ ᠪᠤᠯᠤᠨ ᠲᠦᠩᠯᠢᠶᠤᠤ ᠬᠤᠳᠠ ᠶ᠋ᠢᠨ ᠵᠠᠬ᠎ᠠ ᠳᠡᠯᠭᠡᠭᠦᠷ ᠤ᠋ᠨ ᠰᠢᠯᠭᠠᠨ ᠪᠠᠢᠴᠠᠭᠠᠵᠤ ᠬᠢᠨᠡᠨ ᠬᠡᠮᠵᠢᠬᠦ ᠲᠦᠪ ᠡᠴᠡ ᠰᠢᠯᠭᠠᠨ ᠪᠠᠢᠴᠠᠭᠠᠬᠤ ᠡᠭᠦᠷᠭᠡ ᠶ᠋ᠢ ᠭᠦᠢᠴᠡᠳᠭᠡᠨ᠂ ᠦᠪᠡᠷᠳᠡᠭᠡᠨ ᠵᠠᠰᠠᠬᠤ ᠤᠷᠤᠨ ᠤ᠋ ᠡᠮ ᠤ᠋ᠨ ᠵᠦᠢᠯᠡᠰ ᠤ᠋ᠨ ᠬᠢᠨᠠᠯᠳᠠ ᠬᠠᠮᠢᠶᠠᠷᠤᠯᠳᠠ ᠶ᠋ᠢᠨ ᠲᠤᠪᠴᠢᠶ᠎ᠠ ᠶ᠋ᠢᠨ ᠰᠢᠯᠭᠠᠨ ᠪᠠᠢᠴᠠᠭᠠᠬᠤ ᠭᠠᠵᠠᠷ ᠡᠴᠡ ᠡᠯ᠎ᠠ ᠬᠤᠪᠢᠶᠠᠷᠢ ᠪᠠᠢᠴᠠᠭᠠᠬᠤ ᠲᠤᠪᠴᠢᠶ᠎ᠠ᠂ ᠡᠯ᠎ᠠ ᠠᠢᠮᠠᠭ ᠬᠤᠳᠠ ᠶ᠋ᠢᠨ ᠵᠠᠬ᠎ᠠ ᠳᠡᠯᠭᠡᠭᠦᠷ ᠤ᠋ᠨ ᠬᠢᠨᠠᠯᠳᠠ ᠬᠠᠮᠢᠶᠠᠷᠤᠯᠳᠠ ᠶ᠋ᠢᠨ ᠲᠤᠪᠴᠢᠶ᠎ᠠ ᠶ᠋ᠢ ᠵᠤᠬᠢᠶᠠᠨ ᠪᠠᠢᠭᠤᠯᠤᠨ ᠬᠢᠷᠢ ᠲᠡᠩᠴᠡᠬᠦ ᠦᠭᠡᠢ ᠦᠢᠯᠡᠳᠭᠦᠨ ᠢ᠋ ᠬᠢᠨᠠᠨ ᠪᠠᠢᠴᠠᠭᠠᠵᠤ ᠰᠢᠢᠳᠪᠤᠷᠢᠯᠡᠬᠦ ᠠᠵᠢᠯ ᠢ᠋ ᠬᠦᠢᠴᠡᠳᠬᠡᠨ᠎ᠠ ᠭᠡᠵᠦ ᠡᠭᠦᠷᠭᠡ ᠬᠠᠷᠢᠭᠤᠴᠠᠯᠭ᠎ᠠ ᠶ᠋ᠢ ᠨᠠᠷᠢᠨ ᠲᠤᠳᠤᠷᠬᠠᠢᠯᠠᠵᠤ᠂ ᠦᠯᠢᠭᠡᠷ ᠠᠪᠬᠤ᠂ ᠰᠢᠯᠭᠠᠨ ᠪᠠᠢᠴᠠᠭᠠᠬᠤ ᠪᠠ ᠬᠢᠨᠠᠨ ᠪᠠᠢᠴᠠᠭᠠᠬᠤ ᠪᠢᠳᠡᠭᠦᠦ ᠬᠡᠯᠬᠢᠶᠡᠳᠦ ᠬᠠᠮᠢᠶᠠᠷᠤᠯᠳᠠ ᠶ᠋ᠢ ᠪᠦᠷᠢᠯᠳᠦᠭᠦᠯᠪᠡ᠃

ᠦᠯᠢᠭᠡᠷ ᠠᠪᠬᠤ ᠠᠵᠢᠯ ᠢ᠋ ᠡᠬᠢᠯᠡᠭᠦᠯᠦᠭᠰᠡᠨ ᠤ᠋ ᠳᠠᠷᠠᠭ᠎ᠠ ᠦᠪᠡᠷᠳᠡᠭᠡᠨ ᠵᠠᠰᠠᠬᠤ ᠤᠷᠤᠨ ᠤ᠋ ᠡᠮ ᠤ᠋ᠨ ᠵᠦᠢᠯᠡᠰ ᠢ᠋ ᠪᠠᠢᠴᠠᠭᠠᠬᠤ ᠲᠦᠪ ᠳᠠᠷᠤᠢ ᠲᠦᠷᠭᠡᠨ ᠬᠦᠳᠡᠯᠦᠯᠴᠡᠵᠦ᠂ 28 ᠠᠵᠢᠯᠳᠠᠨ ᠶ᠋ᠢᠡᠷ ᠪᠦᠷᠢᠯᠳᠦᠭᠰᠡᠨ 7 ᠦᠯᠢᠭᠡᠷ ᠠᠪᠬᠤ ᠠᠵᠢᠯ ᠤ᠋ᠨ ᠲᠤᠭᠤᠢᠯᠠᠩ ᠢ᠋ ᠵᠤᠬᠢᠶᠠᠨ ᠪᠠᠢᠭᠤᠯᠵᠤ᠂ ᠪᠦᠬᠦ ᠤᠷᠤᠨ ᠤ᠋ ᠡᠯ᠎ᠠ ᠭᠠᠵᠠᠷ ᠲᠤ᠌ ᠬᠦᠷᠴᠤ ᠲᠤᠬᠠᠢ ᠶ᠋ᠢᠨ ᠲᠠᠯᠠᠪᠤᠷ ᠤ᠋ᠨ ᠦᠯᠢᠭᠡᠷ ᠠᠪᠬᠤ ᠠᠵᠢᠯ ᠢ᠋ ᠠᠬᠢᠭᠤᠯᠪᠠ᠃ ᠡᠯ᠎ᠠ ᠲᠤᠭᠤᠢᠯᠠᠩ ᠤ᠋ᠨ ᠬᠢᠨ ᠵᠢᠷᠦᠮ ᠶᠤᠰᠤᠭᠠᠷ ᠠᠵᠢᠯᠯᠠᠵᠤ᠂ ᠦᠯᠢᠭᠡᠷ ᠠᠪᠬᠤ᠂ ᠮᠡᠳᠡᠭᠡ ᠵᠠᠩᠬᠢ ᠶ᠋ᠢ ᠬᠠᠷᠭᠤᠭᠤᠯᠬᠤ᠂ ᠲᠤᠬᠠᠢ ᠶ᠋ᠢᠨ ᠭᠠᠵᠠᠷ ᠲᠤ᠌ ᠪᠢᠳᠡᠭᠦᠮᠵᠢᠯᠡᠬᠦ᠂ ᠲᠤᠭ᠎ᠠ ᠪᠠᠷᠢᠮᠳᠠ ᠶ᠋ᠢ ᠺᠤᠮᠫᠢᠦ᠋ᠲ᠋ᠧᠷ ᠲᠤ᠌ ᠤᠷᠤᠭᠤᠯᠬᠤ ᠪᠦᠬᠦ ᠶᠠᠪᠤᠴᠠ ᠶ᠋ᠢᠨ ᠪᠤᠭᠤᠮᠳᠠ ᠶ᠋ᠢ ᠰᠠᠢᠳᠦᠷ ᠰᠠᠬᠢᠵᠤ᠂ ᠶᠠᠪᠤᠴᠠ ᠨᠢ ᠬᠠᠤᠯᠢ ᠳ᠋ᠤ ᠨᠡᠢᠴᠡᠬᠦ᠂ ᠦᠯᠢᠭᠡᠷ ᠪᠤᠳᠠᠰ ᠨᠢ ᠦᠨᠡᠨ ᠪᠤᠳᠠᠳᠠᠢ᠂ ᠪᠦᠬᠦ ᠶᠠᠪᠤᠴᠠ ᠪᠡᠷ ᠮᠦᠷᠳᠡᠵᠦ ᠪᠤᠯᠬᠤ ᠶ᠋ᠢ ᠪᠡᠶᠡᠯᠡᠭᠦᠯᠵᠠᠢ᠃ ᠤᠳᠤᠬᠠᠨ ᠳ᠋ᠤ ᠡᠯ᠎ᠠ ᠲᠤᠭᠤᠢᠯᠠᠩ ᠤ᠋ᠨ ᠬᠢᠨ ᠨᠢᠭᠡᠨᠳᠡ 165 ᠪᠦᠯᠦᠭ ᠦᠯᠢᠭᠡᠷ ᠠᠪᠬᠤ ᠠᠵᠢᠯ ᠢ᠋ ᠪᠡᠶᠡᠯᠡᠭᠦᠯᠦᠭᠰᠡᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号