ᠳᠤᠮᠳᠠᠳᠤ ᠤᠯᠤᠰ᠎ᠤᠨ ᠲᠣᠭᠯᠠᠯᠲᠠ᠎ᠶᠢᠨ ᠠᠷᠠᠯᠵᠢᠶᠠᠨ᠎ᠤ ᠴᠤᠭᠯᠠᠭᠠᠨ ᠬᠥᠬᠡᠬᠣᠲᠠ᠎ᠳᠤ ᠶᠠᠪᠤᠭᠳᠠᠬᠤ ᠪᠡᠷ ᠪᠤᠢ
2026-04-21 10:48:50
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

4 ᠰᠠᠷ᠎ᠠ᠎ᠶᠢᠨ 21 ᠎ᠦ ᠡᠳᠦᠷ᠎ᠡᠴᠡ 23 ᠎ᠤ ᠡᠳᠦᠷ ᠪᠣᠯᠲᠠᠯ᠎ᠠ᠂ ᠳᠤᠮᠳᠠᠳᠤ ᠤᠯᠤᠰ᠎ᠤᠨ ᠲᠣᠭᠯᠠᠯᠲᠠ᠎ᠶᠢᠨ ᠠᠷᠠᠯᠵᠢᠶᠠᠨ᠎ᠤ ᠴᠤᠭᠯᠠᠭᠠᠨ ᠬᠥᠬᠡᠬᠣᠲᠠ᠎ᠳᠤ ᠶᠠᠪᠤᠭᠳᠠᠬᠤ ᠪᠣᠯᠣᠨ᠎ᠠ᠃


640.png


ᠲᠣᠰ ᠤᠳᠠᠭᠠᠨ᠎ᠤ ᠠᠷᠠᠯᠵᠢᠶᠠᠨ᠎ᠤ ᠴᠤᠭᠯᠠᠭᠠᠨ᠎ᠳᠤ 600 ᠭᠠᠷᠤᠢ ᠦᠵᠡᠭᠦᠯᠭᠡ᠎ᠶᠢᠨ ᠪᠠᠢᠷᠢ ᠭᠠᠷᠭᠠᠵᠤ᠂ ᠤᠷᠠᠨ ᠰᠠᠢᠬᠠᠨ᠎ᠤ ᠬᠦᠷᠢᠶᠡᠯᠡᠩ ᠪᠦᠯᠬᠦᠮ᠂ ᠪᠦᠲᠦᠭᠡᠯ ᠭᠠᠷᠭᠠᠬᠤ ᠪᠠᠢᠭᠤᠯᠤᠮᠵᠢ᠂ ᠺᠢᠨᠣ᠋ ᠲᠢᠶᠠᠲᠷ᠂ ᠲᠣᠭᠯᠠᠯᠲᠠ᠎ᠶᠢᠨ ᠤᠷᠠᠯᠢᠭ᠋᠎ᠤᠨ ᠰᠢᠨ᠎ᠡ ᠣᠷᠣᠨ ᠵᠠᠢ᠂ ᠲᠠᠢᠰᠠᠨ᠎ᠤ ᠤᠷᠠᠯᠠᠯ᠎ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠂ ᠪᠢᠯᠧᠲ᠎ᠦᠨ ᠦᠢᠯᠡᠴᠢᠯᠡᠭᠡ᠂ ᠲᠣᠭᠯᠠᠯᠲᠠ᠎ᠶᠢᠨ ᠤᠷᠠᠯᠢᠭ᠋᠎ᠤᠨ ᠲᠥᠬᠦᠭᠡᠷᠦᠮᠵᠢ ᠵᠡᠷᠭᠡ ᠠᠵᠤ ᠠᠬᠤᠢᠯᠠᠯ᠎ᠢ ᠬᠠᠮᠤᠷᠴᠤ᠂ ᠠᠩᠬ᠎ᠠ ᠤᠳᠠᠭ᠎ᠠ ᠳ᠋ᠧᠩ᠎ᠦᠨ ᠬᠡᠷᠡᠯ᠂ ᠲᠠᠭᠤᠨ ᠮᠠᠰᠢᠨ᠎ᠤ ᠤᠷ᠎ᠠ ᠴᠢᠳᠠᠪᠤᠷᠢ᠎ᠶᠢᠨ ᠤᠷᠤᠯᠳᠤᠭᠠᠨ᠎ᠢ ᠡᠷᠭᠢᠯᠡᠬᠦ ᠪᠤᠯᠤᠨ᠎ᠠ᠃ ᠭᠣᠣᠯ ᠶᠠᠷᠢᠶᠠᠨ᠎ᠤ ᠲᠠᠪᠴᠠᠩ᠎ᠠᠴᠠ ᠭᠠᠳᠠᠨ᠎ᠠ᠂ 《ᠲᠠᠢᠰᠠᠨ ᠎ᠤ ᠤᠷᠠᠯᠢᠭ᠋᠎ᠤᠨ ᠵᠣᠬᠢᠶᠠᠨ ᠪᠦᠲᠦᠭᠡᠯᠭᠡ ᠬᠢᠭᠡᠳ ᠵᠠᠬ᠎ᠠ ᠳᠡᠯᠭᠡᠭᠦᠷ᠎ᠦᠨ ᠶᠠᠷᠢᠶᠠᠨ᠎ᠤ ᠲᠠᠪᠴᠠᠩ》᠂ 《ᠲᠤᠬᠠᠢ᠎ᠶᠢᠨ ᠲᠠᠯᠠᠪᠠᠶ᠎ᠶᠢᠨ ᠳᠠᠭᠤᠤ ᠬᠥᠭᠵᠢᠮ᠎ᠦᠨ ᠵᠠᠬ᠎ᠠ ᠳᠡᠯᠭᠡᠭᠦᠷ᠎ᠦᠨ ᠲᠤᠰᠬᠠᠢ ᠰᠡᠳᠦᠪᠲᠦ ᠶᠠᠷᠢᠶᠠᠨ᠎ᠤ ᠲᠠᠪᠴᠠᠩ》᠂ 《ᠪᠥᠬᠥ ᠤᠯᠤᠰ᠎ᠤᠨ ᠲᠢᠶᠠᠲᠷ᠎ᠤᠨ ᠶᠡᠬᠡ ᠬᠤᠷᠠᠯ》᠂ 《ᠲᠠᠢᠰᠠᠨ᠎ᠤ ᠤᠷᠠᠯᠠᠯ᠎ᠤᠨ ᠠᠵᠤ ᠠᠬᠤᠢᠯᠠᠯ᠎ᠤᠨ ᠶᠡᠬᠡ ᠬᠤᠷᠠᠯ》 ᠵᠡᠷᠭᠡ ᠠᠵᠢᠯᠯᠠᠭ᠎ᠠ᠎ᠶᠢ ᠠᠩᠬ᠎ᠠ ᠤᠳᠠᠭ᠎ᠠ ᠲᠣᠬᠢᠷᠠᠭᠤᠯᠤᠨ᠎ᠠ᠃

ᠠᠷᠠᠯᠵᠢᠶᠠᠨ᠎ᠤ ᠴᠤᠭᠯᠠᠭᠠᠨ᠎ᠤ ᠬᠤᠭᠤᠴᠠᠭᠠᠨ᠎ᠳᠤ᠂ 2025 ᠣᠨ᠎ᠤ ᠪᠥᠬᠥ ᠤᠯᠤᠰ᠎ᠤᠨ ᠲᠣᠭᠯᠠᠯᠲᠠ᠎ᠶᠢᠨ ᠵᠠᠬ᠎ᠠ ᠳᠡᠯᠭᠡᠭᠦᠷ᠎ᠦᠨ ᠪᠢᠯᠧᠲ᠎ᠦᠨ ᠲᠣᠭ᠎ᠠ ᠪᠠᠷᠢᠮᠲᠠ ᠵᠢᠴᠢ TOP10 ᠲᠥᠷᠥᠯ ᠵᠦᠢᠯ᠂ 《2025 ᠣᠨ᠎ᠤ ᠲᠢᠶᠠᠲᠷ᠎ᠤᠨ ᠲᠥᠷᠥᠯ᠎ᠦᠨ ᠲᠣᠭᠯᠠᠯᠲᠠ᠎ᠶᠢᠨ ᠵᠠᠬ᠎ᠠ ᠳᠡᠯᠭᠡᠭᠦᠷ᠎ᠦᠨ ᠠᠵᠢᠭ᠍ᠯᠠᠯᠲᠠ》᠂ 《2025 ᠣᠨ᠎ᠤ ᠲᠤᠬᠠᠢ᠎ᠶᠢᠨ ᠲᠠᠯᠠᠪᠠᠶ᠎ᠶᠢᠨ ᠳᠠᠭᠤᠤ ᠬᠥᠭᠵᠢᠮ᠎ᠦᠨ ᠲᠣᠭᠯᠠᠯᠲᠠ᠎ᠶᠢᠨ ᠵᠠᠬ᠎ᠠ ᠳᠡᠯᠭᠡᠭᠦᠷ᠎ᠦᠨ ᠵᠠᠳᠠᠯᠤᠯᠲᠠ᠎ᠶᠢᠨ ᠮᠡᠳᠡᠭᠦᠯᠦᠯᠲᠡ》᠂ 《2025 ᠣᠨ᠎ᠤ ᠲᠠᠢᠰᠠᠨ᠎ᠤ ᠤᠷᠠᠯᠠᠯ᠎ᠤᠨ ᠢᠨᠵᠧᠨᠧᠷᠢᠩ᠎ᠦᠨ ᠠᠵᠢᠯ ᠲᠥᠷᠥᠯ᠎ᠦᠨ ᠪᠠᠢᠴᠠᠭᠠᠨ ᠰᠤᠳᠤᠯᠤᠯᠲᠠ᠎ᠶᠢᠨ ᠮᠡᠳᠡᠭᠦᠯᠦᠯᠲᠡ》 ᠵᠡᠷᠭᠡ᠎ᠶᠢ ᠨᠡᠢᠲᠡᠯᠡᠵᠦ᠂ ᠠᠵᠢᠯ ᠲᠥᠷᠥᠯ᠎ᠳᠦ ᠲᠣᠭᠠᠴᠢᠯᠠᠭᠰᠠᠨ ᠰᠢᠢᠳᠪᠦᠷᠢᠲᠦ ᠪᠣᠳᠣᠯᠭ᠎ᠠ᠎ᠶᠢᠨ ᠯᠠᠪᠯᠠᠯᠲᠠ ᠬᠠᠩᠭᠠᠬᠤ ᠪᠤᠯᠤᠨ᠎ᠠ᠃

ᠢᠷᠡᠯᠲᠡ᠄ ᠰᠢᠨᠬᠤᠸᠠ ᠰᠦᠯᠵᠢᠶ᠎ᠡ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号