11 ᠳᠡᠰ! ᠶᠡᠬᠡ ᠰᠠᠯᠬᠢᠨ᠎ᠤ ᠰᠡᠷᠡᠮᠵᠢ ᠵᠢᠨ ᠳᠤᠭᠢᠶ᠎ᠠ ᠨᠠᠢᠳᠡᠯᠡᠪᠡ
2026-04-21 10:59:44
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠠᠭ ᠠᠭᠤᠷ᠎ᠤᠨ ᠬᠣᠷᠢᠶ᠎ᠠ 2026 ᠣᠨ᠎ᠤ 4 ᠰᠠᠷ᠎ᠠ᠎ᠶᠢᠨ 20᠎ᠤ ᠡᠳᠦᠷ᠎ᠦᠨ 11 ᠴᠠᠭ 00 ᠮᠢᠨᠦ᠋ᠲ᠎ᠲᠦ᠍ ᠶᠡᠬᠡ ᠰᠠᠯᠬᠢᠨ᠎ᠤ ᠰᠢᠷ᠎ᠠ ᠥᠩᠭᠡ ᠵᠢᠨ ᠰᠡᠷᠡᠮᠵᠢ᠎ᠶᠢᠨ ᠳᠣᠬᠢᠶ᠎ᠠ ᠨᠡᠶ᠋ᠢᠲᠡᠯᠡᠪᠡ᠄

12 ᠴᠠᠭ᠎ᠤᠨ ᠳᠣᠲᠣᠷ᠎ᠠ ᠤᠯᠠᠭᠠᠨᠴᠠᠪ ᠬᠣᠲᠠ᠎ᠶᠢᠨ ᠵᠡᠭᠦᠨ ᠬᠣᠶ᠋ᠢᠲᠤ᠌ ᠪᠡᠶ᠎ᠠ᠂ ᠰᠢᠯᠢ᠎ᠶᠢᠨ ᠭᠤᠤᠯ ᠠᠶ᠋ᠢᠮᠠᠭ᠎ᠤᠨ ᠶᠡᠬᠡᠩᠬᠢ ᠬᠡᠰᠡᠭ᠂ ᠤᠯᠠᠭᠠᠨᠬᠠᠳᠠ ᠬᠣᠲᠠ᠂ ᠲᠦᠩᠯᠢᠶᠣᠤ ᠬᠣᠲᠠ᠂ ᠬᠢᠩᠭᠠᠨ ᠠᠶ᠋ᠢᠮᠠᠭ᠂ ᠬᠥᠯᠥᠨ ᠪᠣᠶ᠋ᠢᠷ ᠬᠣᠲᠠ᠎ᠶᠢᠨ ᠪᠠᠷᠠᠭᠤᠨ ᠪᠡᠶ᠎ᠠ ᠪᠠ ᠡᠮᠦᠨ᠎ᠠ ᠪᠡᠶ᠎ᠠ ᠵᠢᠨ ᠬᠡᠰᠡᠭ ᠭᠠᠵᠠᠷ ᠣᠷᠣᠨ ᠶᠡᠬᠡ ᠰᠠᠯᠬᠢᠨ᠎ᠤ ᠨᠥᠯᠥᠭᠡ᠎ᠵᠢ ᠭᠦᠷᠳᠡᠨ᠎ᠠ᠂ ᠳᠤᠮᠳᠠᠴᠢ ᠰᠠᠯᠬᠢᠨ᠎ᠤ ᠬᠦᠴᠦ᠍ 8 ᠲᠠᠰ᠎ᠠᠴᠠ ᠳᠡᠭᠡᠭᠰᠢ ᠪᠠᠢᠵᠤ᠂ ᠬᠡᠰᠡᠭ ᠲᠡᠭᠡᠨ 9 —10 ᠲᠠᠰ᠎ᠲᠤ᠌ ᠬᠦᠷᠴᠦ᠍᠂ ᠬᠡᠰᠡᠭ ᠭᠠᠵᠠᠷ᠎ᠤᠨ ᠰᠠᠯᠬᠢ 11 ᠲᠠᠰ᠎ᠠᠴᠠ ᠳᠡᠭᠡᠭᠰᠢ᠎ᠳᠦ ᠬᠥᠷᠬᠥ ᠪᠦᠭᠡᠳ ᠡᠯᠡᠰᠦᠨ ᠰᠢᠭᠤᠷᠭ᠎ᠠ᠎ᠲᠠᠶ ᠴᠠᠭ ᠠᠭᠤᠷ ᠳᠠᠭᠠᠯᠳᠤᠨ᠎ᠠ᠃ ᠬᠠᠮᠢᠶ᠎ᠠ ᠪᠦᠬᠦᠢ ᠪᠠᠶ᠋ᠢᠭᠤᠯᠭ᠎ᠠ ᠪᠠ ᠠᠵᠢᠯᠲᠠᠨ ᠰᠡᠷᠭᠡᠢᠯᠡᠬᠦ᠌ ᠪᠡᠯᠡᠳᠬᠡᠯ ᠬᠢᠭᠡᠷᠡᠶ᠃


640 (1).png


ᠰᠡᠷᠭᠡᠶ᠋ᠢᠯᠡᠯᠲᠡ᠎ᠶᠢᠨ ᠵᠦᠭᠯᠡᠭᠦᠷ᠄

1. ᠵᠠᠰᠠᠭ᠎ᠤᠨ ᠣᠷᠳᠣᠨ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ᠎ᠦᠳ ᠡᠭᠦᠷᠭᠡ ᠬᠠᠷᠢᠭᠤᠴᠠᠯᠭ᠎ᠠ᠎ᠶᠢᠨ᠎ᠢᠶᠠᠨ ᠶᠣᠰᠣᠭᠠᠷ ᠶᠡᠬᠡ ᠰᠠᠯᠬᠢ᠎ᠶᠢ ᠰᠡᠷᠭᠡᠶ᠋ᠢᠯᠡᠬᠦ᠌ ᠠᠵᠢᠯ᠎ᠢ ᠰᠠᠶ᠋ᠢᠲᠤᠷ ᠬᠢᠬᠡᠷᠡᠢ;

2. ᠭᠡᠷ᠎ᠤᠨ ᠭᠠᠳᠠᠨᠠᠭᠢ ᠠᠵᠢᠯᠯᠠᠭ᠎ᠠ ᠪᠣᠯᠤᠨ ᠥᠨᠳᠥᠷ ᠣᠭᠲᠠᠷᠭᠤᠶ ᠵᠡᠷᠭᠡ ᠭᠡᠷ᠎ᠦᠨ ᠭᠠᠳᠠᠨᠠᠬᠢ ᠠᠶᠤᠯᠲᠠᠶ ᠠᠵᠢᠯ᠎ᠢ ᠵᠣᠭᠰᠣᠭᠠᠵᠤ᠂ ᠠᠶᠤᠯᠲᠠᠶ ᠭᠠᠵᠠᠷ᠎ᠤᠨ ᠬᠥᠮᠦᠰ ᠪᠣᠯᠤᠨ ᠠᠶᠤᠯᠲᠠᠶ ᠭᠡᠷ ᠪᠠᠶ᠋ᠢᠰᠢᠩ᠎ᠤᠨ ᠰᠠᠭᠤᠭᠠᠯᠢ ᠠᠷᠠᠳ᠎ᠢ ᠴᠢᠳᠠᠬᠤ᠎ᠶᠢᠨ ᠳᠣᠲᠣᠷ᠎ᠠ ᠰᠠᠯᠬᠢ ᠳᠠᠯᠳᠠᠯᠠᠬᠤ ᠭᠠᠵᠠᠷ᠎ᠲᠤ᠌ ᠰᠢᠯᠵᠢᠭᠦᠯᠦᠭᠡᠷᠡᠢ;

3. ᠭᠡᠷ᠎ᠦᠨ ᠭᠠᠳᠠᠨᠠᠬᠢ ᠠᠶᠤᠯᠲᠠᠶ ᠴᠠᠬᠢᠯᠭᠠᠨ ᠡᠭᠦᠰᠭᠡᠭᠴᠢ᠎ᠶᠢ ᠲᠠᠰᠤᠯᠵᠤ᠂ ᠶᠡᠬᠡ ᠰᠠᠯᠬᠢᠨ᠎ᠳᠤ ᠬᠢᠯᠪᠠᠷᠬᠠᠨ ᠨᠥᠯᠥᠭᠡᠯᠡᠭᠳᠡᠬᠦ᠌ ᠭᠡᠷ᠎ᠦᠨ ᠭᠠᠳᠠᠨᠠᠬᠢ ᠡᠳ᠋ ᠪᠣᠳᠠᠰ᠎ᠢ ᠲᠣᠬᠢᠲᠠᠶ ᠲᠥᠪᠬᠢᠨᠡᠭᠦᠯᠵᠦ᠍᠂ ᠪᠠᠷᠢᠯᠭ᠎ᠠ᠎ᠶᠢᠨ ᠡᠳ᠋ ᠪᠣᠳᠠᠰ᠎ᠢ ᠪᠦᠳᠡᠭᠡᠭᠡᠷᠡᠢ᠃

4. ᠨᠢᠰᠬᠡᠯ᠎ᠦᠨ ᠪᠠᠭᠤᠳᠠᠯ᠂ ᠲᠦᠷᠭᠡᠨ᠎ᠤ ᠵᠠᠰᠠᠮᠠᠯ ᠵᠠᠮ ᠵᠡᠷᠭᠡ ᠨᠢᠭᠡᠴᠢ᠎ᠵᠢᠨ ᠬᠢᠨ ᠵᠠᠮ ᠬᠠᠷᠢᠯᠴᠠᠭᠠᠨ᠎ᠤ ᠠᠮᠤᠷ ᠲᠦᠪᠰᠢᠨ᠎ᠢ ᠪᠠᠲᠤᠯᠠᠬᠤ ᠠᠷᠭ᠎ᠠ ᠬᠡᠮᠵᠢᠶ᠎ᠡ ᠠᠪᠴᠤ᠌᠂ ᠬᠣᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ ᠨᠢᠭᠡᠴᠢ᠎ᠨᠦᠭᠦᠳ ᠣᠶ ᠰᠢᠭᠤᠶ᠂ ᠨᠤᠲᠤᠭ ᠪᠡᠯᠴᠢᠭᠡᠷ ᠵᠡᠷᠭᠡ᠎ᠶᠢᠨ ᠭᠠᠯ᠎ᠢ ᠰᠡᠷᠭᠡᠶ᠋ᠢᠯᠡᠬᠦ᠌᠎ᠶᠢ ᠠᠩᠬᠠᠷᠤᠭᠠᠷᠠᠢ᠃

ᠢᠷᠡᠯᠳᠠ᠄ ᠦᠪᠦᠷ ᠮᠤᠡᠭᠭᠤᠯ᠎ᠤᠨ ᠴᠠᠭ ᠠᠭᠤᠷ ᠳᠠᠪᠴᠠᠡᠭ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号