ᠰᠤᠷᠪᠤᠯᠵᠢᠯᠠᠭ᠍ᠴᠢ ᠥᠪᠥᠷ ᠮᠣᠩᠭᠣᠯ᠎ᠤᠨ ᠶᠡᠬᠡ ᠰᠤᠷᠭᠠᠭᠤᠯᠢ᠎ᠠᠴᠠ ᠣᠢᠯᠠᠭᠠᠭᠰᠠᠨ᠎ᠢᠶᠠᠷ᠂ ᠲᠤᠰ ᠰᠤᠷᠭᠠᠭᠤᠯᠢ᠎ᠶᠢᠨ ᠶᠠᠩ ᠯᠧᠢ᠂ ᠯᠢ ᠭᠤᠸᠠᠩ ᠫᠧᠩ ᠫᠷᠤᠹᠸᠰᠰᠤᠷ᠎ᠤᠨ ᠪᠦᠯᠬᠦᠮ ᠪᠣᠯᠣᠨ ᠲᠦᠩ ᠵᠢᠢ ᠶᠡᠬᠡ ᠰᠤᠷᠭᠠᠭᠤᠯᠢ᠎ᠶᠢᠨ ᠠᠺᠠᠳᠧᠮᠢᠴᠢ᠎ᠶᠢᠨ ᠪᠦᠯᠬᠦᠮ ᠬᠠᠮᠲᠤᠷᠠᠨ 《ᠪᠦᠬᠦ ᠠᠯᠬᠤᠮ᠎ᠢ ᠨᠢᠭᠡᠳᠬᠡᠭᠰᠡᠨ》(All-in-One) ᠨᠠᠷᠢᠯᠢᠭ᠋ ᠣᠨᠣᠴᠠᠲᠠᠢ᠎ᠪᠠᠷ ᠡᠭᠦᠯᠳᠡᠷ ᠪᠣᠢᠵᠢᠭᠤᠯᠬᠤ ᠰᠢᠰᠲᠧᠮ᠎ᠢ ᠠᠮᠵᠢᠯᠲᠠ᠎ᠲᠠᠢ ᠡᠬᠦᠳᠦᠭᠰᠡᠨ ᠪᠦᠭᠡᠳ ᠲᠣᠰ ᠰᠢᠰᠲᠧᠮ᠎ᠳᠦ ᠲᠦᠰᠢᠭᠯᠡᠨ SLICK ᠬᠠᠯᠠᠭᠤᠨ᠎ᠢ ᠲᠠᠭᠠᠭᠠᠨ ᠰᠡᠷᠡᠯᠵᠢᠬᠦ ᠦᠬᠡᠷ᠎ᠢ ᠪᠤᠢᠵᠢᠭᠤᠯᠤᠭᠰᠠᠨ ᠪᠠᠢᠨ᠎ᠠ᠃ ᠬᠠᠮᠤᠭ᠎ᠤᠨ ᠰᠢᠨ᠎ᠡ ᠰᠤᠳᠤᠯᠭᠠᠨ᠎ᠤ ᠦᠷ᠎ᠡ ᠪᠦᠲᠦᠭᠡᠯ᠎ᠢ 3 ᠰᠠᠷ᠎ᠠ᠎ᠶᠢᠨ 17᠎ᠤ᠋ ᠡᠳᠦᠷ 《ᠪᠠᠢᠭᠠᠯᠢ》 ᠰᠡᠳᠬᠦᠯ᠎ᠦᠨ 《ᠡᠰ·ᠢᠯᠡᠷᠡᠭᠦᠯᠦᠯᠲᠡ》 ᠬᠤᠪᠢᠶᠠᠷᠢ ᠰᠡᠳᠬᠦᠯ ᠳᠡᠭᠡᠷ᠎ᠡ ᠨᠡᠢᠲᠡᠯᠡᠵᠦ᠂ ᠮᠠᠨ᠎ᠤ ᠤᠯᠤᠰ᠎ᠤᠨ ᠠᠮᠢᠳᠤ ᠪᠣᠳᠠᠰ᠎ᠤᠨ ᠡᠭᠦᠯᠳᠡᠷ ᠪᠣᠢᠵᠢᠭᠤᠯᠬᠤ ᠮᠡᠷᠭᠡᠵᠢᠯᠳ᠋ᠤ ᠰᠢᠪᠲᠤᠯᠤᠯᠲᠠ ᠭᠠᠷᠭᠠᠵᠤ᠂ ᠦᠷ᠎ᠡ᠎ᠶᠢᠨ ᠦᠢᠯᠡᠰ᠎ᠦᠨ ᠪᠡᠶ᠎ᠡ᠎ᠪᠡᠨ ᠳᠠᠭᠠᠭᠠᠵᠤ ᠡᠵᠡᠮᠳᠡᠵᠦ ᠴᠢᠳᠠᠬᠤ ᠵᠢ ᠠᠬᠢᠭᠤᠯᠬᠤ᠎ᠳᠤ ᠴᠢᠬᠤᠯᠠ ᠲᠤᠯᠭᠠᠭᠤᠷᠢᠯᠠᠯ ᠬᠠᠩᠭᠠᠵᠤ᠂ ᠤᠯᠤᠰ᠎ᠤᠨ《ᠦᠷ᠎ᠡ᠎ᠶᠢᠨ ᠦᠢᠯᠡᠰ᠎ᠦᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠪᠡᠶ᠎ᠡ᠎ᠪᠡᠨ ᠳᠠᠭᠠᠭᠠᠵᠤ ᠥᠪᠡᠷ᠎ᠢ᠎ᠪᠡᠨ ᠬᠦᠴᠦᠷᠬᠡᠭᠵᠢᠭᠦᠯᠬᠦ᠂ ᠦᠷ᠎ᠡ᠎ᠶᠢᠨ ᠢᠷᠡᠯᠲᠡ᠎ᠵᠢ ᠪᠡᠶ᠎ᠡ᠎ᠪᠡᠨ ᠳᠠᠭᠠᠭᠠᠵᠤ ᠡᠵᠡᠮᠳᠡᠬᠦ》ᠪᠠᠢᠯᠳᠤᠬᠤ ᠪᠣᠳᠣᠯᠭ᠎ᠠ᠎ᠶᠢᠨ ᠬᠠᠷᠠᠯᠲᠠᠳ᠋ᠤ ᠬᠦᠴᠦᠲᠡᠢ ᠳᠤᠯᠭᠠᠭᠤᠷᠢᠯᠠᠯ ᠬᠠᠩᠭᠠᠭᠰᠠᠨ ᠪᠠᠢᠨ᠎ᠠ ᠃
《ᠪᠦᠬᠦ ᠠᠯᠬᠤᠮ᠎ᠢ ᠨᠢᠭᠡᠳᠬᠡᠭᠰᠡᠨ》ᠨᠠᠷᠢᠯᠢᠭ᠋ ᠣᠨᠣᠴᠠᠲᠠᠢ᠎ᠪᠠᠷ ᠡᠭᠦᠯᠳᠡᠷ ᠪᠣᠢᠵᠢᠭᠤᠯᠬᠤ ᠰᠢᠰᠲᠧᠮ ᠨᠢ ᠡᠩ᠎ᠦᠨ ᠭᠧᠨ᠎ᠦ ᠨᠠᠢᠷᠠᠭᠤᠯᠭ᠎ᠠ᠎ᠶᠢᠨ ᠮᠡᠷᠭᠡᠵᠢᠯ᠎ᠦᠨ ᠠᠴᠢᠶᠠᠯᠠᠬᠤ ᠬᠡᠮᠵᠢᠶ᠎ᠠ᠂ ᠬᠦᠷᠭᠡᠬᠦ ᠪᠠ ᠠᠵᠢᠯᠯᠠᠭᠤᠯᠬᠤ ᠬᠢᠵᠠᠭᠠᠷᠯᠠᠯ ᠳ᠋ᠤ ᠰᠢᠪᠳᠤᠯᠤᠯᠳᠠ ᠭᠠᠷᠭᠠᠵᠤ᠂ ᠦᠷ᠎ᠡ ᠲᠣᠭᠲᠠᠭᠰᠠᠨ ᠥᠨᠳᠡᠭᠡ᠎ᠶᠢ ᠮᠢᠺᠷᠣᠰᠺᠣᠫ᠎ᠢᠶᠠᠷ ᠠᠵᠢᠯᠯᠠᠭᠤᠯᠬᠤ ᠦᠭᠡᠢ ᠪᠡᠷ 《ᠨᠢᠭᠡ ᠠᠯᠬᠤᠮ᠎ᠤᠨ ᠠᠷᠭ᠎ᠠ》᠎ᠪᠡᠷ ᠰᠢᠭᠤᠳ ᠨᠠᠢᠷᠠᠭᠤᠯᠬᠤ᠎ᠶᠢ ᠪᠡᠶᠡᠯᠡᠭᠦᠯᠵᠦ᠂ ᠭᠧᠨ᠎ᠦ ᠨᠠᠢᠷᠠᠭᠤᠯᠭ᠎ᠠ᠎ᠶᠢᠨ ᠦᠷ᠎ᠡ ᠪᠦᠲᠦᠮᠵᠢ᠎ᠶᠢ ᠶᠡᠬᠡᠪᠡᠷ ᠳᠡᠭᠡᠭᠰᠢᠯᠡᠭᠦᠯᠵᠡᠢ᠃ ᠡᠨᠡ ᠨᠢ ᠬᠦᠪᠦᠷᠡᠯ᠎ᠦᠨ ᠤᠨᠳᠤᠷᠤᠯᠲᠠ᠎ᠶᠢᠨ ᠨᠣᠷᠮ᠎ᠠ᠎ᠶᠢ ᠪᠦᠲᠦᠮᠵᠢᠲᠡᠶ᠎ᠪᠡᠷ ᠳᠡᠭᠡᠭᠰᠢᠯᠡᠭᠦᠯᠵᠦ᠂ ᠲᠣᠮᠣ᠌ ᠠᠮᠢᠲᠠᠨ᠎ᠤ ᠡᠭᠦᠯᠳᠡᠷ ᠪᠣᠢᠵᠢᠭᠤᠯᠬᠤ ᠶᠠᠪᠤᠴᠠ᠎ᠶᠢ ᠶᠡᠬᠡᠪᠡᠷ ᠳᠥᠭᠥᠮᠴᠢᠯᠡᠵᠦ᠂ ᠡᠭᠦᠯᠳᠡᠷ ᠪᠣᠢᠵᠢᠭᠤᠯᠬᠤ ᠦᠷ᠎ᠡ ᠪᠦᠲᠦᠮᠵᠢ ᠪᠠ ᠣᠨᠣᠪᠴᠢ᠎ᠶᠢᠨ ᠬᠡᠮᠵᠢᠶ᠎ᠡ᠎ᠶᠢ ᠬᠠᠮᠳᠤ ᠳ᠋ᠤᠨᠢ ᠳᠡᠭᠡᠭᠰᠢᠯᠡᠭᠦᠯᠬᠦ᠎ᠶᠢ ᠪᠡᠶᠡᠯᠡᠭᠦᠯᠵᠡᠢ᠃ ᠰᠢᠨ᠎ᠡ ᠪᠡᠷ ᠡᠭᠦᠳᠦᠭᠰᠡᠨ SLICK ᠭᠸᠨ᠎ᠤ ᠮᠡᠷᠭᠡᠵᠢᠯ ᠵᠢᠡᠷ ᠪᠤᠢᠵᠢᠭᠤᠯᠤᠭᠰᠠᠨ ᠬᠠᠯᠠᠭᠤᠨ᠎ᠢ ᠲᠠᠭᠠᠭᠠᠨ ᠰᠡᠷᠡᠯᠵᠢᠬᠦ ᠦᠬᠡᠷ ᠨᠢ ᠠᠮᠤᠷ ᠲᠦᠪᠰᠢᠨ᠎ᠦ ᠬᠡᠷᠡᠴᠢᠯᠡᠯ᠎ᠤᠨ ᠪᠠᠷᠢᠮᠵᠢᠶ᠎ᠠ᠎ᠳᠤ ᠪᠦᠷᠢᠮᠦᠰᠦᠨ ᠨᠡᠢᠴᠡᠭᠰᠡᠨ ᠪᠠᠢᠨ᠎ᠠ᠃
《ᠭᠧᠨ ᠢ᠋ ᠤᠨᠤᠴᠠᠳᠠᠢ ᠨᠠᠢᠷᠠᠭᠤᠯᠬᠤ ᠪᠣᠯ ᠠᠮᠢᠳᠤ ᠪᠣᠳᠠᠰ᠎ᠤᠨ ᠡᠭᠦᠯᠳᠡᠷ ᠪᠣᠢᠵᠢᠭᠤᠯᠬᠤ ᠭᠣᠣᠯ ᠮᠡᠷᠭᠡᠵᠢᠯ ᠮᠥᠨ᠂ ᠭᠡᠪᠡᠴᠦ ᠲᠡᠭᠦᠨ᠎ᠦ ᠬᠡᠷᠡᠭᠯᠡᠯᠲᠡ ᠨᠢ ᠪᠥᠭᠡᠮ ᠬᠦᠴᠢᠯ᠎ᠦᠨ ᠳᠣᠲᠣᠭᠠᠳᠤ ᠰᠢᠬᠠᠭ᠍ᠴᠢ ᠢᠰᠬᠡᠭᠦᠷ᠎ᠦᠨ ᠴᠤᠪᠤᠷᠠᠯ ᠬᠡᠳᠦ ᠤᠷᠲᠤ᠂ ᠬᠣᠣᠰ ᠠᠴᠢᠶᠠᠯᠠᠭ᠍ᠴᠢ᠎ᠪᠠᠷ ᠳᠠᠮᠵᠢᠭᠤᠯᠤᠨ ᠬᠦᠷᠭᠡᠬᠦ᠂ ᠮᠢᠺᠷᠣᠰᠺᠣᠫ᠎ᠤᠨ ᠠᠵᠢᠭᠯᠠᠯᠳᠠ ᠳᠤᠤᠷ᠎ᠠ ᠬᠦᠪᠦᠷᠡᠯ ᠢ᠋ ᠵᠡᠬᠦᠯᠡᠬᠦ ᠡᠴᠡ ᠪᠤᠯᠵᠤ ᠭᠡᠮᠲᠦᠭᠡᠬᠦ ᠵᠡᠷᠭᠡ ᠪᠠᠢᠳᠠᠯ᠎ᠳᠤ ᠬᠢᠵᠠᠭᠠᠷᠯᠠᠭᠳᠠᠵᠤ ᠪᠠᠢᠵᠠᠢ᠃ ᠠᠮᠢᠲᠠᠨ᠎ᠤ ᠡᠭᠦᠯᠳᠡᠷ ᠪᠣᠢᠵᠢᠭᠤᠯᠬᠤ ᠶᠠᠪᠤᠴᠠ᠎ᠳᠠᠬᠢ ᠬᠤᠷᠳᠤᠴᠠ ᠶ᠋ᠢ ᠬᠢᠵᠠᠭᠠᠷᠯᠠᠬᠤ ᠡᠳᠡᠭᠡᠷ ᠪᠡᠷᠬᠡ ᠰᠡᠳᠦᠪᠲᠦ ᠴᠢᠭᠯᠡᠭᠦᠯᠦᠨ ᠪᠠᠭᠠᠵᠢ᠂ ᠠᠴᠢᠶᠠᠯᠠᠭ᠍ᠴᠢ᠂ ᠳᠠᠮᠵᠢᠭᠤᠯᠤᠨ ᠬᠦᠷᠭᠡᠬᠦ ᠠᠷᠭ᠎ᠠ ᠮᠠᠶᠢᠭ᠋ ᠵᠡᠷᠭᠡ ᠭᠤᠷᠪᠠᠨ ᠲᠠᠯ᠎ᠠ᠎ᠪᠠᠷ ᠰᠢᠪᠲᠤᠯᠤᠯᠲᠠ ᠭᠠᠷᠭᠠᠵᠠᠢ》ᠬᠡᠵᠦ ᠶᠠᠩ ᠯᠧᠢ ᠫᠷᠤᠹᠸᠰᠰᠤᠷ ᠲᠠᠨᠢᠯᠴᠠᠭᠤᠯᠬᠤ ᠳ᠋ᠠᠭᠠᠨ᠂ ᠦᠷ᠎ᠡ ᠲᠣᠭᠲᠠᠭᠰᠠᠨ ᠥᠨᠳᠡᠭᠡ᠎ᠶᠢ ᠮᠢᠺᠷᠣᠰᠺᠣᠫ᠎ᠢᠶᠠᠷ ᠠᠵᠢᠯᠯᠠᠭᠤᠯᠬᠤ ᠦᠭᠡᠢ ᠪᠡᠷ 《ᠨᠢᠭᠡ ᠠᠯᠬᠤᠮ᠎ᠤᠨ ᠠᠷᠭ᠎ᠠ》 ᠪᠡᠷ ᠰᠢᠭᠤᠳ ᠨᠠᠢᠷᠠᠭᠤᠯᠬᠤ᠎ᠶᠢ ᠪᠡᠶᠡᠯᠡᠭᠦᠯᠦᠭᠰᠡᠨ ᠨᠢ ᠬᠦᠪᠦᠷᠡᠯ᠎ᠦᠨ ᠮᠠᠰᠢᠨ ᠮᠧᠬᠠᠨᠢᠭ᠋᠎ᠤᠨ ᠭᠡᠮᠲᠦᠯ᠎ᠡᠴᠡ ᠵᠠᠢᠯᠠᠰᠬᠢᠵᠦ᠂ ᠤᠭᠤᠲᠠᠲᠤ ᠬᠦᠪᠦᠷᠡᠯ᠎ᠦᠨ ᠪᠦᠷᠢᠯᠳᠦᠬᠦ ᠨᠣᠷᠮ᠎ᠠ ᠵᠢ 65.3% ᠪᠠᠢᠭᠰᠠᠨ ᠠ᠋ᠴᠠ 85.4% ᠪᠤᠯᠵᠤ ᠳᠡᠬᠡᠭᠰᠢᠯᠡᠬᠦᠯᠦᠭᠰᠡᠨ ᠪᠠᠢᠨ᠎ᠠ ᠬᠡᠵᠡᠢ᠃
ᠣᠢᠯᠠᠭᠠᠭᠰᠠᠨ᠎ᠢᠶᠠᠷ᠂ ᠥᠪᠥᠷ ᠮᠣᠩᠭᠣᠯ᠎ᠤᠨ ᠶᠡᠬᠡ ᠰᠤᠷᠭᠠᠭᠤᠯᠢ ᠪᠣᠯᠣᠨ ᠲᠦᠩ ᠵᠢᠢ ᠶᠡᠬᠡ ᠰᠤᠷᠭᠠᠭᠤᠯᠢ ᠡᠭᠦᠨ᠎ᠡᠴᠡ ᠡᠮᠦᠨ᠎ᠡ ᠨᠢᠭᠡᠨᠲᠡ ᠣᠯᠠᠨ ᠤᠯᠤᠰ᠎ᠤᠨ ᠡᠷᠬᠡ ᠰᠦᠷᠲᠦ ᠬᠤᠭᠤᠴᠠᠭᠠᠲᠤ ᠰᠡᠳᠬᠦᠯᠲᠡᠭᠡᠷᠡ ᠦᠬᠡᠷ ᠬᠣᠨᠢᠨ᠎ᠤ ᠭᠠᠭᠴᠠ ᠳᠠᠬᠢᠨᠳᠤ ᠪᠡᠶ᠎ᠠ ᠵᠢᠨ ᠡᠭᠦᠯᠳᠡᠷ ᠪᠣᠢᠵᠢᠭᠤᠯᠤᠭᠰᠠᠨ ᠴᠢᠬᠤᠯᠠ ᠦᠷ᠎ᠡ ᠪᠦᠲᠦᠭᠡᠯ᠎ᠢ ᠨᠡᠢᠲᠡᠯᠡᠵᠦ ᠦᠩᠭᠡᠷᠡᠪᠡ᠃ ᠲᠣᠰ ᠤᠳᠠᠭᠠᠨ᠎ᠤ 《ᠪᠦᠬᠦ ᠠᠯᠬᠤᠮ᠎ᠢ ᠨᠢᠭᠡᠳᠬᠡᠭᠰᠡᠨ》 ᠨᠠᠷᠢᠯᠢᠭ᠋ ᠣᠨᠣᠴᠠᠲᠠᠢ᠎ᠪᠠᠷ ᠡᠭᠦᠯᠳᠡᠷ ᠪᠣᠢᠵᠢᠭᠤᠯᠬᠤ ᠰᠢᠰᠲᠧᠮ᠎ᠦᠨ ᠪᠠᠢᠭᠤᠯᠤᠯᠲᠠ ᠨᠢ ᠬᠣᠶᠠᠷ ᠨᠢᠭᠡᠴᠢ᠎ᠶᠢᠨ ᠠᠮᠢᠳᠤ ᠪᠣᠳᠠᠰ᠎ᠤᠨ ᠡᠭᠦᠯᠳᠡᠷ ᠪᠣᠢᠵᠢᠭᠤᠯᠬᠤ ᠬᠦᠷᠢᠶᠡᠨ᠎ᠳᠡᠬᠢ ᠳᠡᠯᠡᠬᠡᠢ᠎ᠶᠢᠨ ᠲᠡᠷᠢᠭᠦᠨ᠎ᠦ ᠪᠠᠢᠷᠢ ᠰᠠᠭᠤᠷᠢ᠎ᠶᠢ ᠤᠯᠠᠮ ᠨᠢᠭᠡ ᠠᠯᠬᠤᠮ ᠪᠡᠬᠢᠵᠢᠭᠦᠯᠦᠭᠰᠡᠨ ᠪᠠᠢᠨ᠎ᠠ᠃ ᠲᠣᠰ ᠰᠤᠳᠤᠯᠭᠠᠨ ᠨᠢ ᠰᠤᠷᠭᠠᠨ ᠬᠥᠮᠦᠵᠢᠯ᠎ᠦᠨ ᠶᠠᠮᠤᠨ᠎ᠤ U40 ᠲᠥᠯᠥᠪᠯᠡᠭᠡ᠂ ᠤᠯᠤᠰ᠎ᠤᠨ ᠪᠠᠢᠭᠠᠯᠢ᠎ᠶᠢᠨ ᠰᠢᠨᠵᠢᠯᠡᠬᠦ ᠤᠬᠠᠭᠠᠨ᠎ᠤ ᠰᠠᠭᠤᠷᠢ ᠮᠥᠩᠭᠥ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠴᠢᠬᠤᠯᠠ ᠶᠡᠬᠡ ᠲᠤᠰᠬᠠᠢ ᠲᠥᠷᠥᠯ ᠵᠦᠢᠯ ᠵᠡᠷᠭᠡ ᠲᠤᠰᠠᠯᠠᠮᠵᠢ᠎ᠶᠢ ᠭᠥᠷᠳᠡᠵᠦ᠂ ᠣᠳᠣᠬᠠᠨ᠎ᠳᠤ ᠨᠢᠭᠡᠨᠲᠡ 2 ᠵᠦᠢᠯ᠎ᠦᠨ ᠲᠤᠰᠬᠠᠢ ᠠᠰᠢᠭ᠋᠎ᠤᠨ ᠡᠷᠬᠡ᠎ᠶᠢ ᠵᠥᠪᠰᠢᠶᠡᠷᠡᠬᠦᠯᠵᠦ᠂ ᠲᠣᠰ ᠮᠡᠷᠭᠡᠵᠢᠯ᠎ᠢ ᠠᠵᠤ ᠦᠶ᠋ᠯᠡᠰᠵᠢᠭᠦᠯᠦᠨ ᠨᠠᠢᠳᠠᠪᠤᠷᠢᠵᠢᠭᠤᠯᠤᠨ ᠬᠡᠷᠡᠭᠯᠡᠬᠦ᠎ᠳᠦ ᠪᠠᠲᠤᠯᠠᠭ᠎ᠠ ᠬᠠᠩᠭᠠᠭᠰᠠᠨ ᠪᠠᠢᠨ᠎ᠠ᠃