— ᠤᠷᠳᠤᠰ ᠬᠤᠳᠠ ᠵᠢᠨ ᠦᠨᠳᠦᠰᠦᠳᠡᠨ᠎ᠤ ᠪᠦᠯᠬᠦᠮᠳᠡᠯ ᠲᠠᠪᠰᠢᠯᠳᠠ ᠵᠢᠨ ᠦᠢᠯᠡᠰ᠎ᠢ ᠲᠡᠮᠳᠡᠭᠯᠡᠪᠡ
ᠣᠢᠷ᠎ᠠ᠎ᠶ᠋ᠢᠨ ᠵᠢᠯ᠎ᠳᠦ᠂ ᠣᠷᠳᠣᠰ ᠬᠣᠲᠠ ᠤᠷᠢᠳ ᠬᠣᠵᠢᠳ ᠪᠥᠬᠥ᠌ ᠤᠯᠤᠰ᠎ᠤᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠵᠢᠱ᠌ᠢᠶ᠎ᠡ ᠦᠵᠡᠭᠦᠯᠬᠦ᠌ ᠬᠣᠲᠠ᠂ ᠠᠮᠤᠷ ᠠᠮᠤᠭᠤᠯᠠᠩᠳᠤ ᠳᠤᠮᠳᠠᠳᠤ ᠤᠯᠤᠰ᠎ᠤᠨ ᠪᠥᠲᠥᠭᠡᠨ ᠪᠠᠢᠭᠤᠯᠤᠯᠲᠠ᠎ᠶ᠋ᠢᠨ 《ᠴᠠᠩ ᠠᠨ ᠬᠤᠨᠳᠠᠭᠠᠲᠤ》 ᠵᠢᠨ ᠱᠠᠩᠨᠠᠯ᠂ ᠳᠤᠮᠳᠠᠳᠤ ᠤᠯᠤᠰ᠎ᠤᠨ ᠬᠠᠮᠤᠭ᠎ᠤᠨ ᠵᠢᠷᠭᠠᠯᠲᠤ ᠲᠥᠷᠥᠭ᠌ᠳᠡᠯ᠎ᠲᠡᠶ ᠬᠣᠲᠠ ᠵᠡᠷᠭᠡ ᠢᠷᠠᠭᠤ ᠠᠯᠳᠠᠷ᠎ᠢ ᠭᠥᠷᠳᠡᠵᠦ᠍᠂ 《ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠪᠥᠬᠥ᠌ ᠣᠷᠣᠨ ᠪᠦᠰᠡ᠎ᠶ᠋ᠢᠨ ᠵᠢᠱ᠌ᠢᠶ᠎ᠡ ᠦᠵᠡᠭᠦᠯᠬᠦ᠌ ᠪᠠᠢᠭᠤᠯᠤᠯᠲᠠ》 ᠶ᠋ᠢᠨ ᠵᠠᠭᠪᠤᠷ ᠨᠢ ᠪᠥᠬᠥ᠌ ᠤᠯᠤᠰ᠎ᠤᠨ ᠨᠢᠭᠡᠳᠦᠮᠡᠯ ᠹᠷᠣᠨᠲ᠎ᠤᠨ ᠠᠵᠢᠯ᠎ᠤᠨ ᠦᠶ᠋ᠯᠡᠳᠦᠯᠭᠡ᠎ᠶ᠋ᠢᠨ ᠱᠢᠨ᠎ᠡ᠎ᠶ᠋ᠢ ᠡᠭᠦᠳᠦᠭ᠌ᠰᠡᠨ ᠦᠷ᠎ᠡ ᠪᠦᠲᠦᠭᠡᠯ᠎ᠢᠶᠡᠷ ᠦᠨᠡᠯᠡᠭ᠌ᠳᠡᠵᠦ᠍᠂ ᠴᠠᠭ ᠦᠶ᠎ᠡ᠎ᠶ᠋ᠢᠨ ᠣᠨᠴᠠᠯᠢᠭ᠎ᠲᠠᠶ᠂ ᠤᠮᠠᠷᠠᠲᠤ ᠬᠢᠯᠢ᠎ᠶ᠋ᠢᠨ ᠣᠨᠴᠠᠯᠢᠭ᠎ᠲᠠᠶ᠂ 《ᠳᠤᠯᠠᠭᠠᠨ ᠬᠣᠲᠠ》᠎ᠶ᠋ᠢᠨ ᠣᠨᠴᠠᠯᠢᠭ᠎ᠲᠠᠶ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠱᠢᠨ᠎ᠡ ᠠᠷᠭ᠎ᠠ ᠵᠠᠮ᠎ᠢ ᠬᠠᠢᠨ ᠰᠦᠪᠡᠭ᠌ᠴᠢᠯᠡᠵᠤ᠂ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠦ ᠠᠵᠢᠯ᠎ᠢ ᠰᠠᠢᠲᠤᠷ ᠬᠢᠬᠦ᠌᠎ᠳᠦ 《ᠣᠷᠳᠣᠰ᠎ᠤᠨ ᠦᠶ᠋ᠯᠡᠳᠦᠯᠭᠡ》 ᠶ᠋ᠢ ᠬᠠᠨᠭᠭᠠᠬᠰᠠᠨ ᠪᠠᠢᠨ᠎ᠠ᠃

ᠤᠯᠠᠮᠵᠢᠯᠠᠠ ᠵᠠᠯᠭᠠᠮᠵᠢᠯᠠᠭᠴᠢ ᠡᠴᠡ ᠭᠦᠷᠦ ᠳᠠᠭᠤᠤ ᠳᠠᠭᠤᠯᠠᠨ᠎ᠠ
ᠨᠠᠮ᠎ᠤᠨ ᠤᠳᠤᠷᠢᠳᠤᠯᠭ᠎ᠠ᠎ᠶ᠋ᠢ ᠴᠢᠩᠭᠠᠳᠭᠠᠵᠤ ᠵᠤᠬᠢᠶᠠᠨ ᠪᠠᠢᠭᠤᠯᠤᠯᠳᠠ ᠵᠢᠨ ᠰᠠᠭᠤᠷᠢ ᠵᠢ ᠪᠡᠬᠢᠵᠢᠬᠦᠯᠪᠡ
《ᠮᠠᠨ᠎ᠤ ᠨᠡᠢᠭᠡᠮ ᠲᠣᠭᠣᠷᠢᠭ ᠪᠤᠯ ᠬᠢᠲᠠᠳ᠂ ᠮᠣᠩᠭᠣᠯ᠂ ᠮᠠᠨᠵᠤ᠂ ᠢ ᠦᠨᠳᠦᠰᠦᠲᠡᠨ ᠵᠡᠷᠭᠡ 11 ᠦᠨᠳᠦᠰᠦᠲᠡᠨ᠎ᠦ ᠰᠠᠭᠤᠭᠠᠯᠢ ᠠᠷᠠᠳ ᠵᠢᠡᠷ ᠪᠦᠷᠢᠯᠳᠦᠬᠰᠡᠨ ᠲᠤᠮᠤ ᠬᠡᠷ ᠪᠦᠯᠢ ᠪᠤᠯᠤᠨ᠎ᠠ᠂ ᠣᠯᠠᠨ᠎ᠢᠶᠠᠷ᠎ᠢᠶᠠᠨ ᠬᠠᠷᠢᠯᠴᠠᠨ ᠲᠦᠰᠢᠭᠯᠡᠯᠴᠡᠨ ᠬᠠᠷᠢᠯᠴᠠᠨ ᠬᠠᠪᠰᠤᠷᠤᠯᠴᠠᠵᠤ᠂ ᠶᠠᠭ ᠯᠡ ᠨᠢᠭᠡ ᠭᠡᠷ᠎ᠦᠨ ᠬᠦᠮᠤᠨ ᠮᠡᠳᠤ ᠲᠤᠳᠤᠨᠤ ᠪᠠᠢᠳᠠᠭ》 ᠭᠡᠵᠦ ᠬᠢᠶ᠎ᠠ ᠪᠠᠭ᠍ᠰᠢ ᠲᠣᠭᠣᠷᠢᠭ᠎ᠤᠨ ᠱᠸᠨ ᠬᠤᠸᠠ ᠺᠠᠩ ᠴᠧᠩ ᠨᠡᠢᠭᠡᠮ ᠲᠣᠭᠣᠷᠢᠭ᠎ᠤᠨ ᠲᠤᠤᠷᠵᠢᠯ᠎ᠦᠨ ᠬᠠᠮᠢᠶᠠᠷᠤᠯᠲᠠ᠎ᠶ᠋ᠢᠨ ᠠᠵᠢᠯᠲᠠᠨ ᠵᠧᠸ᠋ ᠵᠢᠶᠠ ᠬᠡᠯᠡᠨ᠎ᠡ᠃ ᠲᠡᠷᠡ ᠪᠤᠯ ᠭᠦᠶ᠋ᠵᠧᠤᠨᠤᠳᠤᠭᠳᠠᠢ᠂ ᠢ ᠦᠨᠳᠦᠰᠦᠲᠡᠨ᠂ ᠡᠨᠳᠡ ᠢᠷᠡᠭᠡᠳ ᠠᠷᠪᠠ ᠭᠠᠷᠤᠢ ᠵᠢᠯ ᠪᠤᠯᠵᠤ ᠪᠤᠢ᠃ ᠨᠡᠢᠭᠡᠮ ᠲᠣᠭᠣᠷᠢᠭᠲᠡᠬᠢ 《ᠠᠨᠠᠷ᠎ᠤᠨ ᠬᠦᠷᠢᠶᠡᠯᠡᠩ》 ᠬᠡᠬᠦ ᠨᠡᠷ᠎ᠡ ᠲᠠᠢ ᠨᠠᠮ ᠤᠨ ᠬᠡᠰᠢᠬᠦᠨ ᠪᠠ ᠤᠯᠠᠨ ᠲᠦᠮᠡᠨ᠎ᠦ ᠦᠢᠯᠡᠴᠢᠯᠡᠭᠡᠨ᠎ᠦ ᠵᠢᠭ᠍ᠰᠠᠭᠠᠯ᠎ᠤᠨ ᠭᠠᠵᠠᠷ ᠨᠢ ᠦᠨᠳᠤᠰᠦᠳᠡᠨ ᠨᠤᠬᠦᠳ᠎ᠦᠨ ᠬᠤᠭᠤᠷᠤᠨᠳᠤᠬᠢ 《ᠰᠡᠳᠬᠢᠯ᠎ᠦᠨ ᠬᠤᠯᠪᠤᠭᠠᠰᠤ》 ᠪᠤᠯᠤᠭᠰᠠᠨ᠎ᠢᠶᠡᠷ ᠪᠠᠷᠠᠬᠤ ᠦᠭᠡᠢ ᠪᠠᠰᠠ ᠦᠨᠳᠦᠰᠦᠲᠡᠨ᠎ᠦ ᠪᠦᠯᠬᠦᠮᠳᠡᠯ᠎ᠦᠨ ᠴᠢᠬᠤᠯᠠ ᠠᠴᠢᠶᠠᠯᠠᠪᠤᠷᠢᠪᠤᠯᠵᠠᠢ᠃
ᠤᠷᠳᠤᠰ ᠬᠤᠳᠠ ᠪᠦᠬᠦ᠌ ᠤᠯᠤᠰ᠎ᠤᠨ ᠦᠨᠳᠦᠰᠦᠲᠡᠨ᠎ᠦ ᠪᠦᠯᠬᠦᠮᠳᠡᠯ ᠲᠠᠪᠱᠢᠯᠳᠠ᠎ᠶ᠋ᠢᠨ ᠵᠢᠱ᠌ᠢᠢ᠎ᠡ ᠦᠵᠡᠭᠦᠯᠬᠦ᠌ ᠬᠤᠳᠠ᠎ᠶ᠋ᠢ ᠡᠭᠦᠳᠦᠨ ᠪᠠᠢᠭᠤᠯᠬᠤ᠎ᠪᠠᠷ ᠭᠠᠷᠳᠠᠴᠠ ᠪᠣᠯᠭᠠᠵᠤ᠂ 《ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠵᠢᠱ᠌ᠢᠢ᠎ᠡ ᠦᠵᠡᠭᠦᠯᠬᠦ᠌ ᠬᠤᠳᠠ᠎ᠶ᠋ᠢ ᠪᠦᠬᠦ᠌ ᠲᠠᠯ᠎ᠠ᠎ᠪᠠᠷ ᠡᠭᠦᠳᠦᠨ ᠪᠠᠢᠭᠤᠯᠬᠤ》 ᠱᠢᠨ᠎ᠡ ᠬᠠᠷᠠᠯᠲᠠ᠎ᠶ᠋ᠢ ᠳᠤᠷᠠᠳᠴᠤ᠌᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠶ᠋ᠢ ᠠᠬᠢᠭᠤᠯᠬᠤ ᠨᠡᠢᠭᠡᠮᠯᠢᠭ᠎ᠦᠨ ᠦᠢᠯᠡᠳᠦᠯ᠎ᠢ ᠭᠦᠢᠴᠡᠳ ᠪᠠᠳᠠᠷᠠᠭᠤᠯᠵᠤ᠂ ᠪᠠᠢᠭᠤᠯᠭ᠎ᠠ᠂ ᠠᠵᠤ ᠠᠬᠤᠢᠯᠠᠯ᠂ ᠰᠤᠷᠭᠠᠭᠤᠯᠢ ᠵᠡᠷᠭᠡ 22 ᠬᠦᠷᠢᠢ᠎ᠡ᠎ᠶ᠋ᠢ ᠬᠠᠮᠤᠷᠴᠤ᠌᠂ ᠦᠨᠳᠦᠰᠦᠨ ᠱᠠᠲᠤᠨ᠎ᠤ ᠦᠨᠳᠦᠰᠦᠲᠡᠨ᠎ᠦ ᠠᠵᠢᠯ᠎ᠤᠨ ᠬᠦᠴᠦᠨ ᠪᠠᠭᠤᠷᠠᠢ ᠪᠣᠭᠣᠮᠢ᠎ᠶ᠋ᠢ ᠪᠦᠲᠦᠮᠵᠢᠲᠡᠢ ᠱᠢᠢᠳᠪᠦᠷᠢᠯᠡᠪᠡ᠃ ᠡᠭᠦᠨ᠎ᠦ ᠬᠠᠮᠲᠤ᠂ ᠣᠯᠠᠨ ᠵᠢᠯᠣᠭᠣᠳᠭᠤ ᠴᠢᠨᠠᠷᠲᠠᠶ ᠪᠢᠴᠢᠭ ᠮᠠᠲ᠋ᠧᠷᠢᠶᠠᠯ ᠨᠡᠢᠲᠡᠯᠡᠵᠦ᠍᠂ ᠭᠤᠤᠯ ᠰᠢᠵᠢᠮ᠎ᠤᠨ ᠡᠭᠦᠷᠭᠡ᠎ᠶ᠋ᠢ ᠪᠥᠬᠥ᠌ ᠬᠣᠲᠠ᠎ᠶ᠋ᠢᠨ 68 ᠰᠠᠯᠠᠭ᠎ᠠ ᠮᠥᠴᠢᠷ᠂ 250 ᠠᠵᠢᠯ ᠦᠶ᠋ᠯᠡᠰ᠎ᠦᠨ ᠨᠢᠭᠡᠴᠢ᠎ᠶ᠋ᠢᠨ 《ᠭᠤᠷᠪᠠ᠎ᠶ᠋ᠢ ᠲᠣᠭ᠍ᠲᠠᠭᠠᠬᠤ》 ᠲᠣᠭ᠍ᠲᠠᠭᠠᠯ᠎ᠳᠤ ᠪᠢᠴᠢᠨ ᠣᠷᠣᠭᠤᠯᠤᠭ᠍ᠰᠠᠨ ᠪᠥᠭᠡᠳ ᠲᠤᠰᠭᠠᠶ ᠲᠤᠱᠢᠶᠠᠯ᠎ᠤᠨ ᠪᠠ ᠲᠤᠱᠢᠶᠠᠯ ᠬᠠᠪᠰᠤᠷᠭᠠᠭ᠍ᠰᠠᠨ ᠦᠨᠳᠦᠰᠦᠲᠡᠨ᠎ᠦ ᠠᠵᠢᠯ᠎ᠤᠨ ᠺᠠᠳ᠋ᠷ ᠵᠢᠴᠢ ᠦᠨᠳᠦᠰᠦᠨ ᠱᠠᠲᠤᠨ᠎ᠤ ᠠᠵᠢᠯᠳᠠᠨ᠎ᠢ 9235 ᠨᠡᠷ᠎ᠡ ᠲᠣᠬᠢᠷᠠᠭᠤᠯᠵᠤ᠂ ᠳᠡᠭᠡᠳᠦ ᠳᠤᠤᠷᠠᠳᠤ ᠱᠠᠲᠤ ᠬᠣᠯᠪᠣᠭᠠᠯᠠᠨ ᠬᠥᠳᠡᠯᠦᠯᠴᠡᠭ᠌ᠰᠡᠨ᠂ ᠪᠥᠬᠥ᠌ ᠣᠷᠣᠨ ᠪᠦᠰᠡ᠎ᠶ᠋ᠢ ᠬᠠᠮᠤᠷᠤᠭ᠍ᠰᠠᠨ ᠡᠭᠦᠳᠦᠨ ᠪᠠᠢᠭᠤᠯᠬᠤ ᠪᠠᠢᠷᠢᠱᠢᠯ᠎ᠢ ᠪᠠᠢᠭᠤᠯᠵᠤ᠂ 11 ᠪᠥᠬᠥ᠌ ᠤᠯᠤᠰ᠎ᠤᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠵᠢᠱ᠌ᠢᠶ᠎ᠡ ᠦᠵᠡᠭᠦᠯᠬᠦ᠌ ᠣᠷᠣᠨ (ᠨᠢᠭᠡᠴᠢ)᠂ 17 ᠬᠠᠮᠲᠤ ᠨᠡᠢᠲᠡ᠂ 15 ᠬᠤᠪᠢ ᠬᠥᠮᠦᠨ ᠪᠥᠬᠥ᠌ ᠤᠯᠤᠰ᠎ᠤᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠵᠢᠱ᠌ᠢᠶᠡᠴᠢ ᠴᠣᠯᠠ ᠵᠢ ᠭᠥᠷᠳᠡᠪᠡ᠃

ᠪᠦᠵᠢᠭᠲᠦ ᠵᠦᠴᠦᠭᠡ 《ᠮᠤᠳᠤᠨ ᠴᠤᠬᠤᠷ᠎ᠦᠨ ᠠᠷᠪᠠᠨ ᠨᠠᠢ᠍ᠮᠠᠨ ᠴᠣᠬᠢᠯᠭ᠎ᠠ》
ᠰᠤᠶᠤᠯ᠎ᠢᠶᠡᠷ ᠤᠮᠳᠠᠯᠠᠵᠤ ᠬᠠᠮᠲᠤ᠎ᠶ᠋ᠢᠨ ᠤᠶᠤᠨ ᠰᠠᠨᠠᠭᠠᠨ᠎ᠤ ᠭᠡᠷ ᠣᠷᠣᠨ᠎ᠤ ᠪᠠᠢᠭᠤᠯᠤᠯᠳᠠ ᠵᠢ ᠴᠢᠩᠭᠠᠳᠬᠠᠪᠠ
ᠡᠵᠡᠨ ᠬᠤᠷᠤᠭ᠎ᠠ ᠬᠤᠰᠢᠭᠤᠨ ᠳ᠋ᠤ ᠪᠠᠢᠷᠢᠯᠠᠭ᠎ᠠ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠦᠵᠡᠰᠭᠦᠯᠡᠩ᠎ᠦᠨ ᠣᠷᠳᠣᠨ᠎ᠳᠠᠬᠢ 《ᠲᠡᠦᠬᠡ᠎ᠶ᠋ᠢᠨ ᠠᠭᠤᠰᠤᠯᠴᠠᠯ》᠂ 《ᠰᠣᠶᠣᠯ᠎ᠤᠨ ᠬᠦᠦᠷᠨᠢᠯ》᠂ 《ᠰᠡᠳᠭᠢᠯ ᠨᠢᠭᠡᠳᠦᠨ ᠬᠦᠰᠡᠯ ᠵᠡᠭᠦᠳᠦ᠍᠎ᠪᠡᠨ ᠲᠡᠷᠭᠡᠯᠱᠢᠭᠦᠯᠦᠶᠠ》 ᠵᠡᠷᠭᠡ ᠭᠤᠷᠪᠠᠨ ᠦᠵᠡᠭᠦᠯᠭᠡ᠎ᠶ᠋ᠢᠨ ᠲᠢᠩᠬᠢᠮ ᠨᠢ ᠪᠣᠳᠠᠲᠤ ᠪᠣᠳᠠᠰ᠂ ᠭᠡᠷᠡᠯ ᠵᠢᠷᠤᠭ ᠪᠣᠯᠤᠨ ᠤᠯᠠᠨ ᠵᠠᠭᠤᠴᠢᠯᠠᠭᠤᠷ᠎ᠤᠨ ᠬᠡᠯᠪᠡᠷᠢ᠎ᠪᠡᠷ ᠡᠨᠳᠡᠬᠢ ᠦᠨᠳᠦᠰᠦᠲᠡᠨ᠎ᠦ ᠪᠦᠯᠬᠦᠮᠳᠡᠯ᠎ᠦᠨ ᠶᠠᠪᠤᠯᠴᠠᠭ᠎ᠠ ᠰᠤᠯᠢᠯᠴᠠᠭ᠎ᠠ ᠠᠭᠤᠰᠤᠯᠴᠠᠯ᠎ᠤᠨ ᠦᠯᠢᠭᠡᠷ᠎ᠢ ᠬᠦᠤᠷᠨᠢᠨ᠎ᠡ᠃ ᠲᠣᠰ ᠣᠷᠳᠣᠨ 2024 ᠣᠨ᠎ᠤ 7 ᠰᠠᠷ᠎ᠠ᠎ᠳᠤ ᠡᠭᠦᠳᠡ᠎ᠪᠡᠨ ᠨᠡᠭᠡᠭᠡᠭ᠌ᠰᠡᠨ᠎ᠡᠴᠡ ᠣᠲᠣ ᠪᠣᠯᠲᠠᠯ᠎ᠠ ᠨᠢᠭᠡᠨᠲᠡ 4 ᠲᠦᠮᠡ ᠭᠠᠷᠤᠶ ᠬᠥᠮᠦᠨ ᠤᠳᠠᠭ᠎ᠠ ᠵᠢ ᠭᠥᠯᠢᠶᠡᠨ ᠠᠪᠴᠠᠢ᠃
ᠡᠵᠡᠨ ᠬᠣᠷᠣᠭ᠎ᠠ ᠬᠣᠱᠢᠭᠤᠨ᠎ᠤ ᠵᠦ᠍ ᠺᠠᠢ ᠭᠸᠤ ᠵᠢᠨ ᠪᠠᠭᠤᠷᠢ ᠵᠡᠷᠭᠡ ᠭᠠᠵᠠᠷ᠎ᠠᠴᠠ ᠣᠯᠳᠠᠭ᠍ᠰᠠᠨ ᠲᠡᠦᠬᠡ᠎ᠶ᠋ᠢᠨ ᠳᠤᠷᠠᠰᠭᠠᠯᠲᠤ ᠵᠦᠢᠯᠡᠰ᠎ᠲᠦ ᠬᠠᠳᠤᠨ ᠭᠣᠣᠯ᠎ᠤᠨ ᠬᠣᠶᠠᠷ ᠬᠦᠪᠡᠬᠡ᠂ ᠤᠷᠳᠤ ᠴᠠᠭᠠᠨ ᠬᠡᠷᠡᠮ᠎ᠦᠨ ᠳᠣᠲᠣᠨ᠎ᠠ ᠭᠠᠳᠠᠨᠠᠬᠢ ᠦᠨᠳᠦᠰᠦᠲᠡᠨ᠎ᠨᠦᠭᠦᠳ᠎ᠦᠨ ᠴᠢᠰᠤ ᠮᠢᠬᠠᠨ᠎ᠤ ᠪᠠᠷᠢᠯᠳᠤᠯᠭ᠎ᠠ᠎ᠶ᠋ᠢᠨ ᠲᠡᠦᠬᠡ᠎ᠶ᠋ᠢ ᠦᠬᠦᠯᠡᠨ᠎ᠡ᠃ ᠦᠦᠱᠢᠨ ᠬᠣᠱᠢᠭᠤ ᠪᠣᠯᠤᠨ ᠨᠠᠨᠵᠢᠩ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠦᠨ ᠤᠯᠠᠮᠵᠢᠯᠠᠭ᠍ᠴᠢ ᠵᠢᠨ ᠵᠣᠬᠢᠶᠠᠨ ᠪᠦᠲᠦᠭᠡᠭ᠌ᠰᠡᠨ 《ᠡᠭᠦᠯᠡᠨ ᠬᠡᠮᠡᠷᠯᠢᠭ ᠮᠣᠩᠭᠣᠯ ᠬᠡ ᠤᠭᠠᠯᠵᠠ᠎ᠶ᠋ᠢᠨ ᠵᠠᠰᠠᠯ ᠴᠢᠮᠡᠭ》 ᠨᠢ ᠡᠮᠦᠨᠡᠲᠦ ᠤᠮᠠᠷᠠᠲᠤ᠎ᠶ᠋ᠢᠨ ᠰᠣᠶᠣᠯ᠎ᠤᠨ ᠠᠭᠤᠰᠤᠯᠴᠠᠯ᠎ᠤᠨ ᠲᠥᠯᠥᠭᠡᠯᠡᠬᠦ ᠴᠢᠨᠠᠷᠳᠠᠢ ᠪᠦᠲᠦᠭᠡᠯ ᠪᠣᠯᠵᠤ᠂ ᠨᠠᠨᠵᠢᠩ᠎ᠳᠤ ᠶᠠᠪᠤᠭᠳᠠᠭᠰᠠᠨ ᠪᠣᠳᠠᠰ᠎ᠤᠨ ᠪᠤᠰᠤ ᠰᠣᠶᠣᠯ᠎ᠤᠨ ᠥᠪ᠎ᠦᠨ ᠲᠤᠰᠭᠠᠶ ᠦᠵᠡᠰᠭᠦᠯᠡᠩᠳᠦ 2 ᠲᠦᠮᠡ ᠭᠠᠷᠤᠶ ᠬᠥᠮᠦᠨ ᠣᠷᠣᠯᠴᠠᠵᠤ᠂ ᠵᠢᠶᠠᠩᠨᠠᠨᠤᠷᠤᠨ ᠪᠣᠯᠤᠨ ᠲᠠᠯ᠎ᠠ ᠨᠤᠲᠤᠭ᠎ᠤᠨ ᠬᠦᠨ ᠵᠤᠵᠠᠭᠠᠨ ᠨᠦᠬᠦᠷᠯᠡᠯ᠎ᠢ ᠬᠦᠮᠤᠰ ᠲᠸ᠋ ᠲᠠᠯᠭᠡᠨ ᠦᠵᠡᠬᠦᠯᠪᠠ᠃
ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ ᠲᠡᠦᠬᠡᠨ ᠬᠡᠷᠡᠭ ᠵᠢᠡᠷ ᠠᠬᠤᠢ ᠦᠵᠡᠭᠳᠡᠯ ᠪᠣᠯᠭᠠᠵᠤ᠂ ᠲᠤᠮᠤ ᠬᠡᠯᠪᠡᠷᠢ᠎ᠶ᠋ᠢᠨ ᠪᠣᠳᠠᠲᠤ ᠦᠵᠡᠭ᠌ᠳᠡᠯᠲᠦ ᠪᠥᠵᠢᠭ᠌ᠲᠦ ᠵᠦᠴᠦᠭᠡ 《ᠮᠤᠳᠤᠨ ᠴᠤᠬᠤᠷ᠎ᠦᠨ ᠠᠷᠪᠠᠨ ᠨᠠᠢ᠍ᠮᠠᠨ ᠴᠣᠬᠢᠯᠭ᠎ᠠ》 ᠵᠢ ᠪᠦᠬᠦ᠌ ᠤᠯᠤᠰ᠎ᠲᠸ᠋ 40 ᠭᠠᠷᠤᠢ ᠤᠳᠠᠭ᠎ᠠ ᠲᠣᠭᠣᠷᠢᠨ ᠲᠤᠭᠯᠠᠵᠤ᠂ ᠲᠣᠭ᠎ᠠ ᠲᠣᠮᠰᠢ ᠦᠭᠡᠢ ᠦᠵᠡᠭ᠌ᠴᠢᠳ᠎ᠦᠨ ᠰᠡᠳᠭᠢᠯ᠎ᠢ ᠳᠣᠭ᠍ᠳᠣᠯᠤᠭᠤᠯᠪᠠ; ᠮᠠᠩᠬᠠᠨ ᠠᠶᠠᠯᠭᠤ ᠫᠠᠷᠢᠰ᠎ᠤᠨ ᠤᠯᠠᠨ ᠤᠯᠤᠰ᠎ᠤᠨ ᠦᠵᠡᠰᠭᠦᠯᠡᠩ᠎ᠦᠨ ᠴᠤᠭ᠍ᠯᠠᠭᠠᠨ᠎ᠳᠤ ᠭᠠᠷᠴᠤ᠌᠂ ᠳᠡᠯᠡᠬᠡᠢ ᠳ᠋ᠠᠬᠢᠨ᠎ᠳᠤ ᠳᠤᠮᠳᠠᠳᠤ᠎ᠶ᠋ᠢᠨ ᠰᠣᠶᠣᠯ᠎ᠤᠨ ᠷᠢᠳᠢ ᠰᠢᠳᠢ ᠵᠢ ᠮᠡᠳᠡᠷᠡᠬᠦᠯᠪᠠ; 2024 ᠣᠨ᠎ᠳᠤ᠂ ᠣᠷᠳᠣᠰ ᠬᠣᠲᠠ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠶ᠋ᠢ ᠠᠬᠢᠭᠤᠯᠬᠤ ᠬᠤᠷᠠᠯ᠂ ᠮᠠᠯᠵᠢᠬᠤ ᠲᠠᠷᠢᠶᠠᠯᠠᠬᠤ ᠣᠷᠣᠨ᠎ᠤ ᠬᠥᠮᠦᠵᠢᠯ ᠦᠶ᠋ᠯᠡᠳᠦᠯᠭᠡ᠎ᠶ᠋ᠢᠨ ᠭᠤᠤᠯᠳᠠᠯᠭᠠᠲᠤ ᠡᠷᠦᠬᠡ᠂ ᠤᠯᠠᠭᠠᠨᠮᠥ᠋ᠴᠢᠷ ᠵᠡᠷᠭᠡ ᠠᠴᠢᠶᠠᠯᠠᠪᠤᠷᠢ᠎ᠳᠤ ᠲᠦᠱᠢᠭ᠌ᠯᠡᠨ᠂ ᠤᠳᠭ᠎ᠠ ᠤᠷᠠᠯᠢᠭ᠎ᠢ ᠬᠥᠳᠡᠭᠡ ᠪᠠᠭᠤᠯᠭᠠᠬᠤ᠂ ᠦᠨᠳᠦᠰᠦᠲᠡᠨ᠎ᠦ ᠪᠦᠯᠬᠦᠮᠳᠡᠯ᠎ᠦᠨ ᠥᠯᠢᠭᠡᠷ᠎ᠢ ᠤᠬᠠᠭᠤᠯᠤᠨ ᠲᠠᠢᠯᠪᠤᠷᠢᠯᠠᠬᠤ ᠵᠡᠷᠭᠡ ᠠᠵᠢᠯᠯᠠᠭ᠎ᠠ᠎ᠶ᠋ᠢ 2000 ᠭᠠᠷᠤᠶ ᠤᠳᠠᠭ᠎ᠠ ᠥᠷᠨᠢᠭᠦᠯᠵᠦ᠍᠂ ᠣᠯᠠᠨ ᠲᠦᠮᠡᠨ᠎ᠢ 330 ᠲᠦᠮᠡᠨ ᠬᠥᠮᠦᠨ ᠤᠳᠠᠭ᠎ᠠ ᠬᠠᠮᠤᠷᠴᠠᠶ᠃

ᠲᠡᠦᠬᠡ ᠵᠢᠨ ᠳᠤᠷᠠᠰᠬᠠᠯᠲᠤ ᠵᠦᠢᠯᠡᠰ᠎ᠤᠨ ᠦᠵᠡᠭᠦᠯᠭᠡ ᠵᠢ ᠰᠤᠨᠢᠷᠬᠠᠨ ᠦᠵᠡᠨ᠎ᠡ
ᠲᠦᠷᠦᠯ ᠲᠡᠮᠳᠡᠭ᠌ᠲᠦ ᠠᠵᠢᠯᠯᠠᠭ᠎ᠠ ᠦᠷᠨᠢᠬᠦᠯᠵᠦ ᠵᠠᠯᠠᠭᠤᠴᠤᠳ ᠪᠠᠭᠠᠴᠤᠳ᠎ᠦᠨ ᠶᠠᠪᠤᠯᠴᠠᠭ᠎ᠠ ᠰᠤᠯᠢᠯᠴᠠᠭ᠎ᠠ ᠵᠢ ᠠᠬᠢᠭᠤᠯᠪᠠ
ᠣᠷᠳᠣᠰ ᠬᠤᠳᠠ 《ᠭᠤᠷᠪᠠᠨ ᠵᠦᠶ᠋ᠯ᠎ᠦᠨ ᠲᠥᠯᠥᠪᠯᠡᠭᠡ·ᠲᠤᠯᠠᠭᠠᠨ ᠬᠣᠲᠠ᠎ᠶ᠋ᠢᠨ ᠠᠵᠢᠯᠯᠠᠭ᠎ᠠ》 ᠶ᠋ᠢ ᠭᠦᠨᠵᠡᠭᠡᠶ ᠬᠡᠷᠡᠭ᠌ᠵᠢᠭᠦᠯᠵᠦ᠍᠂ ᠣᠷᠣᠨ ᠵᠠᠶ᠂ ᠰᠣᠶᠣᠯ᠂ ᠠᠵᠤ ᠠᠬᠤᠶ᠂ ᠨᠡᠢᠭᠡᠮ᠂ ᠰᠡᠳᠭᠢᠴᠡ ᠵᠡᠷᠭᠡ ᠲᠠᠯ᠎ᠠ᠎ᠪᠠᠷ ᠦᠨᠳᠦᠰᠦᠲᠡᠨ᠎ᠨᠦᠭᠦᠳ᠎ᠦᠨ ᠪᠥᠬᠥ᠌ ᠲᠠᠯ᠎ᠠ᠎ᠶ᠋ᠢᠨ ᠠᠭᠤᠰᠤᠯᠴᠠᠯ᠎ᠢ ᠳᠥᠯᠭᠢᠨ ᠠᠬᠢᠭᠤᠯᠪᠠ᠃
ᠣᠷᠳᠣᠰ ᠬᠣᠲᠠ᠎ᠶ᠋ᠢᠨ ᠨᠢᠭᠡᠳᠦᠭᠡᠷ ᠳᠤᠮᠳᠠᠳᠤ ᠰᠤᠷᠭᠠᠭᠤᠯᠢ᠎ᠶ᠋ᠢᠨ ᠡᠵᠡᠨ ᠬᠣᠷᠣᠭ᠎ᠠ ᠰᠤᠷᠭᠠᠭᠤᠯᠢ᠎ᠶ᠋ᠢᠨ ᠲᠣᠭᠣᠷᠢᠭ 《ᠠᠨᠠᠷ᠎ᠤᠨ ᠦᠷ᠎ᠡ᠎ᠶ᠋ᠢᠨ ᠠᠩᠭᠢ》 ᠭᠠᠷᠭᠠᠨ᠂ ᠬᠥᠬᠡᠨᠠᠭᠤᠷ᠎ᠠᠴᠠ ᠢᠷᠡᠭ᠌ᠰᠡᠨ 120 ᠰᠤᠷᠤᠭᠴᠢ ᠡᠨᠳᠡ ᠡᠴᠡ ᠥᠨᠳᠥᠷ ᠵᠡᠷᠭᠡ᠎ᠶ᠋ᠢᠨ ᠳᠤᠮᠳᠠᠳᠤ ᠰᠤᠷᠭᠠᠭᠤᠯᠢ ᠪᠠᠨ ᠲᠡᠬᠦᠰᠪᠡ; ᠤᠷᠳᠤᠰ ᠬᠤᠳᠠ ᠴᠧᠩᠳᠦ᠋᠂ ᠶᠠᠨᠪᠢᠶᠡᠨ ᠵᠡᠷᠭᠡ 28 ᠭᠠᠵᠠᠷ ᠣᠷᠣᠨ᠎ᠲᠠᠶ 120 ᠭᠠᠷᠤᠢ ᠵᠦᠢᠯ᠎ᠦᠨ 《ᠭᠠᠷ ᠭᠠᠷ᠎ᠢᠶᠠᠨ ᠬᠣᠯᠪᠣᠬᠤ》 ᠬᠡᠯᠡᠯᠴᠡᠭᠡᠷ ᠲᠣᠭ᠍ᠲᠠᠪᠠ; 16 ᠲᠦᠮᠡᠨ ᠦᠨᠳᠦᠰᠦᠲᠡᠨ᠎ᠨᠦᠭᠦᠳ᠎ᠦᠨ ᠵᠠᠯᠠᠭᠤᠴᠤᠳ ᠪᠠᠭᠠᠴᠤᠳ 《ᠵᠢᠵᠢᠭ ᠠᠨᠠᠷ᠎ᠤᠨ ᠦᠷ᠎ᠡ》 ᠵᠢᠨ ᠠᠵᠢᠯᠯᠠᠭ᠎ᠠ᠎ᠳᠤ ᠣᠷᠣᠯᠴᠠᠵᠤ᠂ ᠦᠨᠳᠦᠰᠦᠲᠡᠨ᠎ᠨᠦᠭᠦᠳ᠎ᠦᠨ ᠰᠤᠷᠤᠭ᠍ᠴᠢᠳ ᠲᠸ᠋ ᠬᠠᠷᠢᠯᠴᠠᠨ ᠰᠤᠷᠤᠯᠴᠠᠵᠤ ᠬᠠᠷᠢᠯᠴᠠᠨ ᠰᠤᠯᠢᠯᠴᠠᠬᠤ ᠲᠠᠪᠴᠠᠩ ᠬᠠᠨᠭᠭᠠᠪᠠ᠃
《ᠮᠠᠨ᠎ᠤ ᠲᠤᠭᠤᠢᠯᠠᠩ ᠳ᠋ᠤ ᠬᠢᠲᠠᠳ᠂ ᠮᠣᠩᠭᠣᠯ᠂ ᠬᠣᠲᠣᠩ 3 ᠦᠨᠳᠦᠰᠦᠲᠡᠨ᠎ᠦ ᠭᠡᠱᠢᠭᠦᠳ ᠪᠠᠢᠨ᠎ᠠ᠂ ᠪᠢ ᠨᠢᠩᠱᠢᠶᠠ᠎ᠶ᠋ᠢᠨ ᠦ᠋ ᠵᠥᠩ᠎ᠡᠴᠡ ᠤᠷᠤᠯᠳᠤᠭᠠᠨ᠎ᠳᠤ ᠣᠷᠣᠯᠴᠠᠬᠤ᠎ᠪᠠᠷ ᠢᠷᠡᠵᠦ᠍᠂ ᠣᠷᠣᠨ ᠪᠦᠰᠡ ᠠᠯᠤᠰᠯᠠᠭ᠍ᠰᠠᠨ ᠦᠨᠳᠦᠰᠦᠳᠡᠨ ᠨᠤᠬᠦᠳ᠎ᠦᠨ ᠨᠠᠢᠵᠠ᠎ᠨᠠᠷ᠎ᠲᠠᠶ ᠲᠠᠨᠢᠯᠴᠠᠯ᠎ᠠ᠃》 2025 ᠣᠨ᠎ᠳᠤ ᠣᠲᠣᠭ᠎ᠤᠨ ᠡᠮᠦᠨᠡᠲᠦ ᠬᠣᠱᠢᠭᠤᠨ᠎ᠳᠤ ᠶᠠᠪᠤᠭ᠍ᠳᠠᠭ᠍ᠰᠠᠨ ᠲᠠᠯ᠎ᠠ ᠨᠤᠲᠤᠭ᠎ᠤᠨ ᠲᠣᠰᠭᠣᠨ᠎ᠤ ᠠᠯᠠᠭᠠᠳᠠᠬᠤ ᠪᠥᠮᠪᠥᠭᠡ ᠵᠢᠴᠢ ᠬᠠᠲᠤᠨ ᠭᠤᠤᠯ ᠳᠠᠭᠠᠤ᠎ᠶ᠋ᠢᠨ ᠶᠢᠰᠦᠨ ᠮᠤᠵᠢ ᠣᠷᠣᠨ᠎ᠤ ᠮᠠᠯᠴᠢᠨ ᠲᠠᠷᠢᠶᠠᠴᠢᠨ᠎ᠤ ᠠᠯᠠᠭᠠᠳᠠᠬᠤ ᠪᠥᠮᠪᠥᠭᠡ᠎ᠶ᠋ᠢᠨ ᠤᠷᠢᠯᠭ᠎ᠠ᠎ᠶ᠋ᠢᠨ ᠤᠷᠤᠯᠳᠤᠭᠠᠨ᠎ᠳᠤ ᠤᠷᠤᠯᠴᠠᠭᠰᠠᠨ ᠨᠢᠩᠱᠢᠶᠠ᠎ᠶ᠋ᠢᠨ ᠲᠥᠯᠥᠭᠡᠯᠡᠭ᠌ᠴᠢᠳ᠎ᠦᠨ ᠠᠩᠭᠢ᠎ᠶ᠋ᠢᠨ ᠳᠠᠰᠭᠠᠯᠵᠢᠭᠤᠯᠤᠭ᠍ᠴᠢ ᠮᠠ ᠵᠠᠨ ᠹᠦ᠋ ᠰᠡᠳᠭᠢᠯ ᠳᠣᠭ᠍ᠳᠣᠯᠤᠨ ᠬᠡᠯᠡᠪᠡ᠃ ᠨᠠᠨᠵᠢᠩ᠎ᠤᠨ ᠰᠡᠬᠡᠭᠡᠲᠡᠨ ᠵᠠᠯᠠᠭᠤᠴᠤᠳ᠎ᠤᠨ ᠠᠯᠠᠭᠠᠳᠠᠬᠤ ᠪᠥᠮᠪᠥᠭᠡ᠎ᠶ᠋ᠢ ᠮᠠᠯᠴᠢᠳ᠎ᠲᠤ ᠵᠢᠭᠠᠵᠤ ᠰᠤᠷᠭᠠᠭᠰᠠᠨ ᠡᠨᠡ ᠬᠦ᠌ ᠤᠷᠤᠯᠳᠤᠭᠠᠨ ᠨᠢ ᠨᠢᠭᠡᠨᠲᠡ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠤᠬᠰᠠᠨ ᠲᠦᠷᠦᠯ ᠲᠡᠮᠳᠡᠭ᠌ᠲᠦ ᠠᠵᠢᠯᠯᠠᠭ᠎ᠠ ᠪᠣᠯᠤᠭ᠍ᠰᠠᠨ ᠪᠠᠢᠨ᠎ᠠ᠃
ᠤᠷᠳᠤᠰ ᠬᠤᠳᠠ 《ᠦᠨᠳᠦᠰᠦᠲᠡᠨ᠎ᠦ ᠪᠦᠯᠬᠦᠮᠳᠡᠯ + ᠪᠡᠶ᠎ᠡ᠎ᠶ᠋ᠢᠨ ᠲᠠᠮᠢᠷ + ᠰᠣᠶᠣᠯ ᠵᠢᠭᠤᠯᠴᠢᠯᠠᠯ + ᠠᠵᠤ ᠦᠢᠯᠡᠰ》 ᠦ᠋ᠨ ᠵᠠᠭ᠍ᠪᠤᠷ᠎ᠤᠨ ᠱᠢᠨ᠎ᠡ᠎ᠶ᠋ᠢ ᠡᠭᠦᠳᠴᠦ᠍᠂ 41 ᠵᠢᠱ᠌ᠢᠶ᠎ᠡ ᠦᠵᠡᠭᠦᠯᠬᠦ᠌ ᠵᠠᠮ ᠱᠤᠭᠤᠮ᠎ᠢ ᠭᠠᠷᠭᠠᠵᠤ᠂ ᠬᠥᠬᠡᠮᠥ᠋ᠷᠡᠨ᠎ᠦ ᠭᠤᠷᠪᠠᠯᠵᠢᠨ ᠬᠣᠢᠭ᠂ ᠭᠤᠸᠠᠩᠳᠦ᠋ᠩ ᠱᠢᠶᠠᠩᠭᠠᠩ ᠣᠣᠮᠧᠨ᠎ᠲᠡᠶ 《ᠵᠠᠭᠤᠨ ᠲᠦᠮᠡᠨ ᠬᠥᠮᠦᠨ ᠬᠠᠷᠢᠯᠴᠠᠨ ᠵᠢᠭᠤᠯᠴᠢᠯᠠᠬᠤ》 ᠲᠥᠯᠥᠪᠯᠡᠭᠡ᠎ᠶ᠋ᠢ ᠬᠡᠷᠡᠭ᠌ᠵᠢᠭᠦᠯᠪᠡ᠃ ᠴᠢᠩᠭᠢᠰ ᠬᠠᠭᠠᠨ᠎ᠤ ᠣᠩᠭᠣᠨ᠎ᠤ ᠵᠢᠭᠤᠯᠴᠢᠯᠠᠯ᠎ᠤᠨ ᠣᠷᠣᠨ᠎ᠳᠤ ᠵᠢᠯ ᠪᠦᠷᠢ ᠲᠠᠯ᠎ᠠ ᠨᠤᠲᠤᠭ᠎ᠤᠨ ᠴᠠᠭᠠᠰᠤᠨ ᠱᠢᠪᠠᠭᠤ᠎ᠶ᠋ᠢᠨ ᠨᠠᠢᠷ᠂ 《ᠲᠡᠯᠭᠡᠷ ᠨᠠᠭᠠᠳᠤᠮ·ᠲᠠᠯ᠎ᠠ ᠨᠤᠲᠤᠭ᠎ᠲᠤ ᠪᠣᠯᠵᠣᠶ᠎ᠠ》 ᠵᠡᠷᠭᠡ 20 ᠭᠠᠷᠤᠶ ᠲᠠᠯᠠᠪᠠᠶ ᠠᠵᠢᠯᠯᠠᠭ᠎ᠠ ᠥᠷᠨᠢᠭᠦᠯᠵᠦ᠍᠂ 《ᠦᠨᠳᠦᠰᠦᠲᠡᠨ᠎ᠨᠦᠭᠦᠳ᠎ᠦᠨ ᠬᠤᠪᠴᠠᠰᠤ ᠵᠠᠰᠠᠯ᠎ᠤᠨ ᠦᠵᠡᠭᠦᠯᠭᠡ》《ᠤᠯᠠᠨ ᠦᠨᠳᠦᠰᠦᠲᠡᠨ᠎ᠦ ᠨᠠᠢᠷᠠᠯ ᠳᠠᠭᠤᠤ》《ᠠᠨᠠᠷ᠎ᠦᠨ ᠬᠡᠯᠬᠢᠶ᠎ᠠ·ᠰᠡᠳᠬᠢᠯ ᠨᠢᠭᠡᠳᠤᠨ ᠬᠦᠰᠡᠯ ᠵᠡᠬᠦᠳᠤ ᠪᠠᠨ ᠲᠡᠷᠭᠡᠯᠰᠢᠬᠦᠯᠬᠦ》 ᠠᠵᠢᠯᠯᠠᠭ᠎ᠠ ᠨᠢ ᠰᠠᠷ᠎ᠠ ᠪᠦᠷᠢ ᠭᠤᠷᠪᠠ ᠤᠳᠠᠭ᠎ᠠ ᠶᠠᠪᠤᠭ᠍ᠳᠠᠵᠤ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠢ ᠨᠡᠢᠲᠡ 5 ᠲᠦᠮᠡᠨ ᠬᠥᠮᠦᠨ ᠤᠳᠠᠭ᠎ᠠ ᠭᠥᠯᠢᠶᠡᠨ ᠠᠪᠴᠠᠶ᠃

《ᠤᠯᠠᠭᠠᠨ ᠠᠨᠠᠷ》 ᠵᠢᠡᠨ ᠤᠷᠠᠯᠠᠨ ᠵᠢᠷᠤᠭᠯᠠᠨ᠎ᠠ
ᠬᠠᠦᠯᠢ ᠪᠡᠷ ᠵᠠᠰᠠᠬᠤ ᠵᠢ ᠴᠢᠨᠭᠭᠠᠳᠬᠠᠵᠤ ᠦᠨᠳᠦᠰᠦᠲᠡᠨ᠎ᠦ ᠬᠡᠷᠡᠭ ᠶᠠᠪᠤᠳᠠᠯ᠎ᠤᠨ ᠵᠠᠰᠠᠯᠲᠠ᠎ᠶ᠋ᠢ ᠬᠦᠨᠵᠡᠭᠡᠢᠷᠡᠬᠦᠯᠪᠡ
ᠪᠥᠬᠥ᠌ ᠤᠯᠤᠰ᠎ᠤᠨ ᠠᠩᠬᠠᠳᠠᠭ᠍ᠴᠢ ᠪᠦᠯᠦᠭ᠎ᠤᠨ ᠬᠣᠲᠠ᠎ᠶ᠋ᠢᠨ ᠬᠡᠪᠴᠢᠶᠡᠨ᠎ᠦ ᠨᠡᠢᠭᠡᠮ᠎ᠦᠨ ᠵᠠᠰᠠᠯᠲᠠ᠎ᠶ᠋ᠢᠨ ᠣᠳᠣᠬᠢᠴᠢᠯᠠᠯᠲᠠ᠎ᠶ᠋ᠢᠨ ᠲᠤᠷᠱᠢᠯᠲᠠ᠎ᠶ᠋ᠢᠨ ᠬᠣᠲᠠ ᠪᠣᠯᠤᠭ᠍ᠰᠠᠨ᠎ᠤ ᠬᠤᠪᠢ᠎ᠳᠤ ᠣᠷᠳᠣᠰ ᠬᠣᠲᠠ ᠬᠠᠤᠯᠢ᠎ᠪᠠᠷ ᠵᠠᠰᠠᠬᠤ ᠪᠠᠲᠤᠯᠠᠭ᠎ᠠ ᠬᠢᠭᠡᠳ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠢᠶᠡᠷ ᠴᠢᠳᠠᠪᠤᠷᠢ ᠣᠯᠭᠣᠬᠤ᠎ᠶ᠋ᠢ ᠵᠡᠷᠭᠡ᠎ᠪᠡᠷ ᠴᠢᠬᠤᠯᠠᠴᠢᠯᠠᠬᠤ᠎ᠶ᠋ᠢ ᠪᠠᠷᠢᠮᠲᠠᠯᠠᠵᠤ᠂ ᠦᠨᠳᠦᠰᠦᠲᠡᠨ᠎ᠦ ᠬᠡᠷᠡᠭ ᠶᠠᠪᠤᠳᠠᠯ᠎ᠤᠨ ᠵᠠᠰᠠᠯᠲᠠ᠎ᠶ᠋ᠢᠨ ᠣᠳᠣᠬᠢᠴᠢᠯᠠᠯᠲᠠ᠎ᠶ᠋ᠢ ᠳᠥᠯᠭᠢᠨ ᠠᠬᠢᠭᠤᠯᠪᠠ᠃
《ᠦᠨᠳᠦᠰᠦᠲᠡᠨ᠎ᠤ ᠬᠡᠷᠡᠭ ᠶᠠᠪᠤᠳᠠᠯ ᠲᠡᠶ ᠬᠣᠯᠪᠣᠭ᠍ᠳᠠᠭ᠍ᠰᠠᠨ ᠭᠡᠨᠡᠳᠲᠡ᠎ᠶ᠋ᠢᠨ ᠬᠡᠷᠡᠭ ᠪᠠᠴᠢᠮ ᠪᠠᠢᠳᠠᠯ᠎ᠢ ᠠᠷᠭᠠᠴᠠᠭᠠᠬᠤ ᠪᠡᠯᠡᠳᠭᠡᠯ ᠲᠥᠰᠦᠯ》 ᠢ᠋ ᠲᠣᠭ᠍ᠲᠠᠭᠠᠵᠤ᠂ 《ᠴᠡᠪᠡᠷ ᠰᠦᠯᠵᠢᠶ᠎ᠡ·ᠠᠨᠠᠷ᠎ᠤᠨ ᠦᠷ᠎ᠡ᠎ᠶ᠋ᠢᠨ ᠠᠵᠢᠯᠯᠠᠭ᠎ᠠ》᠎ᠶ᠋ᠢ ᠥᠷᠨᠢᠭᠦᠯᠵᠦ᠍᠂ ᠰᠦᠯᠵᠢᠶᠡᠨ᠎ᠦ ᠠᠮᠤᠷ ᠲᠦᠪᠱᠢᠨ᠎ᠦ ᠰᠡᠷᠭᠡᠢᠯᠡᠯᠲᠡ᠎ᠶ᠋ᠢᠨ ᠱᠤᠭᠤᠮ᠎ᠢ ᠪᠠᠲᠤ ᠴᠣᠭ᠍ᠴᠠᠯᠠᠪᠠ; 《ᠤᠶᠤᠨᠲᠤ ᠠᠨᠠᠷ᠎ᠤᠨ ᠦᠷ᠎ᠡ》 ᠮᠡᠳᠡᠭᠡ ᠵᠠᠩᠭᠢ᠎ᠶ᠋ᠢᠨ ᠲᠠᠪᠴᠠᠩ᠎ᠢ ᠪᠠᠢᠭᠤᠯᠵᠤ᠂ ᠦᠨᠳᠦᠰᠦᠲᠡᠨ᠎ᠦ ᠬᠡᠷᠡᠭ ᠶᠠᠪᠤᠳᠠᠯ᠎ᠢ 《ᠨᠢᠭᠡ ᠰᠦᠯᠵᠢᠶ᠎ᠡ᠎ᠪᠡᠷ ᠨᠡᠢᠳᠡᠮ ᠭᠦᠶ᠋ᠴᠡᠳᠭᠡᠬᠦ᠌》 ᠶ᠋ᠢ ᠪᠡᠶᠡᠯᠡᠭᠦᠯᠪᠡ; 《ᠮᠢᠩᠭᠠᠨ ᠭᠠᠵᠠᠷ᠎ᠤᠨ ᠲᠠᠯ᠎ᠠ ᠨᠤᠲᠤᠭ᠎ᠤᠨ ᠠᠮᠤᠷ ᠠᠮᠤᠭᠤᠯᠠᠩ᠎ᠢ ᠪᠠᠲᠤᠯᠠᠬᠤ》 ᠵᠡᠷᠭᠡ ᠵᠥᠷᠢᠴᠡᠯ᠎ᠢ ᠠᠷᠢᠯᠭᠠᠬᠤ ᠲᠣᠭ᠍ᠲᠠᠴᠠ᠎ᠶ᠋ᠢ ᠳ᠋ᠦᠩᠨᠡᠨ ᠳᠡᠯᠭᠡᠷᠡᠭᠦᠯᠵᠦ᠍᠂ 《ᠭᠤᠷᠪᠠᠨ ᠱᠠᠳᠤ ᠪᠡᠷ᠎ᠢᠶᠡᠨ ᠬᠣᠯᠪᠣᠭᠠᠯᠠᠨ ᠬᠥᠳᠡᠯᠦᠯᠴᠡᠬᠦ᠌》 ᠳᠦᠷᠢᠮ᠎ᠢ ᠠᠬᠢᠭᠤᠯᠵᠤ᠂ ᠣᠯᠠᠨ ᠲᠦᠮᠡᠨ᠎ᠦ ᠬᠦᠰᠡᠯ ᠱᠠᠭᠠᠷᠳᠠᠯᠭ᠎ᠠ᠎ᠶ᠋ᠢ 《ᠨᠢᠭᠡ ᠥᠷᠲᠡᠭᠡᠴᠢᠯᠡᠭ᠌ᠰᠡᠨ ᠬᠡᠯᠪᠡᠷᠢ ᠪᠡᠷ ᠭᠥᠯᠢᠶᠡᠨ ᠠᠪᠴᠤ᠌ ᠱᠢᠶ᠋ᠳᠪᠦᠷᠢᠯᠡᠬᠦ᠌᠂ ᠪᠦᠬᠦᠨ᠎ᠢ ᠵᠣᠬᠢᠴᠠᠭᠤᠯᠤᠨ ᠱᠢᠶ᠋ᠳᠪᠦᠷᠢᠯᠡᠬᠦ᠌᠂ ᠪᠥᠬᠥ᠌ ᠬᠡᠯᠬᠢᠶ᠎ᠡ᠎ᠪᠡᠷ ᠱᠢᠶ᠋ᠳᠪᠦᠷᠢᠯᠡᠬᠦ᠌》 ᠶ᠋ᠢ ᠪᠡᠶᠡᠯᠡᠭᠦᠯᠬᠦ᠌᠎ᠶ᠋ᠢ ᠠᠬᠢᠭᠤᠯᠪᠠ᠃
ᠳ᠋ᠦᠩᠱᠧᠩ ᠲᠣᠭᠣᠷᠢᠭ᠎ᠤᠨ ᠠᠨᠳᠠ ᠨᠡᠢᠭᠡᠮ ᠲᠣᠭᠣᠷᠢᠭ 《ᠨᠠᠮ᠎ᠤᠨ ᠪᠠᠢᠭᠤᠯᠤᠯᠲᠠ + ᠲᠠᠨ᠎ᠢ ᠤᠷᠢᠵᠤ ᠵᠥᠪᠳᠡᠯᠴᠡᠨᠡᠮ》 ᠭᠡᠬᠦ ᠵᠠᠭ᠍ᠪᠤᠷ᠎ᠢ ᠡᠭᠦᠳᠴᠦ᠍᠂ ᠰᠠᠨᠳᠠᠯᠢ᠎ᠶ᠋ᠢᠨ ᠬᠤᠷᠠᠯ᠂ ᠰᠡᠷᠢᠭᠦᠨ ᠲᠢᠩᠰᠡ᠎ᠶ᠋ᠢᠨ ᠬᠤᠷᠠᠯ ᠵᠡᠷᠭᠡ ᠬᠡᠷᠡᠭ ᠵᠥᠪᠯᠡᠬᠦ᠌ ᠬᠡᠯᠪᠡᠷᠢ᠎ᠵᠢ ᠠᠪᠴᠤ᠂ 15 ᠦᠨᠳᠦᠰᠦᠲᠡᠨ ᠲᠦᠪᠯᠡᠷᠡᠨ ᠰᠠᠭᠤᠷᠢᠰᠢᠭᠰᠠᠨ ᠰᠠᠭᠤᠭᠠᠯᠢ ᠠᠷᠠᠳ᠎ᠤᠨ ᠲᠣᠭᠣᠷᠢᠭ᠎ᠲᠤ ᠴᠠᠬᠢᠯᠭᠠᠨ ᠱᠠᠲᠤ᠎ᠶ᠋ᠢᠨ ᠥᠭᠡᠷᠡᠴᠢᠯᠡᠯᠲᠡ᠂ ᠴᠠᠬᠢᠯᠭᠠᠨ ᠴᠡᠨᠡᠭ᠌ᠯᠡᠬᠦ᠌ ᠱᠣᠩ᠎ᠤᠨ ᠪᠥᠲᠥᠭᠡᠨ ᠪᠠᠢᠭᠤᠯᠤᠯᠲᠠ ᠵᠡᠷᠭᠡ ᠠᠷᠠᠳ᠎ᠤᠨ ᠠᠮᠢᠳᠤᠷᠠᠯ᠎ᠤᠨ ᠬᠦᠴᠢᠷ ᠠᠰᠠᠭᠤᠳᠠᠯ᠎ᠢ ᠱᠢᠶ᠋ᠳᠪᠦᠷᠢᠯᠡᠵᠦ᠍ ᠥᠭ᠌ᠪᠡ; ᠡᠵᠡᠨ ᠬᠣᠷᠣᠭ᠎ᠠ ᠬᠣᠱᠢᠭᠤᠨ᠎ᠤ ᠡᠵᠡᠨ ᠬᠣᠷᠣᠭ᠎ᠠ ᠪᠠᠯᠭᠠᠰᠤ᠎ᠨᠢ ᠦᠨᠳᠦᠰᠦᠲᠡᠨ᠎ᠦ ᠠᠵᠢᠯ ᠬᠢᠭᠡᠳ ᠠᠵᠤ ᠦᠶ᠋ᠯᠡᠰ᠎ᠦᠨ ᠬᠥᠭ᠌ᠵᠢᠯᠲᠡ᠂ ᠠᠷᠠᠳ᠎ᠤᠨ ᠠᠮᠢᠳᠤᠷᠠᠯ᠎ᠤᠨ ᠪᠠᠲᠤᠯᠠᠭ᠎ᠠ᠂ ᠬᠠᠦᠯᠢ ᠪᠡᠷ ᠵᠠᠰᠠᠬᠤ ᠪᠠᠢᠭᠤᠯᠤᠯᠲᠠ ᠵᠡᠷᠭᠡ ᠲᠠᠯ᠎ᠠ ᠵᠢᠨ ᠭᠦᠨᠵᠡᠭᠡᠶ ᠠᠭᠤᠰᠤᠯᠴᠠᠯ᠎ᠢ ᠠᠬᠢᠭᠤᠯᠵᠤ᠂ 《ᠲᠠᠪᠤ᠎ᠶ᠋ᠢ ᠠᠭᠤᠰᠤᠯᠴᠠᠭᠤᠯᠬᠤ》 ᠪᠠᠷ ᠭᠠᠷᠳᠠᠴᠠ ᠪᠣᠯᠭᠠᠨ᠂ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠡᠭᠦᠳᠦᠨ ᠪᠠᠢᠭᠤᠯᠬᠤ ᠠᠵᠢᠯ᠎ᠢ ᠭᠦᠨᠵᠡᠭᠡᠢᠷᠡᠭᠦᠯᠦᠨ ᠪᠣᠳᠠᠲᠠᠢᠵᠢᠭᠤᠯᠪᠠ᠃
ᠥᠨᠥᠳᠦᠷ᠎ᠦᠨ ᠤᠷᠳᠤᠰ ᠬᠤᠳᠠ᠂ ᠦᠨᠳᠦᠰᠦᠲᠡᠨ᠎ᠨᠦᠭᠦᠳ ᠠᠨᠠᠷ᠎ᠤᠨ ᠦᠷ᠎ᠡ ᠱᠢᠭ ᠨᠢᠭ᠍ᠲᠠᠷᠠᠨ ᠪᠦᠯᠬᠦᠮᠳᠡᠵᠤ᠂ ᠡᠷᠡᠮᠡᠭᠡᠢᠯᠡᠨ ᠲᠡᠮᠡᠴᠡᠵᠤ᠂ ᠬᠠᠮᠲᠤ᠎ᠪᠠᠷ ᠴᠡᠴᠡᠭ᠌ᠯᠡᠨ ᠬᠥᠭ᠌ᠵᠢᠬᠦ᠌ ᠵᠠᠮ᠎ᠢᠶᠠᠷ ᠭᠠᠷ ᠬᠣᠯᠪᠣᠨ ᠢᠳᠡᠷᠡᠬᠦᠨ ᠤᠷᠤᠭ᠍ᠰᠢᠯᠠᠨ᠎ᠠ᠃ ᠢᠷᠡᠭᠡᠳᠦᠶ᠎ᠳᠦ᠂ ᠣᠷᠳᠣᠰ ᠬᠣᠲᠠ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠪᠡᠷ ᠠᠵᠢᠯ᠎ᠤᠨ ᠭᠤᠤᠯ ᠱᠢᠵᠢᠮᠪᠤᠯᠭᠠᠵᠤ᠂ 《ᠳᠤᠯᠠᠭᠠᠨ ᠬᠣᠲᠠ᠎ᠶ᠋ᠢᠨ ᠠᠨᠠᠷ᠎ᠤᠨ ᠦᠷ᠎ᠡ》 ᠵᠢᠨ ᠲᠥᠷᠥᠯ ᠲᠡᠮᠳᠡᠭ᠎ᠢ ᠦᠷᠬᠦᠯᠵᠢᠯᠡᠨ ᠭᠡᠷᠡᠯᠲᠦᠭᠦᠯᠵᠦ᠍᠂ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠦ ᠠᠵᠢᠯ᠎ᠤᠨ ᠴᠢᠨᠠᠷ ᠰᠠᠢᠲᠠᠶ ᠬᠥᠭ᠌ᠵᠢᠯᠲᠡ᠎ᠳᠦ ᠤᠮᠠᠷᠠᠲᠤ ᠬᠢᠯᠢ᠎ᠶ᠋ᠢᠨ ᠢᠷᠠᠭᠤ ᠬᠠᠭᠤᠳᠠᠰᠤ᠎ᠶ᠋ᠢ ᠪᠢᠴᠢᠭ᠌ᠯᠡᠨ᠎ᠠ᠃