ᠤᠢ᠍ᠢᠷ᠎ᠠ᠎ᠶ᠋ᠢᠨ ᠵᠢᠯ᠎ᠡᠴᠡ᠂ ᠪᠤᠭᠤᠲᠤ ᠬᠤᠳᠠ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠵᠢ ᠰᠤᠷᠭᠠᠭᠤᠯᠢ᠎ᠶ᠋ᠢᠨ ᠬᠦᠷᠢᠶᠡᠨ᠎ᠳᠦ ᠣᠷᠣᠭᠤᠯᠬᠤ ᠠᠵᠢᠯ᠎ᠢ ᠪᠦᠬᠦ᠌ ᠲᠠᠯ᠎ᠠ᠎ᠪᠡᠷ ᠭᠦᠨᠵᠡᠭᠡᠢᠷᠡᠭᠦᠯᠵᠦ᠍᠂ ᠦᠨᠳᠦᠰᠦᠲᠡᠨ᠎ᠦ ᠪᠦᠯᠬᠦᠮᠳᠡᠯ ᠲᠠᠪᠱᠢᠯᠳᠠ᠎ᠶ᠋ᠢᠨ ᠬᠥᠮᠦᠵᠢᠯ᠎ᠢ ᠰᠤᠷᠭᠠᠨ ᠬᠥᠮᠦᠵᠢᠯ ᠵᠢᠭᠠᠨ ᠰᠤᠷᠭᠠᠯᠲᠠ᠂ ᠰᠤᠷᠭᠠᠭᠤᠯᠢ᠎ᠶ᠋ᠢᠨ ᠬᠦᠷᠢᠶᠡᠨ᠎ᠦ ᠰᠣᠶᠣᠯ᠂ ᠦᠢᠯᠡᠳᠦᠯᠭᠡ᠎ᠶ᠋ᠢᠨ ᠠᠵᠢᠯᠯᠠᠭ᠎ᠠ ᠵᠡᠷᠭᠡ ᠭᠣᠭ᠍ᠴᠣᠭ᠎ᠠ᠎ᠳᠤ ᠠᠭᠤᠰᠤᠯᠴᠠᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠳᠤ ᠴᠤᠭᠴᠠᠯᠠᠬᠤ ᠵᠢ ᠦᠨᠳᠦᠰᠦᠲᠡᠨ᠎ᠨᠦᠭᠦᠳ᠎ᠦᠨ ᠵᠠᠯᠠᠭᠤᠴᠤᠳ ᠪᠠᠭᠠᠴᠤᠳ᠎ᠤᠨ ᠰᠡᠳᠭᠢᠯ᠎ᠳᠦ ᠬᠦᠨ ᠬᠠᠳᠠᠩᠱᠢᠭᠤᠯᠪᠠ᠃
ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠶ᠋ᠢ ᠰᠤᠷᠭᠠᠭᠤᠯᠢ ᠡᠷᠬᠢᠯᠡᠵᠤ ᠰᠤᠷᠭᠠᠭᠤᠯᠢ᠎ᠶ᠋ᠢ ᠵᠠᠰᠠᠬᠤ᠂ ᠪᠢᠴᠢᠭ ᠵᠢᠭᠠᠵᠤ ᠬᠥᠮᠦᠨ᠎ᠢ ᠬᠥᠮᠦᠵᠢᠭᠦᠯᠬᠦ᠌ ᠪᠦᠬᠦ᠌ ᠶᠠᠪᠤᠴᠠ᠎ᠳᠤ ᠲᠤᠭᠤᠱᠢᠯᠠᠭᠤᠯᠬᠤ᠎ᠶ᠋ᠢ ᠪᠠᠷᠢᠮᠲᠠᠯᠠᠵᠤ᠂ ᠵᠢᠭᠠᠨ ᠰᠤᠷᠭᠠᠯᠳᠠ ᠵᠢᠨ ᠰᠤᠳᠤᠯᠭᠠᠨ ᠵᠢᠡᠷ ᠭᠠᠷᠳᠠᠴᠠ ᠪᠣᠯᠭᠠᠨ᠂ ᠦᠵᠡᠯ ᠰᠠᠨᠠᠭ᠎ᠠ ᠤᠯᠤᠰ ᠲᠦᠷᠦ᠍᠎ᠶ᠋ᠢᠨ ᠬᠥᠮᠦᠵᠢᠯ᠎ᠢ ᠬᠥᠮᠦᠰ᠎ᠦᠨ ᠲᠠᠷᠢᠬᠢ ᠲᠣᠯᠣᠭᠠᠢ᠎ᠳᠤ ᠬᠠᠳᠠᠩᠱᠢᠭᠤᠯᠬᠤ᠎ᠶ᠋ᠢ ᠠᠬᠢᠭᠤᠯᠪᠠ᠃ ᠪᠦᠬᠦ ᠬᠣᠲᠠ᠎ᠶ᠋ᠢᠨ ᠶᠡᠬᠡ ᠳᠤᠮᠳᠠᠳᠤ ᠪᠠᠭ᠎ᠠ ᠰᠤᠷᠭᠠᠭᠤᠯᠢ᠎ᠶ᠋ᠢᠨ ᠦᠵᠡᠯ ᠰᠠᠨᠠᠭ᠎ᠠ ᠤᠯᠤᠰ ᠲᠥᠷᠦ᠍᠎ᠶ᠋ᠢᠨ ᠬᠢᠴᠢᠶᠡᠯ᠎ᠢ ᠨᠢᠭᠡ ᠴᠣᠭ᠍ᠴᠠᠵᠢᠭᠤᠯᠬᠤ ᠪᠠᠢᠭᠤᠯᠤᠯᠲᠠ᠎ᠶ᠋ᠢ ᠪᠦᠬᠦ᠌ ᠲᠠᠯ᠎ᠠ᠎ᠪᠠᠷ ᠠᠬᠢᠭᠤᠯᠵᠤ᠂ 8 ᠵᠢᠭᠠᠨ ᠰᠤᠷᠭᠠᠯᠲᠠ᠎ᠶ᠋ᠢᠨ ᠥᠭᠡᠷᠡᠴᠢᠯᠡᠯᠲᠡ ᠬᠢᠵᠦ᠍ ᠱᠢᠨ᠎ᠡ᠎ᠶ᠋ᠢ ᠡᠭᠦᠳᠬᠦ᠌ ᠬᠣᠯᠪᠣᠭᠠᠲᠤ ᠴᠣᠭ᠍ᠴᠠ᠎ᠳᠤ ᠲᠦᠱᠢᠭ᠌ᠯᠡᠨ᠂ 《ᠵᠢᠷᠭᠤᠭᠠᠨ ᠦᠬᠦᠯᠡᠪᠦᠷᠢ ᠶ᠋ᠢᠨ ᠪᠣᠳᠠᠲᠤ ᠶᠠᠪᠤᠳᠠᠯ ᠪᠠ ᠤᠴᠢᠷ ᠶᠣᠰᠣ》᠎ᠶ᠋ᠢᠨ ᠲᠣᠭᠣᠷᠢᠨ᠎ᠳᠤ ᠵᠢᠭᠠᠨ ᠰᠤᠳᠤᠯᠬᠤ ᠠᠵᠢᠯᠯᠠᠭ᠎ᠠ ᠵᠢ 400 ᠭᠠᠷᠤᠢ ᠤᠳᠠᠭ᠎ᠠ ᠥᠷᠨᠢᠭᠦᠯᠪᠡ᠃ ᠬᠤᠳᠠ᠎ᠶ᠋ᠢᠨ ᠵᠢᠭᠠᠬᠤ ᠵᠢ ᠰᠤᠳᠤᠯᠬᠤ ᠭᠣᠣᠯ ᠳᠤᠭᠤᠢᠯᠠᠩ᠎ᠤᠨ ᠬᠢᠨ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠰᠤᠳᠤᠯᠭᠠᠨ᠎ᠤ ᠳᠤᠭᠤᠢᠯᠠᠩ ᠪᠠᠢᠭᠤᠯᠵᠤ᠂ ᠭᠣᠣᠯ ᠰᠡᠳᠦᠪᠲᠦ ᠵᠢᠭᠠᠨ ᠰᠤᠳᠤᠯᠬᠤ ᠠᠵᠢᠯᠯᠠᠭ᠎ᠠ᠎ᠶ᠋ᠢ 15 ᠤᠳᠠᠭ᠎ᠠ ᠵᠣᠬᠢᠶᠠᠨ ᠪᠠᠢᠭᠤᠯᠵᠤ᠂ ᠦᠨᠳᠦᠰᠦᠲᠡᠨ᠎ᠦ ᠪᠦᠯᠬᠦᠮᠳᠡᠯ ᠲᠠᠪᠱᠢᠯᠳᠠ᠎ᠶ᠋ᠢᠨ ᠬᠥᠮᠦᠵᠢᠯ᠎ᠦᠨ ᠭᠤᠤᠯ ᠰᠡᠳᠦᠪᠳᠦ ᠰᠤᠳᠤᠯᠭᠠᠨ᠎ᠢ 50 ᠭᠠᠷᠤᠢ ᠵᠦᠢᠯ ᠥᠷᠨᠢᠭᠦᠯᠵᠦ᠍᠂ ᠪᠠᠭ᠍ᠰᠢ᠎ᠨᠠᠷ᠎ᠤᠨ ᠦᠨᠳᠦᠰᠦᠲᠡᠨ᠎ᠦ ᠪᠦᠯᠬᠦᠮᠳᠡᠯ ᠲᠠᠪᠱᠢᠯᠳᠠ᠎ᠶ᠋ᠢᠨ ᠬᠥᠮᠦᠵᠢᠯ᠎ᠢ ᠵᠢᠭᠠᠨ ᠰᠤᠷᠭᠠᠯᠲᠠ᠎ᠳᠤ ᠠᠭᠤᠰᠤᠯᠴᠠᠭᠤᠯᠬᠤ ᠤᠬᠠᠮᠰᠠᠷ ᠪᠠ ᠴᠢᠳᠠᠪᠤᠷᠢ᠎ᠶ᠋ᠢ ᠦᠷᠭᠦᠯᠵᠢᠯᠡᠨ ᠳᠡᠭᠡᠭ᠌ᠰᠢᠯᠡᠭᠦᠯᠪᠡ᠃
ᠥᠪᠡᠷᠮᠢᠴᠡ ᠣᠨᠴᠠᠯᠢᠭ᠎ᠲᠠᠶ ᠠᠵᠢᠯᠯᠠᠭ᠎ᠠ᠎ᠪᠠᠷ ᠠᠴᠢᠶᠠᠯᠠᠪᠤᠷᠢ ᠪᠣᠯᠭᠠᠵᠤ᠂ ᠦᠨᠳᠦᠰᠦᠲᠡᠨ᠎ᠨᠦᠭᠦᠳ᠎ᠦᠨ ᠵᠠᠯᠠᠭᠤᠴᠤᠳ ᠪᠠᠭᠠᠴᠤᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠪᠦᠬᠦ᠌ ᠲᠠᠯ᠎ᠠ᠎ᠪᠠᠷ ᠠᠬᠢᠭᠤᠯᠵᠤ᠂ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠬᠥᠮᠦᠵᠢᠯ᠎ᠢ ᠬᠡᠢᠰᠪᠦᠷᠢ ᠤᠬᠠᠭ᠍ᠳᠠᠬᠤᠨ᠎ᠠᠴᠠ ᠲᠦᠷᠰᠦᠯᠢᠭ ᠣᠢᠯᠠᠭᠠᠮᠵᠢᠲᠠᠶ ᠠᠮᠢᠳᠤᠯᠢᠭ ᠦᠢᠯᠡᠳᠦᠯᠭᠡ ᠪᠣᠯᠭᠠᠨ ᠬᠤᠪᠢᠷᠠᠭᠤᠯᠪᠠ᠃ ᠱᠢᠨ᠎ᠡ ᠡᠭᠦᠯᠡᠨ ᠦᠵᠦᠭᠦᠷᠯᠢᠭᠲᠡᠬᠢ ᠭᠤᠤᠯ ᠰᠡᠳᠦᠪᠲᠦ ᠦᠵᠡᠯ ᠰᠠᠨᠠᠭ᠎ᠠ ᠤᠯᠤᠰ ᠲᠥᠷᠥ᠎ᠶ᠋ᠢᠨ ᠬᠢᠴᠢᠶᠡᠯ ᠵᠡᠷᠭᠡ ᠪᠥᠬᠥ᠌ ᠬᠣᠲᠠ᠎ᠶ᠋ᠢᠨ ᠴᠢᠨᠠᠷᠲᠠᠶ ᠭᠤᠤᠯ ᠰᠡᠳᠦᠪᠲᠦ ᠬᠥᠮᠦᠵᠢᠯ᠎ᠦᠨ ᠠᠵᠢᠯᠯᠠᠭ᠎ᠠ᠎ᠶ᠋ᠢ 15 ᠲᠠᠯᠠᠪᠤᠷ ᠥᠷᠨᠢᠭᠦᠯᠵᠦ᠍᠂ ᠵᠠᠯᠠᠭᠤᠴᠤᠳ ᠪᠠᠭᠠᠴᠤᠳ᠎ᠤᠨ ᠰᠣᠯᠢᠯᠴᠠᠵᠤ ᠰᠤᠳᠤᠯᠤᠨ ᠰᠤᠷᠤᠯᠴᠠᠬᠤ ᠠᠵᠢᠯᠯᠠᠭ᠎ᠠ᠎ᠶ᠋ᠢ 32 ᠲᠠᠯᠠᠪᠤᠷ ᠵᠣᠬᠢᠶᠠᠨ ᠪᠠᠢᠭᠤᠯᠪᠠ; ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠭᠤᠤᠯ ᠰᠡᠳᠦᠪᠲᠦ ᠰᠤᠳᠤᠯᠤᠨ ᠰᠤᠷᠤᠯᠴᠠᠬᠤ ᠱᠤᠭᠤᠮ᠎ᠢ 17 ᠵᠤᠷᠪᠤᠰ ᠨᠡᠭᠡᠭᠡᠵᠦ᠂ ᠪᠥᠬᠥ᠌ ᠣᠷᠣᠨ᠎ᠤ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠰᠤᠷᠭᠠᠭᠤᠯᠢ᠎ᠶ᠋ᠢᠨ ᠬᠦᠷᠢᠶᠡᠨ᠎ᠦ ᠰᠣᠶᠣᠯ᠎ᠤᠨ ᠪᠠᠢᠭᠤᠯᠤᠯᠲᠠ ᠵᠢᠨ ᠲᠤᠬᠠᠶ᠎ᠶ᠋ᠢᠨ ᠲᠠᠯᠠᠪᠠᠶ᠎ᠶ᠋ᠢᠨ ᠲᠣᠭᠣᠷᠢᠨ ᠦᠵᠡᠬᠦ᠌ ᠠᠵᠢᠯᠯᠠᠭ᠎ᠠ᠎ᠶ᠋ᠢ ᠠᠮᠵᠢᠯᠲᠠ᠎ᠲᠠᠶ ᠳᠠᠭᠠᠭᠠᠨ ᠡᠷᠭᠢᠯᠡᠵᠦ᠍᠂ ᠤᠯᠤᠰ᠎ᠤᠨ ᠲᠠᠰ᠎ᠤᠨ ᠶᠡᠬᠡ ᠳᠤᠮᠳᠠᠳᠤ ᠪᠠᠭ᠎ᠠ ᠰᠤᠷᠭᠠᠭᠤᠯᠢ᠎ᠶ᠋ᠢᠨ ᠦᠵᠡᠯ ᠰᠠᠨᠠᠭ᠎ᠠ ᠤᠯᠤᠰ ᠲᠥᠷᠥ᠎ᠶ᠋ᠢᠨ ᠬᠢᠴᠢᠶᠡᠯ᠎ᠢ ᠨᠢᠭᠡ ᠴᠣᠭ᠍ᠴᠠᠵᠢᠭᠤᠯᠤᠨ ᠪᠠᠢᠭᠤᠯᠬᠤ ᠬᠠᠮᠲᠤ᠎ᠶ᠋ᠢᠨ ᠴᠣᠭ᠍ᠴᠠ᠎ᠶ᠋ᠢᠨ ᠪᠦᠷᠢᠯᠳᠦᠬᠦᠨ ᠨᠢᠭᠡᠴᠢ᠎ᠶ᠋ᠢᠨ ᠵᠢᠱ᠌ᠢᠶ᠎ᠡ ᠦᠵᠡᠭᠦᠯᠬᠦ᠌ ᠦᠶ᠋ᠯᠡᠳᠦᠯ᠎ᠢ ᠭᠦᠶ᠋ᠴᠡᠳ ᠪᠠᠳᠠᠷᠠᠭᠤᠯᠪᠠ᠃
ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠶᠡᠬᠡᠪᠡᠷ ᠳᠡᠯᠭᠡᠷᠡᠭᠦᠯᠦᠨ ᠲᠦᠭᠡᠮᠡᠯᠵᠢᠭᠦᠯᠵᠦ᠍᠂ ᠰᠤᠷᠭᠠᠭᠤᠯᠢ᠎ᠶ᠋ᠢᠨ ᠬᠦᠷᠢᠶᠡᠨ᠎ᠦ ᠪᠦᠯᠬᠦᠮᠳᠡᠨ ᠬᠥᠭ᠌ᠵᠢᠬᠦ᠌ ᠰᠠᠭᠤᠷᠢ᠎ᠶ᠋ᠢ ᠪᠡᠬᠢᠵᠢᠭᠦᠯᠪᠡ᠃ ᠪᠦᠬᠦ ᠬᠣᠲᠠ᠎ᠶ᠋ᠢᠨ ᠶᠡᠬᠡ ᠳᠤᠮᠳᠠᠳᠤ ᠪᠠᠭ᠎ᠠ ᠰᠤᠷᠭᠠᠭᠤᠯᠢ᠎ᠶ᠋ᠢᠨ ᠪᠠᠭ᠍ᠰᠢ ᠰᠤᠷᠤᠭ᠍ᠴᠢᠳ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠪᠡᠷ ᠭᠤᠤᠯ ᠰᠡᠳᠦᠪ ᠪᠤᠯᠭᠠᠭᠰᠠᠨ 《ᠰᠤᠷᠭᠠᠭᠤᠯᠢ ᠡᠬᠢᠯᠡᠬᠦ ᠠᠨᠭᠬᠠᠨ᠎ᠤ ᠬᠢᠴᠢᠶᠡᠯ》᠂ ᠳᠦᠷᠢᠮᠵᠢᠭ᠌ᠰᠡᠨ ᠬᠢᠲᠠᠳ ᠦᠰᠦᠭ᠎ᠤᠨ ᠰᠣᠨᠣᠰᠴᠤ᠌ ᠪᠢᠴᠢᠬᠦ᠌ ᠤᠷᠤᠯᠳᠤᠭᠠᠨ ᠂ ᠱᠢᠯᠦᠭ ᠳᠠᠭᠤᠯᠠᠯ ᠰᠤᠨᠢᠷᠬᠠᠨ ᠤᠩᠱᠢᠬᠤ ᠵᠡᠷᠭᠡ ᠠᠵᠢᠯᠯᠠᠭ᠎ᠠ᠎ᠶ᠋ᠢ ᠡᠷᠬᠢᠯᠡᠵᠦ᠍᠂ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠢ ᠰᠤᠷᠭᠠᠭᠤᠯᠢ᠎ᠶ᠋ᠢᠨ ᠬᠦᠷᠢᠶᠡᠨ᠎ᠳᠦ ᠨᠡᠪᠴᠢᠭᠦᠯᠪᠡ᠃ 3700 ᠭᠠᠷᠤᠶ ᠬᠥᠮᠦᠨ ᠨᠡᠢᠲᠡᠯᠢᠭ ᠬᠡᠯᠡᠨ᠎ᠦ ᠬᠢᠷᠢ ᠲᠦᠪᠰᠢᠨ᠎ᠤ ᠱᠢᠯᠭᠠᠯᠲᠠ᠎ᠳᠤ ᠣᠷᠣᠯᠴᠠᠵᠤ᠂ 6 ᠬᠣᠱᠢᠭᠤ ᠱᠢᠶᠠᠨ ᠲᠣᠭᠣᠷᠢᠭ᠎ᠤᠨ 103 ᠪᠠᠭ᠎ᠠ ᠰᠤᠷᠭᠠᠭᠤᠯᠢ᠎ᠳᠤ 《ᠭᠤᠤᠯ ᠰᠡᠳᠦᠪᠲᠦ ᠱᠢᠯᠦᠭ ᠤᠩᠱᠢᠬᠤ ᠬᠢᠴᠢᠶᠡᠯ》 ᠨᠡᠭᠡᠭᠡᠵᠦ᠍᠂ ᠪᠥᠬᠥ᠌ ᠬᠣᠲᠠ᠎ᠶ᠋ᠢᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠢ ᠵᠢᠷᠤᠮᠵᠢᠭᠤᠯᠤᠭ᠍ᠰᠠᠨ ᠰᠤᠷᠭᠠᠭᠤᠯᠢ᠎ᠶ᠋ᠢᠨ ᠪᠠᠷᠢᠮᠵᠢᠶ᠎ᠠ᠎ᠳᠤ ᠬᠦᠷᠦᠭ᠌ᠰᠡᠨ ᠨᠣᠷᠮ᠎ᠠ 100%᠎ᠳ᠋ᠤ ᠬᠦᠷᠴᠡᠶ᠃