ᠬᠣᠷᠴᠢᠨ ᠵᠡᠭᠦᠨ ᠭᠠᠷᠤᠨ ᠳᠤᠮᠳᠠᠳᠤ ᠬᠣᠰᠢᠭᠤ ᠄ ᠦᠨᠳᠦᠰᠦᠨ ᠱᠠᠲᠤᠨ᠎ᠤ 《ᠬᠦᠯᠢᠶᠡᠰᠦ᠎ᠶᠢ ᠰᠤᠯᠠᠯᠠᠵᠤ 》 ᠵᠠᠰᠠᠯᠲᠠ᠎ᠶᠢ ᠰᠠᠢᠵᠢᠷᠠᠭᠤᠯᠤᠨ᠎ᠠ
2026-04-22 16:48:43
ᠵᠣᠬᠢᠶᠠᠭ᠍ᠴᠢ᠄
ᠪᠦᠦ ᠴᠢᠩ ᠱᠧᠩ ᠴᠢᠮᠡᠭᠡᠯᠡᠭᠴᠢ ᠯᠢᠦ ᠵᠢᠶᠦ᠋ᠨ
ᠣᠩᠱᠢᠭ᠍ᠰᠠᠨ ᠣᠳᠠᠭ᠎ᠠ᠄
★★★☆☆

《ᠥᠩᠭᠡᠷᠡᠭᠰᠡᠨ᠎ᠳᠦ ᠮᠡᠳᠡᠭᠦᠯᠥᠯᠲᠠ ᠵᠢᠨ ᠬᠦᠰᠦᠨᠦᠭᠲᠦ ᠲᠠᠬᠯᠠᠬᠤ ᠎ᠳ᠋ᠤ᠌ ᠶᠡᠭᠡᠭᠡᠨ ᠴᠠᠭ᠎ᠵᠠᠷᠤᠴᠠᠭᠤᠯᠵᠤ ᠪᠠᠢᠵᠠᠢ᠂ ᠣᠳᠣ᠌ ᠨᠢᠭᠡᠨᠳᠡ ᠮᠡᠳᠡᠭᠦᠯᠥᠯᠲᠠ ᠵᠢᠨ ᠬᠦᠰᠦᠨᠦᠭᠲᠦ᠎ᠶᠢ 80% ᠤᠷᠴᠢᠮ ᠬᠠᠰᠤᠭᠰᠠᠨ᠎ᠢᠶᠠᠷ ᠪᠢᠳᠡ ᠣᠯᠠᠨ ᠲᠦᠮᠡᠨ ᠎ᠤ ᠳᠤᠮᠳᠠ ᠭᠥᠨᠵᠡᠭᠡᠢᠷᠡᠨ ᠬᠦᠴᠢᠷ ᠠᠰᠠᠭᠤᠳᠠᠯ᠎ᠢ ᠰᠢᠢᠳᠪᠦᠷᠢᠯᠡᠬᠥ ᠴᠠᠬ ᠨᠡᠩ ᠤᠯᠠᠨ ᠪᠤᠯᠤᠯ᠎ᠠ 》 ᠭᠡᠵᠦ ᠲᠦᠩᠯᠢᠶᠣᠣ ᠬᠣᠲᠠ᠎ᠶᠢᠨ ᠬᠣᠷᠴᠢᠨ ᠵᠡᠭᠦᠨ ᠭᠠᠷᠤᠨ ᠳᠤᠮᠳᠠᠳᠤ ᠬᠣᠰᠢᠭᠤᠨ᠎ᠤ ᠪᠤᠤᠺᠠᠩ ᠵᠡᠭᠡᠯᠢ ᠭᠤᠳᠤᠮᠵᠢ᠎ᠶᠢᠨ ᠳᠠᠷᠬᠠᠨ ᠨᠡᠢᠭᠡᠮ ᠲᠣᠭᠣᠷᠢᠭ᠋᠎ᠤᠨ ᠡᠷᠬᠢᠯᠡᠭᠴᠢ ᠮᠦ᠍ ᠵᠠᠨ ᠯᠢᠩ ᠲᠤᠬᠠᠢ᠎ᠶᠢᠨ ᠭᠠᠵᠠᠷ᠎ᠤᠨ ᠦᠨᠳᠦᠰᠦᠨ ᠱᠠᠲᠤᠨ᠎ᠤ ᠺᠠᠳ᠋ᠷᠴᠤᠳ᠎ᠤᠨ ᠰᠡᠳᠬᠢᠯ᠎ᠦᠨ ᠦᠭᠡ᠎ᠶᠢ ᠬᠡᠯᠡᠵᠦ ᠪᠠᠢᠪᠠ᠃

ᠥᠩᠭᠡᠷᠡᠭᠰᠡᠨ᠎ᠳᠦ᠂ 《ᠫᠠᠢᠰᠠ᠎ᠶᠢ ᠬᠡᠷᠡᠮ ᠳᠦᠭᠦᠷᠡᠩ ᠡᠯᠭᠦᠵᠦ᠂ ᠮᠡᠳᠡᠭᠦᠯᠦᠯᠲᠡ᠎ᠶᠢᠨ ᠬᠦᠰᠦᠨᠦᠭᠲᠦ ᠠᠭᠤᠯᠠ ᠮᠡᠳᠥ ᠤᠪᠤᠭᠠᠷᠠᠬᠤ》 ᠭᠡᠳᠡᠭ ᠨᠢ ᠬᠣᠷᠴᠢᠨ ᠵᠡᠭᠦᠨ ᠭᠠᠷᠤᠨ ᠳᠤᠮᠳᠠᠳᠤ ᠬᠣᠰᠢᠭᠤᠨ᠎ᠤ ᠦᠨᠳᠦᠰᠦᠨ ᠱᠠᠲᠤᠨ᠎ᠤ ᠵᠠᠰᠠᠯᠲᠠ᠎ᠶᠢᠨ ᠦᠨᠡᠨ ᠪᠣᠳᠠᠲᠠᠢ ᠵᠢᠷᠤᠭᠯᠠᠯ ᠪᠠᠢᠵᠠᠢ᠃ ᠬᠡᠯᠪᠡᠷᠢᠴᠢ ᠦᠵᠡᠯ᠎ᠦᠨ ᠠᠷᠬᠠᠭ ᠭᠡᠮ᠎ᠢ ᠲᠠᠢ᠍ᠢᠯᠵᠤ᠂ ᠦᠨᠳᠦᠰᠦᠨ ᠱᠠᠲᠤᠨ᠎ᠤ ᠺᠠᠳ᠋ᠷᠴᠤᠳ᠎ᠢ ᠶᠠᠷᠰᠢᠭ᠋ ᠲᠦᠪᠡᠭᠲᠡᠢ ᠬᠡᠷᠡᠭ ᠶᠠᠪᠤᠳᠠᠯ᠎ᠤᠨ ᠳᠤᠮᠳᠠ᠎ᠡᠴᠨ《ᠬᠦᠯᠢᠶᠡᠰᠦ᠎ᠶᠢ ᠰᠤᠯᠠᠯᠠᠵᠤ》᠂ ᠠᠷᠠᠳ ᠲᠦᠮᠡᠨ᠎ᠳᠦ ᠦᠢᠯᠡᠴᠢᠯᠡᠬᠦ ᠭᠣᠣᠯᠳᠠᠯᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠬᠦ᠎ᠶᠢᠨ ᠲᠥᠯᠥᠭᠡ 2024 ᠣᠨ᠎ᠤ ᠰᠡᠭᠦᠯᠴᠢ᠎ᠡᠴᠡ ᠡᠬᠢᠯᠡᠵᠦ᠂ ᠬᠣᠷᠴᠢᠨ ᠵᠡᠭᠦᠨ ᠭᠠᠷᠤᠨ ᠳᠤᠮᠳᠠᠳᠤ  ᠬᠣᠰᠢᠭᠤᠨ᠎ᠤ ᠬᠢᠨ ᠨᠠᠮ᠎ᠤᠨ ᠪᠠᠢᠭᠤᠯᠤᠯᠲᠠ᠎ᠪᠠᠷ ᠬᠥᠳᠥᠴᠢ ᠪᠤᠯᠭᠠᠨ᠂《ᠳᠥᠷᠪᠡ᠎ᠶᠢ ᠵᠢᠷᠤᠮᠵᠢᠭᠤᠯᠵᠤ ᠭᠤᠷᠪᠠ᠎ᠶᠢ ᠬᠥᠩᠭᠡᠷᠡᠭᠥᠯᠥᠨ ᠬᠣᠶᠠᠷ᠎ᠢ ᠳᠡᠭᠡᠭᠰᠢᠯᠡᠭᠦᠯᠬᠦ 》 ᠠᠵᠢᠯ᠎ᠤᠨ ᠠᠷᠭ᠎ᠠ᠎ᠶᠢ ᠰᠢᠨ᠎ᠡ᠎ᠪᠡᠷ ᠬᠡᠷᠡᠭᠵᠢᠭᠦᠯᠵᠦ᠂ ᠦᠨᠡᠨ ᠪᠣᠳᠠᠲᠠᠢ ᠠᠷᠭ᠎ᠠ ᠬᠡᠮᠵᠢᠶ᠎ᠡ᠎ᠪᠡᠷ ᠦᠨᠳᠦᠰᠦᠨ ᠱᠠᠲᠤᠨ᠎ᠤ ᠵᠠᠰᠠᠯᠲᠠ᠎ᠶᠢᠨ《ᠡᠴᠦᠰ᠎ᠦᠨ ᠨᠢᠭᠡ ᠺᠢᠯᠤᠮᠧᠲᠷ 》 ᠢ᠋ ᠨᠠᠪᠲᠠᠷᠡᠭᠦᠯᠥᠨ᠂ ᠵᠠᠰᠠᠯᠲᠠ᠎ᠶᠢᠨ ᠡᠷᠴᠢᠮ᠎ᠢ ᠴᠢᠩᠭᠠᠷᠠᠭᠤᠯᠵᠤ᠂ ᠺᠠᠳ᠋ᠷ ᠤᠯᠠᠨ ᠲᠥᠮᠠᠨ᠎ᠤ ᠬᠠᠷᠢᠴᠠᠭ᠎ᠠ ᠵᠢ  ᠨᠡᠩ  ᠲᠤᠳᠤᠨᠤ  ᠪᠤᠯᠭᠠᠬᠰᠠᠨ ᠪᠠᠢᠨ᠎ᠠ᠃

《ᠲᠦᠷᠪᠡ ᠵᠢ ᠵᠢᠷᠤᠮᠵᠢᠭᠤᠯᠬᠤ》 ᠭᠡᠳᠡᠭ ᠨᠢ ᠳᠠᠷᠤᠢ ᠲᠣᠰᠬᠣᠨ᠎ᠤ ᠱᠠᠲᠤᠨ᠎ᠤ ᠬᠡᠷᠡᠭ ᠶᠠᠪᠤᠳᠠᠯ ᠎ᠢ ᠵᠢᠷᠤᠮᠵᠢᠭᠤᠯᠵᠤ᠂ ᠡᠷᠬᠡ ᠬᠠᠷᠢᠭᠤᠴᠠᠯᠭ᠎ᠠ᠎ᠶᠢ ᠲᠣᠳᠣᠷᠬᠠᠢᠯᠠᠬᠤ᠂ ᠬᠢᠨᠠᠠ ᠵᠥᠪᠰᠢᠶᠡᠷᠡᠯ ᠎ᠢ ᠲᠦᠷᠢᠮᠵᠢᠬᠦᠯᠬᠦ᠂ ᠬᠡᠷᠡᠭᠵᠢᠭᠥᠯᠥᠯᠲᠠ ᠵᠢ ᠤᠷᠳᠤ  ᠬᠤᠭᠤᠴᠠᠭ᠎ᠠ ᠪᠡᠷ  ᠪᠠᠷᠢᠮᠳᠠᠯᠠᠬᠤ᠂ ᠳᠠᠷᠤᠭᠠᠰᠥ ᠵᠢ ᠬᠥᠩᠭᠡᠷᠡᠭᠥᠯᠬᠥ ᠵᠢ ᠪᠤᠳᠠᠳᠠᠢᠵᠢᠭᠤᠯᠬᠤ ᠵᠢ ᠠᠬᠢᠭᠤᠯᠤᠨ᠂《ᠵᠢᠷᠤᠮᠯᠠᠬᠤ ᠡᠴᠡ ᠳᠦᠷᠢᠮ᠎ᠲᠠᠢ ᠪᠣᠯᠭᠠᠬᠤ》ᠵᠢ ᠪᠡᠶᠡᠯᠡᠭᠥᠯᠪᠡ᠃ ᠡᠢᠨ᠎ᠬᠦ ᠭᠠᠴᠠᠭ᠎ᠠ ᠲᠣᠰᠬᠣᠨ (ᠨᠡᠢᠭᠡᠮ ᠲᠣᠭᠣᠷᠢᠭ᠋) ᠪ ᠠᠵᠢᠯ ᠨᠢ ᠲᠣᠳᠣᠷᠬᠠᠢ 《ᠵᠦᠭᠯᠡᠭᠦᠷ 》 ᠲᠠᠢ ᠪᠣᠯᠵᠠᠢ᠃《ᠥᠩᠭᠡᠷᠡᠭᠰᠡᠨ᠎ᠳᠦ ᠣᠯᠠᠨ ᠲᠦᠮᠡᠨ ᠡᠷᠢᠵᠤ ᠤᠴᠢᠷ ᠶᠠᠪᠤᠳᠠᠯ ᠰᠢᠢᠳᠪᠦᠷᠢᠯᠡᠬᠦ᠎ᠳᠦ ᠪᠢᠳᠡ ᠵᠠᠷᠢᠮ᠎ᠳᠠᠭᠠᠨ ᠬᠡᠨ ᠬᠠᠮᠢᠶᠠᠷᠪᠠᠯ ᠵᠣᠬᠢᠬᠤ᠂ ᠶᠠᠭᠠᠬᠢᠵᠤ ᠬᠢᠪᠡᠯ ᠵᠣᠬᠢᠬᠤ᠎ᠶᠢ ᠲᠣᠳᠣᠷᠬᠠᠢ ᠢᠯᠭᠠᠵᠤ ᠴᠢᠳᠠᠬᠤ ᠦᠭᠡᠢ ᠪᠠᠢᠪᠠ᠂ ᠣᠳᠣ᠌ 〈ᠲᠠᠪᠤ᠎ᠶᠢ ᠰᠢᠢᠳᠪᠦᠷᠢᠯᠡᠬᠦ〉 ᠨᠠᠷᠢᠨ ᠳᠠᠩᠰᠠ᠎ᠲᠠᠢ ᠪᠣᠯᠤᠬᠰᠠᠨ ᠵᠢᠨᠷ ᠶᠠᠮᠠᠷ ᠨᠢᠭᠡᠨ ᠶᠠᠪᠤᠳᠠᠯ᠎ᠢ ᠬᠡᠨ ᠬᠠᠷᠢᠭᠤᠴᠠᠵᠤ ᠶᠠᠭᠠᠬᠢᠵᠤ ᠰᠢᠢᠳᠪᠦᠷᠢᠯᠡᠬᠦ ᠎ᠶᠢ ᠦᠵᠡᠮᠡᠭᠴᠡ ᠮᠡᠳᠡᠴᠢᠬᠡᠨ᠎ᠡ》 ᠭᠡᠵᠤ ᠪᠤᠤᠺᠠᠩ ᠪᠠᠯᠭᠠᠰᠤᠨ᠎ᠤ ᠪᠠᠶᠠᠵᠢᠯ᠎ᠠ ᠭᠠᠴᠠᠭᠠᠨ᠎ᠤ ᠺᠠᠳ᠋ᠷ ᠸᠠᠩ ᠭᠦᠸᠧ ᠹᠠ 《 ᠭᠠᠴᠠᠭ᠎ᠠ ᠲᠣᠰᠬᠣᠨ (ᠨᠡᠢᠭᠡᠮ ᠲᠣᠭᠣᠷᠢᠭ᠋) ᠎ᠤ 〈ᠲᠠᠪᠤ᠎ᠶᠢ ᠭᠦᠢᠴᠡᠳᠬᠡᠬᠦ〉 ᠡᠭᠦᠷᠭᠡ ᠬᠠᠷᠢᠭᠤᠴᠠᠯᠭ᠎ᠠ᠎ᠶᠢᠨ ᠬᠡᠷᠡᠭ ᠶᠠᠪᠤᠳᠠᠯ᠎ᠦᠨ ᠨᠠᠷᠢᠨ ᠲᠠᠩᠰᠠ》 ᠵᠢᠨ ᠲᠠᠨᠢᠯᠴᠠᠭᠤᠯᠭ᠎ᠠ᠎ᠶᠢ ᠠᠳᠬᠤᠨ ᠶᠠᠷᠢᠨ᠎ᠠ᠃ ᠲᠤᠰ ᠨᠠᠷᠢᠨ ᠳᠠᠩᠰᠠ ᠳ᠋ᠤ 51 ᠵᠦᠢᠯ ᠎ᠦᠨ 《ᠭᠦᠢᠴᠡᠳᠬᠡᠪᠡᠯ ᠵᠣᠬᠢᠬᠤ》᠂ 20 ᠵᠦᠢᠯ᠎ᠦᠨ ᠬᠠᠮᠵᠢᠯᠴᠠᠨ ᠭᠦᠢᠴᠡᠳᠬᠡᠬᠦ》ᠵᠡᠷᠭᠡ ᠲᠠᠪᠤᠨ ᠲᠥᠷᠥᠯ᠎ᠦᠨ ᠰᠢᠢᠳᠪᠥᠷᠢᠯᠡᠬᠥ ᠬᠡᠷᠡᠭ ᠶᠠᠪᠤᠳᠠᠯ᠎ᠢ ᠲᠣᠳᠣᠷᠬᠠᠢ  ᠲᠣᠭᠲᠠᠭᠠᠵᠥ᠂ ᠡᠷᠬᠡ ᠬᠠᠷᠢᠭᠤᠴᠠᠯᠭ᠎ᠠ ᠵᠢ  ᠲᠤᠳᠤᠷᠬᠠᠢ  ᠪᠤᠯᠭᠠᠬᠰᠠᠨ ᠪᠠᠢᠨ᠎ᠠ᠃

ᠡᠷᠬᠡ ᠬᠠᠷᠢᠭᠤᠴᠠᠯᠭ᠎ᠠ᠎ᠶᠢ ᠲᠣᠳᠣᠷᠬᠠᠢᠯᠠᠬᠤ᠎ᠡᠴᠠ ᠭᠠᠳᠠᠨ᠎ᠠ᠂ ᠬᠣᠷᠴᠢᠨ ᠵᠡᠭᠦᠨ ᠭᠠᠷᠤᠨ ᠳᠤᠮᠳᠠᠳᠤ ᠬᠣᠰᠢᠭᠤ ᠪᠠᠰᠠ ᠲᠣᠭᠲᠠᠴᠠ ᠵᠢᠨ ᠪᠠᠢᠭᠤᠯᠤᠯᠲᠠ᠂ ᠬᠠᠮᠢᠶᠠᠷᠤᠯᠲᠠ ᠡᠵᠡᠮᠳᠡᠯ᠎ᠢ ᠴᠢᠩᠭᠠᠳᠬᠠᠬᠤ᠂ ᠠᠷᠭ᠎ᠠ ᠵᠠᠮ᠎ᠢ ᠰᠥᠪᠡᠭᠴᠢᠯᠡᠨ ᠨᠡᠭᠡᠭᠡᠬᠦ᠎ᠪᠡᠷ ᠳᠠᠮᠵᠢᠭᠤᠯᠤᠨ᠂ ᠲᠣᠰᠬᠣᠨ᠎ᠤ ᠱᠠᠲᠤᠨ ᠎ᠤ ᠬᠡᠷᠡᠭ ᠶᠠᠪᠤᠳᠠᠯ᠎ᠤᠨ ᠬᠢᠨᠠᠨ ᠵᠥᠪᠰᠢᠶᠡᠷᠡᠯ᠎ᠢ ᠲᠥᠷᠢᠮᠵᠢᠭᠥᠯᠬᠥ᠂ ᠬᠡᠷᠡᠭᠵᠢᠭᠦᠯᠦᠯᠲᠡ᠎ᠶᠢ ᠣᠷᠳᠣ᠌ ᠬᠤᠭᠤᠴᠠᠭ᠎ᠠ ᠪᠡᠷ ᠪᠠᠷᠢᠮᠳᠠᠯᠠᠬᠤ ᠪᠠ ᠳᠠᠷᠤᠭᠠᠰᠤ᠎ᠶᠢ ᠬᠥᠩᠭᠡᠷᠡᠬᠦᠯᠬᠦ᠎ᠶᠢ ᠪᠣᠳᠠᠲᠠᠢᠵᠢᠭᠤᠯᠬᠤ᠎ᠶᠢ ᠠᠬᠢᠭᠤᠯᠪᠠ᠃《ᠪᠢᠳᠡ ᠬᠡᠷᠡᠭ ᠶᠠᠪᠤᠳᠠᠯ᠎ᠤᠨ ᠬᠢᠨᠠᠨ ᠵᠥᠪᠰᠢᠶᠡᠷᠡᠬᠥ ᠳᠡᠰ ᠳᠠᠷᠠᠭᠠᠯᠠᠯ᠎ᠢ ᠲᠣᠭᠲᠠᠭᠠᠵᠤ᠂ ᠰᠠᠯᠠᠭ᠎ᠠ ᠮᠥᠴᠢᠷ᠎ᠡᠴᠡ ᠦᠨᠳᠦᠰᠦᠨ ᠱᠠᠲᠤᠨ᠎ᠳᠤ ᠠᠵᠢᠯ ᠳᠠᠭᠠᠭᠠᠯᠭᠠᠬᠤ ᠭᠡᠪᠡᠯ ᠡᠷᠬᠡᠪᠰᠢ ᠤᠷᠢᠳ᠎ᠢᠶᠡᠷ ᠬᠢᠨᠠᠨ ᠵᠥᠪᠰᠢᠶᠡᠷᠡᠯᠲᠠ ᠬᠢᠵᠤ᠂ ᠳᠤᠷ᠎ᠠ᠎ᠪᠠᠷ᠎ᠢᠶᠠᠨ ᠡᠭᠦᠷᠭᠡ ᠳᠠᠭᠠᠭᠠᠯᠭᠠᠬᠤ᠎ᠶᠢ ᠡᠷᠡᠰ ᠬᠤᠷᠢᠬᠯᠠᠵᠤ ᠪᠤᠢ 》 ᠭᠡᠵᠤ ᠲᠣᠰ ᠬᠣᠰᠢᠭᠤᠨ᠎ᠤ ᠨᠠᠮ᠎ᠤᠨ ᠬᠣᠷᠢᠶᠠᠨ᠎ᠤ ᠨᠡᠢᠭᠡᠮ᠎ᠦᠨ ᠠᠵᠢᠯ᠎ᠤᠨ ᠬᠡᠯᠲᠡᠰ᠎ᠦᠨ ᠠᠵᠢᠯᠲᠠᠨ ᠶᠢᠨ ᠾᠧ ᠲᠥᠩ ᠲᠠᠨᠢᠯᠴᠠᠭᠤᠯᠵᠤ ᠪᠠᠢᠯ᠎ᠠ᠃ ᠡᠢᠨ᠎ᠬᠦ ᠲᠤᠰ ᠬᠤᠰᠢᠭᠤ 18 ᠭᠠᠴᠠᠭ᠎ᠠ ᠲᠣᠰᠬᠣᠨ(ᠨᠡᠢᠭᠡᠮ ᠲᠣᠭᠣᠷᠢᠭ᠋) ᠢ᠋ ᠰᠣᠩᠭᠣᠨ ᠬᠢᠨᠠᠨ ᠬᠡᠮᠵᠢᠬᠦ ᠴᠡᠭ ᠪᠣᠯᠭᠠᠵᠤ᠂ ᠠᠰᠠᠭᠤᠳᠠᠯ᠎ᠢ ᠴᠠᠭ ᠲᠤᠬᠠᠢ ᠳ᠋ᠤᠨᠢ ᠢᠯᠡᠷᠡᠭᠦᠯᠥᠨ᠂ ᠴᠢᠭᠯᠡᠯ᠎ᠢ ᠬᠠᠷᠭᠤᠭᠤᠯᠥᠨ ᠡᠵᠡᠮᠳᠡᠵᠤ᠂ ᠳᠠᠷᠤᠭᠠᠰᠤ᠎ᠶᠢ ᠬᠥᠩᠭᠡᠯᠡᠬᠦ ᠠᠵᠢᠯ᠎ᠢ ᠬᠠᠰᠢ ᠶᠠᠰᠢ᠎ᠪᠠᠷ ᠥᠩᠭᠡᠷᠡᠭᠦᠯᠬᠦ  ᠦᠭᠡᠢ  ᠪᠠᠢᠬᠤ᠎ᠶᠢ  ᠦᠨᠡᠨ ᠬᠦ᠌  ᠪᠠᠲᠤᠯᠠᠬᠰᠠᠨ ᠪᠠᠢᠨ᠎ᠠ᠃

《ᠭᠤᠷᠪᠠ᠎ᠶᠢ ᠬᠥᠩᠭᠡᠷᠡᠭᠦᠯᠬᠦ 》 ᠭᠡᠳᠡᠭ ᠨᠢ ᠫᠠᠢᠰᠠ᠎ᠶᠢ ᠬᠠᠰᠤᠬᠤ᠂ ᠭᠡᠷᠡᠴᠢ ᠵᠢ ᠬᠠᠰᠤᠬᠤ᠂ ᠬᠦᠰᠦᠨᠦᠭᠲᠦ᠎ᠶᠢ ᠬᠠᠰᠤᠬᠤ᠎ᠶᠢ ᠬᠡᠷᠡᠭᠵᠢᠭᠥᠯᠵᠤ᠂ ᠦᠨᠳᠦᠰᠦᠨ ᠱᠠᠲᠤᠨ᠎ᠤ ᠺᠠᠳ᠋ᠷᠴᠤᠳ᠎ᠢ 《ᠳᠠᠷᠤᠭᠠᠰᠥ ᠬᠥᠩᠭᠡᠨ᠎ᠢᠶᠡᠷ ᠠᠵᠢᠯ ᠳ᠋ᠠᠭᠠᠨ ᠭᠠᠪᠰᠢᠭᠠᠢᠯᠠᠬᠤ》 ᠵᠢ  ᠠᠬᠢᠭᠤᠯᠪᠠ᠃ 《ᠫᠠᠢᠰᠠ᠎ᠶᠢ ᠬᠠᠰᠤᠬᠤ᠂ ᠭᠡᠷᠡᠴᠢ ᠵᠢ ᠬᠠᠰᠤᠬᠤ᠂ ᠬᠦᠰᠦᠨᠦᠭᠲᠦ᠎ᠶᠢ ᠬᠠᠰᠤᠬᠤ ᠵᠡᠷᠭᠡ ᠠᠯᠢ ᠴᠤ᠌ ᠵᠦᠢᠯ ᠨᠢ ᠴᠥᠮ  ᠪᠢᠳᠡᠨ᠎ᠦ  ᠠᠵᠢᠯ᠎ᠤᠨ  ᠳᠠᠷᠤᠭᠠᠰᠥ ᠵᠢ ᠦᠨᠡᠨ᠎ᠬᠦ  ᠬᠥᠩᠭᠡᠷᠡᠬᠦᠯᠦᠯ᠎ᠡ 》 ᠭᠡᠵᠤ   ᠪᠤᠤᠺᠠᠩ   ᠪᠠᠯᠭᠠᠰᠤᠨ᠎ᠤ ᠵᠥᠩ ᠰᠢᠨ ᠨᠡᠢᠭᠡᠮ ᠲᠣᠭᠣᠷᠢᠭ᠋᠎ᠤᠨ ᠺᠠᠳ᠋ᠷ ᠦ᠋ ᠳ᠋ᠸ ᠷᠦᠩ ᠪᠠᠶᠠᠷᠯᠠᠨ ᠬᠡᠯᠡᠨ᠎ᠡ᠃ ᠥᠩᠭᠡᠷᠡᠭᠰᠡᠨ᠎ᠳᠦ ᠨᠡᠢᠭᠡᠮ ᠲᠣᠭᠣᠷᠢᠭ᠋᠎ᠤᠨ ᠬᠡᠷᠡᠮ ᠳᠡᠭᠡᠷ᠎ᠡ ᠡᠯ᠎ᠡ ᠲᠦᠷᠦᠯ᠎ᠦᠨ ᠫᠠᠢᠰᠠ᠎ᠶᠢ ᠲᠦᠭᠦᠷᠲᠡᠯ᠎ᠡ ᠡᠯᠭᠦᠵᠦ᠂ ᠡᠮᠬᠢ ᠵᠠᠮᠪᠠᠷᠠᠭ᠎ᠠ ᠦᠭᠡᠢ ᠬᠠᠷᠠᠬᠳᠠᠬᠤ ᠮᠥᠷᠳᠡᠭᠡᠨ ᠳᠡᠮᠡᠢ ᠬᠡᠷᠡᠭᠴᠡᠭᠡ ᠦᠭᠡᠢ ᠪᠠᠢᠪᠠ᠃ ᠣᠳᠣᠬᠠᠨ᠎ᠳᠤ ᠭᠡᠷ᠎ᠦᠨ ᠭᠠᠳᠠᠨᠠᠬᠢ ᠫᠠᠢᠰᠠ᠎ᠶᠢ 6 ᠡᠴᠡ ᠬᠡᠲᠦᠷᠡᠭᠦᠯᠬᠦ ᠦᠭᠡᠢ ᠭᠡᠵᠤ ᠳᠤᠬᠳᠠᠭᠠᠨ᠂ ᠭᠡᠷ ᠳᠣᠲᠣᠷᠠᠬᠢ ᠢᠯᠡᠬᠦᠴᠡ ᠫᠠᠢᠰᠠ᠎ᠶᠢ ᠪᠦᠬᠦᠨ᠎ᠢ ᠴᠡᠪᠡᠷᠯᠡᠵᠦ᠂ ᠦᠵᠡᠬᠦ᠎ᠳᠦ  ᠲᠠᠭᠠᠯᠠᠮᠵᠢᠳᠠᠢ ᠪᠡᠷ ᠪᠠᠷᠠᠬᠤ  ᠥᠭᠡᠢ᠂ ᠬᠥᠮᠥᠰ᠎ᠤᠨ ᠠᠵᠢᠯ  ᠶᠠᠪᠤᠳᠠᠯ ᠬᠢᠬᠥ  ᠤᠷᠮ᠎ᠠ  ᠵᠣᠷᠢᠭ᠋᠎ᠢ  ᠨᠢ  ᠬᠥᠭᠵᠢᠭᠡᠭᠰᠡᠨ ᠪᠠᠢᠯ᠎ᠠ᠃

ᠣᠢᠯᠠᠭᠠᠭᠰᠠᠨ᠎ᠢᠶᠠᠷ᠂  ᠲᠣᠰ ᠬᠣᠰᠢᠭᠤ ᠫᠠᠢᠰᠠ ᠲᠡᠮᠳᠡᠭ᠎ᠢ  ᠴᠡᠪᠡᠷᠯᠡᠨ ᠴᠡᠭᠴᠡᠯᠡᠬᠦ ᠪᠠ ᠵᠢᠷᠤᠮᠵᠢᠭᠤᠯᠬᠤ ᠠᠵᠢᠯ᠎ᠢ 5 ᠤᠳᠠᠭ᠎ᠠ ᠥᠷᠨᠢᠭᠦᠯᠵᠦ᠂ ᠭᠡᠷ᠎ᠦᠨ ᠳᠣᠲᠣᠨ᠎ᠠ ᠭᠠᠳᠠᠨᠠᠬᠢ ᠪᠣᠳᠠᠲᠤ ᠠᠴᠢ ᠬᠣᠯᠪᠣᠭᠳᠠᠯ ᠦᠭᠡᠢ᠂ ᠬᠡᠷᠡᠭᠯᠡᠬᠦ ᠨᠣᠷᠮ᠎ᠠ᠎ᠪᠠᠷ ᠳᠣᠣᠷ᠎ᠠ ᠪᠠᠢᠭᠤᠯᠤᠮᠵᠢ᠎ᠶᠢᠨ ᠫᠠᠢᠰᠠ᠎ᠶᠢ ᠨᠡᠶ᠋ᠢᠲᠡ 6328 ᠴᠡᠪᠡᠷᠯᠡᠵᠡᠢ᠃ ᠦᠨᠡᠮᠯᠡᠯ᠎ᠢ ᠬᠠᠰᠤᠬᠤ ᠲᠠᠯ᠎ᠠ᠎ᠪᠠᠷ᠂ ᠡᠮᠥᠨ᠎ᠡ ᠹᠷᠣᠨᠲ᠎ᠤᠨ ᠪᠠᠢᠴᠠᠭᠠᠨ ᠰᠤᠳᠤᠯᠤᠯᠲᠠ᠂ ᠰᠠᠯᠠᠭ᠎ᠠ ᠮᠥᠴᠢᠷ᠎ᠦᠨ ᠵᠣᠯᠭᠠᠯᠴᠠᠭ᠎ᠠ ᠬᠢᠬᠥ᠎ᠪᠠᠷ ᠳᠡᠮᠵᠢᠨ᠂ ᠡᠮᠬᠢᠯᠡᠨ ᠳᠢᠭᠯᠡᠭᠰᠡᠨ 63 ᠵᠦᠢᠯ᠎ᠦᠨ ᠭᠡᠷᠡᠴᠢᠯᠡᠬᠦ  ᠭᠡᠷᠡᠭ  ᠶᠠᠪᠤᠳᠠᠯ  ᠳᠣᠲᠣᠷᠠᠬᠢ  46 ᠵᠦᠢᠯ᠎ᠦᠨ ᠵᠦᠢ ᠵᠣᠬᠢᠰ ᠦᠭᠡᠢ ᠭᠡᠷᠡᠴᠢ᠎ᠶᠢ ᠢᠯᠭᠠᠷᠠᠭᠤᠯᠤᠨ ᠳᠢᠭᠯᠡᠵᠦ᠂ ᠪᠠᠰᠠ ᠬᠡᠷᠡᠭᠴᠡᠭᠡ ᠲᠠᠢ ᠵᠢ ᠨᠢ ᠨᠡᠢᠳᠭᠡᠵᠤ ᠬᠡᠷᠡᠭᠴᠡᠭᠡ  ᠥᠭᠡᠢ ᠵᠢ  ᠬᠠᠰᠤᠬᠤ  ᠲᠣᠳᠣᠷᠬᠠᠢ  ᠬᠠᠭᠤᠳᠠᠰᠤ ᠵᠢ ᠨᠡᠢᠳᠡᠯᠡᠨ᠂ 《ᠲᠡᠭᠦᠰ ᠴᠢᠳᠠᠪᠤᠷᠢᠲᠤ ᠲᠠᠮᠠᠭ᠎ᠠ》 ᠵᠢᠨ ᠬᠦᠴᠢᠷ ᠠᠰᠠᠭᠤᠳᠠᠯ᠎ᠢ ᠲᠤᠢᠯᠪᠤᠷᠢᠲᠠᠢ ᠰᠢᠢᠳᠪᠦᠷᠢᠯᠡᠪᠡ᠃ 《ᠥᠩᠭᠡᠷᠡᠭᠰᠡᠨ᠎ᠳᠦ ᠨᠢᠭᠡ ᠬᠡᠷᠡᠭ ᠶᠠᠪᠤᠳᠠᠯ᠎ᠢ ᠪᠦᠲᠦᠭᠡᠬᠦ᠎ᠳᠦ ᠬᠡᠳᠦᠨ ᠭᠡᠷᠡᠴᠢ ᠪᠢᠴᠢᠭ ᠭᠠᠷᠭᠠᠵᠤ ᠥᠭᠲᠡᠭ ᠪᠠᠢᠭᠰᠠᠨ᠂ ᠤᠳᠤ  ᠣᠯᠠᠩᠬᠢ ᠵᠢ ᠨᠢ ᠬᠠᠰᠤᠵᠤ᠂ ᠳᠤᠲᠠᠭᠤ ᠭᠦᠶᠦᠯᠭᠡᠬᠥ ᠪᠤᠯᠵᠠᠢ》  ᠭᠡᠵᠤ  ᠪᠤᠤᠺᠠᠩ  ᠪᠠᠯᠭᠠᠰᠤᠨ᠎ᠤ ᠰᠠᠭᠤᠭᠠᠯᠢ ᠠᠷᠠᠳ ᠯᠢ ᠤᠪᠤᠬᠳᠤ ᠨᠠᠰᠥᠳᠠᠨ ᠬᠠᠨᠤᠮᠵᠢᠳᠠᠢ ᠬᠡᠯᠡᠨ᠎ᠡ᠃

ᠦᠨᠳᠦᠰᠦᠨ ᠱᠠᠲᠤᠨ ᠎ᠤ ᠺᠠᠳ᠋ᠷᠴᠤᠳ᠎ᠲᠤ ᠬᠠᠮᠤᠭ᠎ᠠᠴᠠ ᠢᠯᠡᠭᠦᠦ ᠠᠰᠢᠭ᠋ ᠬᠦᠷᠲᠡᠭᠡᠭᠰᠡᠨ ᠨᠢ ᠬᠦᠰᠦᠨᠦᠭᠲᠦ᠎ᠶᠢ ᠪᠠᠭᠠᠰᠬᠠᠬᠰᠠᠨ ᠶᠠᠪᠤᠳᠠᠯ ᠪᠣᠯᠣᠨ᠎ᠠ᠃《ᠣᠯᠠᠨ ᠬᠦᠰᠦᠨᠦᠭᠲᠦ᠎ᠶᠢ ᠨᠡᠢᠯᠡᠭᠦᠯᠦᠨ ᠨᠢᠭᠡ ᠬᠦᠰᠦᠨᠦᠭ ᠪᠣᠯᠭᠠᠬᠤ ᠂ ᠲᠣᠭ᠎ᠠ ᠪᠠᠷᠢᠮᠲᠠ᠎ᠶᠢ ᠬᠠᠮᠲᠤ᠎ᠪᠠᠷ ᠡᠳ᠋ᠯᠡᠬᠦ》ᠪᠡᠷ ᠳᠠᠮᠵᠢᠭᠤᠯᠤᠨ᠂ ᠮᠡᠳᠡᠭᠦᠯᠦᠯᠲᠡ᠎ᠶᠢᠨ ᠬᠦᠰᠦᠨᠦᠭᠲᠦ᠎ᠶᠢᠨ ᠡᠬᠡ ᠲᠠᠩᠰᠠ᠎ᠶᠢ ᠳᠤᠮᠳᠠᠴᠢ᠎ᠪᠠᠷ 77% ᠪᠡᠷ ᠪᠠᠭᠠᠰᠬᠠᠵᠠᠢ᠃ ᠡᠢᠨ᠎ᠬᠦ 《ᠡᠳᠦᠷ ᠪᠦᠷᠢ ᠮᠡᠳᠡᠭᠦᠯᠦᠯᠲᠡ᠎ᠶᠢᠨ ᠬᠦᠰᠦᠨᠦᠭᠲᠦ᠎ᠶᠢ ᠲᠠᠭᠯᠠᠵᠤ᠂ ᠰᠥᠨᠢ ᠳᠦᠯᠢ᠎ᠪᠡᠷ  ᠮᠠᠲᠧᠷᠢᠶᠠᠯ  ᠪᠢᠴᠢᠵᠤ  ᠡᠮᠬᠢᠳᠭᠡᠬᠥ》ᠪᠠᠢᠳᠠᠯ᠎ᠢ ᠲᠤᠢᠯᠪᠤᠷᠢᠲᠠᠢ ᠬᠤᠪᠢᠷᠠᠭᠤᠯᠤᠭᠰᠠᠨ ᠪᠠᠢᠨ᠎ᠠ᠃《ᠣᠳᠣᠬᠠᠨ᠎ᠳᠤ ᠭᠠᠷᠠᠭ ᠪᠦᠷᠢ ᠢᠯᠡᠭᠦᠦ 2 ᠡᠳᠦᠷ᠎ᠦᠨ ᠴᠠᠭ  ᠵᠠᠷᠤᠴᠠᠭᠤᠯᠵᠤ  ᠪᠠᠢᠭᠠᠳ  ᠡᠷᠥᠭᠡ  ᠳ᠋ᠤ   ᠬᠥᠨᠵᠡᠭᠡᠢᠷᠡᠨ᠂  ᠨᠠᠰᠤᠲᠠᠨ᠎ᠢ ᠠᠰᠠᠷᠠᠬᠤ᠂ ᠨᠠᠢᠳᠠᠨ ᠬᠠᠮᠢᠶᠠᠷᠤᠭᠤᠯᠬᠤ ᠵᠡᠷᠭᠡ ᠪᠣᠳᠠᠲᠠᠢ ᠠᠰᠠᠭᠤᠳᠠᠯ᠎ᠢ ᠣᠯᠠᠨ᠎ᠳᠤ ᠬᠠᠪᠰᠤᠷᠤᠨ ᠰᠢᠢᠳᠪᠦᠷᠢᠯᠡᠨ ᠥᠭᠴᠦ ᠪᠤᠢ᠂ ᠡᠨᠡ  ᠰᠠᠶᠢ ᠮᠠᠨ᠎ᠤ ᠬᠢᠬᠦ ᠶᠣᠰᠣᠲᠠᠢ ᠠᠵᠢᠯ  ᠶᠤᠮ》 ᠭᠡᠵᠦ ᠮᠦ᠍ ᠵᠠᠨ ᠯᠢᠩ ᠬᠡᠯᠡᠵᠤ ᠪᠠᠢᠯ᠎ᠠ᠃

《 ᠬᠣᠶᠠᠷ᠎ᠢ ᠳᠡᠭᠡᠭᠰᠢᠯᠡᠭᠦᠯᠬᠦ 》 ᠭᠡᠳᠡᠭ ᠨᠢ ᠲᠣᠥᠷᠵᠢᠭᠤᠯᠤᠭᠰᠠᠨ ᠬᠠᠮᠢᠶᠠᠷᠤᠯᠲᠠ᠎ᠶᠢᠨ ᠦᠢᠯᠡᠳᠦᠯ ᠴᠢᠳᠠᠪᠤᠷᠢ᠎ᠶᠢ ᠳᠡᠭᠡᠭᠰᠢᠯᠡᠭᠦᠯᠬᠦ ᠪᠠ ᠣᠯᠠᠨ ᠶᠠᠩᠵᠤ᠎ᠶᠢᠨ ᠵᠠᠰᠠᠯᠲᠠ᠎ᠶᠢᠨ ᠴᠢᠳᠠᠪᠤᠷᠢ᠎ᠶᠢ ᠳᠡᠭᠡᠭᠰᠢᠯᠡᠭᠦᠯᠵᠤ᠂ ᠬᠠᠮᠲᠤᠷᠠᠯ᠎ᠤᠨ ᠬᠦᠴᠦᠨ᠎ᠢᠶᠡᠷ ᠦᠨᠳᠦᠰᠦᠨ ᠱᠠᠲᠤᠨ᠎ᠤ ᠵᠠᠰᠠᠯᠲᠠ᠎ᠶᠢᠨ ᠶᠠᠰᠤ ᠴᠢᠨᠠᠷ᠎ᠢ ᠳᠡᠭᠡᠭᠰᠢᠯᠡᠭᠦᠯᠵᠦ ᠦᠷ᠎ᠡ ᠠᠰᠢᠭ᠋᠎ᠢ ᠨᠡᠮᠡᠭᠳᠡᠭᠦᠯᠪᠠ᠃ ᠳᠠᠷᠤᠭᠠᠰᠤ᠎ᠶᠢ ᠬᠥᠩᠭᠡᠷᠡᠭᠦᠯᠬᠦ   ᠨᠢ  ᠬᠠᠷᠢᠭᠤᠴᠠᠯᠭ᠎ᠠ᠎ᠶᠢ ᠬᠥᠩᠭᠡᠷᠡᠭᠦᠯᠬᠦ ᠶᠠᠪᠤᠳᠠᠯ ᠪᠢᠰᠢ᠂ ᠬᠠᠷᠢᠨ ᠤᠯᠠᠨ ᠲᠦᠮᠡᠨ᠎ᠳᠦ ᠨᠡᠩ ᠰᠠᠢᠳᠤᠷ ᠦᠢᠯᠡᠴᠢᠯᠡᠬᠦ᠎ᠶᠢᠨ ᠲᠥᠯᠥᠭᠡ ᠶᠤᠮ᠃ ᠬᠣᠷᠴᠢᠨ ᠵᠡᠭᠦᠨ ᠭᠠᠷᠤᠨ ᠳᠤᠮᠳᠠᠳᠤ ᠬᠣᠰᠢᠭᠤ 《ᠤᠯᠠᠨ ᠲᠣᠣᠷ ᠎ᠢ ᠨᠢᠭᠡᠳᠭᠡᠵᠤ᠂ ᠨᠢᠭᠡ ᠲᠣᠣᠷ᠎ᠢ ᠨᠢᠭᠡᠳᠦᠯᠲᠡᠢ ᠲᠥᠯᠥᠪᠵᠢᠭᠦᠯᠬᠦ 》 ᠰᠡᠳᠬᠢᠴᠡ᠎ᠪᠡᠷ᠂ ᠡᠯ᠎ᠡ ᠲᠦᠷᠦᠯ᠎ᠦᠨ ᠵᠠᠰᠠᠭ ᠵᠠᠬᠢᠷᠭᠠᠨ᠎ᠤ ᠬᠠᠮᠢᠶᠠᠷᠤᠯᠲᠠ᠎ᠶᠢᠨ ᠲᠣᠣᠷᠵᠢᠭᠤᠯᠤᠯᠲᠠ ᠪᠣᠯᠣᠨ ᠥᠪᠡᠷᠲᠡᠭᠡᠨ ᠵᠠᠰᠠᠬᠤ  ᠲᠣᠤᠷᠵᠢᠭᠤᠯᠤᠯᠲᠠ ᠵᠢ   ᠨᠡᠢᠳᠬᠡᠵᠦ᠂ 《ᠨᠢᠭᠡ  ᠲᠣᠣᠷᠵᠢᠭᠤᠯᠤᠯᠲᠠ ᠪᠡᠷ  ᠪᠦᠬᠦ ᠣᠷᠣᠨ ᠪᠦᠰᠡ᠎ᠶᠢ ᠬᠠᠮᠢᠶᠠᠷᠬᠤ᠂ ᠨᠢᠭᠡ ᠡᠩᠨᠡᠭᠡ ᠎ᠪᠡᠷ ᠪᠦᠬᠦᠨ᠎ᠢ ᠬᠠᠮᠢᠶᠠᠷᠬᠤ》 ᠶ᠋ᠢ ᠪᠡᠶᠡᠯᠡᠭᠦᠯᠥᠨ᠂ ᠲᠣᠣᠷᠵᠢᠭᠤᠯᠤᠯᠲᠠ ᠵᠢ ᠦᠨᠳᠦᠰᠦᠨ ᠱᠠᠲᠤᠨ᠎ᠤ ᠵᠠᠰᠠᠯᠲᠠ᠎ᠶᠢᠨ《ᠡᠮᠦᠨ᠎ᠡ ᠬᠠᠷᠠᠭᠤᠯ᠎ᠤᠨ ᠬᠠᠢᠭᠤᠷ 》 ᠪᠣᠯᠭᠠᠬᠰᠠᠨ ᠪᠠᠢᠨ᠎ᠠ᠃

ᠡᠭᠦᠨ᠎ᠦ ᠬᠠᠮᠲᠤ᠂ ᠤᠯᠠᠨ ᠲᠦᠮᠡᠨ᠎ᠦ ᠵᠠᠰᠠᠯᠲᠠ᠎ᠳᠤ ᠣᠷᠣᠯᠴᠠᠬᠤ ᠠᠷᠭ᠎ᠠ ᠵᠠᠮ᠎ᠢ ᠥᠷᠭᠡᠳᠬᠡᠵᠦ᠂ 500 ᠭᠠᠷᠤᠢ ᠨᠡᠢᠭᠡᠮ᠎ᠦᠨ ᠠᠵᠢᠯᠲᠠᠨ᠂ ᠰᠠᠢᠨ ᠳᠤᠷ᠎ᠠ᠎ᠶᠢᠨ ᠠᠵᠢᠯᠯᠠᠭ᠍ᠴᠢ ᠵᠡᠷᠭᠡ᠎ᠶᠢ ᠵᠣᠬᠢᠶᠠᠨ ᠪᠠᠢᠭᠤᠯᠤᠨ ᠦᠨᠳᠦᠰᠦᠨ ᠱᠠᠲᠤᠨ᠎ᠤ ᠵᠠᠰᠠᠯᠲᠠ᠎ᠳᠤ ᠣᠷᠣᠯᠴᠠᠭᠤᠯᠥᠨ᠂ 《ᠬᠥᠮᠥᠨ ᠪᠦᠬᠦᠨ ᠬᠠᠷᠢᠭᠤᠴᠠᠯᠭ᠎ᠠ᠎ᠲᠠᠢ ᠪᠠᠢᠬᠤ᠂ ᠬᠥᠮᠥᠨ ᠪᠦᠬᠦᠨ ᠬᠠᠷᠢᠭᠤᠴᠠᠯᠭ᠎ᠠ᠎ᠪᠠᠨ ᠭᠦᠢᠴᠡᠳᠬᠡᠬᠦ》ᠬᠠᠮᠲᠤ ᠪᠠᠷ ᠵᠠᠰᠠᠬᠤ ᠪᠠᠢᠷᠢᠰᠢᠯ᠎ᠢ ᠪᠦᠷᠢᠯᠳᠦᠭᠦᠯᠪᠡ᠃ 《ᠪᠢᠳᠡ ᠰᠠᠢᠨ ᠳᠤᠷᠠᠴᠤᠳ᠎ᠢ ᠳᠠᠶ᠋ᠢᠴᠢᠯᠠᠨ ᠨᠠᠰᠤᠲᠠᠢᠴᠤᠳ᠎ᠲᠤ ᠬᠠᠨᠢ ᠪᠣᠯᠵᠤ ᠡᠮᠨᠡᠭᠦᠯᠬᠦ᠂ ᠬᠡᠦᠬᠡᠳ᠎ᠢ ᠨᠠᠢᠳᠠᠨ ᠬᠠᠮᠢᠶᠠᠷᠤᠭᠤᠯᠬᠤ ᠠᠵᠢᠯ᠎ᠳᠤ ᠣᠷᠣᠯᠴᠠᠭᠤᠯᠥᠨ᠂ ᠣᠯᠠᠨ ᠲᠦᠮᠡᠨ᠎ᠦ ᠬᠦᠴᠢᠷ ᠠᠰᠠᠭᠤᠳᠠᠯ᠎ᠢ ᠰᠢᠢᠳᠪᠦᠷᠢᠯᠡᠵᠤ᠂ ᠤᠯᠠᠨ ᠲᠥᠮᠡᠨ᠎ᠤ ᠬᠥᠷᠳᠡᠮᠵᠢ ᠵᠢᠨ ᠲᠥᠷᠥᠭᠳᠡᠯ᠎ᠢ ᠨᠡᠮᠡᠭᠳᠡᠭᠥᠯᠥᠯ᠎ᠡ》 ᠭᠡᠵᠤ ᠶᠢᠨ ᠾᠧ ᠲᠦᠩ ᠲᠠᠨᠢᠯᠴᠠᠭᠤᠯᠤᠨ᠎ᠠ᠃ ᠣᠳᠣᠬᠠᠨ ᠳ᠋ᠤ᠂ ᠬᠣᠷᠴᠢᠨ ᠵᠡᠭᠦᠨ ᠭᠠᠷᠤᠨ ᠳᠤᠮᠳᠠᠳᠤ ᠬᠣᠰᠢᠭᠤᠨ᠎ᠤ ᠦᠨᠳᠦᠰᠦᠨ ᠱᠠᠲᠤᠨ᠎ᠤ ᠵᠠᠰᠠᠯᠲᠠ ᠨᠢ ᠺᠠᠳ᠋ᠷᠴᠤᠳ᠎ᠤᠨ《ᠭᠠᠭᠴᠠᠭᠠᠷ᠎ᠢᠶᠠᠨ ᠲᠡᠮᠡᠴᠡᠬᠦ》 ᠪᠠᠢᠬᠰᠠᠨ ᠡᠴᠡ ᠪᠠᠨ ᠬᠠᠷᠢᠨ ᠣᠯᠠᠨ ᠲᠦᠮᠡᠨ᠎ᠦ ᠥᠷᠭᠡᠨ᠎ᠢᠶᠡᠷ ᠣᠷᠣᠯᠴᠠᠭᠰᠠᠨ《ᠣᠯᠠᠨ ᠡᠰᠢᠲᠦ ᠬᠠᠮᠲᠤ᠎ᠪᠠᠷ ᠵᠠᠰᠠᠬᠤ》 ᠵᠢ ᠪᠡᠶᠡᠯᠡᠭᠥᠯᠥᠭᠰᠡᠨ ᠪᠠᠢᠨ᠎ᠠ᠃

《ᠢᠳᠡᠪᠬᠢ ᠪᠤᠰᠤ ᠠᠷᠭᠠᠴᠠᠭᠠᠬᠤ》 ᠡᠴᠡ 《ᠰᠠᠨᠠᠭᠠᠴᠢᠯᠠᠭ᠎ᠠ ᠡᠴᠠ᠎ᠪᠠᠨ ᠠᠵᠢᠯᠯᠠᠬᠤ》 ᠬᠦᠷᠲᠡᠯ᠎ᠡ ᠂ 《ᠶᠠᠷᠰᠢᠭ᠋ ᠲᠦᠪᠡᠭᠲᠡᠢ ᠳᠠᠷᠤᠭᠠᠰᠥ ᠬᠥᠨᠳᠥ ᠪᠠᠢᠬᠰᠠᠨ》 ᠡᠴᠡ《ᠨᠠᠷᠢᠨ ᠤᠨᠤᠴᠠᠳᠠᠢ ᠥᠨᠳᠥᠷ ᠪᠦᠲᠦᠮᠵᠢᠲᠡᠢ ᠠᠵᠢᠯᠯᠠᠬᠤ ᠪᠤᠯᠤᠬᠰᠠᠨ》 ᠬᠦᠷᠲᠡᠯ᠎ᠡ᠂ ᠬᠣᠷᠴᠢᠨ ᠵᠡᠭᠦᠨ ᠭᠠᠷᠤᠨ ᠳᠤᠮᠳᠠᠳᠤ ᠬᠣᠰᠢᠭᠤᠨ᠎ᠤ《ᠳᠥᠷᠪᠡ᠎ᠶᠢ ᠵᠢᠷᠤᠮᠵᠢᠭᠤᠯᠵᠤ ᠭᠤᠷᠪᠠ᠎ᠶᠢ ᠬᠥᠩᠭᠡᠷᠡᠭᠥᠯᠥᠨ ᠬᠣᠶᠠᠷ᠎ᠢ ᠳᠡᠭᠡᠭᠰᠢᠯᠡᠭᠦᠯᠬᠦ》 ᠠᠵᠢᠯ᠎ᠤᠨ ᠠᠷᠭ᠎ᠠ ᠨᠢ ᠦᠨᠳᠦᠰᠦᠨ ᠱᠠᠲᠤᠨ᠎ᠤ ᠵᠠᠰᠠᠯᠲᠠ᠎ᠶᠢᠨ ᠲᠦᠭᠵᠢᠷᠡᠯ ᠎ᠢ  ᠲᠠᠢᠯᠤᠭᠰᠠᠨ᠎ᠢᠶᠠᠷ ᠪᠠᠷᠠᠬᠤ ᠦᠭᠡᠢ᠂ ᠺᠠᠳ᠋ᠷ ᠤᠯᠠᠨ ᠲᠦᠮᠡᠨ᠎ᠦ ᠬᠠᠷᠢᠴᠠᠭ᠎ᠠ᠎ᠶᠢ  ᠤᠯᠠᠮ ᠣᠢᠷᠠᠲᠤᠭᠤᠯᠤᠬᠰᠠᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号