ᠬᠢᠯᠢ ᠠᠯᠤᠰᠯᠠᠵᠤ ᠢᠷᠡᠭᠰᠡᠨ ᠲᠦᠭᠦᠭᠡᠢ ᠮᠠᠲ᠋ᠧᠷᠢᠶᠠᠯ᠎ᠢ ᠮᠠᠨᠵᠤᠤᠷ᠎ᠲᠤ ᠶᠠᠭᠠᠷᠠᠯᠳᠠᠢ ᠡᠳ᠋ᠰᠢᠬᠦᠯᠦᠨ᠎ᠠ
2026-04-22 10:43:10
ᠵᠣᠬᠢᠶᠠᠭ᠍ᠴᠢ᠄
​ ᠯᠢᠶᠠᠩ ᠯᠢᠶᠠᠩ
ᠣᠩᠱᠢᠭ᠍ᠰᠠᠨ ᠣᠳᠠᠭ᠎ᠠ᠄
★★★☆☆

《ᠡᠨᠡ ᠬᠦ᠌ ᠲᠣᠰᠣ ᠱᠢᠬᠠᠬᠤ ᠦᠢᠯᠡᠳᠪᠦᠷᠢᠯᠡᠯ᠎ᠦᠨ ᠱᠤᠭᠤᠮ ᠳᠡᠭᠡᠷ᠎ᠡ᠂ ᠶᠠᠮᠠ᠎ᠶ᠋ᠢᠨ ᠦᠷ᠎ᠡ᠎ᠶ᠋ᠢ ᠴᠡᠪᠡᠷᠯᠡᠬᠦ᠌᠂ ᠱᠢᠬᠠᠬᠤ᠂ ᠱᠦᠭᠦᠬᠦ᠌ ᠵᠡᠷᠭᠡ ᠣᠯᠠᠨ ᠵᠦᠢᠯ᠎ᠦᠨ ᠪᠣᠯᠪᠠᠰᠤᠷᠠᠭᠤᠯᠬᠤ ᠠᠵᠢᠯ᠎ᠤᠨ ᠲᠡᠰ ᠳᠠᠷᠠᠭᠠᠯᠠᠯ᠎ᠢᠶᠠᠷ ᠳᠠᠮᠵᠢᠨ᠂ ᠬᠣᠯᠢᠴᠠ᠎ᠶ᠋ᠢ ᠨᠢ ᠠᠷᠢᠯᠭᠠᠵᠤ᠂ ᠨᠠᠷᠢᠯᠢᠭ ᠪᠣᠯᠪᠠᠰᠤᠷᠠᠭᠤᠯᠵᠤ ᠪᠠᠢᠭᠠᠳ ᠴᠡᠪᠡᠷ ᠲᠤᠩᠭᠠᠯᠠᠭ᠂ ᠴᠢᠨᠠᠷ ᠰᠠᠢᠳᠠᠢ ᠤᠷᠭᠤᠮᠠᠯ᠎ᠤᠨ ᠲᠣᠰᠣ ᠵᠢ ᠰᠢᠬᠠᠳᠠᠭ》ᠭᠡᠵᠦ ᠮᠠᠨᠵᠤᠤᠷ᠎ᠤᠨ ᠱᠢᠨ ᠹᠸᠩ ᠠᠮᠤ ᠲᠣᠰᠣᠨ᠎ᠤ ᠠᠵᠤ ᠦᠶ᠋ᠯᠡᠳᠪᠦᠷᠢ᠎ᠶ᠋ᠢᠨ ᠬᠢᠵᠠᠭᠠᠷᠲᠤ ᠺᠣᠮᠫᠠᠨᠢ᠎ᠶ᠋ᠢᠨ ᠳᠡᠳ᠋ ᠶᠡᠷᠦᠩᠬᠡᠶ ᠳᠠᠭᠠᠭᠠᠮᠠᠯ ᠶᠠᠩ ᡁᠢ ᠬᠣᠩ ᠦᠶ᠋ᠯᠡᠳᠪᠦᠷᠢᠯᠡᠯ᠎ᠦᠨ ᠱᠤᠭᠤᠮ᠎ᠢ ᠵᠢᠭᠠᠵᠤ᠂ ᠰᠤᠷᠪᠤᠯᠵᠢᠯᠠᠭ᠍ᠴᠢ᠎ᠳᠤ ᠲᠠᠨᠢᠯᠴᠠᠭᠤᠯᠪᠠ᠃

4 ᠰᠠᠷ᠎ᠠ᠎ᠶ᠋ᠢᠨ 10 ᠎ᠤ᠋ ᠡᠳᠦᠷ᠂ ᠮᠠᠨᠵᠤᠤᠷ᠎ᠤᠨ ᠱᠢᠨ ᠹᠸᠩ ᠠᠮᠤ ᠲᠤᠰᠤᠨ᠎ᠤ ᠠᠵᠤ ᠦᠢᠯᠡᠳᠪᠦᠷᠢ᠎ᠶ᠋ᠢᠨ ᠬᠢᠵᠠᠭᠠᠷᠲᠤ ᠺᠣᠮᠫᠠᠨᠢ᠎ᠶ᠋ᠢᠨ ᠲᠤᠰᠤ ᠱᠢᠬᠠᠬᠤ ᠦᠢᠯᠡᠳᠪᠦᠷᠢᠯᠡᠯ᠎ᠦᠨ ᠲᠠᠰᠤᠭ᠎ᠲᠤ᠂ ᠲᠤᠰᠤᠨ᠎ᠤ ᠦᠨᠦᠷ ᠬᠠᠩᠬᠤᠯᠤᠨ᠂ ᠮᠠᠱᠢᠨ ᠬᠦᠷᠴᠢᠭᠢᠨᠡᠵᠦ᠂ ᠠᠵᠢᠯᠴᠢᠳ ᠲᠤᠨᠤᠭ ᠲᠥᠬᠥᠭᠡᠷᠦᠮᠵᠢ᠎ᠶ᠋ᠢᠨ ᠠᠵᠢᠯᠯᠠᠭᠠᠨ᠎ᠢ ᠴᠢᠩᠭ᠎ᠠ ᠠᠩᠬᠠᠷᠴᠤ᠌ ᠪᠠᠢᠯ᠎ᠠ᠃ ᠦᠶ᠋ᠯᠡᠳᠪᠦᠷᠢ᠎ᠶ᠋ᠢᠨ ᠲᠣᠭᠣᠷᠢᠭ᠎ᠤᠨ ᠡᠭᠦᠳᠡᠨ ᠡᠮᠦᠨ᠎ᠡ᠂ ᠲᠣᠮᠣ ᠬᠡᠯᠪᠡᠷᠢ᠎ᠶ᠋ᠢᠨ ᠪᠠᠷᠠᠭ᠎ᠠ ᠲᠡᠭᠡᠭᠡᠪᠦᠷᠢᠯᠡᠬᠦ᠌ ᠲᠡᠷᠭᠡ ᠡᠮᠬᠢ ᠵᠢᠷᠤᠮ᠎ᠲᠠᠶ ᠵᠦᠷᠢᠯᠳᠦᠵᠦ᠂ ᠠᠵᠢᠯᠴᠢᠳ ᠲᠣᠰ ᠲᠣᠰ᠎ᠤᠨ ᠡᠭᠦᠷᠭᠡ ᠬᠠᠷᠢᠭᠤᠴᠠᠯᠭ᠎ᠠ᠎ᠪᠠᠨ ᠭᠦᠶ᠋ᠴᠡᠳᠭᠡᠨ᠂ ᠪᠦᠲᠦᠭᠡᠭ᠌ᠳᠡᠬᠦᠨ᠎ᠢ ᠪᠥᠬᠥ᠌ ᠤᠯᠤᠰ᠎ᠤᠨ ᠵᠠᠬ᠎ᠠ ᠳᠡᠯᠭᠡᠭᠦᠷ᠎ᠲᠦ ᠬᠦᠷᠭᠡᠨ᠎ᠡ᠃

ᠶᠠᠩ ᡁᠢ ᠬᠣᠩ ᠲᠠᠨᠢᠯᠴᠠᠭᠤᠯᠬᠤ᠎ᠳᠠᠭᠠᠨ᠂ ᠣᠳᠣᠬᠠᠨ᠎ᠳᠤ ᠺᠣᠮᠫᠠᠨᠢ᠎ᠶ᠋ᠢᠨ ᠭᠠᠳᠠᠭᠠᠳᠤ᠎ᠡᠴᠡ ᠣᠷᠣᠭᠤᠯᠤᠭ᠍ᠰᠠᠨ ᠲᠠᠸᠠᠷ᠎ᠨᠢ ᠶᠠᠮᠠ᠎ᠶ᠋ᠢᠨ ᠦᠷ᠎ᠡ᠂ ᠨᠣᠬᠠᠶ᠎ᠶ᠋ᠢᠨ ᠬᠣᠱᠢᠭᠤ᠂ ᠨᠠᠷᠢᠮᠤ ᠵᠡᠷᠭᠡ ᠣᠯᠠᠨ ᠲᠥᠷᠥᠯ ᠵᠦᠶ᠋ᠯ᠎ᠢ ᠬᠠᠮᠤᠷᠴᠤ᠌᠂ ᠠᠦ᠋ᠲ᠋ᠣ᠋ ᠲᠣᠰᠣ ᠱᠢᠬᠠᠬᠤ᠂  ᠨᠣᠬᠠᠶ᠎ᠶ᠋ᠢᠨ ᠬᠣᠱᠢᠭᠤ᠎ᠶ᠋ᠢᠨ ᠬᠠᠯᠢᠰᠤ ᠵᠢ ᠱᠠᠭᠠᠯᠬᠤ ᠵᠡᠷᠭᠡ 9 ᠲᠥᠷᠥᠯ᠎ᠦᠨ ᠦᠶ᠋ᠯᠡᠳᠪᠦᠷᠢᠯᠡᠯ᠎ᠦᠨ ᠱᠤᠭᠤᠮ᠎ᠢ ᠪᠠᠢᠭᠤᠯᠪᠠ᠃ ᠺᠣᠮᠫᠠᠨᠢ᠎ᠶ᠋ᠢᠨ ᠦᠶ᠋ᠯᠡᠳᠪᠦᠷᠢᠯᠡᠯ᠎ᠳᠦ ᠬᠡᠷᠡᠭ᠌ᠯᠡᠬᠦ᠌ ᠲᠦᠭᠦᠬᠡᠶ ᠮᠠᠲ᠋ᠧᠷᠢᠶᠠᠯ᠎ᠤᠨ 90% ᠎ᠨᠢ ᠴᠥᠮ ᠬᠢᠯᠢ᠎ᠶ᠋ᠢᠨ ᠠᠷᠠᠳ᠎ᠤᠨ ᠵᠠᠬ᠎ᠠ ᠵᠢᠨ ᠠᠷᠠᠯᠵᠢᠶ᠎ᠠ᠎ᠵᠢᠨ ᠭᠠᠳᠠᠭᠠᠳᠤ᠎ᠡᠴᠡ ᠣᠷᠣᠭᠤᠯᠤᠭ᠍ᠰᠠᠨ ᠲᠠᠸᠠᠷ᠎ᠢ ᠰᠠᠭᠤᠷᠢᠱᠢᠭᠤᠯᠤᠨ ᠡᠳ᠋ᠱᠢᠭᠦᠯᠬᠦ᠌ ᠲᠥᠷᠥ᠎ᠶ᠋ᠢᠨ ᠪᠣᠳᠣᠯᠭ᠎ᠠ᠎ᠪᠠᠷ ᠳᠡᠮᠵᠢᠨ ᠭᠠᠳᠠᠭᠠᠳᠤ᠎ᠡᠴᠡ ᠣᠷᠣᠭᠤᠯᠤᠭ᠍ᠰᠠᠨ ᠶᠤᠮ᠂ ᠡᠢᠮᠦᠷᠬᠦᠦ ᠠᠷᠭ᠎ᠠ ᠬᠡᠯᠪᠡᠷᠢ᠎ᠨᠢ ᠣᠷᠣᠰ᠎ᠤᠨ ᠲᠦᠭᠦᠬᠡᠶ ᠮᠠᠲ᠋ᠧᠷᠢᠶᠠᠯ᠎ᠤᠨ ᠥᠪᠡᠷ᠎ᠦᠨ ᠥᠷᠲᠡᠭ᠎ᠢ ᠡᠩ᠎ᠦᠨ ᠠᠷᠠᠯᠵᠢᠶᠠᠨ᠎ᠤ ᠠᠷᠭ᠎ᠠ ᠵᠠᠮ᠎ᠡᠴᠡ ᠬᠣᠯᠠ ᠪᠠᠭᠤᠷᠠᠭᠤᠯᠵᠠᠶ ᠭᠡᠪᠡ᠃

ᠶᠠᠩ ᡁᠢ ᠬᠣᠩ ᠤ᠋ᠨ ᠬᠡᠯᠡᠵᠦ ᠪᠠᠢᠭ᠎ᠠ ᠬᠢᠯᠢ᠎ᠶ᠋ᠢᠨ ᠠᠷᠠᠳ᠎ᠤᠨ ᠵᠠᠬ᠎ᠠ ᠵᠢᠨ ᠠᠷᠠᠯᠵᠢᠶ᠎ᠠ᠎ᠶ᠋ᠢᠨ ᠭᠠᠳᠠᠭᠠᠳᠤ᠎ᠡᠴᠡ ᠣᠷᠣᠭᠤᠯᠤᠭ᠍ᠰᠠᠨ ᠲᠠᠸᠠᠷ᠎ᠢ ᠰᠠᠭᠤᠷᠢᠱᠢᠭᠤᠯᠤᠨ ᠡᠳ᠋ᠱᠢᠭᠦᠯᠬᠦ᠌ ᠪᠣᠯ ᠮᠠᠨᠵᠤᠤᠷ᠎ᠤᠨ《ᠬᠢᠯᠢ᠎ᠶ᠋ᠢᠨ ᠠᠷᠠᠳ᠎ᠤᠨ ᠵᠠᠬ᠎ᠠ ᠵᠢᠨ ᠠᠷᠠᠯᠵᠢᠶ᠎ᠠ + ᠰᠠᠭᠤᠷᠢᠱᠢᠭᠤᠯᠤᠨ ᠡᠳ᠋ᠱᠢᠭᠦᠯᠬᠦ᠌》 ᠬᠥᠭ᠌ᠵᠢᠯᠲᠡ᠎ᠶ᠋ᠢᠨ ᠵᠠᠭ᠍ᠪᠤᠷ᠎ᠢ ᠢᠳᠡᠪᠬᠢᠲᠡᠶ ᠠᠬᠢᠭᠤᠯᠵᠤ᠂ ᠬᠢᠯᠢ᠎ᠶ᠋ᠢᠨ ᠠᠷᠠᠳ᠎ᠤᠨ ᠵᠠᠬ᠎ᠠ ᠵᠢᠨ ᠠᠷᠠᠯᠵᠢᠶ᠎ᠠ᠎ᠶ᠋ᠢᠨ ᠭᠠᠳᠠᠭᠠᠳᠤ᠎ᠡᠴᠡ ᠣᠷᠣᠭᠤᠯᠤᠭ᠍ᠰᠠᠨ ᠲᠠᠸᠠᠷ᠎ᠢᠶᠠᠷ ᠭᠤᠤᠯ ᠲᠦᠭᠦᠬᠡᠶ ᠮᠠᠲ᠋ᠧᠷᠢᠶᠠᠯ ᠪᠣᠯᠭᠠᠵᠤ᠂ ᠬᠢᠯᠢ ᠬᠢᠵᠠᠭᠠᠷ ᠣᠷᠣᠨ ᠳ᠋ᠤ ᠪᠦᠷᠢᠳᠭᠡᠨ ᠳᠡᠩᠰᠡᠯᠡᠭᠤᠯᠤᠭᠰᠠᠨ ᠡᠳ᠋ᠱᠢᠭᠦᠯᠬᠦ᠌ ᠠᠵᠤ ᠠᠬᠤᠢᠯᠠᠯ᠎ᠡᠴᠡ ᠲᠤᠬᠠᠢ ᠵᠢᠨ ᠭᠠᠵᠠᠷ ᠲᠠᠭᠠᠨ ᠥᠷᠲᠡᠭ ᠨᠡᠮᠡᠭ᠌ᠳᠡᠭᠦᠯᠦᠨ ᠡᠳ᠋ᠱᠢᠭᠦᠯᠵᠦ᠂ ᠭᠠᠳᠠᠭᠠᠳᠤ᠎ᠡᠴᠡ ᠣᠷᠣᠭᠤᠯᠤᠭ᠍ᠰᠠᠨ ᠲᠦᠭᠦᠬᠡᠶ ᠮᠠᠲ᠋ᠧᠷᠢᠶᠠᠯ᠎ᠢ ᠱᠢᠭᠤᠳ ᠥᠨᠳᠥᠷ ᠨᠡᠮᠡᠯᠲᠡ ᠥᠷᠲᠡᠭ᠎ᠲᠡᠶ ᠦᠶ᠋ᠯᠡᠳᠬᠦᠨ ᠪᠣᠯᠭᠠᠨ ᠬᠤᠪᠢᠷᠠᠭᠤᠯᠬᠤ᠎ᠪᠠᠷ ᠳᠠᠮᠵᠢᠭᠤᠯᠤᠨ᠂ ᠡᠭᠦᠨ᠎ᠦ ᠤᠯᠠᠮ᠎ᠢᠶᠠᠷ ᠬᠢᠯᠢ᠎ᠶ᠋ᠢᠨ ᠠᠷᠠᠯᠵᠢᠶ᠎ᠠ᠎ᠶ᠋ᠢᠨ ᠠᠵᠤ ᠦᠶ᠋ᠯᠡᠰ᠎ᠦᠨ ᠬᠡᠯᠬᠢᠶ᠎ᠡ᠎ᠶ᠋ᠢ ᠤᠷᠲᠤᠳᠭᠠᠨ ᠲᠠᠰ ᠳᠡᠪᠱᠢᠭᠦᠯᠬᠦ᠌᠎ᠶ᠋ᠢ ᠪᠡᠶᠡᠯᠡᠭᠦᠯᠬᠦ ᠵᠢ ᠵᠢᠭᠠᠨ᠎ᠠ᠃

ᠠᠵᠤ ᠠᠬᠤᠢᠯᠠᠯ᠎ᠤᠨ ᠥᠪᠡᠷ᠎ᠦᠨ ᠥᠷᠲᠡᠭ᠎ᠢ ᠪᠠᠭᠤᠷᠠᠭᠤᠯᠵᠤ ᠴᠢᠳᠠᠭᠰᠠᠨ ᠨᠢ ᠮᠠᠨᠵᠤᠤᠷ᠎ᠤᠨ ᠱᠢᠨ᠎ᠡ᠎ᠶ᠋ᠢ ᠡᠭᠦᠳᠦᠭ᠌ᠰᠡᠨ 《ᠠᠵᠤ ᠠᠬᠤᠢᠯᠠᠯ + ᠬᠢᠯᠢ᠎ᠶ᠋ᠢᠨ ᠠᠷᠠᠳ + ᠬᠣᠷᠱᠢᠶ᠎ᠠ》ᠶ᠋ᠢᠨ ᠬᠠᠮᠲᠤᠷᠠᠨ ᠬᠥᠳᠡᠯᠦᠯᠴᠡᠬᠦ᠌ ᠵᠠᠭ᠍ᠪᠤᠷ ᠡᠴᠡ ᠰᠠᠯᠵᠤ ᠴᠢᠳᠠᠬᠤ ᠦᠭᠡᠢ᠃ ᠮᠠᠨᠵᠤᠤᠷ᠎ᠤᠨ ᠬᠢᠯᠢ᠎ᠶ᠋ᠢᠨ ᠠᠷᠠᠳ᠎ᠤᠨ ᠵᠠᠬ᠎ᠠ ᠵᠢᠨ ᠠᠷᠠᠯᠵᠢᠶ᠎ᠠ ᠵᠢᠨ ᠲᠣᠭᠣᠷᠢᠭ᠎ᠤᠨ ᠬᠠᠮᠢᠶᠠᠷᠤᠯᠲᠠ᠎ᠶ᠋ᠢᠨ ᠵᠥᠪᠯᠡᠯ᠎ᠦᠨ ᠠᠵᠢᠯᠲᠠᠨ ᠫᠸᠢ ᠱᠢᠨ ᠲᠦᠩ ᠰᠤᠷᠪᠤᠯᠵᠢᠯᠠᠭ᠍ᠴᠢ᠎ᠳᠤ᠄ 《ᠬᠢᠯᠢ᠎ᠶ᠋ᠢᠨ ᠠᠷᠠᠳ ᠡᠳᠦᠷ ᠪᠦᠷᠢ 8000 ᠲᠥᠭᠥᠷᠢᠭ᠎ᠦᠨ ᠵᠠᠬ᠎ᠠ ᠵᠢᠨ ᠠᠷᠠᠯᠵᠢᠶᠠᠨ᠎ᠤ ᠭᠠᠢᠯᠢ᠎ᠡᠴᠡ ᠭᠡᠯᠳᠦᠷᠢᠭᠦᠯᠬᠦ᠌ ᠬᠠᠷᠠᠭᠠᠯᠵᠠᠯ ᠲᠠᠢ ᠪᠠᠢᠵᠤ᠂ ᠠᠵᠤ ᠠᠬᠤᠢᠯᠠᠯ ᠨᠢ ᠬᠢᠯᠢ᠎ᠶ᠋ᠢᠨ ᠠᠷᠠᠳ᠎ᠤᠨ ᠬᠣᠷᠱᠢᠶ᠎ᠠ᠎ᠪᠠᠷ ᠳᠡᠮᠵᠢᠨ᠂ ᠬᠢᠯᠢ᠎ᠶ᠋ᠢᠨ ᠠᠷᠠᠳ᠎ᠤᠨ ᠵᠠᠬ᠎ᠠ ᠵᠢᠨ ᠠᠷᠠᠯᠵᠢᠶᠠᠨ᠎ᠤ ᠠᠷᠭ᠎ᠠ ᠵᠠᠮ᠎ᠢᠶᠠᠷ ᠳᠡᠮᠵᠢᠨ ᠭᠠᠳᠠᠭᠠᠳᠤ᠎ᠡᠴᠡ ᠣᠷᠣᠭᠤᠯᠤᠭ᠍ᠰᠠᠨ ᠲᠠᠷᠢᠶᠠᠯᠠᠩ᠎ᠤᠨ ᠪᠦᠲᠦᠭᠡᠭ᠌ᠳᠡᠬᠦᠨ᠎ᠢ ᠬᠤᠳᠠᠯᠳᠤᠨ ᠠᠪᠴᠤ᠌᠂ ᠠᠵᠤ ᠠᠬᠤᠢᠯᠠᠯ᠎ᠢ ᠬᠠᠪᠰᠤᠷᠤᠨ ᠬᠤᠳᠠᠯᠳᠤᠨ ᠠᠪᠬᠤ ᠥᠪᠡᠷ᠎ᠦᠨ ᠥᠷᠲᠡᠭ᠎ᠢ ᠨᠢ ᠪᠠᠭᠤᠷᠠᠭᠤᠯᠤᠭ᠍ᠰᠠᠨ᠎ᠢᠶᠠᠷ ᠪᠠᠷᠠᠬᠤ ᠥᠬᠡᠶ᠂ ᠪᠠᠰᠠ ᠬᠢᠯᠢ᠎ᠶ᠋ᠢᠨ ᠠᠷᠠᠳ᠎ᠲᠤ ᠬᠡᠷ᠎ᠦᠨ᠎ᠢᠶᠡᠨ ᠡᠭᠦᠳᠡᠨ᠎ᠳᠦ ᠵᠣᠬᠢᠬᠤ ᠬᠥᠯᠥᠰᠥ᠍ ᠣᠯᠭᠣᠮᠵᠢ ᠣᠯᠭᠣᠵᠤ᠂ ᠠᠵᠤ ᠠᠬᠤᠢᠯᠠᠯ ᠬᠢᠭᠡᠳ ᠬᠢᠯᠢ᠎ᠶ᠋ᠢᠨ ᠠᠷᠠᠳ᠎ᠤᠨ ᠬᠤᠤᠰ ᠠᠱᠢᠭ᠎ᠢ ᠪᠡᠶᠡᠯᠡᠭᠦᠯᠪᠡ》 ᠭᠡᠵᠦ ᠬᠡᠯᠡᠪᠡ᠃

《ᠬᠢᠯᠢ᠎ᠶ᠋ᠢᠨ ᠠᠷᠠᠳ᠎ᠤᠨ ᠵᠠᠬ᠎ᠠ ᠵᠢᠨ ᠠᠷᠠᠯᠵᠢᠶ᠎ᠠ ᠵᠢᠨ ᠲᠤᠬᠠᠢᠯᠠᠭ᠍ᠰᠠᠨ ᠠᠵᠢᠯ᠎ᠳᠤ ᠣᠷᠣᠯᠴᠠᠬᠤ ᠪᠦᠷᠢ 80 ᠲᠥᠭᠥᠷᠢᠭ ᠣᠷᠴᠢᠮ᠎ᠤᠨ ᠣᠷᠣᠯᠭ᠎ᠠ ᠣᠯᠵᠤ᠂ ᠬᠡᠷᠡᠭ᠌ᠵᠢᠭᠦᠯᠬᠦ᠌᠎ᠳᠦ ᠪᠠᠰᠠ ᠮᠠᠰᠢ ᠳᠥᠭᠥᠮ ᠪᠠᠢᠳᠠᠭ》᠃ ᠬᠢᠯᠢ᠎ᠶ᠋ᠢᠨ ᠠᠷᠠᠳ ᠴᠧᠨ ᠠᠪᠠᠬᠠᠶ᠂ ᠥᠩᠭᠡᠷᠡᠭ᠌ᠰᠡᠨ᠎ᠳᠦ ᠬᠣᠯᠪᠣᠭ᠍ᠳᠠᠯ ᠪᠥᠬᠥᠶ ᠭᠠᠷ ᠭᠦᠶ᠋ᠴᠡᠳᠭᠡᠯ ᠬᠢᠬᠦ᠌᠎ᠳᠦ ᠮᠥᠷᠯᠡᠨ ᠬᠦᠯᠢᠶᠡᠵᠦ᠍᠂ ᠴᠠᠭ ᠪᠠᠷᠠᠬᠤ ᠮᠥᠷᠲᠡᠭᠡᠨ ᠬᠦᠴᠦ᠍ ᠪᠠᠷᠠᠨ᠎ᠠ᠂ ᠣᠲᠣ ᠨᠢᠭᠡ ᠯᠡ ᠭᠠᠷ ᠤᠲᠠᠰᠤ ᠪᠠᠢᠪᠠᠯ ᠳᠠᠷᠤᠶ ᠪᠣᠶ ᠪᠥᠬᠥᠶ ᠠᠵᠢᠯᠯᠠᠭ᠎ᠠ᠎ᠶ᠋ᠢ ᠪᠡᠶᠡᠯᠡᠭᠦᠯᠵᠦ᠍ ᠴᠢᠳᠠᠨ᠎ᠠ ᠭᠡᠵᠦ ᠢᠨᠢᠶᠡᠮᠰᠦᠭ᠌ᠯᠡᠨ ᠬᠡᠯᠡᠪᠡ᠃

ᠡᠢᠡᠬᠥ ᠳᠥᠭᠥᠮ ᠳᠥᠲᠡ᠎ᠪᠤᠯᠤᠬᠰᠠᠨ ᠨᠢ  ᠮᠠᠨᠵᠤᠤᠷ  ᠬᠢᠯᠢ ᠵᠢᠨ ᠠᠷᠠᠳ ᠤ᠋ᠨ ᠵᠠᠬ᠎ᠠ ᠵᠢᠨ ᠠᠷᠠᠯᠵᠢᠶ᠎ᠠ ᠵᠢᠨ ᠲᠥᠷᠥ᠎ᠶ᠋ᠢᠨ ᠪᠣᠳᠣᠯᠭ᠎ᠠ᠎ᠶ᠋ᠢ ᠦᠨᠡᠨ ᠬᠦ᠌ ᠨᠠᠢᠳᠠᠪᠤᠷᠢᠵᠢᠭᠤᠯᠤᠨ ᠠᠷᠠᠳ᠎ᠲᠤ ᠠᠱᠢᠭ ᠬᠦᠷᠲᠡᠭᠡᠵᠦ᠂ 《ᠮᠠᠨᠵᠤᠤᠷ᠎ᠤᠨ ᠬᠢᠯᠢ᠎ᠶ᠋ᠢᠨ ᠠᠷᠠᠳ᠎ᠤᠨ ᠵᠠᠬ᠎ᠠ ᠵᠢᠨ ᠠᠷᠠᠯᠵᠢᠶ᠎ᠠ ᠵᠢᠨ ᠰᠦᠯᠵᠢᠶ᠎ᠡ 》 ᠭᠡᠬᠦ ᠬᠢᠯᠢ᠎ᠶ᠋ᠢᠨ ᠠᠷᠠᠳ᠎ᠤᠨ ᠵᠠᠬ᠎ᠠ ᠵᠢᠨ ᠠᠷᠠᠯᠵᠢᠶ᠎ᠠ᠎ᠶ᠋ᠢ ᠨᠢᠭᠡ ᠴᠣᠭ᠍ᠴᠠᠵᠢᠭᠤᠯᠬᠤ ᠲᠠᠪᠴᠠᠩ  (《ᠮᠠᠨᠵᠤᠤᠷ᠎ᠤᠨ ᠬᠢᠯᠢ᠎ᠶ᠋ᠢᠨ ᠠᠷᠠᠳ᠎ᠤᠨ ᠵᠠᠬ᠎ᠠ ᠵᠢᠨ ᠠᠷᠠᠯᠵᠢᠶ᠎ᠠ ᠵᠢᠨ ᠰᠦᠯᠵᠢᠶ᠎ᠡ》APP) ᠢ᠋ ᠨᠠᠷᠢᠨ ᠨᠢᠮᠪᠠᠶ ᠴᠣᠭ᠍ᠴᠠᠯᠠᠭ᠍ᠰᠠᠨ᠎ᠡᠴᠡ ᠪᠣᠯᠤᠭ᠍ᠰᠠᠨ ᠶᠤᠮ᠃ ᠲᠣᠰ ᠲᠠᠪᠴᠠᠩ ᠨᠢ ᠬᠢᠯᠢ᠎ᠶ᠋ᠢᠨ ᠠᠷᠠᠳ᠎ᠤᠨ ᠵᠠᠬ᠎ᠠ ᠵᠢᠨ ᠠᠷᠠᠯᠵᠢᠶ᠎ᠠ ᠪᠡᠷ ᠲᠠᠮᠵᠢᠨ ᠬᠢᠯᠢ᠎ᠶ᠋ᠢᠨ ᠭᠠᠳᠠᠨ᠎ᠠ᠎ᠡᠴᠡ ᠬᠤᠳᠠᠯᠳᠤᠨ ᠠᠪᠬᠤ᠂ ᠬᠢᠯᠢ᠎ᠪᠡᠷ ᠣᠷᠣᠵᠤ ᠢᠷᠡᠭᠡᠳ ᠭᠤᠶᠤᠴᠢᠯᠠᠨ ᠮᠡᠳᠡᠭᠦᠯᠬᠦ᠌᠂ ᠪᠣᠭᠣᠮᠲᠠ᠎ᠶ᠋ᠢᠨ ᠪᠠᠢᠴᠠᠭᠠᠨ ᠱᠢᠯᠭᠠᠬᠤ᠂ ᠰᠠᠭᠤᠷᠢᠱᠢᠭᠤᠯᠤᠨ ᠡᠳ᠋ᠱᠢᠭᠦᠯᠬᠦ᠌ ᠪᠥᠬᠥ᠌ ᠬᠡᠯᠬᠢᠶᠡᠨ᠎ᠦ ᠪᠢᠲᠡᠭᠦᠮᠵᠢᠯᠡᠭ᠌ᠰᠡᠨ ᠬᠠᠮᠢᠶᠠᠷᠤᠯᠲᠠ᠎ᠶ᠋ᠢ ᠪᠡᠶᠡᠯᠡᠭᠦᠯᠵᠦ᠍᠂ ᠭᠤᠶᠤᠴᠢᠯᠠᠨ ᠮᠡᠳᠡᠭᠦᠯᠬᠦ᠌ ᠬᠦᠴᠦᠨ᠎ᠲᠡᠶ ᠬᠤᠭᠤᠴᠠᠭ᠎ᠠ᠎ᠶ᠋ᠢ ᠶᠡᠬᠡ᠎ᠪᠡᠷ ᠳᠡᠭᠡᠭ᠌ᠰᠢᠯᠡᠭᠦᠯᠵᠦ᠍᠂ ᠠᠵᠢᠯᠯᠠᠬᠤ ᠶᠠᠪᠤᠴᠠ᠎ᠶ᠋ᠢ ᠳᠥᠭᠥᠮᠴᠢᠯᠡᠭ᠌ᠰᠡᠨ᠎ᠢᠶᠡᠷ ᠪᠠᠷᠠᠬᠤ ᠥᠬᠡᠶ᠂ ᠪᠠᠰᠠ ᠠᠷᠠᠯᠵᠢᠶᠠᠨ᠎ᠤ ᠪᠤᠳᠤᠬᠤ ᠠᠷᠭ᠎ᠠ᠎ᠶ᠋ᠢ ᠱᠢᠯᠢᠳᠡᠭ᠌ᠵᠢᠭᠦᠯᠵᠦ᠍᠂ ᠬᠢᠯᠢ᠎ᠶ᠋ᠢᠨ ᠠᠷᠠᠳ᠎ᠤᠨ ᠠᠵᠢᠯᠯᠠᠬᠤ᠎ᠳ᠋ᠤ ᠨᠠᠩ ᠳᠥᠭᠥᠮ ᠳᠥᠲᠡ᠂ ᠠᠵᠤ ᠠᠬᠤᠢᠯᠠᠯ᠎ᠤᠨ ᠠᠵᠢᠯ ᠶᠠᠪᠤᠳᠠᠯ ᠭᠦᠶ᠋ᠴᠡᠳᠭᠡᠬᠦ᠌᠎ᠶ᠋ᠢ ᠨᠠᠩ ᠥᠨᠳᠥᠷ ᠪᠦᠲᠦᠮᠵᠢᠲᠡᠶ ᠪᠣᠯᠭᠠᠵᠠᠶ᠃

ᠬᠣᠶᠠᠷ ᠵᠢᠯ᠎ᠦᠨ ᠡᠮᠦᠨ᠎ᠡ᠂ ᠮᠠᠨᠵᠤᠤᠷ᠎ᠤᠨ ᠲᠡᠮᠦᠷ ᠵᠠᠮ᠎ᠤᠨ ᠬᠢᠯᠢ᠎ᠵᠢᠨ ᠪᠣᠭᠣᠮᠲᠠ᠎ᠶ᠋ᠢᠨ ᠵᠠᠬ᠎ᠠ᠎ᠵᠢᠨ ᠠᠷᠠᠯᠵᠢᠶᠠᠨ᠎ᠤ ᠲᠣᠭᠣᠷᠢᠭ ᠵᠢᠩᠬᠢᠨᠢ᠎ᠪᠡᠷ ᠪᠣᠭᠣᠮᠲᠠ ᠬᠠᠭᠠᠵᠤ ᠡᠵᠡᠩᠨᠡᠨ᠂ ᠥᠪᠥᠷ ᠮᠣᠩᠭᠣᠯ᠎ᠤᠨ ᠠᠩᠬᠠᠳᠠᠭ᠍ᠴᠢ ᠲᠡᠮᠦᠷ ᠵᠠᠮ᠎ᠤᠨ ᠬᠢᠯᠢ᠎ᠵᠢᠨ ᠪᠣᠭᠣᠮᠲᠠ᠎ᠶ᠋ᠢᠨ ᠬᠢᠯᠢ᠎ᠶ᠋ᠢᠨ ᠠᠷᠠᠳ᠎ᠤᠨ ᠵᠠᠬ᠎ᠠ᠎ᠵᠢᠨ ᠠᠷᠠᠯᠵᠢᠶᠠᠨ᠎ᠤ ᠲᠣᠭᠣᠷᠢᠭ ᠪᠣᠯᠵᠣ᠂ ᠵᠠᠰᠠᠮᠠᠯ ᠵᠠᠮ᠎ᠤᠨ ᠬᠢᠯᠢ᠎ᠵᠢᠨ ᠪᠤᠭᠤᠮᠳᠠ᠎ᠵᠢᠨ ᠵᠠᠬ᠎ᠠ᠎ᠵᠢᠨ ᠠᠷᠠᠯᠵᠢᠶᠠᠨ᠎ᠤ ᠲᠣᠭᠣᠷᠢᠭ᠎ᠯᠤᠭ᠎ᠠ 《ᠬᠤᠤᠰ ᠬᠥᠳᠡᠯᠭᠡᠭᠦᠷ》᠎ᠪᠤᠯᠤᠭᠰᠠᠠ ᠪᠠᠢᠷᠢᠱᠢᠯ᠎ᠢ ᠪᠦᠷᠢᠯᠳᠦᠭᠦᠯᠪᠡ᠃

ᠣᠳᠣᠬᠠᠨ᠎ᠳᠤ᠂ ᠮᠠᠨᠵᠤᠤᠷ᠎ᠤᠨ ᠲᠡᠮᠦᠷ ᠵᠠᠮ᠎ᠤᠨ ᠬᠢᠯᠢ᠎ᠵᠢᠨ ᠪᠤᠭᠤᠮᠳᠠ᠎ᠵᠢᠨ ᠵᠠᠬ᠎ᠠ᠎ᠵᠢᠨ ᠠᠷᠠᠯᠵᠢᠶᠠᠨ᠎ᠤ ᠲᠣᠭᠣᠷᠢᠭ ᠨᠢ ᠲᠣᠰ ᠭᠠᠵᠠᠷ᠎ᠤᠨ ᠠᠮᠤ ᠪᠤᠳᠠᠭ᠎ᠠ ᠦᠶ᠋ᠯᠡᠳᠪᠦᠷᠢᠯᠡᠬᠦ᠌ ᠠᠵᠤ ᠠᠬᠤᠢᠯᠠᠯ᠎ᠳᠤ ᠲᠦᠱᠢᠭ᠌ᠯᠡᠨ ᠵᠠᠬ᠎ᠠ᠎ᠵᠢᠨ ᠠᠷᠠᠯᠵᠢᠶᠠᠨ᠎ᠤ ᠲᠤᠬᠠᠢᠯᠠᠭ᠍ᠰᠠᠨ ᠠᠵᠢᠯ᠎ᠢ ᠥᠷᠨᠢᠭᠦᠯᠵᠦ᠍᠂ ᠶᠠᠮᠠ᠎ᠶ᠋ᠢᠨ ᠦᠷ᠎ᠡ᠂ ᠨᠡᠷᠡᠨ ᠬᠤᠸᠠᠷ᠎ᠤᠨ ᠦᠷ᠎ᠡ᠂ ᠨᠣᠬᠠᠶ᠎ᠶ᠋ᠢᠨ ᠬᠣᠱᠢᠭᠤ ᠵᠡᠷᠭᠡ ᠲᠠᠷᠢᠶᠠᠯᠠᠩ᠎ᠤᠨ ᠪᠦᠲᠦᠭᠡᠭ᠌ᠳᠡᠬᠦᠨ᠎ᠳᠦ ᠭᠤᠤᠯ  ᠠᠩᠬᠠᠷᠤᠯ᠎ᠢᠶᠠᠨ ᠲᠥᠪᠯᠡᠷᠡᠭᠦᠯᠵᠦ᠍ ᠪᠠᠢᠨ᠎ᠠ; ᠵᠠᠰᠠᠮᠠᠯ ᠵᠠᠮ᠎ᠤᠨ ᠬᠢᠯᠢ᠎ᠵᠢᠨ ᠪᠤᠭᠤᠮᠳᠠ᠎ᠵᠢᠨ ᠵᠠᠬ᠎ᠠ᠎ᠵᠢᠨ ᠠᠷᠠᠯᠵᠢᠶ᠎ᠠ ᠨᠢ ᠭᠣᠣᠯᠳᠠᠭᠤ ᠰᠠᠮᠤᠷ᠂ ᠨᠡᠷᠡᠨ ᠬᠤᠸᠠᠷ᠎ᠤᠨ ᠲᠤᠰᠤ ᠵᠡᠷᠭᠡ ᠠᠷᠠᠳ᠎ᠤᠨ ᠠᠮᠢᠳᠤᠷᠠᠯ᠎ᠤᠨ ᠲᠠᠸᠠᠷ᠎ᠵᠢᠡᠷ ᠭᠤᠤᠯᠳᠠᠭᠤᠯᠵᠤ᠂ ᠪᠠᠢ᠌ᠩᠭᠤᠵᠢᠭ᠍ᠰᠠᠨ ᠭᠠᠳᠠᠭᠠᠳᠤ ᠣᠷᠣᠭᠤᠯᠤᠯᠲᠠ᠎ᠶ᠋ᠢ ᠪᠡᠶᠡᠯᠡᠭᠦᠯᠵᠦ᠍᠂ ᠬᠣᠶᠠᠷ ᠲᠦᠷᠦᠯ᠎ᠦᠨ ᠵᠠᠬ᠎ᠠ᠎ᠵᠢᠨ ᠠᠷᠠᠯᠵᠢᠶᠠᠨ᠎ᠤ ᠡᠵᠡᠩᠨᠡᠯᠲᠡ᠎ᠶ᠋ᠢᠨ ᠬᠡᠯᠪᠡᠷᠢ ᠬᠠᠷᠢᠯᠴᠠᠨ ᠨᠥᠬᠥᠪᠥᠷᠢᠯᠡᠵᠦ᠍ ᠬᠠᠮᠲᠤ᠎ᠪᠠᠷ ᠣᠷᠣᠱᠢᠵᠤ᠂ ᠬᠠᠮᠵᠢᠯᠴᠠᠨ ᠬᠥᠭ᠌ᠵᠢᠪᠡ᠃

ᠵᠠᠰᠠᠮᠠᠯ ᠵᠠᠮ᠂ ᠲᠡᠮᠦᠷ ᠵᠠᠮ᠎ᠤᠨ ᠬᠤᠤᠰ ᠬᠥᠳᠡᠯᠭᠡᠭᠦᠷ ᠳᠤᠤᠷ᠎ᠠ᠂ ᠡᠨᠡ ᠵᠢᠯ᠎ᠦᠨ 1᠎ᠡᠴᠡ 3 ᠰᠠᠷ᠎ᠠ ᠪᠣᠯᠲᠠᠯ᠎ᠠ᠂ ᠮᠠᠨᠵᠤᠤᠷ ᠬᠣᠲᠠ᠎ᠶ᠋ᠢᠨ ᠵᠠᠬ᠎ᠠ᠎ᠵᠢᠨ ᠠᠷᠠᠯᠵᠢᠶᠠᠨ᠎ᠤ ᠲᠠᠸᠠᠷ 4.11 ᠲᠦᠮᠡᠨ ᠲᠣᠨ᠎ᠳᠤ ᠬᠦᠷᠴᠦ᠍᠂ ᠠᠳᠠᠯᠢ ᠬᠤᠭᠤᠴᠠᠭᠠᠨ᠎ᠤ᠎ᠬᠢ᠎ᠡᠴᠡ ᠪᠠᠨ 153.46 % ᠎ᠪᠠᠷ ᠨᠡᠮᠡᠭ᠌ᠳᠡᠪᠡ; ᠠᠷᠠᠯᠵᠢᠶᠠᠨ᠎ᠤ ᠵᠤᠭᠤᠰ᠎ᠤᠨ ᠲᠤᠭ᠎ᠠ 1.63 ᠳ᠋ᠦᠩᠱᠢᠭᠤᠷ ᠲᠥᠭᠥᠷᠢᠭ᠎ᠲᠦ ᠬᠦᠷᠴᠦ᠍᠂ ᠠᠳᠠᠯᠢ ᠬᠤᠭᠤᠴᠠᠭᠠᠨ᠎ᠤ᠎ᠬᠢ᠎ᠡᠴᠡ ᠪᠠᠨ 133.46 % ᠎ᠪᠠᠷ ᠨᠡᠮᠡᠭ᠌ᠳᠡᠪᠡ᠃ ᠡᠭᠦᠨ᠎ᠳᠦ᠂ ᠵᠠᠰᠠᠮᠠᠯ ᠵᠠᠮ᠎ᠤᠨ ᠬᠢᠯᠢ᠎ᠵᠢᠨ ᠪᠤᠭᠤᠮᠳᠠ᠎ᠵᠢᠨ

ᠵᠠᠬ᠎ᠠ᠎ᠵᠢᠨ ᠠᠷᠠᠯᠵᠢᠶᠠᠨ᠎ᠤ ᠭᠠᠳᠠᠭᠠᠳᠤ᠎ᠡᠴᠡ ᠣᠷᠣᠭᠤᠯᠤᠭ᠍ᠰᠠᠨ ᠲᠠᠸᠠᠷ 847.64 ᠲᠣᠨ᠎ᠳᠤ ᠬᠦᠷᠴᠦ᠂ ᠠᠷᠠᠯᠵᠢᠶᠠᠨ᠎ᠤ ᠵᠤᠭᠤᠰ᠎ᠤᠨ ᠲᠣᠭ᠎ᠠ 0.16 ᠳ᠋ᠦᠩᠱᠢᠭᠤᠷ ᠲᠥᠭᠥᠷᠢᠭ᠎ᠲᠦ ᠬᠦᠷᠴᠦ᠂ ᠠᠷᠠᠯᠵᠢᠶ᠎ᠠ᠎ᠳᠤ ᠣᠷᠣᠯᠴᠠᠭ᠍ᠰᠠᠨ ᠬᠢᠯᠢ᠎ᠶ᠋ᠢᠨ ᠠᠷᠠᠳ 2100 ᠬᠥᠮᠦᠨ ᠤᠳᠠᠭ᠎ᠠ᠎ᠳᠦ ᠬᠦᠷᠪᠡ᠃ ᠲᠡᠮᠦᠷ ᠵᠠᠮ᠎ᠤᠨ ᠬᠢᠯᠢ᠎ᠵᠢᠨ ᠪᠤᠭᠤᠮᠳᠠ᠎ᠵᠢᠨ ᠵᠠᠬ᠎ᠠ᠎ᠵᠢᠨ ᠠᠷᠠᠯᠵᠢᠶᠠᠨ᠎ᠤ ᠭᠠᠳᠠᠭᠠᠳᠤ᠎ᠡᠴᠡ ᠣᠷᠣᠭᠤᠯᠤᠭ᠍ᠰᠠᠨ ᠲᠠᠸᠠᠷ 4.02 ᠲᠦᠮᠡᠨ ᠲᠣᠨ᠎ᠳᠤ ᠬᠦᠷᠴᠦ᠍᠂ ᠠᠷᠠᠯᠵᠢᠶᠠᠨ᠎ᠤ ᠵᠤᠭᠤᠰ᠎ᠤᠨ ᠲᠣᠭ᠎ᠠ 1.47 ᠳ᠋ᠦᠩᠱᠢᠭᠤᠷ ᠲᠥᠭᠥᠷᠢᠭ᠎ᠲᠦ ᠬᠦᠷᠴᠦ᠍᠂ ᠠᠷᠠᠯᠵᠢᠶ᠎ᠠ᠎ᠳᠤ ᠣᠷᠣᠯᠴᠠᠭ᠍ᠰᠠᠨ ᠬᠢᠯᠢ᠎ᠶ᠋ᠢᠨ ᠠᠷᠠᠳ 1.89 ᠲᠦᠮᠡᠨ ᠬᠥᠮᠦᠨ ᠤᠳᠠᠭ᠎ᠠ᠎ᠳᠤ ᠬᠦᠷᠴᠦ᠍᠂  ᠵᠠᠬ᠎ᠠ᠎ᠵᠢᠨ ᠠᠷᠠᠯᠵᠢᠶᠠᠨ᠎ᠤ ᠬᠥᠭ᠌ᠵᠢᠯᠲᠡ᠎ᠶ᠋ᠢᠨ ᠠᠮᠢᠵᠢᠷᠠᠯ᠎ᠤᠨ ᠬᠦᠴᠦᠨ ᠦᠷᠭᠦᠯᠵᠢᠯᠡᠨ ᠪᠠᠳᠠᠷᠠᠪᠠ᠃

ᠡᠳᠦᠭᠡ ᠮᠠᠨᠵᠤᠤᠷ ᠬᠣᠲᠠ᠎ᠶ᠋ᠢᠨ᠎ᠬᠢᠨ ᠵᠠᠬ᠎ᠠ᠎ᠵᠢᠨ ᠠᠷᠠᠯᠵᠢᠶᠠᠨ᠎ᠤ ᠰᠠᠭᠤᠷᠢᠰᠢᠭᠤᠯᠤᠨ ᠡᠳ᠋ᠱᠢᠭᠦᠯᠬᠦ᠌ 4 ᠠᠵᠤ ᠠᠬᠤᠢᠯᠠᠯ᠎ᠳᠤ ᠴᠣᠬᠣᠯᠠᠪᠤᠷᠢ ᠥᠭ᠌ᠴᠦ᠂ ᠬᠢᠯᠢ᠎ᠶ᠋ᠢᠨ ᠠᠷᠠᠳ᠎ᠤᠨ  ᠵᠠᠬ᠎ᠠ᠎ᠵᠢᠨ ᠠᠷᠠᠯᠵᠢᠶ᠎ᠠ᠎ᠨᠢ ᠠᠯᠢ ᠡᠷᠲᠡ ᠬᠢᠯᠢ ᠬᠢᠵᠠᠭᠠᠷ ᠣᠷᠣᠨ᠎ᠢ ᠬᠥᠭ᠌ᠵᠢᠭᠦᠯᠦᠨ ᠠᠷᠠᠳ᠎ᠢ ᠪᠠᠶᠠᠵᠢᠭᠤᠯᠬᠤ ᠴᠢᠬᠤᠯᠠ ᠭᠠᠷᠳᠡᠴᠡ ᠪᠣᠯᠵᠠᠶ᠃ ᠠᠷᠠᠯᠵᠢᠶᠠᠨ᠎ᠤ ᠲᠥᠷᠥᠯ ᠵᠦᠶ᠋ᠯ ᠨᠢ ᠠᠩᠬᠠᠨ᠎ᠤ ᠲᠠᠩ ᠴᠤᠯᠭᠤᠶ ᠡᠳᠦᠷ ᠲᠤᠲᠤᠮ᠎ᠤᠨ ᠬᠡᠷᠡᠭ᠌ᠯᠡᠭᠡᠨ᠎ᠦ ᠪᠦᠷᠢᠨ ᠪᠠᠷᠠᠭ᠎ᠠ ᠪᠠᠢᠭ᠍ᠰᠠᠨ᠎ᠡᠴᠡ᠎ᠪᠠᠨ ᠠᠮᠤ ᠲᠣᠰᠣ᠂ ᠠᠮᠢᠲᠤ ᠰᠣᠷᠭᠣᠭ ᠪᠦᠲᠦᠭᠡᠭᠳᠡᠭᠦᠨ᠂ ᠣᠨᠴᠠᠯᠢᠭ᠍ᠲᠤ ᠲᠠᠷᠢᠶᠠᠯᠠᠩ᠎ᠤᠨ ᠪᠦᠲᠦᠭᠡᠭ᠌ᠳᠡᠬᠦᠨ ᠵᠡᠷᠭᠡ ᠮᠢᠩᠭ᠎ᠠ ᠭᠠᠷᠤᠶ ᠵᠦᠶ᠋ᠯ ᠪᠣᠯᠵᠣ ᠥᠷᠭᠡᠵᠢᠪᠡ; ᠰᠠᠭᠤᠷᠢᠰᠢᠭᠤᠯᠤᠨ ᠡᠳ᠋ᠱᠢᠭᠦᠯᠬᠦ᠌ ᠠᠵᠤ ᠦᠢᠯᠡᠰ ᠦᠭᠡᠢ ᠪᠠᠢᠭ᠍ᠰᠠᠨ᠎ᠡᠴᠡ ᠪᠠᠨ ᠪᠠᠢᠬᠤ ᠪᠣᠯᠵᠤ᠂ ᠪᠠᠭ᠎ᠠ ᠪᠠᠢᠭ᠍ᠰᠠᠨ᠎ᠡᠴᠡ ᠪᠠᠨ ᠲᠣᠮᠣ ᠪᠣᠯᠵᠤ᠂ ᠲᠥᠪᠯᠡᠷᠡᠭᠦᠯᠦᠨ ᠬᠥᠭ᠌ᠵᠢᠬᠦ᠌ ᠪᠠᠢᠳᠠᠯ ᠠᠯᠬᠤᠮ ᠠᠯᠬᠤᠮ᠎ᠢᠶᠠᠷ ᠪᠦᠷᠢᠯᠳᠦᠪᠡ᠃ ᠨᠠᠩ ᠣᠯᠠᠨ ᠬᠢᠯᠢ᠎ᠶ᠋ᠢᠨ ᠠᠷᠠᠳ ᠵᠠᠬ᠎ᠠ᠎ᠵᠢᠨ ᠠᠷᠠᠯᠵᠢᠶ᠎ᠠ᠎ᠵᠢᠨ《ᠪᠠᠶᠠᠵᠢᠯ᠎ᠤᠨ ᠲᠡᠷᠭᠡ》 ᠎ᠳ᠋ᠤ ᠰᠠᠭᠤᠵᠤ᠂ ᠣᠷᠣᠯᠭ᠎ᠠ᠎ᠪᠠᠨ ᠨᠡᠮᠡᠭ᠌ᠳᠡᠭᠦᠯᠦᠨ ᠪᠠᠶᠠᠵᠢᠵᠤ ᠪᠠᠢᠨ᠎ᠠ; ᠤᠯᠠᠮ  ᠣᠯᠠᠨ ᠠᠵᠤ ᠠᠬᠤᠢᠯᠠᠯ ᠲᠥᠷᠥ᠎ᠶ᠋ᠢᠨ ᠪᠣᠳᠣᠯᠭ᠎ᠠ᠎ᠶ᠋ᠢ ᠠᠱᠢᠭ᠍ᠯᠠᠨ ᠬᠥᠭ᠌ᠵᠢᠨ ᠪᠤᠵᠠᠭᠠᠢᠷᠠᠵᠤ᠂ ᠬᠢᠯᠢ᠎ᠵᠢᠨ ᠪᠣᠭᠣᠮᠲᠠ᠎ᠶ᠋ᠢᠨ ᠠᠵᠤ ᠠᠬᠤᠶ᠎ᠶ᠋ᠢ ᠭᠦᠨᠵᠡᠭᠡᠶ ᠬᠥᠭ᠌ᠵᠢᠭᠦᠯᠵᠦ᠍ ᠪᠠᠢᠨ᠎ᠠ; ᠡᠨᠡ ᠬᠦ᠌ ᠬᠣᠲᠠ ᠨᠢ ᠨᠡᠭᠡᠭᠡᠯᠲᠡ ᠬᠢᠭ᠌ᠰᠡᠨ᠎ᠡᠴᠡ ᠪᠣᠯᠵᠣ ᠨᠠᠩ ᠡᠷᠴᠢ ᠬᠦᠴᠦᠨ᠎ᠲᠡᠶ ᠪᠣᠯᠵᠣ᠂  ᠵᠠᠬ᠎ᠠ᠎ᠵᠢᠨ ᠠᠷᠠᠯᠵᠢᠶ᠎ᠠ᠎ᠡᠴᠡ ᠪᠣᠯᠵᠣ ᠱᠢᠨ᠎ᠡ ᠠᠮᠢᠵᠢᠷᠠᠯ᠎ᠤᠨ ᠬᠦᠴᠦᠨ᠎ᠲᠡᠶ ᠪᠣᠯᠵᠠᠶ᠃


[ᠰᠤᠷᠪᠤᠯᠵᠢᠯᠠᠭ᠍ᠴᠢ᠎ᠶ᠋ᠢᠨ ᠡᠪᠦᠷ ᠲᠡᠮᠳᠡᠭ᠌ᠯᠡᠯ]

4 ᠰᠠᠷ᠎ᠠ᠎ᠶ᠋ᠢᠨ 9 ᠎ᠤ᠋ ᠡᠳᠦᠷ᠂ 《 ᠳᠤᠮᠳᠠᠳᠤ ᠤᠯᠤᠰ(ᠥᠪᠥᠷ ᠮᠣᠩᠭᠣᠯ)᠎ᠤ᠋ᠨ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠤ ᠶᠡᠷᠦᠩᠬᠡᠶ ᠲᠥᠰᠦᠯ 》 ᠎ᠢ᠋ ᠨᠡᠢᠲᠡᠯᠡᠪᠡ; 11᠎ᠤ᠋ ᠡᠳᠦᠷ᠂ ᠳᠤᠮᠳᠠᠳᠤ ᠤᠯᠤᠰ(ᠥᠪᠥᠷ ᠮᠣᠩᠭᠣᠯ)ᠤ᠋ᠨ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ ᠫᠠᠢᠰᠠ ᠰᠡᠬᠦᠪᠡ; 14᠎ᠤ᠋ ᠡᠳᠦᠷ᠂ ᠳᠤᠮᠳᠠᠳᠤ ᠤᠯᠤᠰ (ᠥᠪᠥᠷ ᠮᠣᠩᠭᠣᠯ)᠎ᠤ᠋ᠨ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠤ ᠮᠠᠨᠵᠤᠤᠷ᠎ᠤᠨ ᠬᠡᠰᠡᠭ᠎ᠤᠨ ᠪᠦᠳᠦᠭᠡᠨ ᠪᠠᠢᠭᠤᠯᠤᠯᠲᠠ᠎ᠶ᠋ᠢᠨ ᠲᠠᠢ᠌ᠴᠢᠯᠠᠯᠳᠠ᠎ᠶ᠋ᠢᠨ ᠶᠡᠬᠡ ᠬᠤᠷᠠᠯ ᠬᠤᠷᠠᠯᠳᠤᠪᠠ᠃

ᠮᠠᠨ᠎ᠤ ᠤᠯᠤᠰ᠎ᠤᠨ ᠲᠦᠷᠦᠭᠦᠦ ᠪᠦᠯᠦᠭ᠎ᠦᠨ ᠬᠢᠯᠢ ᠳᠠᠭᠠᠤ ᠨᠡᠭᠡᠭᠡᠯᠲᠡ ᠬᠢᠬᠦ᠌ ᠬᠣᠲᠠ ᠪᠣᠯᠤᠭ᠍ᠰᠠᠨ᠎ᠤ ᠬᠤᠪᠢ᠎ᠳᠤ᠂ ᠵᠠᠭᠤᠨ ᠵᠢᠯ᠎ᠦᠨ ᠪᠣᠭᠣᠮᠲᠠ᠎ᠲᠠᠶ ᠮᠠᠨᠵᠤᠤᠷ᠎ᠤᠨ ᠬᠡᠰᠡᠭ᠎ᠨᠢ ᠭᠠᠳᠠᠭᠠᠳᠤ᠎ᠡᠴᠡ ᠣᠷᠣᠭᠤᠯᠤᠭ᠍ᠰᠠᠨ ᠡᠬᠢ ᠪᠠᠶᠠᠯᠢᠭ᠎ᠢ ᠰᠠᠭᠤᠷᠢᠰᠢᠭᠤᠯᠤᠨ ᠡᠳ᠋ᠱᠢᠭᠦᠯᠬᠦ᠌᠂ ᠬᠢᠯᠢ ᠠᠯᠤᠰᠯᠠᠭ᠍ᠰᠠᠨ ᠵᠢᠭᠤᠯᠴᠢᠯᠠᠯ᠂ ᠬᠢᠯᠢ ᠠᠯᠤᠰᠯᠠᠭ᠍ᠰᠠᠨ ᠮᠥᠩᠭᠥᠨ ᠭᠦᠶ᠋ᠯᠭᠡᠭᠡ᠂ ᠬᠢᠯᠢ᠎ᠵᠢᠨ ᠪᠣᠭᠣᠮᠲᠠ᠎ᠶ᠋ᠢᠨ ᠦᠶ᠋ᠯᠡᠴᠢᠯᠡᠭᠡ ᠵᠡᠷᠭᠡ ᠤᠨᠴᠠᠯᠢᠬ᠍ᠳᠤ ᠠᠵᠤ ᠦᠶ᠋ᠯᠡᠰ᠎ᠢ ᠭᠤᠤᠯᠳᠠᠯᠭ᠎ᠠ᠎ᠲᠠᠶ ᠬᠥᠭ᠌ᠵᠢᠭᠦᠯᠵᠦ᠍᠂ ᠵᠡᠭᠦᠨ ᠬᠣᠢᠲᠤ ᠠᠽᠢᠶ᠎ᠠ ᠪᠣᠯᠤᠨ ᠧᠦ᠋ᠷᠣᠫᠠ ᠲᠢᠪ᠎ᠢ ᠬᠠᠮᠤᠷᠤᠭ᠍ᠰᠠᠨ ᠴᠢᠬᠤᠯᠠ ᠴᠤᠩᠬᠤᠪᠴᠢ᠂ ᠳᠤᠮᠳᠠᠳᠤ ᠣᠷᠣᠰ ᠮᠣᠩᠭᠣᠯ᠎ᠤᠨ ᠨᠡᠭᠡᠭᠡᠯᠲᠡ ᠬᠢᠵᠦ᠍ ᠬᠠᠮᠲᠤᠷᠠᠯᠴᠠᠬᠤ ᠴᠢᠬᠤᠯᠠ ᠲᠠᠪᠴᠠᠩ᠎ᠢ ᠴᠣᠭ᠍ᠴᠠᠯᠠᠬᠤ ᠪᠣᠯᠤᠨ᠎ᠠ᠃

ᠥᠪᠥᠷ ᠮᠣᠩᠭᠣᠯ᠎ᠤᠨ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠤ ᠴᠣᠬᠣᠯᠠᠪᠤᠷᠢ ᠨᠢ ᠰᠠᠭᠤᠷᠢᠰᠢᠭᠤᠯᠤᠨ ᠡᠳ᠋ᠱᠢᠭᠦᠯᠬᠦ ᠠᠵᠤ ᠠᠬᠤᠢᠯᠠᠯ᠎ᠤᠨ ᠡᠷᠴᠢ ᠵᠣᠷᠢᠭ᠎ᠢ ᠳᠠᠬᠢᠨ᠎ᠢᠶᠠᠷ ᠨᠡᠮᠡᠭ᠌ᠳᠡᠭᠦᠯᠪᠡ᠃ ᠶᠠᠩ ᡁᠢ ᠬᠣᠩ᠂ ᠲᠥᠰᠦᠯ᠎ᠳᠡᠬᠢ ᠮᠠᠨᠵᠤᠤᠷ᠎ᠤᠨ ᠬᠡᠰᠡᠭ᠎ᠤᠨ ᠬᠥᠭ᠌ᠵᠢᠯᠲᠡ᠎ᠶ᠋ᠢᠨ ᠴᠢᠭ᠌ᠯᠡᠯ᠎ᠨᠢ ᠠᠵᠤ ᠠᠬᠤᠢᠯᠠᠯ᠎ᠤᠨ ᠬᠡᠷᠡᠭ᠌ᠴᠡᠭᠡ᠎ᠳᠦ ᠣᠨᠣᠪᠴᠢᠲᠠᠶ ᠨᠡᠢᠴᠡᠵᠦ᠍᠂ ᠰᠠᠭᠤᠷᠢᠰᠢᠭᠤᠯᠤᠨ ᠡᠳ᠋ᠱᠢᠭᠦᠯᠬᠦ ᠦᠶ᠋ᠯᠡᠳᠬᠦᠨ᠎ᠦ ᠲᠥᠷᠥᠯ ᠪᠠ ᠭᠠᠷᠤᠯᠲᠠ᠎ᠶ᠋ᠢᠨ ᠬᠡᠮᠵᠢᠶ᠎ᠡ᠎ᠶ᠋ᠢ ᠨᠢᠭᠡᠨᠲᠡ ᠤᠷᠢᠳᠴᠢᠯᠠᠨ ᠪᠠᠢᠷᠢᠱᠢᠭᠤᠯᠵᠤ ᠥᠷᠭᠡᠳᠭᠡᠪᠡ ᠭᠡᠵᠦ ᠢᠯᠡᠳᠭᠡᠪᠡ᠃

ᠬᠢᠨᠠᠨ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ᠎ᠦᠨ ᠬᠢᠨ ᠪᠠᠰᠠ ᠬᠦᠴᠦᠨ᠎ᠢᠶᠡᠨ ᠬᠤᠷᠠᠮᠳᠤᠭᠤᠯᠤᠨ ᠪᠡᠯᠡᠳᠭᠡᠵᠦ᠍ ᠪᠠᠢᠨ᠎ᠠ᠂ ᠮᠠᠨᠵᠤᠤᠷ᠎ᠤᠨ ᠱᠢ ᠪᠠ ᠯᠢ ᠪᠣᠭᠣᠮᠲᠠ᠎ᠶ᠋ᠢᠨ ᠳᠡᠳ᠋ ᠳᠠᠷᠤᠭ᠎ᠠ ᠯᠢ ᠹᠸᠩ ᠵᠢᠩ᠂ ᠣᠷᠣᠨ ᠪᠠᠢᠷᠢ᠎ᠶ᠋ᠢᠨ ᠳᠠᠪᠠᠭᠤᠯᠢᠭ᠎ᠲᠠᠭᠠᠨ ᠰᠠᠭᠤᠷᠢᠯᠠᠵᠤ᠂ ᠬᠡᠰᠡᠭ ᠲᠣᠭᠣᠷᠢᠭ᠎ᠤᠨ ᠪᠠᠢᠷᠢ ᠲᠣᠭ᠍ᠲᠠᠭᠠᠯᠲᠠ᠎ᠶ᠋ᠢ ᠴᠢᠩᠭ᠎ᠠ ᠡᠵᠡᠮᠳᠡᠵᠦ᠍᠂ 《 ᠰᠠᠭᠠᠳ ᠦᠭᠡᠢ ᠨᠡᠪᠲᠡᠷᠡᠬᠦ᠌᠎ᠶ᠋ᠢ ᠪᠠᠲᠤᠯᠠᠵᠤ᠂ ᠠᠵᠤ ᠦᠢᠯᠡᠰ᠎ᠢ ᠠᠬᠢᠭᠤᠯᠬᠤ 》 ᠪᠡᠷ ᠬᠠᠷᠠᠯᠲᠠ ᠪᠣᠯᠭᠠᠵᠤ᠂ ᠳᠦᠷᠢᠮ᠎ᠦᠨ ᠱᠢᠨ᠎ᠡ᠎ᠶ᠋ᠢ ᠡᠭᠦᠳᠬᠦ᠌᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠪᠣᠭᠣᠮᠲᠠ᠎ᠶ᠋ᠢᠨ ᠬᠢᠨᠠᠨ ᠬᠠᠮᠢᠶᠠᠷᠤᠯᠲᠠ᠎ᠶ᠋ᠢᠨ ᠦᠢᠯᠡᠴᠢᠯᠡᠭᠡᠨ᠎ᠦ ᠱᠢᠨ᠎ᠡ᠎ᠶ᠋ᠢ ᠡᠭᠦᠳᠬᠦ᠌᠎ᠶ᠋ᠢ ᠠᠬᠢᠭᠤᠯᠤᠨ᠎ᠠ ᠭᠡᠪᠡ᠃

ᠬᠢᠯᠢ᠎ᠶ᠋ᠢᠨ ᠠᠷᠠᠳ ᠴᠤ᠌ ᠢᠲᠡᠭᠡᠯ ᠲᠡᠭᠦᠯᠳᠡᠷ ᠪᠤᠯᠪᠠ᠂ ᠵᠠᠬ᠎ᠠ᠎ᠵᠢᠨ ᠠᠷᠠᠯᠵᠢᠶᠠᠨ᠎ᠤ《 ᠪᠠᠶᠠᠵᠢᠯ᠎ᠤᠨ ᠲᠡᠷᠭᠡ 》 ᠎ᠳ᠋ᠤ ᠰᠠᠭᠤᠵᠤ ᠤᠯᠠᠮ ᠲᠦᠷᠭᠡᠨ ᠲᠤᠪᠳᠤᠯᠬᠤ ᠶ᠋ᠢ ᠬᠦᠰᠡᠵᠦ᠍ ᠪᠠᠢᠨ᠎ᠠ᠃

ᠥᠩᠭᠡᠷᠡᠭ᠌ᠰᠡᠨ᠎ᠦ 《 ᠨᠡᠪᠲᠡᠷᠡᠬᠦ᠌ ᠵᠠᠮ᠎ᠤᠨ ᠠᠵᠤ ᠠᠬᠤᠢ 》 ᠡᠴᠡ ᠤᠳᠤ᠎ᠶ᠋ᠢᠨ 《 ᠬᠦᠢᠰᠦ ᠠᠵᠤ ᠠᠬᠤᠢ 》 ᠬᠦᠷᠲᠡᠯ᠎ᠡ᠂ ᠡᠨᠡ ᠬᠦ᠌ 25 . 11 ᠲᠡᠭ᠌ᠰᠢ ᠳᠥᠷᠪᠡᠯᠵᠢᠨ ᠺᠢᠯᠤᠮᠸᠲᠷ᠎ᠤᠨ ᠬᠠᠯᠠᠭᠤᠨ ᠬᠥᠷᠥᠰᠥ᠍ ᠨᠢ ᠬᠤᠷᠢᠭᠯᠠᠭᠳᠠᠰᠢ ᠦᠭᠡᠢ ᠬᠦᠴᠦᠨ᠎ᠢᠶᠠᠷ ᠤᠮᠠᠷᠠᠰᠢ ᠨᠡᠭᠡᠭᠡᠯᠳᠠ ᠬᠢᠬᠦ᠌ ᠱᠢᠨ᠎ᠡ ᠬᠠᠭᠤᠳᠠᠰᠤ᠎ᠶ᠋ᠢ ᠪᠢᠴᠢᠭ᠌ᠯᠡᠵᠦ᠍ ᠪᠤᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号