ᠰᠢ ᠵᠢᠨ ᠫᠢᠩ ᠯᠠᠤᠰ᠎ᠤᠨ ᠠᠷᠠᠳ᠎ᠤᠨ ᠬᠤᠪᠢᠰᠭᠠᠯᠲᠤ ᠨᠠᠮ᠎ᠤᠨ ᠲᠥᠪ ᠬᠤᠷᠢᠶ᠎ᠠ ᠵᠢᠨ ᠶᠡᠷᠦᠩᠬᠡᠢ ᠱᠦᠵᠢ ᠤᠯᠤᠰ᠎ᠤᠨ ᠲᠡᠷᠢᠭᠦᠯᠡᠭ᠌ᠴᠢ᠎ᠶ᠋ᠢᠨ ᠣᠨᠴᠠ ᠡᠯᠴᠢᠨ ᠱᠠᠯᠤᠨᠰᠠᠢ ᠲᠠᠢ ᠠᠭᠤᠯᠵᠠᠪᠠ
2026-04-22 09:48:12
ᠵᠣᠬᠢᠶᠠᠭ᠍ᠴᠢ᠄
​ᠱᠤᠤ ᠢ ᠪᠥᠸᠧ
ᠣᠩᠱᠢᠭ᠍ᠰᠠᠨ ᠣᠳᠠᠭ᠎ᠠ᠄
★★★☆☆

4 ᠰᠠᠷ᠎ᠠ᠎ᠶ᠋ᠢᠨ 21 ᠎ᠤ᠋ ᠦᠳᠡ᠎ᠶ᠋ᠢᠨ ᠬᠣᠢᠨ᠎ᠠ᠂ ᠳᠤᠮᠳᠠᠳᠤ ᠤᠯᠤᠰ ᠤ᠋ᠨ ᠡᠪ ᠬᠠᠮᠳᠤ ᠨᠠᠮ᠎ᠤᠨ ᠲᠥᠪ ᠬᠤᠷᠢᠶ᠎ᠠ ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭ᠌ᠴᠢ ᠰᠢ ᠵᠢᠨ ᠫᠢᠩ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠯᠠᠤᠰ᠎ᠤᠨ ᠠᠷᠠᠳ᠎ᠤᠨ ᠬᠤᠪᠢᠰᠭᠠᠯᠲᠤ ᠨᠠᠮ᠎ᠤᠨ ᠲᠥᠪ ᠬᠤᠷᠢᠶ᠎ᠠ ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭ᠌ᠴᠢ ᠲᠦᠩᠯᠦᠢ᠍ᠨ ᠤ᠋ ᠣᠨᠴᠠ ᠡᠯᠴᠢᠨ᠎ᠤ ᠬᠤᠪᠢ᠎ᠪᠠᠷ ᠲᠤᠰᠭᠠᠢᠯᠠᠨ ᠠᠢᠯᠴᠢᠯᠠᠬᠤ᠎ᠪᠠᠷ ᠢᠷᠡᠭ᠌ᠰᠡᠨ ᠯᠠᠤᠰ᠎ᠤᠨ ᠠᠷᠠᠳ᠎ᠤᠨ ᠬᠤᠪᠢᠰᠭᠠᠯᠲᠤ ᠨᠠᠮ᠎ᠤᠨ ᠲᠥᠪ ᠬᠤᠷᠢᠶ᠎ᠠ ᠵᠢᠨ ᠤᠯᠤᠰ ᠲᠦᠷᠦ᠍᠎ᠶ᠋ᠢᠨ ᠲᠣᠪᠴᠢᠶᠠᠨ᠎ᠤ ᠭᠡᠱᠢᠭᠦᠨ᠂ ᠪᠠᠢᠩᠭᠤ᠎ᠶ᠋ᠢᠨ ᠳᠡᠳ᠋ ᠶᠡᠷᠦᠩᠬᠡᠢ ᠰᠠᠢᠳ ᠱᠠᠯᠤᠨᠰᠠᠢ ᠲᠠᠢ ᠠᠭᠤᠯᠵᠠᠪᠠ᠃

ᠰᠢ ᠵᠢᠨ ᠫᠢᠩ᠂ ᠳᠤᠮᠳᠠᠳᠤ ᠯᠠᠤᠰ ᠬᠣᠶᠠᠷ ᠨᠠᠮ ᠬᠠᠷᠢᠯᠴᠠᠨ ᠣᠨᠴᠠ ᠡᠯᠴᠢᠨ ᠲᠣᠮᠢᠯᠠᠨ ᠲᠤᠰ ᠲᠤᠰ᠎ᠤᠨ᠎ᠢᠶᠠᠨ ᠴᠢᠬᠤᠯᠠ ᠶᠡᠬᠡ ᠤᠯᠤᠰ ᠲᠦᠷᠦ᠍᠎ᠶ᠋ᠢᠨ ᠵᠥᠪᠯᠡᠬᠦ᠌ ᠵᠦᠢᠯ᠎ᠢᠶᠡᠨ ᠮᠡᠳᠡᠭ᠌ᠳᠡᠵᠦ᠍᠂ ᠬᠣᠶᠠᠷ ᠲᠠᠯ᠎ᠠ᠎ᠶ᠋ᠢᠨ ᠭᠦᠨ ᠵᠤᠵᠠᠭᠠᠨ ᠤᠯᠠᠮᠵᠢᠯᠠᠯᠲᠤ ᠨᠥᠬᠥᠷᠯᠡᠯ ᠪᠣᠯᠤᠨ ᠥᠨᠳᠥᠷ ᠲᠦᠪᠱᠢᠨ ᠪᠦᠬᠦᠢ ᠤᠯᠤᠰ ᠲᠦᠷᠦ᠍᠎ᠶ᠋ᠢᠨ ᠢᠲᠡᠭᠡᠯᠴᠡᠭᠡ᠎ᠶ᠋ᠢ ᠢᠯᠡᠷᠡᠭᠦᠯᠪᠡ᠃ ᠡᠨᠡ ᠵᠢᠯ ᠪᠣᠯ ᠳᠤᠮᠳᠠᠳᠤ ᠯᠠᠤᠰ᠎ᠤᠨ ᠭᠠᠳᠠᠭᠠᠳᠤ ᠬᠠᠷᠢᠯᠴᠠᠭ᠎ᠠ ᠪᠠᠢᠭᠤᠯᠤᠭ᠍ᠰᠠᠨ 65 ᠵᠢᠯ᠎ᠦᠨ ᠤᠢ ᠵᠢᠴᠢ 《ᠳᠤᠮᠳᠠᠳᠤ ᠯᠠᠤᠰ᠎ᠤᠨ ᠨᠥᠬᠥᠷᠯᠡᠯ᠎ᠦᠨ ᠣᠨ》 ᠪᠣᠯᠤᠨ᠎ᠠ᠃ ᠲᠦᠷᠦᠭᠦᠬᠡᠨ᠂ ᠪᠢ ᠶᠡᠷᠦᠩᠬᠡᠢ ᠱᠦᠵᠢ ᠲᠦᠩᠯᠦᠢ᠍ᠨ ᠲᠠᠢ ᠬᠠᠷᠢᠯᠴᠠᠨ ᠵᠠᠬᠢᠳᠠᠯ ᠢᠯᠡᠭᠡᠵᠦ᠍᠂ ᠳᠤᠮᠳᠠᠳᠤ ᠯᠠᠤᠰ᠎ᠤᠨ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ᠎ᠶ᠋ᠢᠨ ᠪᠠᠢᠭᠤᠯᠤᠯᠲᠠ᠎ᠶ᠋ᠢ ᠭᠦᠨᠵᠡᠭᠡᠢᠷᠡᠭᠦᠯᠬᠦ᠌᠎ᠶ᠋ᠢᠨ ᠲᠣᠭᠣᠷᠢᠨ᠎ᠳᠤ ᠴᠢᠬᠤᠯᠠ ᠬᠠᠮᠲᠤ᠎ᠶ᠋ᠢᠨ ᠲᠠᠨᠢᠯᠲᠠ᠎ᠲᠠᠶ ᠪᠣᠯᠪᠠ᠃ ᠶᠡᠷᠦᠩᠬᠡᠢ ᠱᠦᠵᠢ ᠲᠦᠩᠯᠦᠢ᠍ᠨ ᠵᠢᠡᠷ ᠲᠦᠷᠦᠭᠦᠯᠡᠭᠦᠯᠦᠭ᠌ᠰᠡᠨ ᠯᠠᠤᠰ᠎ᠤᠨ ᠠᠷᠠᠳ᠎ᠤᠨ ᠬᠤᠪᠢᠰᠭᠠᠯᠲᠤ ᠨᠠᠮ᠎ᠤᠨ ᠲᠥᠪ ᠬᠤᠷᠢᠶ᠎ᠠ ᠵᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠯᠠᠤᠰ᠎ᠤᠨ ᠨᠠᠮ᠂ ᠤᠯᠤᠰ᠂ ᠠᠷᠠᠳ ᠲᠦᠮᠡᠨ ᠯᠠᠪᠲᠠᠢ ᠬᠦᠴᠢᠷ᠎ᠢ ᠲᠤᠭᠤᠯᠤᠨ ᠪᠡᠷᠬᠡ᠎ᠶ᠋ᠢ ᠳᠠᠪᠠᠵᠤ᠂ ᠡᠯ᠎ᠡ ᠵᠦᠢᠯ᠎ᠦᠨ ᠬᠠᠷᠠᠯᠲᠠ ᠡᠭᠦᠷᠭᠡ᠎ᠪᠡᠨ ᠤᠷᠤᠭ᠍ᠰᠢᠲᠠᠢ ᠪᠡᠶᠡᠯᠡᠭᠦᠯᠵᠦ᠍᠂ ᠨᠡᠢᠭᠡᠮ ᠵᠢᠷᠤᠮ᠎ᠤᠨ ᠵᠠᠮ᠎ᠢᠶᠠᠷ ᠯᠠᠪᠳᠠᠭᠤᠨ ᠰᠠᠢᠲᠤᠷ ᠵᠠᠮᠨᠠᠵᠤ᠂ ᠨᠠᠮ ᠪᠠᠢᠭᠤᠯᠤᠭ᠍ᠳᠠᠭ᠍ᠰᠠᠨ ᠵᠠᠭᠤᠨ ᠵᠢᠯ᠎ᠦᠨ ᠲᠡᠮᠡᠴᠡᠬᠦ᠌ ᠬᠠᠷᠠᠯᠲᠠ᠎ᠪᠠᠨ ᠪᠡᠶᠡᠯᠡᠭᠦᠯᠵᠦ᠍ ᠴᠢᠳᠠᠨ᠎ᠠ ᠭᠡᠳᠡᠭ᠎ᠢ ᠢᠲᠡᠭᠡᠵᠦ᠍ ᠪᠠᠢᠨ᠎ᠠ ᠭᠡᠵᠦ ᠵᠢᠭᠠᠵᠤ ᠭᠠᠷᠭᠠᠪᠠ᠃

ᠰᠢ ᠵᠢᠨ ᠫᠢᠩ᠂ ᠱᠢᠨ᠎ᠡ ᠲᠡᠦᠬᠡ᠎ᠶ᠋ᠢᠨ ᠭᠠᠷᠤᠭ᠎ᠠ᠎ᠳᠤ ᠵᠣᠭ᠍ᠰᠣᠵᠤ᠂ ᠳᠤᠮᠳᠠᠳᠤ ᠯᠠᠤᠰ ᠬᠣᠶᠠᠷ ᠲᠠᠯ᠎ᠠ᠎ᠪᠠᠷ᠎ᠢᠶᠠᠨ 《ᠠᠷᠪᠠᠨ ᠵᠢᠷᠭᠤᠭᠠᠨ ᠦᠰᠦᠭ᠌ᠲᠦ》 ᠴᠢᠭ᠌ᠯᠡᠯᠲᠡ ᠪᠣᠯᠤᠨ 《ᠲᠦᠷᠪᠡᠨ ᠰᠠᠢ᠌ᠨ》 ᠤ᠋ ᠵᠣᠷᠢᠭ ᠰᠠᠨᠠᠭ᠎ᠠ᠎ᠶ᠋ᠢ ᠦᠷᠭᠦᠯᠵᠢᠯᠡᠨ ᠪᠠᠷᠢᠮᠲᠠᠯᠠᠵᠤ᠂ ᠨᠡᠢᠭᠡᠮ ᠵᠢᠷᠤᠮ᠎ᠤᠨ ᠠᠯᠤᠰ ᠢᠷᠡᠭᠡᠳᠦᠢ ᠵᠢᠨ ᠬᠤᠪᠢ ᠵᠠᠶᠠᠭ᠎ᠠ᠎ᠳᠤ ᠬᠣᠯᠪᠣᠭ᠍ᠳᠠᠬᠤ ᠪᠠᠢᠯᠳᠤᠬᠤ ᠪᠤᠳᠤᠯᠭ᠎ᠠ᠎ᠶ᠋ᠢᠨ ᠦᠨᠳᠦᠷᠴᠡ ᠡᠴᠡ ᠵᠣᠬᠢᠴᠠᠭᠤᠯᠭ᠎ᠠ ᠪᠣᠯᠤᠨ ᠬᠠᠮᠵᠢᠯᠴᠠᠭ᠎ᠠ᠎ᠪᠠᠨ ᠨᠢᠭ᠍ᠲᠠᠷᠠᠭᠤᠯᠵᠤ᠂ ᠪᠠᠢᠯᠳᠤᠬᠤ ᠪᠤᠳᠤᠯᠭ᠎ᠠ᠎ᠶ᠋ᠢᠨ ᠵᠣᠯᠭᠠᠯᠴᠠᠭ᠎ᠠ᠎ᠪᠠᠨ ᠭᠦᠨᠵᠡᠭᠡᠢᠷᠡᠭᠦᠯᠵᠦ᠍᠂ ᠪᠣᠳᠠᠲᠠᠢ᠎ᠶ᠋ᠢ ᠡᠷᠬᠢᠮᠯᠡᠭ᠌ᠰᠡᠨ ᠬᠠᠮᠲᠤᠷᠠᠯᠴᠠᠭ᠎ᠠ᠎ᠪᠠᠨ ᠥᠷᠭᠡᠳᠭᠡᠵᠦ᠍᠂ ᠭᠠᠷ ᠬᠣᠯᠪᠣᠨ ᠬᠠᠮᠲᠤ᠎ᠶ᠋ᠢᠨ ᠥᠷᠢᠰᠥᠯᠳᠦᠭᠡᠨ᠎ᠢ ᠠᠷᠭᠠᠴᠠᠭᠠᠵᠤ᠂ ᠳᠤᠮᠳᠠᠳᠤ ᠯᠠᠤᠰ᠎ᠤᠨ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ᠎ᠶ᠋ᠢ ᠪᠠᠢᠭᠤᠯᠬᠤ ᠱᠢᠨ᠎ᠡ ᠲᠠᠪᠤᠨ ᠵᠢᠯ᠎ᠦᠨ ᠠᠵᠢᠯᠯᠠᠭᠠᠨ᠎ᠤ ᠲᠥᠯᠥᠪᠯᠡᠭᠡ᠎ᠶ᠋ᠢ ᠨᠠᠢᠳᠠᠪᠤᠷᠢᠵᠢᠭᠤᠯᠬᠤ᠎ᠶ᠋ᠢ ᠰᠠᠢᠲᠤᠷ ᠠᠳᠭᠤᠵᠤ᠂ ᠳᠤᠮᠳᠠᠳᠤ ᠯᠠᠤᠰ᠎ᠤᠨ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ᠎ᠶ᠋ᠢᠨ ᠪᠠᠢᠭᠤᠯᠤᠯᠲᠠ᠎ᠶ᠋ᠢᠨ ᠥᠨᠳᠥᠷ ᠪᠠᠷᠢᠮᠵᠢᠶ᠎ᠠ᠂ ᠴᠢᠨᠠᠷ ᠰᠠᠢᠲᠠᠢ᠂ ᠥᠨᠳᠥᠷ ᠲᠦᠪᠱᠢᠨ ᠪᠦᠬᠦᠢ ᠬᠠᠷᠠᠯᠲᠠ ᠲᠡᠢᠰᠢ ᠲᠣᠭ᠍ᠲᠠᠭᠤᠨ᠎ᠢᠶᠠᠷ ᠤᠷᠤᠭ᠍ᠰᠢᠯᠠᠬᠤ᠎ᠶ᠋ᠢ ᠠᠬᠢᠭᠤᠯᠤᠶ᠎ᠠ ᠭᠡᠵᠦ᠍ ᠴᠢᠬᠤᠯᠠᠴᠢᠯᠠᠪᠠ᠃

ᠱᠠᠯᠦᠨᠰᠠᠢ ᠲᠦᠩᠯᠦᠢ᠍ᠨ᠎ᠤ᠋ ᠶᠡᠷᠦᠩᠬᠡᠢ ᠱᠦᠵᠢ ᠰᠢ ᠵᠢᠨ ᠫᠢᠩ᠎ᠳᠦ ᠢᠯᠡᠭᠡᠭ᠌ᠰᠡᠨ ᠵᠠᠬᠢᠳᠠᠯ᠎ᠢ ᠳᠠᠮᠵᠢᠭᠤᠯᠵᠤ᠂ ᠯᠠᠤᠰ᠎ᠤᠨ ᠠᠷᠠᠳ᠎ᠤᠨ ᠬᠤᠪᠢᠰᠭᠠᠯᠲᠤ ᠨᠠᠮ᠎ᠤᠨ ᠠᠷᠪᠠᠨ ᠬᠣᠶᠠᠳᠤᠭᠠᠷ ᠶᠡᠬᠡ ᠬᠤᠷᠠᠯ᠎ᠤᠨ ᠬᠣᠯᠪᠣᠭ᠍ᠳᠠᠯ ᠪᠦᠬᠦᠢ ᠪᠠᠢᠳᠠᠯ᠎ᠢ ᠮᠡᠳᠡᠭ᠌ᠳᠡᠵᠤ᠂ ᠳᠤᠮᠳᠠᠳᠤ ᠤᠯᠤᠰ ᠤᠷᠳᠤ ᠬᠤᠭᠤᠴᠠᠭ᠎ᠠ᠎ᠪᠠᠷ ᠠᠮᠤᠷ ᠲᠣᠭ᠍ᠲᠠᠭᠤᠨ ᠤᠯᠤᠰ᠎ᠤᠨ ᠳᠣᠲᠣᠭᠠᠳᠤ᠎ᠶ᠋ᠢᠨ ᠤᠯᠤᠰ ᠲᠦᠷᠦ᠍ ᠨᠡᠢᠭᠡᠮ᠎ᠦᠨ ᠣᠷᠴᠢᠨ᠎ᠢ ᠪᠠᠲᠤᠯᠠᠵᠤ᠂ ᠦᠷᠭᠦᠯᠵᠢᠯᠡᠨ ᠳᠡᠭᠡᠳᠦ ᠬᠤᠷᠳᠤᠴᠠ᠎ᠪᠠᠷ ᠨᠡᠮᠡᠭ᠌ᠳᠡᠭᠰᠡᠨ ᠠᠵᠤ ᠠᠬᠤᠢ᠎ᠶ᠋ᠢᠨ ᠬᠥᠭ᠌ᠵᠢᠯᠲᠡ᠎ᠶ᠋ᠢᠨ ᠭᠠᠢᠬᠠᠮᠱᠢᠭ᠎ᠢ ᠡᠭᠦᠳᠴᠦ᠍᠂ ᠳᠡᠯᠡᠬᠡᠢ᠎ᠶ᠋ᠢᠨ ᠲᠠᠪᠴᠠᠩ᠎ᠳᠠᠬᠢ ᠦᠢᠯᠡᠳᠦᠯ ᠪᠣᠯᠤᠨ ᠨᠥᠯᠥᠭᠡᠯᠡᠬᠦ᠌ ᠬᠦᠴᠦᠨ ᠲᠠᠰᠤᠷᠠᠯᠳᠠ ᠦᠭᠡᠢ ᠳᠡᠭᠡᠭ᠌ᠰᠢᠯᠡᠪᠡ᠃ ᠯᠠᠤᠰ᠎ᠤᠨ ᠬᠢᠨ ᠶᠡᠷᠦᠩᠬᠡᠢ ᠱᠦᠵᠢ ᠰᠢ ᠵᠢᠨ ᠫᠢᠩ᠎ᠦᠨ ᠳᠤᠷᠠᠳᠤᠭ᠍ᠰᠠᠨ ᠴᠢᠬᠤᠯᠠ ᠶᠡᠬᠡ ᠪᠦᠬᠦ᠌ ᠪᠥᠮᠪᠥᠷᠴᠡᠭ᠎ᠦᠨ ᠰᠠᠨᠠᠭᠠᠴᠢᠯᠠᠭ᠎ᠠ᠎ᠶ᠋ᠢ ᠡᠷᠡᠰ ᠳᠡᠮᠵᠢᠵᠦ᠍᠂ ᠳᠤᠷᠠᠲᠠᠶ᠎ᠠ ᠳᠤᠮᠳᠠᠳᠤ ᠤᠯᠤᠰ᠎ᠯᠤᠭ᠎ᠠ ᠪᠦᠬᠦ᠌ ᠲᠠᠯ᠎ᠠ᠎ᠶ᠋ᠢᠨ ᠪᠣᠳᠠᠲᠠᠢ᠎ᠶ᠋ᠢ ᠡᠷᠬᠢᠮᠯᠡᠭ᠌ᠰᠡᠨ ᠬᠠᠮᠲᠤᠷᠠᠯᠴᠠᠭ᠎ᠠ᠎ᠪᠠᠨ ᠭᠦᠨᠵᠡᠭᠡᠢᠷᠡᠭᠦᠯᠵᠦ᠍᠂ ᠯᠠᠤᠰ ᠳᠤᠮᠳᠠᠳᠤ᠎ᠶ᠋ᠢᠨ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ᠎ᠶ᠋ᠢᠨ ᠪᠠᠢᠭᠤᠯᠤᠯᠲᠠ᠎ᠶ᠋ᠢᠨ ᠲᠠᠰᠤᠷᠠᠯᠲᠠ ᠦᠭᠡᠢ ᠱᠢᠨ᠎ᠡ ᠦᠷ᠎ᠡ ᠪᠦᠲᠦᠭᠡᠯ ᠤᠯᠬᠤ᠎ᠶ᠋ᠢ ᠠᠬᠢᠭᠤᠯᠤᠨ᠎ᠠ ᠭᠡᠵᠦ᠍ ᠢᠯᠡᠳᠭᠡᠪᠡ᠃

ᠸᠠᠩ ᠢ ᠠᠭᠤᠯᠵᠠᠯᠲᠠ᠎ᠳᠤ ᠣᠷᠣᠯᠴᠠᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号