ᠰᠢ ᠵᠢᠨ ᠫᠢᠩ ᠮᠣᠽᠠᠮᠪᠢᠺ᠎ᠤᠨ ᠶᠡᠷᠦᠩᠬᠡᠢᠯᠡᠭᠴᠢ ᠴᠠᠪᠦ᠋ᠸᠸ᠎ᠲᠠᠢ ᠬᠡᠯᠡᠯᠴᠡᠭᠡ ᠬᠢᠪᠡ
2026-04-22 09:51:40
ᠵᠣᠬᠢᠶᠠᠭ᠍ᠴᠢ᠄
​ ᠱᠤᠤ ᠢ ᠪᠥᠸᠧ ᠼᠤᠤ ᠵᠢᠶᠠ ᠶᠤᠸᠠᠢ
ᠣᠩᠱᠢᠭ᠍ᠰᠠᠨ ᠣᠳᠠᠭ᠎ᠠ᠄
★★★☆☆

 4 ᠰᠠᠷ᠎ᠠ᠎ᠶᠢᠨ 21 ᠤ᠋ ᠦᠳᠡ᠎ᠶᠢᠨ ᠬᠣᠢᠨ᠎ᠠ᠂ ᠤᠯᠤᠰ᠎ᠤᠨ ᠲᠡᠷᠢᠭᠦᠯᠡᠭᠴᠢ ᠰᠢ ᠵᠢᠨ ᠫᠢᠩ ᠪᠡᠭᠡᠵᠢᠩ᠎ᠦᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠳᠤᠮᠳᠠᠳᠤ ᠤᠯᠤᠰ᠎ᠲᠤ ᠲᠦᠷᠦ᠎ᠶᠢᠨ ᠶᠠᠪᠤᠳᠠᠯ᠎ᠤᠨ ᠠᠶ᠋ᠢᠯᠴᠢᠯᠠᠯᠲᠠ ᠬᠢᠬᠦ᠎ᠪᠡᠷ ᠢᠷᠡᠭᠰᠡᠨ ᠮᠣᠽᠠᠮᠪᠢᠺ᠎ᠤᠨ ᠶᠡᠷᠦᠩᠬᠡᠢᠯᠡᠭᠴᠢ ᠴᠠᠪᠦ᠋ᠸᠸ ᠲᠠᠢ ᠬᠡᠯᠡᠯᠴᠡᠭᠡ ᠬᠢᠪᠡ᠃ ᠬᠣᠶᠠᠷ ᠤᠯᠤᠰ᠎ᠤᠨ ᠲᠡᠷᠢᠭᠦᠨ ᠬᠣᠶᠠᠷ ᠲᠠᠯ᠎ᠠ᠎ᠶᠢᠨ ᠬᠠᠷᠢᠯᠴᠠᠭ᠎ᠠ᠎ᠶᠢ ᠰᠢᠨ᠎ᠡ ᠴᠠᠭ ᠦᠶ᠎ᠡ᠎ᠶᠢᠨ ᠳᠤᠮᠳᠠᠳᠤ ᠮᠤᠽᠠᠮᠪᠢᠺ᠎ᠤ᠋ᠨ ᠬᠤᠪᠢ ᠵᠠᠶᠠᠭᠠᠨ᠎ᠤ ᠬᠠᠮᠲᠤ᠎ᠶᠢᠨ ᠴᠣᠭᠴᠠ ᠪᠣᠯᠭᠠᠨ ᠳᠡᠭᠡᠭᠰᠢᠯᠡᠭᠦᠯᠬᠦ᠎ᠪᠡᠷ ᠰᠠᠨᠠᠯ ᠨᠢᠭᠡᠲᠡᠢ ᠵᠥᠪᠰᠢᠶᠡᠷᠡᠪᠠ᠃


QQ20260422-094737.png

 

4 ᠰᠠᠷ᠎ᠠ᠎ᠶ᠋ᠢᠨ 21 ᠤ᠋ ᠦᠳᠡ᠎ᠶ᠋ᠢᠨ ᠬᠣᠢᠨ᠎ᠠ᠂ ᠤᠯᠤᠰ᠎ᠤᠨ ᠲᠡᠷᠢᠭᠦᠯᠡᠭ᠌ᠴᠢ ᠰᠢ ᠵᠢᠨ ᠫᠢᠩ ᠪᠡᠭᠡᠵᠢᠩ᠎ᠦᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠳᠤᠮᠳᠠᠳᠤ ᠤᠯᠤᠰ᠎ᠲᠤ ᠲᠥᠷᠥ᠎ᠶ᠋ᠢᠨ ᠶᠠᠪᠤᠳᠠᠯ᠎ᠤᠨ ᠠᠢᠯᠴᠢᠯᠠᠯᠲᠠ ᠬᠢᠬᠦ᠌᠎ᠪᠡᠷ ᠢᠷᠡᠭ᠌ᠰᠡᠨ ᠮᠣᠽᠠᠮᠪᠢᠺ᠎ᠤᠨ ᠶᠡᠷᠦᠩᠬᠡᠢᠯᠡᠭ᠌ᠴᠢ ᠴᠠᠪᠦ᠋ᠸᠸ᠎ᠲᠠᠶ ᠬᠡᠯᠡᠯᠴᠡᠭᠡ ᠬᠢᠪᠡ᠃ ᠵᠢᠷᠤᠭ ᠪᠤᠯ ᠬᠡᠯᠡᠯᠴᠡᠭᠡ ᠬᠢᠬᠦ᠌᠎ᠡᠴᠡ ᠡᠮᠦᠨ᠎ᠡ ᠰᠢ ᠵᠢᠨ ᠫᠢᠩ ᠪᠣᠯᠤᠨ ᠬᠠᠲᠤᠨ ᠫᠸᠩ ᠯᠢ ᠶᠤᠸᠠᠨ ᠴᠠᠪᠦ᠋ᠸᠸ ᠪᠣᠯᠤᠨ ᠲᠡᠭᠦᠨ᠎ᠦ ᠬᠠᠲᠤᠨ ᠭᠠᠢᠲ᠋ᠠ᠎ᠲᠠᠶ ᠬᠠᠮᠲᠤ ᠰᠡᠭᠦᠳᠡᠷ ᠲᠠᠲᠠᠭᠤᠯᠵᠤ ᠪᠠᠢᠭ᠎ᠠ ᠨᠢ᠃

ᠱᠢᠨᠬᠤᠸᠠ ᠬᠣᠷᠢᠶ᠎ᠠ᠎ᠶᠢᠨ ᠰᠤᠷᠪᠤᠯᠵᠢᠯᠠᠭ᠍ᠴᠢ  ᠬᠤᠸᠠᠩ ᠵᠢᠩ ᠸᠸᠨ  ᠰᠡᠭᠦᠳᠡᠷᠯᠡᠪᠡ


ᠰᠢ ᠵᠢᠨ ᠫᠢᠩ᠂ ᠳᠤᠮᠳᠠᠳᠤ ᠤᠯᠤᠰ ᠪᠣᠯᠣᠨ ᠮᠣᠽᠠᠮᠪᠢᠺ᠎ᠤᠨ ᠤᠯᠠᠮᠵᠢᠯᠠᠯᠲᠤ ᠨᠥᠬᠥᠷᠯᠡᠯ ᠲᠡᠦᠬᠡ ᠵᠢᠨ ᠰᠢᠯᠭᠠᠯᠳᠠ ᠵᠢ ᠲᠠᠭᠠᠭᠠᠵᠤ᠂ ᠠᠭᠤᠯᠠ ᠮᠦᠷᠡᠨ᠎ᠢ ᠠᠯᠤᠰᠯᠠᠨ ᠶᠠᠪᠤᠬᠤ ᠲᠤᠳᠤᠮ ᠪᠡᠬᠢᠵᠢᠪᠠ ᠃ ᠭᠠᠳᠠᠭᠠᠳᠤ ᠬᠠᠷᠢᠯᠴᠠᠭ᠎ᠠ ᠪᠠᠢᠭᠤᠯᠤᠭᠰᠠᠨ᠎ᠡᠴᠡ ᠨᠠᠭᠠᠰᠢ᠂ ᠳᠤᠮᠳᠠᠳᠤ ᠮᠤᠽᠠᠮᠪᠢᠺ ᠬᠣᠶᠠᠷ ᠤᠯᠤᠰ ᠬᠠᠷᠢᠯᠴᠠᠨ ᠢᠲᠡᠭᠡᠯᠴᠡᠵᠦ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠳᠤᠮᠳᠠᠳᠤ ᠠᠹᠷᠢᠺᠠ᠎ᠶᠢᠨ ᠨᠥᠬᠥᠷᠯᠡᠯ ᠪᠣᠯᠣᠨ ᠬᠥᠭᠵᠢᠵᠦ ᠪᠠᠢᠭ᠎ᠠ ᠤᠯᠤᠰ᠎ᠤᠳ᠎ᠤᠨ ᠬᠠᠮᠲᠤᠷᠠᠯᠴᠠᠭ᠎ᠠ᠎ᠶᠢᠨ ᠬᠡᠪ ᠳᠠᠭᠤᠷᠢᠶᠠᠯ ᠪᠣᠯᠪᠠ᠃ ᠰᠢᠨ᠎ᠡ ᠪᠠᠢᠳᠠᠯ ᠳᠣᠣᠷ᠎ᠠ᠂ ᠳᠤᠮᠳᠠᠳᠤ ᠮᠤᠽᠠᠮᠪᠢᠺ ᠤ᠋ᠨ ᠨᠥᠬᠥᠷᠰᠡᠭ ᠬᠠᠮᠲᠤᠷᠠᠯᠴᠠᠭ᠎ᠠ᠎ᠶᠢ ᠲᠠᠰᠤᠷᠠᠯᠲᠠ ᠦᠭᠡᠢ ᠭᠦᠨᠵᠡᠭᠡᠢᠷᠡᠭᠦᠯᠬᠦ ᠨᠢ ᠬᠣᠶᠠᠷ ᠤᠯᠤᠰ᠎ᠤᠨ ᠠᠷᠠᠳ ᠲᠦᠮᠡᠨ᠎ᠦ ᠬᠠᠮᠲᠤ᠎ᠶᠢᠨ ᠬᠦᠰᠡᠯ ᠡᠷᠡᠮᠡᠯᠵᠡᠯ᠎ᠳᠦ ᠨᠡᠢᠴᠡᠬᠦ ᠪᠥᠭᠡᠳ ᠪᠦᠬᠦ ᠪᠥᠮᠪᠥᠷᠴᠡᠭ᠎ᠦᠨ ᠬᠦᠭᠵᠢᠵᠤ ᠪᠠᠢᠭ᠎ᠠ ᠤᠯᠤᠰ ᠤ᠋ᠳ ᠤ᠋ᠨ ᠪᠦᠯᠬᠦᠮᠳᠡᠯ ᠬᠠᠮᠵᠢᠯᠴᠠᠭ᠎ᠠ᠎ᠪᠠᠨ ᠴᠢᠩᠭᠠᠳᠬᠠᠵᠤ᠂ ᠭᠠᠷ ᠬᠣᠯᠪᠣᠨ ᠥᠷᠢᠰᠦᠯᠳᠦᠭᠡᠨ᠎ᠢ ᠠᠷᠭᠠᠴᠠᠭᠠᠬᠤ ᠴᠠᠭ ᠦᠶ᠎ᠡ᠎ᠶᠢᠨ ᠶᠡᠬᠡ ᠬᠠᠨᠳᠤᠰᠢ ᠲᠠᠢ ᠨᠡᠢᠴᠡᠨ᠎ᠡ᠃ ᠳᠤᠮᠳᠠᠳᠤ ᠤᠯᠤᠰ ᠳᠤᠷᠠᠲᠠᠶ᠎ᠠ ᠮᠣᠽᠠᠮᠪᠢᠺ᠎ᠯᠤᠭ᠎ᠠ ᠳᠤᠮᠳᠠᠳᠤ ᠠᠹᠷᠢᠺᠠ᠎ᠶᠢᠨ ᠬᠠᠮᠲᠤᠷᠠᠯᠴᠠᠭᠠᠨ᠎ᠤ ᠶᠠᠷᠢᠶᠠᠨ᠎ᠤ ᠲᠠᠪᠴᠠᠩ᠎ᠤᠨ ᠪᠡᠭᠡᠵᠢᠩ᠎ᠳᠡᠬᠢ ᠲᠦᠷᠦᠭᠦᠴᠦᠳ᠎ᠦᠨ ᠬᠤᠷᠠᠯ᠎ᠤᠨ ᠦᠷ᠎ᠡ ᠪᠦᠲᠦᠭᠡᠯ ᠪᠣᠯᠣᠨ 2026 ᠣᠨ᠎ᠤ《ᠳᠤᠮᠳᠠᠳᠤ ᠠᠹᠷᠢᠺᠠ᠎ᠶᠢᠨ ᠰᠣᠶᠣᠯ ᠢᠷᠭᠡᠨᠰᠢᠯ᠎ᠦᠨ ᠰᠣᠯᠢᠯᠴᠠᠭᠠᠨ᠎ᠤ ᠣᠨ》 ᠢ᠋ ᠨᠠᠢᠳᠠᠪᠤᠷᠢᠵᠢᠭᠤᠯᠬᠤ᠎ᠪᠠᠷ ᠠᠵᠠ ᠲᠣᠬᠢᠶᠠᠯ ᠪᠣᠯᠭᠠᠵᠤ᠂ ᠭᠠᠷ ᠬᠣᠯᠪᠣᠨ ᠣᠳᠣᠬᠢᠴᠢᠯᠠᠯᠲᠠ᠎ᠶᠢᠨ ᠬᠦᠰᠡᠯ ᠵᠡᠭᠦᠳᠦ᠎ᠪᠡᠨ ᠬᠠᠮᠲᠤ᠎ᠪᠠᠷ ᠲᠡᠷᠭᠡᠯᠰᠢᠬᠦᠯᠤᠨ᠎ᠠ ᠭᠡᠵᠤ ᠵᠢᠭᠠᠵᠤ ᠭᠠᠷᠭᠠᠪᠠ᠃

ᠰᠢ ᠵᠢᠨ ᠫᠢᠩ᠂ ᠨᠥᠬᠥᠷᠯᠡᠯ ᠪᠠ ᠢᠲᠡᠭᠡᠯᠴᠡᠭᠡ ᠪᠣᠯ ᠳᠤᠮᠳᠠᠳᠤ ᠮᠤᠽᠠᠮᠪᠢᠺ ᠤ᠋ᠨ ᠬᠠᠷᠢᠯᠴᠠᠭ᠎ᠠ᠎ᠶᠢᠨ ᠲᠣᠪᠣᠢᠮ᠎ᠠ ᠣᠨᠴᠠᠯᠢᠭ᠋ ᠪᠠ ᠤᠯᠤᠰ ᠲᠦᠷᠦ᠎ᠶᠢᠨ ᠳᠠᠪᠠᠭᠤᠯᠢᠭ᠋ ᠪᠣᠯᠣᠨ᠎ᠠ᠃ ᠬᠣᠶᠠᠷ ᠲᠠᠯ᠎ᠠ᠎ᠪᠠᠷ᠎ᠢᠶᠠᠨ ᠰᠢᠯᠢᠳᠡᠭ ᠤᠯᠠᠮᠵᠢᠯᠠᠯ᠎ᠢᠶᠠᠨ ᠪᠠᠳᠠᠷᠠᠭᠤᠯᠵᠤ᠂ ᠲᠤᠰ ᠲᠤᠰ᠎ᠤᠨ ᠭᠣᠣᠯᠯᠠᠭ᠍ᠴᠢ ᠠᠰᠢᠭ᠋ ᠲᠤᠰᠠ ᠪᠣᠯᠣᠨ ᠠᠩᠬᠠᠷᠴᠤ ᠪᠠᠢᠭ᠎ᠠ ᠴᠢᠬᠤᠯᠠ ᠶᠡᠬᠡ ᠠᠰᠠᠭᠤᠳᠠᠯ᠎ᠤᠨ ᠲᠠᠯ᠎ᠠ᠎ᠪᠠᠷ ᠦᠷᠭᠦᠯᠵᠢᠯᠡᠨ ᠡᠷᠡᠰ ᠳᠡᠮᠵᠢᠯᠴᠡᠵᠦ᠂ ᠵᠠᠰᠠᠭ᠎ᠤᠨ ᠣᠷᠳᠣᠨ᠂ ᠲᠦᠷᠤ᠎ᠶᠢᠨ ᠨᠠᠮ᠂ ᠬᠠᠤᠯᠢ ᠲᠣᠭᠲᠠᠭᠠᠬᠤ ᠪᠠᠢᠭᠤᠯᠤᠮᠵᠢ᠂ ᠣᠷᠣᠨ ᠨᠤᠲᠤᠭ ᠵᠡᠷᠭᠡ ᠡᠯ᠎ᠡ ᠬᠦᠷᠢᠶ᠎ᠡ ᠴᠠᠷᠠᠭ᠎ᠠ ᠡᠯ᠎ᠡ ᠲᠡᠰ ᠳᠠᠪᠬᠤᠷᠭ᠎ᠠ᠎ᠶᠢᠨ ᠶᠠᠪᠤᠯᠴᠠᠭ᠎ᠠ᠎ᠪᠠᠨ ᠨᠢᠭ᠍ᠲᠠᠷᠠᠭᠤᠯᠵᠤ᠂ ᠨᠠᠮ᠎ᠢ ᠵᠠᠰᠠᠬᠤ ᠲᠦᠷᠦ᠎ᠶᠢ ᠵᠠᠰᠠᠬᠤ ᠲᠤᠷᠰᠢᠯᠭ᠎ᠠ᠎ᠶᠢᠨ ᠰᠣᠯᠢᠯᠴᠠᠭ᠎ᠠ᠎ᠶᠢ ᠴᠢᠩᠭᠠᠳᠬᠠᠶ᠎ᠠ᠃ ᠳᠤᠮᠳᠠᠳᠤ ᠮᠣᠽᠠᠮᠪᠢᠺ ᠬᠣᠶᠠᠷ ᠤᠯᠤᠰ᠎ᠤᠨ ᠠᠵᠤ ᠠᠬᠤᠢ ᠬᠠᠷᠢᠯᠴᠠᠨ ᠨᠥᠬᠥᠪᠦᠷᠢᠯᠡᠬᠦ ᠴᠢᠨᠠᠷ ᠵᠢᠡᠷ ᠴᠢᠩᠭ᠎ᠠ᠂ ᠬᠠᠮᠵᠢᠯᠴᠠᠭᠠᠨ᠎ᠤ ᠢᠷᠡᠭᠡᠳᠦᠢ ᠭᠡᠭᠡᠨ ᠰᠠᠷᠠᠭᠤᠯ ᠶᠤᠮ᠃ ᠡᠨᠡ ᠵᠢᠯ ᠪᠣᠯ ᠳᠤᠮᠳᠠᠳᠤ ᠤᠯᠤᠰ᠎ᠤᠨ《ᠠᠷᠪᠠᠨ ᠲᠠᠪᠤᠳᠤᠭᠠᠷ ᠲᠠᠪᠤᠨ ᠵᠢᠯ》ᠤ᠋ᠨ ᠡᠬᠢᠯᠡᠯᠲᠡ᠎ᠶᠢᠨ ᠵᠢᠯ ᠪᠣᠯᠣᠨ᠎ᠠ᠂ ᠳᠤᠮᠳᠠᠳᠤ ᠤᠯᠤᠰ ᠳᠤᠷᠠᠲᠠᠶ᠎ᠠ ᠮᠣᠽᠠᠮᠪᠢᠺ᠎ᠯᠤᠭ᠎ᠠ ᠬᠥᠭᠵᠢᠯᠲᠡ᠎ᠶᠢᠨ ᠪᠠᠢᠯᠳᠤᠬᠤ ᠪᠣᠳᠣᠯᠭ᠎ᠠ᠎ᠶᠢᠨ ᠵᠣᠯᠭᠠᠯᠴᠠᠭ᠎ᠠ᠎ᠪᠠᠨ ᠴᠢᠩᠭᠠᠳᠬᠠᠵᠤ᠂ ᠬᠠᠮᠲᠤᠷᠠᠯᠴᠠᠭᠠᠨ᠎ᠤ ᠵᠠᠭᠪᠤᠷ᠎ᠤᠨ ᠰᠢᠨ᠎ᠡ᠎ᠶᠢ ᠡᠭᠦᠳᠴᠦ᠂ ᠰᠠᠭᠤᠷᠢ ᠲᠥᠬᠦᠭᠡᠷᠦᠮᠵᠢ᠂ ᠡᠨᠧᠷᠭᠢ ᠠᠭᠤᠷᠬᠠᠢ᠎ᠶᠢᠨ ᠭᠠᠷᠤᠯᠲᠠ᠎ᠶᠢ ᠶᠡᠷᠦᠩᠬᠡᠢᠯᠡᠨ ᠨᠡᠭᠡᠭᠡᠨ ᠬᠥᠭᠵᠢᠭᠦᠯᠬᠦ ᠬᠠᠮᠲᠤᠷᠠᠯᠴᠠᠭᠠᠨ᠎ᠤ ᠰᠢᠨ᠎ᠡ ᠵᠠᠮ᠎ᠢ ᠰᠦᠪᠡᠭᠴᠢᠯᠡᠵᠦ᠂ ᠬᠥᠳᠡᠭᠡ ᠠᠵᠤ ᠠᠬᠤᠢ᠂ ᠰᠢᠨ᠎ᠡ ᠡᠨᠧᠷᠭᠢ᠂ ᠲᠣᠭᠠᠴᠢᠯᠠᠭᠰᠠᠨ ᠠᠵᠤ ᠠᠬᠤᠢ᠂ ᠵᠣᠬᠢᠶᠠᠮᠠᠯ ᠣᠶᠤᠨ ᠴᠢᠳᠠᠪᠤᠷᠢ ᠵᠡᠷᠭᠡ ᠬᠠᠮᠲᠤᠷᠠᠯᠴᠠᠭᠠᠨ᠎ᠤ ᠨᠡᠮᠡᠭᠳᠡᠯ᠎ᠦᠨ ᠴᠡᠭ᠎ᠢ ᠢᠳᠡᠪᠬᠢᠲᠡᠢ ᠪᠣᠢᠵᠢᠭᠤᠯᠵᠤ᠂ ᠬᠣᠶᠠᠷ ᠤᠯᠤᠰ᠎ᠤᠨ ᠪᠣᠳᠠᠲᠠᠢ᠎ᠶᠢ ᠡᠷᠬᠢᠮᠯᠡᠭᠰᠡᠨ ᠬᠠᠮᠲᠤᠷᠠᠯᠴᠠᠭᠠᠨ᠎ᠤ ᠴᠢᠨᠠᠷ ᠰᠠᠢᠲᠠᠢ᠂ ᠦᠷᠭᠦᠯᠵᠢᠯᠡᠬᠦ ᠬᠥᠭᠵᠢᠯᠲᠡ᠎ᠶᠢ ᠠᠬᠢᠭᠤᠯᠤᠨ᠎ᠠ᠃ ᠤᠷᠪᠠᠭᠠᠨ ᠬᠥᠷᠪᠡᠭᠡᠨ᠎ᠲᠠᠢ ᠳᠡᠯᠡᠬᠡᠢ᠎ᠶᠢᠨ ᠪᠠᠢᠳᠠᠯ᠎ᠤᠨ ᠡᠮᠦᠨ᠎ᠡ᠂ ᠬᠣᠶᠠᠷ ᠲᠠᠯ᠎ᠠ᠎ᠪᠠᠷ᠎ᠢᠶᠠᠨ ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ ᠵᠡᠷᠭᠡ ᠪᠠᠢᠭᠤᠯᠤᠮᠵᠢ᠎ᠶᠢᠨ ᠳᠣᠲᠣᠭᠠᠳᠤ᠎ᠳᠤ ᠵᠣᠬᠢᠴᠠᠭᠤᠯᠭ᠎ᠠ ᠬᠠᠮᠵᠢᠯᠴᠠᠭ᠎ᠠ᠎ᠪᠠᠨ ᠦᠷᠭᠦᠯᠵᠢᠯᠡᠨ ᠴᠢᠩᠭᠠᠳᠬᠠᠵᠤ᠂ ᠪᠦᠯᠬᠦᠮᠳᠡᠨ ᠬᠠᠮᠵᠢᠯᠴᠠᠵᠤ᠂ ᠡᠷᠬᠡ ᠲᠡᠭᠰᠢ ᠡᠮᠬᠢ ᠵᠢᠷᠤᠮ᠎ᠲᠠᠢ ᠳᠡᠯᠡᠬᠡᠢ᠎ᠶᠢᠨ ᠤᠯᠠᠨ ᠲᠤᠢᠯᠵᠢᠯᠳᠠ᠂ ᠲᠦᠭᠡᠮᠡᠯ ᠬᠠᠷᠠᠭᠠᠯᠵᠠᠯᠳᠤ ᠪᠠᠭᠲᠠᠭᠠᠮᠵᠢᠲᠠᠢ ᠠᠵᠤ ᠠᠬᠤᠢ᠎ᠶᠢᠨ ᠳᠡᠯᠡᠬᠡᠢᠵᠢᠯᠲᠡ᠎ᠶᠢ ᠬᠠᠮᠲᠤ᠎ᠪᠠᠷ ᠰᠠᠨᠠᠭᠠᠴᠢᠯᠠᠵᠤ᠂ ᠳᠡᠯᠡᠬᠡᠢ᠎ᠶᠢᠨ ᠲᠥᠪ ᠭᠣᠣᠯᠴᠢ ᠰᠢᠳᠤᠷᠭᠤ ᠶᠣᠰᠣ᠌᠎ᠶᠢ ᠬᠠᠮᠲᠤ᠎ᠪᠠᠷ ᠬᠠᠮᠠᠭᠠᠯᠠᠶ᠎ᠠ ᠭᠡᠵᠤ ᠴᠢᠬᠤᠯᠠᠴᠢᠯᠠᠪᠠ᠃

ᠰᠢ ᠵᠢᠨ ᠫᠢᠩ᠂ ᠳᠤᠮᠳᠠᠳᠤ ᠠᠹᠷᠢᠺᠠ ᠭᠠᠳᠠᠭᠠᠳᠤ ᠬᠠᠷᠢᠯᠴᠠᠭ᠎ᠠ ᠪᠠᠢᠭᠤᠯᠤᠬᠰᠠᠨ 70 ᠵᠢᠯ᠎ᠦᠨ ᠲᠤᠷᠰᠢ᠂ ᠳᠡᠯᠡᠬᠡᠢ᠎ᠶᠢᠨ ᠪᠠᠢᠳᠠᠯ᠎ᠳᠤ ᠶᠠᠮᠠᠷ ᠬᠤᠪᠢᠷᠠᠯᠲᠠ ᠭᠠᠷᠤᠭᠰᠠᠨ ᠴᠤ᠌᠂ ᠬᠣᠶᠠᠷ ᠲᠠᠯ᠎ᠠ᠎ᠪᠠᠷ᠎ᠢᠶᠠᠨ ᠢᠮᠠᠭᠲᠠ ᠬᠠᠲᠠᠭᠤ ᠪᠡᠷᠬᠡᠰᠢᠶᠡᠯ᠎ᠢ ᠬᠠᠮᠲᠤ᠎ᠪᠠᠷ ᠲᠤᠭᠤᠯᠵᠤ᠂ ᠮᠥᠷᠥ ᠵᠡᠷᠭᠡᠴᠡᠨ ᠤᠷᠤᠭᠰᠢᠯᠠᠵᠤ᠂ ᠳᠤᠮᠳᠠᠳᠤ ᠤᠯᠤᠰ ᠪᠣᠯᠣᠨ ᠠᠹᠷᠢᠺᠠ ᠲᠢᠪ᠎ᠢᠶᠡᠷ ᠲᠥᠯᠥᠭᠡᠯᠡᠭᠦᠯᠦᠭᠰᠡᠨ ᠪᠦᠬᠦ ᠪᠥᠮᠪᠥᠷᠴᠡᠭ᠎ᠦᠨ ᠬᠦᠭᠵᠢᠵᠤ ᠪᠠᠢᠭ᠎ᠠ ᠤᠯᠤᠰ ᠤ᠋ᠳ ᠪᠣᠯ ᠢᠮᠠᠭᠲᠠ ᠲᠣᠭᠲᠠᠭᠤᠨ ᠪᠤᠰᠤ ᠬᠤᠪᠢᠰᠤᠯᠲᠠ᠎ᠪᠡᠷ ᠲᠦᠬᠦᠷᠦᠭᠰᠡᠨ ᠳᠡᠯᠡᠬᠡᠢ ᠳ᠋ᠠᠬᠢᠨ᠎ᠳᠠᠬᠢ ᠰᠢᠳᠤᠷᠭᠤ ᠶᠣᠰᠣᠨ᠎ᠤ ᠬᠦᠴᠦᠨ ᠮᠥᠨ᠃ ᠳᠤᠮᠳᠠᠳᠤ ᠳᠣᠷᠣᠨᠠᠲᠤ᠎ᠶᠢᠨ ᠲᠠᠢ᠍ᠢᠨ ᠠᠹᠷᠢᠺᠠ ᠲᠢᠪ᠎ᠦᠨ ᠤᠯᠤᠰ᠎ᠤᠳ᠎ᠢ ᠶᠡᠬᠡ᠎ᠪᠡᠷ ᠨᠥᠯᠥᠭᠡᠯᠡᠪᠡ᠂ ᠳᠤᠮᠳᠠᠳᠤ ᠤᠯᠤᠰ ᠳᠤᠷᠠᠲᠠᠶ᠎ᠠ ᠠᠹᠷᠢᠺᠠ ᠲᠢᠪ᠎ᠦᠨ ᠲᠠᠯ᠎ᠠ ᠵᠢᠨ ᠬᠢᠨ ᠲᠠᠢ ᠭᠠᠷ ᠬᠣᠯᠪᠣᠨ ᠠᠷᠭᠠᠴᠠᠭᠠᠵᠤ᠂ ᠡᠩᠬᠡ ᠲᠠᠢᠪᠤᠩ᠎ᠢ ᠬᠠᠮᠲᠤ᠎ᠪᠠᠷ ᠠᠬᠢᠭᠤᠯᠵᠤ᠂ ᠬᠥᠭᠵᠢᠯᠲᠡ᠎ᠶᠢ ᠬᠠᠮᠲᠤ᠎ᠪᠠᠷ ᠰᠦᠪᠡᠭᠴᠢᠯᠡᠨ᠎ᠡ᠃ ᠨᠢᠭᠡ᠎ᠳᠦ᠂ ᠵᠠᠷᠴᠢᠮ᠎ᠢ ᠪᠠᠲᠤ ᠰᠠᠬᠢᠵᠤ ᠡᠩᠬᠡ ᠲᠠᠢᠪᠤᠩ᠎ᠢ ᠠᠬᠢᠭᠤᠯᠤᠶ᠎ᠠ ᠃ ᠲᠠᠢᠨ᠎ᠢ  ᠵᠣᠭᠰᠣᠭᠠᠵᠤ᠂ ᠡᠷᠬᠡ ᠲᠡᠭᠰᠢ ᠶᠠᠷᠢᠯᠴᠠᠭ᠎ᠠ᠎ᠪᠠᠷ ᠳᠠᠮᠵᠢᠨ ᠵᠥᠷᠢᠯᠳᠦᠭᠡᠨ᠎ᠢᠶᠡᠨ ᠰᠢᠢᠳᠪᠦᠷᠢᠯᠡᠵᠦ᠂ ᠳᠡᠯᠡᠬᠡᠢ ᠨᠡᠢᠭᠡᠮ᠎ᠦᠨ ᠬᠢᠨ᠎ᠦ ᠵᠢᠩᠬᠢᠨᠢ ᠤᠯᠠᠨ ᠲᠠᠯᠠᠲᠤ ᠦᠵᠡᠯ᠎ᠢ ᠦᠢᠯᠡᠳᠦᠯᠭᠡᠵᠢᠭᠦᠯᠬᠦ᠎ᠶᠢ ᠠᠬᠢᠭᠤᠯᠵᠤ᠂ ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶᠢᠨ ᠦᠨᠳᠦᠰᠦᠨ ᠳᠦᠷᠢᠮ ᠵᠣᠷᠢᠯᠲᠠ ᠵᠠᠷᠴᠢᠮ ᠪᠣᠯᠣᠨ ᠤᠯᠠᠨ ᠤᠯᠤᠰ᠎ᠤᠨ ᠬᠠᠷᠢᠯᠴᠠᠭᠠᠨ᠎ᠤ ᠦᠨᠳᠦᠰᠦᠨ ᠪᠠᠷᠢᠮᠵᠢᠶ᠎ᠠ᠎ᠶᠢ ᠡᠷᠡᠰ ᠬᠠᠮᠠᠭᠠᠯᠠᠬᠤ᠎ᠶᠢ ᠬᠠᠮᠲᠤ᠎ᠪᠠᠷ ᠤᠷᠢᠶᠠᠯᠠᠶ᠎ᠠ᠃ ᠬᠣᠶᠠᠷ᠎ᠲᠤ᠂ ᠲᠣᠭᠲᠠᠯ ᠬᠦᠴᠦᠨ᠎ᠢᠶᠡᠨ ᠪᠠᠲᠤᠯᠠᠵᠤ ᠬᠥᠭᠵᠢᠯᠲᠡ᠎ᠶᠢ ᠰᠦᠪᠡᠭᠴᠢᠯᠡᠶ᠎ᠡ᠃ ᠳᠤᠮᠳᠠᠳᠤ ᠤᠯᠤᠰ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ᠎ᠪᠡᠨ ᠦᠷᠭᠦᠯᠵᠢᠯᠡᠨ ᠥᠷᠭᠡᠳᠬᠡᠬᠦ ᠶᠠᠪᠤᠴᠠ᠎ᠳᠤ᠂ ᠠᠹᠷᠢᠺᠠ ᠲᠢᠪ᠎ᠢ ᠢᠮᠠᠭᠲᠠ ᠣᠨᠴᠠᠭᠠᠢ ᠲᠡᠷᠢᠭᠦᠨ ᠪᠠᠢᠷᠢᠨ᠎ᠳᠤ ᠲᠠᠯᠪᠢᠨ᠎ᠠ᠃ ᠳᠤᠮᠳᠠᠳᠤ ᠤᠯᠤᠰ ᠡᠨᠡ ᠵᠢᠯ᠎ᠦᠨ 5 ᠰᠠᠷ᠎ᠠ᠎ᠶ᠋ᠢᠨ 1 ᠤ᠋ ᠡᠳᠦᠷ᠎ᠡᠴᠡ ᠡᠬᠢᠯᠡᠨ ᠭᠠᠳᠠᠭᠠᠳᠤ ᠬᠠᠷᠢᠯᠴᠠᠭ᠎ᠠ ᠪᠠᠢᠭᠤᠯᠤᠭ᠍ᠰᠠᠨ ᠠᠹᠷᠢᠺᠠ ᠲᠢᠪ᠎ᠦᠨ 53 ᠤᠯᠤᠰ᠎ᠲᠤ ᠪᠣᠭᠣᠮᠲᠠ᠎ᠶ᠋ᠢᠨ ᠭᠠᠢᠯᠢ ᠥᠯᠥ ᠲᠠᠲᠠᠪᠤᠷᠢᠯᠠᠬᠤ ᠠᠷᠭ᠎ᠠ ᠬᠡᠮᠵᠢᠶ᠎ᠡ᠎ᠶ᠋ᠢ ᠪᠥᠬᠥ᠌ ᠲᠠᠯ᠎ᠠ᠎ᠪᠠᠷ ᠬᠡᠷᠡᠭ᠌ᠵᠢᠭᠦᠯᠵᠦ᠍᠂ 《ᠰᠠᠭᠠᠳ ᠥᠬᠡᠶ ᠨᠡᠪᠲᠡᠷᠡᠬᠦ᠌ ᠵᠠᠮ》 ᠢ᠋ ᠲᠠᠰ ᠳᠡᠪᠱᠢᠭᠦᠯᠬᠦ ᠵᠡᠷᠭᠡ᠎ᠪᠡᠷ ᠳᠠᠮᠵᠢᠨ ᠠᠹᠷᠢᠺᠠ ᠲᠢᠪ᠎ᠡᠴᠡ ᠳᠤᠮᠳᠠᠳᠤ ᠤᠯᠤᠰ᠎ᠲᠤ ᠭᠠᠷᠭᠠᠬᠤ ᠦᠶ᠋ᠯᠡᠳᠬᠦᠨ᠎ᠢ ᠣᠷᠣᠭᠤᠯᠬᠤ᠎ᠵᠢ ᠵᠥᠪᠱᠢᠶᠡᠷᠡᠬᠦ᠎ᠵᠢ ᠤᠯᠠᠮ ᠨᠢᠭᠡ ᠠᠯᠬᠤᠮ ᠥᠷᠭᠡᠳᠭᠡᠨ᠎ᠡ᠃ ᠭᠤᠷᠪᠠ᠎ᠳᠤ᠂ ᠬᠠᠮᠲᠤᠷᠠᠯᠴᠠᠵᠤ ᠬᠠᠮᠲᠤ᠎ᠪᠠᠷ ᠠᠱᠢᠭ ᠬᠦᠷᠳᠡᠬᠦ᠌ ᠬᠡᠪ ᠳᠠᠭᠤᠷᠢᠶᠠᠯ᠎ᠢ ᠪᠤᠢ ᠪᠣᠯᠭᠠᠶ᠎ᠠ᠃ ᠳᠤᠮᠳᠠᠳᠤ ᠤᠯᠤᠰ ᠳᠤᠷᠠᠲᠠᠶ᠎ᠠ ᠠᠹᠷᠢᠺᠠ ᠲᠢᠪ᠎ᠦᠨ ᠤᠯᠤᠰ᠎ᠤᠳ᠎ᠤᠨ ᠬᠦᠰᠡᠯ ᠱᠠᠭᠠᠷᠳᠠᠯᠭ᠎ᠠ᠎ᠶ᠋ᠢ ᠴᠤᠤᠷᠢᠶᠠᠲᠤᠵᠤ᠂ ᠬᠠᠮᠲᠤᠷᠠᠯᠴᠠᠭᠠᠨ᠎ᠤ ᠳᠠᠯᠳᠠ ᠬᠦᠴᠦᠨ᠎ᠢ ᠠᠭᠤᠳᠠᠯᠵᠤ᠂ ᠬᠠᠷᠢᠯᠴᠠᠨ ᠠᠱᠢᠭ᠍ᠲᠠᠢ ᠬᠠᠮᠲᠤᠷᠠᠯᠴᠠᠭ᠎ᠠ᠎ᠪᠠᠨ ᠴᠢᠩᠭᠠᠳᠭᠠᠵᠤ᠂ ᠠᠹᠷᠢᠺᠠ ᠲᠢᠪ᠎ᠦᠨ ᠤᠯᠤᠰ᠎ᠤᠳ᠎ᠤᠨ ᠬᠥᠭ᠌ᠵᠢᠯᠲᠡ᠎ᠳᠦ ᠬᠦᠴᠦᠨ ᠨᠡᠮᠡᠷᠢᠯᠡᠵᠦ᠍᠂ ᠱᠢᠨ᠎ᠡ ᠴᠠᠭ ᠦᠶ᠎ᠡ᠎ᠶ᠋ᠢᠨ ᠦᠨᠢᠳᠡ᠎ᠶ᠋ᠢᠨ ᠳᠤᠮᠳᠠᠳᠤ ᠠᠹᠷᠢᠺᠠ᠎ᠶ᠋ᠢᠨ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ᠎ᠶ᠋ᠢ ᠬᠠᠮᠲᠤ᠎ᠪᠠᠷ ᠪᠠᠢᠭᠤᠯᠤᠨ᠎ᠠ ᠭᠡᠵᠦ ᠵᠢᠭᠠᠵᠤ ᠭᠠᠷᠭᠠᠪᠠ᠃

ᠴᠠᠪᠥ᠋ᠸᠧ᠂ ᠡᠨᠡ ᠵᠢᠯ ᠳᠤᠮᠳᠠᠳᠤ ᠤᠯᠤᠰ᠎ᠲᠤ ᠲᠦᠷᠦ᠍᠎ᠶ᠋ᠢᠨ ᠶᠠᠪᠤᠳᠠᠯ᠎ᠤᠨ ᠠᠢᠯᠴᠢᠯᠠᠯᠲᠠ ᠬᠢᠭ᠌ᠰᠡᠨ ᠠᠩᠬᠠᠳᠠᠭ᠍ᠴᠢ ᠠᠹᠷᠢᠺᠠ ᠲᠢᠪ᠎ᠦᠨ ᠤᠯᠤᠰ᠎ᠤᠨ ᠤᠳᠤᠷᠢᠳᠭᠤ ᠬᠥᠮᠦᠨ ᠪᠣᠯᠤᠭ᠍ᠰᠠᠨ᠎ᠳᠠᠭᠠᠨ ᠮᠠᠰᠢ ᠪᠠᠶᠠᠷᠯᠠᠵᠤ ᠪᠠᠢᠨ᠎ᠠ᠂ ᠡᠨᠡ ᠨᠢ ᠬᠣᠶᠠᠷ ᠤᠯᠤᠰ᠎ᠤᠨ ᠬᠣᠭᠣᠷᠣᠨᠳᠣᠬᠢ ᠨᠥᠬᠥᠷᠰᠡᠭ ᠬᠠᠷᠢᠯᠴᠠᠭ᠎ᠠ ᠪᠣᠯᠤᠨ ᠠᠬ᠎ᠠ ᠳᠡᠭᠦᠦ᠍᠎ᠶ᠋ᠢᠨ ᠨᠥᠬᠥᠷᠯᠡᠯ᠎ᠢ ᠬᠠᠷᠠᠭᠤᠯᠵᠤ ᠪᠠᠢᠨ᠎ᠠ᠂ ᠮᠤᠽᠠᠮᠪᠢᠺ᠎ᠤᠨ ᠠᠷᠠᠳ ᠲᠦᠮᠡᠨ᠎ᠳᠦ ᠴᠢᠬᠤᠯᠠ ᠶᠡᠬᠡ ᠠᠴᠢ ᠬᠣᠯᠪᠣᠭ᠍ᠳᠠᠯ᠎ᠲᠠᠶ ᠶᠤᠮ᠃ ᠳᠤᠮᠳᠠᠳᠤ ᠤᠯᠤᠰ ᠲᠡᠷᠢᠭᠦᠯᠡᠭ᠌ᠴᠢ ᠰᠢ ᠵᠢᠨ ᠫᠢᠩ᠎ᠦᠨ ᠤᠳᠤᠷᠢᠳᠤᠯᠭ᠎ᠠ ᠳᠣᠣᠷ᠎ᠠ ᠳᠡᠯᠡᠬᠡᠢ ᠳ᠋ᠠᠬᠢᠨ᠎ᠤ ᠠᠩᠬᠠᠷᠤᠯ᠎ᠢ ᠲᠠᠲᠠᠭ᠍ᠰᠠᠨ ᠬᠥᠭ᠌ᠵᠢᠯᠲᠡ᠎ᠶ᠋ᠢᠨ ᠠᠮᠵᠢᠯᠲᠠ ᠪᠦᠲᠦᠮᠵᠢ ᠣᠯᠵᠤ᠂ ᠪᠦᠬᠦ᠌ ᠪᠥᠮᠪᠥᠷᠴᠡᠭ᠎ᠦᠨ ᠬᠦᠭᠵᠢᠵᠦ ᠪᠠᠢᠭ᠎ᠠ ᠤᠯᠤᠰ᠎ᠤᠳ᠎ᠲᠤ ᠦᠯᠢᠭᠡᠷ ᠳᠠᠭᠤᠷᠢᠶᠠᠯ ᠦᠵᠡᠭᠦᠯᠦᠭ᠌ᠰᠡᠨ᠎ᠳᠦ ᠪᠠᠶᠠᠷ ᠬᠦᠷᠭᠡᠶ᠎ᠡ᠃ ᠳᠤᠮᠳᠠᠳᠤ ᠤᠯᠤᠰ ᠪᠣᠯ ᠮᠣᠽᠠᠮᠪᠢᠺ᠎ᠤᠨ ᠵᠢᠩᠬᠢᠨᠢ ᠨᠠᠢᠵᠠ ᠮᠥᠨ᠂ ᠮᠣᠽᠠᠮᠪᠢᠺ᠎ᠤᠨ᠎ᠬᠢᠨ᠎ᠳᠦ ᠢᠮᠠᠭ᠍ᠲᠠ ᠬᠠᠷᠠᠮ ᠥᠬᠡᠶ ᠬᠠᠪᠰᠤᠷᠤᠯᠭ᠎ᠠ ᠳᠡᠮᠵᠢᠯᠭᠡ ᠦᠵᠡᠭᠦᠯᠦᠭ᠌ᠰᠡᠭᠡᠷ ᠢᠷᠡᠪᠡ᠂ ᠮᠣᠽᠠᠮᠪᠢᠺ᠎ᠤᠨ᠎ᠬᠢᠨ ᠳᠤᠮᠳᠠᠳᠤ ᠤᠯᠤᠰ᠎ᠯᠤᠭ᠎ᠠ᠎ᠶ᠋ᠢᠨ ᠬᠠᠷᠢᠯᠴᠠᠭ᠎ᠠ᠎ᠶ᠋ᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ᠂ ᠨᠢᠭᠡ ᠳᠤᠮᠳᠠᠳᠤ ᠤᠯᠤᠰ ᠪᠠᠢᠬᠤ ᠵᠠᠷᠴᠢᠮ᠎ᠢ ᠨᠥᠬᠥᠴᠡᠯ ᠥᠬᠡᠶ᠎ᠪᠡᠷ ᠬᠢᠴᠢᠶᠡᠩᠭᠦᠢᠯᠡᠨ ᠵᠢᠷᠤᠮᠯᠠᠵᠤ᠂ ᠳᠤᠮᠳᠠᠳᠤ ᠤᠯᠤᠰ᠎ᠤᠨ ᠤᠯᠤᠰ᠎ᠤᠨ ᠨᠢᠭᠡᠳᠦᠯ᠎ᠢᠶᠡᠨ ᠪᠡᠶᠡᠯᠡᠭᠦᠯᠬᠦ᠌᠎ᠶ᠋ᠢ ᠳᠡᠮᠵᠢᠨ᠎ᠠ᠃ ᠮᠣᠽᠠᠮᠪᠢᠺ᠎ᠤᠨ ᠬᠢᠨ ᠳᠤᠷᠠᠲᠠᠶ᠎ᠠ ᠳᠤᠮᠳᠠᠳᠤ ᠤᠯᠤᠰ᠎ᠯᠤᠭ᠎ᠠ ᠬᠠᠷᠢᠯᠴᠠᠨ ᠬᠦᠨᠳᠦᠳᠭᠡᠬᠦ᠌᠂ ᠬᠠᠷᠢᠯᠴᠠᠨ ᠢᠲᠡᠭᠡᠯᠴᠡᠬᠦ᠌ ᠰᠠᠭᠤᠷᠢᠨ ᠳᠡᠭᠡᠷ᠎ᠡ ᠪᠦᠯᠬᠦᠮᠳᠡᠯ ᠪᠠ ᠨᠥᠬᠥᠷᠯᠡᠯ᠎ᠢᠶᠡᠨ ᠵᠤᠵᠠᠭᠠᠳᠭᠠᠵᠤ᠂ ᠠᠵᠤ ᠠᠬᠤᠢ ᠠᠷᠠᠯᠵᠢᠶ᠎ᠠ᠂ ᠬᠥᠳᠡᠭᠡ ᠠᠵᠤ ᠠᠬᠤᠢ᠂ ᠡᠨᠧᠷᠭᠢ ᠵᠡᠷᠭᠡ ᠬᠦᠷᠢᠶᠡᠨ᠎ᠳ᠋ᠡᠬᠢ ᠬᠠᠮᠲᠤᠷᠠᠯᠴᠠᠭ᠎ᠠ᠎ᠪᠠᠨ ᠨᠢᠭ᠍ᠲᠠᠷᠠᠭᠤᠯᠵᠤ᠂ ᠱᠢᠨ᠎ᠡ ᠴᠠᠭ ᠦᠶ᠎ᠡ᠎ᠶ᠋ᠢᠨ ᠮᠣᠽᠠᠮᠪᠢᠺ ᠳᠤᠮᠳᠠᠳᠤ᠎ᠶ᠋ᠢᠨ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ᠎ᠶ᠋ᠢ ᠬᠠᠮᠲᠤ᠎ᠪᠠᠷ ᠪᠠᠢᠭᠤᠯᠬᠤ ᠱᠢᠨ᠎ᠡ ᠬᠠᠭᠤᠳᠠᠰᠤ᠎ᠶ᠋ᠢ ᠪᠢᠴᠢᠭ᠌ᠯᠡᠨ᠎ᠡ᠃ ᠳᠤᠮᠳᠠᠳᠤ ᠠᠹᠷᠢᠺᠠ᠎ᠶ᠋ᠢᠨ ᠬᠠᠮᠲᠤᠷᠠᠯᠴᠠᠭᠠᠨ᠎ᠤ ᠶᠠᠷᠢᠶᠠᠨ᠎ᠤ ᠲᠠᠪᠴᠠᠩ᠎ᠤᠨ ᠪᠡᠭᠡᠵᠢᠩ᠎ᠳᠡᠬᠢ ᠲᠦᠷᠦᠭᠦᠴᠦᠳ᠎ᠦᠨ ᠬᠤᠷᠠᠯ᠎ᠤᠨ ᠦᠷ᠎ᠡ ᠪᠦᠲᠦᠭᠡᠯ᠎ᠢ ᠨᠠᠢᠳᠠᠪᠤᠷᠢᠵᠢᠭᠤᠯᠤᠭ᠍ᠰᠠᠨ ᠪᠠ ᠳᠤᠮᠳᠠᠳᠤ ᠤᠯᠤᠰ᠎ᠤᠨ ᠬᠢᠨ᠎ᠤ ᠭᠠᠳᠠᠭᠠᠳᠤ ᠬᠠᠷᠢᠯᠴᠠᠭ᠎ᠠ ᠪᠠᠢᠭᠤᠯᠤᠭ᠍ᠰᠠᠨ ᠠᠹᠷᠢᠺᠠ ᠲᠢᠪ᠎ᠤᠨ ᠤᠯᠤᠰ᠎ᠡᠴᠡ ᠪᠣᠭᠣᠮᠲᠠ᠎ᠶ᠋ᠢᠨ ᠭᠠᠢᠯᠢ ᠥᠯᠥ ᠲᠠᠲᠠᠪᠤᠷᠢᠯᠠᠬᠤ ᠲᠦᠷᠦ᠍᠎ᠶ᠋ᠢᠨ ᠪᠤᠳᠤᠯᠭ᠎ᠠ ᠨᠢ ᠠᠹᠷᠢᠺᠠ ᠲᠢᠪ᠎ᠦᠨ ᠤᠯᠤᠰ᠎ᠤᠳ᠎ᠤᠨ ᠠᠵᠤ ᠠᠬᠤᠢ ᠨᠡᠢᠭᠡᠮ᠎ᠦᠨ ᠬᠥᠭ᠌ᠵᠢᠯᠲᠡ᠎ᠳᠦ ᠴᠢᠬᠤᠯᠠ ᠲᠤᠰᠠᠯᠠᠮᠵᠢ ᠦᠵᠡᠭᠦᠯᠬᠦ᠌ ᠪᠣᠯᠤᠨ᠎ᠠ᠂ ᠳᠤᠮᠳᠠᠳᠤ᠎ᠶ᠋ᠢᠨ ᠲᠠᠯ᠎ᠠ᠎ᠶ᠋ᠢᠨ ᠬᠢᠨ᠎ᠦ ᠠᠹᠷᠢᠺᠠ ᠲᠢᠪ᠎ᠦᠨ ᠤᠯᠤᠰ᠎ᠤᠳ᠎ᠲᠤ ᠳᠡᠮᠵᠢᠯᠭᠡ ᠦᠵᠡᠭᠦᠯᠦᠭ᠌ᠰᠡᠨ᠎ᠳᠦ ᠲᠠᠯᠠᠷᠬᠠᠵᠤ ᠪᠠᠢᠨ᠎ᠠ᠃ ᠲᠡᠷᠢᠭᠦᠯᠡᠭ᠌ᠴᠢ ᠰᠢ ᠵᠢᠨ ᠫᠢᠩ ᠬᠥᠮᠦᠨ ᠲᠥᠷᠥᠯᠬᠢᠲᠡᠨ᠎ᠦ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ᠎ᠶ᠋ᠢᠨ ᠣᠢᠯᠠᠭᠠᠭ᠍ᠳᠠᠬᠤᠨ᠂ ᠲᠦᠷᠪᠡᠨ ᠶᠡᠬᠡ ᠪᠦᠬᠦ᠌ ᠪᠥᠮᠪᠥᠷᠴᠡᠭ᠎ᠦᠨ ᠰᠠᠨᠠᠭᠠᠴᠢᠯᠠᠭ᠎ᠠ ᠪᠣᠯᠤᠨ 《ᠨᠢᠭᠡ ᠪᠦᠰᠡ ᠨᠢᠭᠡ ᠵᠠᠮ》᠎ᠤ᠋ᠨ ᠰᠠᠨᠠᠭᠠᠴᠢᠯᠠᠭ᠎ᠠ᠎ᠶ᠋ᠢ ᠳᠤᠷᠠᠳᠴᠤ᠌᠂ ᠳᠡᠯᠡᠬᠡᠢ᠎ᠶ᠋ᠢᠨ ᠡᠩᠬᠡ ᠲᠠᠢᠪᠤᠩ ᠲᠣᠭ᠍ᠲᠠᠭᠤᠨ ᠬᠥᠭ᠌ᠵᠢᠯᠲᠡ᠎ᠶ᠋ᠢ ᠠᠬᠢᠭᠤᠯᠬᠤ᠎ᠳᠤ ᠴᠢᠬᠤᠯᠠ ᠬᠤᠪᠢ ᠨᠡᠮᠡᠷᠢ ᠦᠵᠡᠭᠦᠯᠪᠡ᠂ ᠮᠣᠽᠠᠮᠪᠢᠺ᠎ᠤᠨ ᠬᠢᠨ ᠳᠤᠷᠠᠲᠠᠶ᠎ᠠ ᠳᠤᠮᠳᠠᠳᠤ᠎ᠶ᠋ᠢᠨ ᠲᠠᠯ᠎ᠠ᠎ᠲᠠᠶ ᠬᠠᠮᠲᠤ᠎ᠪᠠᠷ ᠨᠠᠢᠳᠠᠪᠤᠷᠢᠵᠢᠭᠤᠯᠵᠤ᠂ ᠳᠡᠯᠡᠬᠡᠢ ᠳ᠋ᠠᠬᠢᠨ᠎ᠢ ᠨᠡᠩ ᠰᠠᠢ᠌ᠨ ᠰᠠᠢᠬᠠᠨ ᠪᠣᠯᠭᠠᠨ᠎ᠠ ᠭᠡᠵᠦ᠍ ᠢᠯᠡᠳᠭᠡᠪᠡ᠃

ᠬᠡᠯᠡᠯᠴᠡᠭᠡ ᠲᠡᠭᠦᠰᠦᠭ᠌ᠰᠡᠨ᠎ᠦ ᠲᠠᠷᠠᠭ᠎ᠠ᠂ ᠬᠣᠶᠠᠷ ᠤᠯᠤᠰ᠎ᠤᠨ ᠲᠡᠷᠢᠭᠦᠨ 《ᠨᠢᠭᠡ ᠪᠦᠰᠡ ᠨᠢᠭᠡ ᠵᠠᠮ》᠎ᠢ᠋ ᠬᠠᠮᠲᠤ᠎ᠪᠠᠷ ᠪᠦᠳᠦᠬᠡᠨ ᠪᠠᠢᠭᠤᠯᠬᠤ᠂ ᠪᠦᠬᠦ᠌ ᠪᠥᠮᠪᠥᠷᠴᠡᠭ᠎ᠦᠨ ᠠᠮᠤᠷ ᠲᠦᠪᠱᠢᠨ᠎ᠦ ᠰᠠᠨᠠᠭᠠᠴᠢᠯᠠᠭ᠎ᠠ᠂ ᠠᠵᠤ ᠠᠬᠤᠢ ᠠᠷᠠᠯᠵᠢᠶ᠎ᠠ᠂ ᠰᠣᠶᠣᠯ ᠢᠷᠭᠡᠨᠱᠢᠯ᠎ᠦᠨ ᠰᠣᠯᠢᠯᠴᠠᠭ᠎ᠠ᠂ ᠡᠮ ᠡᠮᠨᠡᠯᠭᠡ ᠡᠷᠡᠭᠦᠯ ᠬᠠᠮᠠᠭᠠᠯᠠᠯ ᠪᠣᠯᠤᠨ ᠰᠣᠨᠢᠨ ᠮᠡᠳᠡᠭᠡ ᠵᠠᠭᠤᠴᠢᠯᠠᠭᠤᠷ ᠵᠡᠷᠭᠡ ᠬᠦᠷᠢᠶᠡᠨ᠎ᠳ᠋ᠡᠬᠢ 20 ᠭᠠᠷᠤᠢ ᠵᠦᠢᠯ᠎ᠦᠨ ᠬᠠᠮᠲᠤᠷᠠᠯᠴᠠᠭᠠᠨ᠎ᠤ ᠪᠢᠴᠢᠭ ᠮᠠᠲ᠋ᠧᠷᠢᠶᠠᠯ᠎ᠳᠤ ᠭᠠᠷ᠎ᠤᠨ ᠦᠰᠦᠭ ᠵᠢᠷᠤᠬᠤ᠎ᠶ᠋ᠢ ᠬᠠᠮᠲᠤ᠎ᠪᠠᠷ ᠭᠡᠷᠡᠴᠢᠯᠡᠪᠡ᠃

ᠬᠣᠶᠠᠷ ᠲᠠᠯ᠎ᠠ᠎ᠪᠠᠷ᠎ᠢᠶᠠᠨ 《ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ ᠪᠣᠯᠤᠨ ᠪᠥᠬᠥᠳᠡ ᠨᠠᠢᠷᠠᠮᠳᠠᠬᠤ ᠮᠣᠽᠠᠮᠪᠢᠺ ᠤᠯᠤᠰ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠮᠣᠽᠠᠮᠪᠢᠺ᠎ᠤᠨ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ᠎ᠶ᠋ᠢ ᠪᠠᠢᠭᠤᠯᠬᠤ ᠲᠤᠬᠠᠶ ᠬᠠᠮᠲᠤᠷᠠᠭ᠍ᠰᠠᠨ ᠢᠯᠡᠷᠬᠡᠢᠯᠡᠯᠲᠡ》 ᠶ᠋ᠢ ᠨᠡᠢᠲᠡᠯᠡᠪᠡ᠃

ᠬᠡᠯᠡᠯᠴᠡᠭᠡ ᠬᠢᠬᠦ᠌᠎ᠡᠴᠡ ᠡᠮᠦᠨ᠎ᠡ᠂ ᠰᠢ ᠵᠢᠨ ᠫᠢᠩ ᠬᠠᠳᠤᠨ ᠫᠸᠩ ᠯᠢ ᠶᠤᠸᠠᠨ᠎ᠲᠠᠶ᠎ᠪᠠᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠤᠨ ᠬᠣᠢᠲᠤ ᠶᠡᠬᠡ ᠲᠢᠩᠬᠢᠮ᠎ᠳᠦ ᠴᠠᠪᠦ᠋ᠸᠸ ᠪᠤᠯᠤᠨ ᠲᠡᠭᠦᠨ᠎ᠤ ᠬᠠᠳᠤᠨ ᠭᠠᠢ᠌ᠲ᠋ᠠ ᠵᠢ ᠤᠭ᠍ᠲᠤᠬᠤ ᠶᠣᠰᠣᠯᠠᠯ ᠶᠠᠪᠤᠭᠤᠯᠪᠠ᠃

ᠴᠠᠪᠥ᠋ᠸᠧ ᠬᠦᠷᠴᠦ᠍ ᠢᠷᠡᠬᠦ᠌ ᠦᠶ᠎ᠠ᠎ᠳᠦ ᠶᠣᠰᠣᠯᠠᠯ᠎ᠤᠨ ᠴᠡᠷᠢᠭ ᠮᠥᠷᠯᠡᠨ ᠵᠣᠭ᠍ᠰᠣᠵᠤ ᠶᠣᠰᠣᠯᠠᠪᠠ᠃ ᠬᠣᠶᠠᠷ ᠤᠯᠤᠰ᠎ᠤᠨ ᠲᠡᠷᠢᠭᠦᠨ ᠱᠢᠯᠭᠠᠨ ᠦᠵᠡᠬᠦ᠌ ᠲᠠᠢᠰᠠᠨ᠎ᠳᠤ ᠭᠠᠷᠴᠤ᠌᠂ ᠴᠡᠷᠢᠭ᠎ᠦᠨ ᠬᠥᠭ᠌ᠵᠢᠮ᠎ᠦᠨ ᠪᠦᠯᠬᠦᠮ ᠳᠤᠮᠳᠠᠳᠤ ᠮᠣᠽᠠᠮᠪᠢᠺ ᠬᠣᠶᠠᠷ ᠤᠯᠤᠰ᠎ᠤᠨ ᠤᠯᠤᠰ᠎ᠤᠨ ᠰᠦᠯᠳᠡ ᠳᠠᠭᠤᠤ᠎ᠶ᠋ᠢ ᠬᠥᠭ᠌ᠵᠢᠮᠳᠡᠵᠦ᠍᠂ ᠲᠢᠶᠠᠨ ᠠᠨ ᠮᠸᠨ ᠲᠠᠯᠠᠪᠠᠢ᠎ᠳᠤ ᠶᠣᠰᠣᠯᠠᠯ᠎ᠤᠨ ᠫᠤᠤ 21 ᠤᠳᠠᠭ᠎ᠠ ᠳᠤᠤᠭᠠᠷᠪᠠ᠃ ᠴᠠᠪᠥ᠋ᠸᠧ ᠰᠢ ᠵᠢᠨ ᠫᠢᠩ᠎ᠦᠨ ᠪᠠᠷ᠎ᠠ ᠪᠤᠯᠤᠯᠭ᠎ᠠ᠎ᠲᠠᠶ᠎ᠪᠠᠷ ᠳᠤᠮᠳᠠᠳᠤ ᠤᠯᠤᠰ᠎ᠤᠨ ᠠᠷᠠᠳ᠎ᠤᠨ ᠴᠢᠯᠥᠭᠡᠯᠡᠬᠦ᠌ ᠴᠡᠷᠢᠭ᠎ᠦᠨ ᠶᠣᠰᠣᠯᠠᠯ᠎ᠤᠨ ᠠᠩᠬᠢ᠎ᠶ᠋ᠢ ᠱᠢᠯᠭᠠᠨ ᠦᠵᠡᠭ᠌ᠰᠡᠨ ᠪᠥᠭᠡᠳ ᠵᠢᠭ᠍ᠰᠠᠭᠠᠯ᠎ᠢ ᠰᠣᠨᠢᠷᠬᠠᠪᠠ᠃

ᠲᠤᠰ ᠤᠷᠤᠢ᠂ ᠰᠢ ᠵᠢᠨ ᠫᠢᠩ ᠪᠣᠯᠤᠨ ᠫᠸᠩ ᠯᠢ ᠶᠤᠸᠠᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠤᠨ ᠱᠢᠵᠢᠷ ᠠᠯᠳᠠᠨ ᠶᠡᠬᠡ ᠲᠢᠩᠬᠢᠮ᠎ᠳᠦ ᠴᠠᠪᠦ᠋ᠸᠸ ᠪᠤᠯᠤᠨ ᠲᠡᠭᠦᠨ᠎ᠤ ᠬᠠᠳᠤᠨ᠎ᠢ ᠤᠭ᠍ᠲᠤᠬᠤ ᠳᠠᠢᠯᠠᠯᠭ᠎ᠠ ᠬᠢᠪᠡ᠃

ᠸᠠᠩ ᠢ ᠳᠡᠭᠡᠷᠡᠬᠢ ᠠᠵᠢᠯᠯᠠᠭ᠎ᠠ᠎ᠳᠤ ᠣᠷᠣᠯᠴᠠᠪᠠ᠃

ᠰᠢᠨᠬᠤᠸᠠ ᠬᠣᠷᠢᠶ᠎ᠠ ᠵᠢᠨ ᠪᠡᠭᠡᠵᠢᠩ᠎ᠦᠨ 4 ᠰᠠᠷ᠎ᠠ᠎ᠶᠢᠨ 21 ᠤ᠋ ᠴᠠᠬᠢᠯᠭᠠᠨ ᠮᠡᠳᠡᠭᠡ) 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号