ᠪᠦᠦ ᠭᠠᠩ ᠭᠣᠣᠯᠯᠠᠨ ᠨᠡᠢᠲᠡᠯᠡᠵᠦ ᠰᠤᠷᠪᠤᠯᠵᠢᠯᠠᠭ᠍ᠴᠢ᠎ᠶᠢᠨ ᠠᠰᠠᠭᠤᠯᠲᠠ᠎ᠶᠢ ᠬᠠᠷᠢᠭᠤᠯᠪᠠ
4 ᠰᠠᠷ᠎ᠠ᠎ᠶᠢᠨ 21 ᠤ᠋ ᠦᠳᠡ᠎ᠶᠢᠨ ᠡᠮᠦᠨ᠎ᠡ᠂ 《ᠠᠷᠪᠠᠨ ᠲᠠᠪᠤᠳᠤᠭᠠᠷ ᠲᠠᠪᠤᠨ ᠵᠢᠯ》᠎ᠤ᠋ᠨ ᠰᠠᠢᠨ ᠡᠬᠢᠯᠡᠯᠳᠡ ᠲᠤᠷᠪᠢᠯᠢᠭ ᠠᠯᠬᠤᠭ᠎ᠠ — ᠰᠢᠨ᠎ᠡ ᠠᠶᠠᠨ ᠳ᠋ᠤ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠳᠠ ᠵᠢᠨ ᠥᠪᠥᠷ ᠮᠣᠩᠭᠣᠯ᠎ᠤᠨ ᠰᠢᠨ᠎ᠡ ᠬᠠᠭᠤᠳᠠᠰᠤ᠎ᠶᠢ ᠴᠢᠷᠮᠠᠢᠨ ᠪᠢᠴᠢᠭᠯᠡᠬᠦ ᠲᠤᠰᠬᠠᠢ ᠰᠡᠳᠦᠪᠲᠦ ᠰᠣᠨᠢᠨ ᠮᠡᠳᠡᠭᠡ ᠨᠡᠢᠲᠡᠯᠡᠬᠦ ᠬᠤᠷᠠᠯ ᠬᠦᠬᠡᠬᠤᠳᠠ ᠳ᠋ᠤ ᠬᠤᠷᠠᠯᠳᠤᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭᠴᠢ ᠪᠦᠦ ᠭᠠᠩ 《 ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ ᠠᠷᠠᠳ᠎ᠤᠨ ᠠᠵᠤ ᠠᠬᠤᠢ ᠪᠠ ᠨᠡᠢᠭᠡᠮ᠎ᠦᠨ ᠬᠥᠭᠵᠢᠯᠲᠡ᠎ᠶᠢᠨ ᠠᠷᠪᠠᠨ ᠲᠠᠪᠤᠳᠤᠭᠠᠷ ᠲᠠᠪᠤᠨ ᠵᠢᠯ᠎ᠦᠨ ᠲᠥᠯᠦᠪᠵᠢᠭᠦᠯᠭᠡ᠎ᠶᠢᠨ ᠬᠥᠲᠥᠯᠪᠦᠷᠢ 》 (ᠳᠣᠷᠣᠭ᠍ᠰᠢ 《 ᠬᠥᠲᠥᠯᠪᠦᠷᠢ 》 ᠭᠡᠵᠦ ᠳᠦᠭᠦᠮᠴᠢᠯᠡᠨ᠎ᠠ) ᠳ᠋ᠤ ᠲᠠᠢᠯᠤᠮᠵᠢ ᠬᠢᠪᠡ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠪᠠᠢᠩᠭᠤ᠎ᠶᠢᠨ ᠭᠡᠰᠢᠭᠦᠨ᠂ ᠤᠬᠠᠭᠤᠯᠬᠤ ᠬᠡᠯᠲᠡᠰ᠎ᠦᠨ ᠳᠠᠷᠤᠭ᠎ᠠ ᠪᠦᠦ ᠰᠢᠶᠠᠨ ᠬᠤᠸᠠ ᠬᠤᠷᠠᠯ ᠢ᠋ ᠡᠷᠬᠢᠯᠡᠪᠡ᠃
ᠰᠣᠨᠢᠨ ᠮᠡᠳᠡᠭᠡ ᠨᠡᠢᠲᠡᠯᠡᠬᠦ ᠬᠤᠷᠠᠯ ᠳ᠋ᠤ᠂ ᠶᠡᠷᠦᠩᠬᠡᠢ ᠱᠦᠵᠢ ᠰᠢ ᠵᠢᠨ ᠫᠢᠩ ᠪᠣᠯᠣᠨ ᠨᠠᠮ᠎ᠤᠨ ᠲᠥᠪ ᠬᠣᠷᠢᠶ᠎ᠠ ᠵᠢᠨ ᠬᠠᠯᠠᠮᠵᠢᠯᠠᠯ ᠳᠣᠣᠷ᠎ᠠ᠂ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠬᠤᠭᠤᠴᠠᠭᠠᠨ᠎ᠳᠤ᠂ ᠥᠪᠥᠷ ᠮᠣᠩᠭᠣᠯ᠎ᠤᠨ ᠶᠡᠷᠦᠩᠬᠡᠢᠯᠡᠭᠰᠡᠨ ᠠᠵᠤ ᠠᠬᠤᠢ᠎ᠶᠢᠨ ᠪᠣᠳᠠᠲᠤ ᠬᠦᠴᠦᠨ ᠶᠡᠬᠡᠪᠡᠷ ᠳᠡᠭᠡᠭᠰᠢᠯᠡᠵᠦ᠂ ᠤᠯᠤᠰ᠎ᠤᠨ ᠶᠡᠬᠡ ᠲᠠᠯ᠎ᠠ᠎ᠳᠤ ᠦᠢᠯᠡᠴᠢᠯᠡᠬᠦ ᠴᠢᠳᠠᠪᠤᠷᠢ ᠲᠠᠰᠤᠷᠠᠯᠲᠠ ᠦᠭᠡᠢ ᠴᠢᠩᠭᠠᠷᠠᠵᠤ᠂ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ ᠤᠯᠠᠮ ᠨᠢᠭᠡ ᠠᠯᠬᠤᠮ ᠪᠡᠬᠢᠵᠢᠵᠦ᠂ ᠠᠷᠠᠳ᠎ᠤᠨ ᠠᠮᠢᠳᠤᠷᠠᠯ᠎ᠤᠨ ᠠᠵᠠ ᠵᠢᠷᠭᠠᠯ ᠲᠠᠰᠤᠷᠠᠯᠲᠠ ᠦᠭᠡᠢ ᠨᠡᠮᠡᠭᠳᠡᠵᠦ᠂ ᠦᠨᠳᠦᠰᠦᠲᠡᠨ᠎ᠦ ᠪᠦᠯᠬᠦᠮᠳᠡᠯ᠎ᠦᠨ ᠪᠠᠢᠳᠠᠯ ᠦᠷᠭᠦᠯᠵᠢᠯᠡᠨ ᠪᠡᠬᠢᠵᠢᠵᠦ᠂ ᠡᠯ᠎ᠡ ᠵᠦᠢᠯ᠎ᠦᠨ ᠠᠵᠢᠯ ᠦᠢᠯᠡᠰ᠎ᠦᠨ ᠬᠥᠭᠵᠢᠯᠲᠡ ᠰᠢᠨ᠎ᠡ ᠳᠡᠭᠲᠡᠷ᠎ᠲᠦ ᠭᠠᠷᠪᠠ᠃ 《 ᠬᠥᠲᠥᠯᠪᠦᠷᠢ》 ᠳ᠋ᠤ ᠶᠡᠷᠦᠩᠬᠡᠢ ᠱᠦᠵᠢ ᠰᠢ ᠵᠢᠨ ᠫᠢᠩ ᠪᠣᠯᠣᠨ ᠨᠠᠮ᠎ᠤᠨ ᠲᠥᠪ ᠬᠣᠷᠢᠶ᠎ᠠ ᠡᠴᠡ ᠥᠪᠥᠷ ᠮᠣᠩᠭᠣᠯ᠎ᠳᠤ ᠣᠯᠭᠣᠭᠰᠠᠨ《ᠬᠣᠶᠠᠷ ᠬᠠᠯᠬᠠᠪᠴᠢ》᠂ 《ᠬᠣᠶᠠᠷ ᠰᠠᠭᠤᠷᠢᠨ》᠂ 《ᠨᠢᠭᠡ ᠪᠡᠬᠢᠯᠡᠯᠲᠡ》 ᠵᠢ ᠪᠦᠲᠦᠭᠡᠨ ᠪᠠᠢᠭᠤᠯᠬᠤ ᠪᠠᠢᠯᠳᠤᠬᠤ ᠪᠣᠳᠣᠯᠭ᠎ᠠ᠎ᠶᠢᠨ ᠪᠠᠢᠷᠢ ᠲᠣᠭᠲᠠᠭᠠᠯᠲᠠ ᠪᠠ ᠡᠭᠦᠷᠭᠡ ᠬᠠᠷᠢᠭᠤᠴᠠᠯᠭ᠎ᠠ ᠵᠢ ᠤᠯᠠᠮ ᠨᠢᠭᠡ ᠠᠯᠬᠤᠮ ᠭᠦᠨᠵᠡᠭᠡᠢᠷᠡᠭᠦᠯᠦᠨ ᠨᠠᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ 《1571》ᠠᠵᠢᠯ᠎ᠤᠨ ᠪᠠᠢᠷᠢᠯᠠᠭᠤᠯᠤᠯᠲᠠ᠎ᠶᠢᠨ ᠲᠣᠭᠣᠷᠢᠨ᠎ᠳᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠪᠠᠢᠭᠤᠯᠤᠯᠲᠠ ᠰᠢᠨ᠎ᠡ ᠦᠷ᠎ᠡ ᠪᠦᠲᠦᠮᠵᠢ ᠣᠯᠬᠤ ᠵᠢ ᠠᠬᠢᠭᠤᠯᠬᠤ᠂ ᠴᠢᠨᠠᠷ ᠰᠠᠢᠲᠠᠢ ᠬᠥᠭᠵᠢᠯᠲᠡ ᠰᠢᠨ᠎ᠡ ᠦᠰᠦᠷᠦᠯᠲᠡ᠎ᠶᠢ ᠪᠡᠶᠡᠯᠡᠭᠦᠯᠬᠦ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ ᠵᠢ ᠡᠭᠦᠳᠬᠦ ᠰᠢᠨ᠎ᠡ ᠳᠡᠭᠲᠡᠷ᠎ᠲᠦ ᠭᠠᠷᠬᠤ᠂ ᠥᠭᠡᠷᠡᠴᠢᠯᠡᠯᠲᠡ ᠨᠡᠭᠡᠭᠡᠯᠲᠡ᠎ᠶᠢ ᠭᠦᠨᠵᠡᠭᠡᠢᠷᠡᠭᠦᠯᠬᠦ ᠲᠠᠯ᠎ᠠ ᠪᠡᠷ ᠰᠢᠨ᠎ᠡ ᠰᠢᠪᠲᠤᠯᠤᠯᠲᠠ᠎ᠶᠢ ᠪᠡᠶᠡᠯᠡᠭᠦᠯᠬᠦ᠂ ᠨᠡᠢᠭᠡᠮ᠎ᠦᠨ ᠪᠣᠯᠪᠠᠰᠤᠨ᠎ᠤ ᠬᠡᠮᠵᠢᠶ᠎ᠡ ᠰᠢᠨ᠎ᠡ ᠳᠡᠭᠡᠭᠰᠢᠯᠡᠯᠲᠡ᠎ᠲᠠᠢ ᠪᠣᠯᠬᠤ᠂ ᠠᠷᠠᠳ᠎ᠤᠨ ᠠᠮᠢᠳᠤᠷᠠᠯ᠎ᠤᠨ ᠴᠢᠨᠠᠷ ᠴᠢᠨᠰᠠᠭ᠎ᠠ ᠰᠢᠨ᠎ᠡ ᠳᠡᠭᠡᠭᠰᠢᠯᠡᠯᠲᠡ ᠵᠢ ᠪᠡᠶᠡᠯᠡᠭᠦᠯᠬᠦ᠂ ᠠᠮᠢ ᠠᠬᠤᠢ᠎ᠶᠢᠨ ᠪᠣᠯᠪᠠᠰᠤᠨ᠎ᠤ ᠪᠠᠢᠭᠤᠯᠤᠯᠲᠠ ᠰᠢᠨ᠎ᠡ ᠥᠨᠳᠥᠷᠴᠡ᠎ᠳᠤ ᠬᠦᠷᠬᠦ᠂ ᠠᠮᠤᠭᠤᠯᠠᠩᠳᠤ ᠥᠪᠥᠷ ᠮᠣᠩᠭᠣᠯ᠎ᠤᠨ ᠪᠦᠲᠦᠭᠡᠨ ᠪᠠᠢᠭᠤᠯᠤᠯᠲᠠ᠎ᠶᠢᠨ ᠰᠢᠨ᠎ᠡ ᠪᠠᠢᠳᠠᠯ᠎ᠢ ᠡᠭᠦᠳᠬᠦ ᠵᠡᠷᠬᠡ 《 ᠨᠠᠢ᠍ᠮᠠᠨ ᠰᠢᠨ᠎ᠡ》 ᠵᠢᠨ ᠬᠠᠷᠠᠯᠲᠠ ᠵᠢ ᠳᠤᠳᠤᠷᠬᠠᠢᠯᠠᠵᠤ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭᠠᠨ᠎ᠳᠤ ᠬᠥᠮᠥᠨ ᠳᠤᠮᠳᠠᠴᠢ ᠵᠢᠨ ᠭᠠᠵᠠᠷ ᠣᠷᠣᠨ᠎ᠤ ᠦᠢᠯᠡᠳᠪᠦᠷᠢᠯᠡᠯ᠎ᠦᠨ ᠶᠡᠷᠦᠩᠬᠡᠢ ᠥᠷᠲᠡᠭ ᠪᠣᠯᠣᠨ ᠰᠠᠭᠤᠭᠠᠯᠢ ᠠᠷᠠᠳ᠎ᠤᠨ ᠣᠷᠣᠯᠭ᠎ᠠ᠎ᠶᠢ ᠪᠦᠬᠦ ᠤᠯᠤᠰ᠎ᠤᠨ ᠳᠡᠭᠡᠳᠦ ᠲᠦᠪᠰᠢᠨ᠎ᠳᠤ ᠲᠣᠭᠲᠠᠭᠤᠨ ᠪᠠᠢᠯᠭᠠᠨ᠎ᠠ; 2035 ᠣᠨ ᠪᠣᠯᠬᠤ᠎ᠳᠤ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠪᠠᠢᠭᠤᠯᠤᠯᠲᠠ᠂ ᠬᠢᠯᠢ ᠬᠢᠵᠠᠭᠠᠷ᠎ᠤᠨ ᠦᠨᠳᠦᠰᠦᠲᠡᠨ᠎ᠦ ᠭᠠᠵᠠᠷ ᠣᠷᠣᠨ᠎ᠤ ᠬᠠᠮᠲᠤ ᠪᠡᠷ ᠪᠠᠶᠠᠵᠢᠬᠤ ᠵᠢ ᠠᠬᠢᠭᠤᠯᠬᠤ ᠲᠠᠯ᠎ᠠ᠎ᠪᠠᠷ ᠦᠷᠭᠦᠯᠵᠢᠯᠡᠨ ᠡᠮᠦᠨ᠎ᠡ ᠡᠩᠨᠡᠭᠡᠨ᠎ᠳᠦ ᠶᠠᠪᠤᠵᠤ᠂ ᠤᠯᠤᠰ᠎ᠤᠨ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ᠂ ᠠᠮᠤᠷ ᠲᠦᠪᠰᠢᠨ ᠲᠣᠭᠲᠠᠭᠤᠨ᠎ᠤ ᠬᠠᠯᠬᠠᠪᠴᠢ᠎ᠶᠢ ᠪᠦᠲᠦᠭᠡᠨ ᠪᠠᠶ᠋ᠢᠭᠤᠯᠬᠤ ᠲᠠᠯ᠎ᠠ᠎ᠪᠠᠷ ᠦᠷᠭᠦᠯᠵᠢᠯᠡᠨ ᠡᠮᠦᠨ᠎ᠡ ᠡᠩᠨᠡᠭᠡᠨ᠎ᠳᠦ ᠶᠠᠪᠤᠬᠤ ᠬᠠᠷᠠᠯᠳᠠ ᠵᠢ ᠳᠤᠷᠠᠳᠤᠬᠰᠠᠨ ᠪᠠᠢᠨ᠎ᠠ ᠭᠡᠵᠤ ᠲᠠᠨᠢᠯᠴᠠᠭᠤᠯᠪᠠ᠃
ᠰᠣᠨᠢᠨ ᠮᠡᠳᠡᠭᠡ ᠨᠡᠢᠲᠡᠯᠡᠬᠦ ᠬᠤᠷᠠᠯ ᠳ᠋ᠤ᠂ ᠰᠢ ᠵᠢᠨ ᠫᠢᠩ᠎ᠦᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭᠠᠬᠤ᠎ᠶᠢ ᠪᠠᠷᠢᠮᠲᠠᠯᠠᠵᠤ᠂ ᠵᠠᠰᠠᠭ ᠤ᠋ᠨ ᠠᠵᠢᠯ᠎ᠤᠨ ᠪᠦᠲᠦᠮᠵᠢ᠎ᠶᠢᠨ ᠲᠤᠬᠠᠢ ᠵᠥᠪ ᠦᠵᠡᠯᠲᠡ᠎ᠶᠢ ᠪᠠᠲᠤ ᠪᠣᠶ ᠪᠣᠯᠭᠠᠨ ᠦᠢᠯᠡᠳᠦᠯᠭᠡᠵᠢᠭᠦᠯᠵᠦ᠂ ᠬᠠᠳᠠᠭᠠᠰᠤ ᠬᠠᠳᠠᠬᠤ ᠵᠣᠷᠢᠭ᠋ ᠰᠠᠨᠠᠭ᠎ᠠ᠎ᠪᠠᠷ《ᠬᠥᠲᠥᠯᠪᠦᠷᠢ》ᠵᠢ ᠪᠣᠳᠠᠲᠠᠢ᠎ᠳᠤ ᠨᠠᠢᠳᠠᠪᠤᠷᠢᠵᠢᠭᠤᠯᠬᠤ᠎ᠶᠢ ᠠᠬᠢᠭᠤᠯᠵᠤ᠂ ᠳᠤᠮᠳᠠᠳᠤ ᠤᠯᠤᠰ᠎ᠤᠨ ᠮᠠᠶᠢᠭ ᠤ᠋ᠨ ᠣᠳᠣᠬᠢᠴᠢᠯᠠᠯᠳᠠ ᠵᠢᠨ ᠥᠪᠥᠷ ᠮᠣᠩᠭᠣᠯ᠎ᠤᠨ ᠰᠢᠨ᠎ᠡ ᠬᠠᠭᠤᠳᠠᠰᠤ᠎ᠶᠢ ᠴᠢᠷᠮᠠᠢᠨ ᠪᠢᠴᠢᠭᠯᠡᠵᠦ᠂ ᠪᠣᠳᠠᠲᠤ ᠠᠵᠢᠯᠯᠠᠭ᠎ᠠ᠎ᠪᠠᠷ᠎ᠢᠶᠠᠨ 《ᠬᠣᠶᠠᠷ᠎ᠢ ᠲᠣᠭᠲᠠᠭᠠᠭᠰᠠᠨ》 ᠢ᠋ ᠡᠷᠡᠰ ᠬᠦᠷᠢᠶᠡᠯᠡᠵᠦ᠂ 《ᠬᠣᠶᠠᠷ᠎ᠢ ᠬᠠᠮᠠᠭᠠᠯᠠᠬᠤ》 ᠵᠢ ᠡᠷᠡᠰ ᠪᠡᠶᠡᠯᠡᠭᠦᠯᠦᠨ᠎ᠡ ᠭᠡᠵᠤ ᠲᠠᠨᠢᠯᠴᠠᠭᠤᠯᠵᠠᠢ᠃
ᠰᠣᠨᠢᠨ ᠮᠡᠳᠡᠭᠡ ᠨᠡᠢᠲᠡᠯᠡᠬᠦ ᠬᠤᠷᠠᠯ ᠳᠡᠭᠡᠷ᠎ᠠ᠂ ᠪᠦᠦ ᠭᠠᠩ᠂ ᠬᠤᠸᠠᠩ ᡁᠢ ᠴᠢᠶᠠᠩ᠂ ᠴᠢ᠊ ᠪᠠᠲᠤ᠂ ᠳᠠᠶ᠋ᠢᠴᠢᠨ᠂ ᠰᠦᠨ ᠵᠢᠶᠦ᠋ᠨ ᠴᠢᠩ᠂ ᠰᠦᠬᠡ ᠲᠣᠰ ᠲᠣᠰ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠪᠦᠲᠦᠭᠡᠨ ᠪᠠᠢᠭᠤᠯᠤᠯᠲᠠ᠎ᠶᠢ ᠠᠬᠢᠭᠤᠯᠬᠤ᠂ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ᠎ᠶᠢ ᠪᠠᠲᠤ ᠴᠣᠭᠴᠠᠯᠠᠬᠤ᠂ ᠲᠠᠷᠢᠶᠠᠯᠠᠩ᠎ᠮᠠᠯ ᠠᠵᠤ ᠠᠬᠤᠢ ᠵᠢᠨ ᠴᠢᠨᠠᠷ ᠰᠠᠢᠲᠠᠢ ᠬᠥᠭᠵᠢᠯᠲᠡ᠂ ᠤᠯᠤᠰ᠎ᠤᠨ ᠡᠨᠧᠷᠭᠢ᠎ᠶᠢᠨ ᠠᠮᠤᠷ ᠲᠦᠪᠰᠢᠨ ᠢ᠋ ᠪᠠᠳᠤᠯᠠᠬᠤ᠂ ᠣᠳᠣᠬᠢᠴᠢᠯᠠᠭᠰᠠᠨ ᠠᠵᠤ ᠦᠢᠯᠡᠰ᠎ᠦᠨ ᠰᠢᠰᠲᠧᠮ᠎ᠦᠨ ᠪᠦᠲᠦᠭᠡᠨ ᠪᠠᠢᠭᠤᠯᠤᠯᠲᠠ᠂ ᠪᠤᠳᠤᠯᠳᠠ ᠵᠢᠨ ᠬᠦᠴᠦᠨ ᠤ᠋ ᠠᠵᠤ ᠦᠢᠯᠡᠰ᠎ᠦᠨ ᠬᠥᠭᠵᠢᠯᠲᠡ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ᠂ ᠲᠠᠷᠢᠶᠠᠯᠠᠩ ᠮᠠᠯ ᠠᠵᠤ ᠠᠬᠤᠢ ᠰᠣᠶᠣᠯ ᠵᠢᠭᠤᠯᠴᠢᠯᠠᠯ ᠬᠤᠳᠠᠯᠳᠤᠭ᠎ᠠ᠎ᠶᠢ ᠠᠭᠤᠰᠤᠯᠴᠠᠭᠤᠯᠤᠨ ᠬᠥᠭᠵᠢᠭᠦᠯᠬᠦ᠂ ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠬᠤ ᠵᠡᠷᠭᠡ ᠭᠣᠣᠯᠳᠠᠯᠭ᠎ᠠ᠎ᠲᠠᠢ ᠠᠰᠠᠭᠤᠳᠠᠯ ᠤ᠋ᠨ ᠲᠣᠭᠣᠷᠢᠨ᠎ᠳᠤ ᠰᠤᠷᠪᠤᠯᠵᠢᠯᠠᠭ᠍ᠴᠢ᠎ᠶᠢᠨ ᠠᠰᠠᠭᠤᠯᠲᠠ᠎ᠶᠢ ᠬᠠᠷᠢᠭᠤᠯᠪᠠ᠃