《ᠠᠷᠪᠠᠨ ᠲᠠᠪᠤᠳᠤᠭᠠᠷ ᠲᠠᠪᠤᠨ ᠵᠢᠯ》 ᠳ᠋ᠦ ᠡᠷᠡᠯᠬᠡᠭᠯᠡᠨ ᠤᠷᠤᠭᠰᠢᠯᠠᠵᠤ ᠪᠣᠳᠠᠲᠠᠢ ᠠᠵᠢᠯᠯᠠᠵᠤ ᠬᠦᠴᠦᠲᠦ ᠲᠤᠯᠭᠠᠭᠤᠷᠢ ᠪᠤᠯᠰᠤᠭᠠᠢ
2026-04-22 09:41:28
ᠵᠣᠬᠢᠶᠠᠭ᠍ᠴᠢ᠄
​ᠰᠢᠨᠬᠤᠸᠠ ᠬᠣᠷᠢᠶ᠎ᠠ᠎ᠵᠢᠨ ᠰᠤᠷᠪᠤᠯᠵᠢᠯᠠᠭ᠍ᠴᠢ
ᠣᠩᠱᠢᠭ᠍ᠰᠠᠨ ᠣᠳᠠᠭ᠎ᠠ᠄
★★★☆☆

— 《ᠳᠤᠮᠳᠠᠳᠤ ᠤᠯᠤᠰ᠎ᠤᠨ ᠠᠵᠤ ᠠᠬᠤᠢ᠎ᠶᠢᠨ ᠲᠣᠭᠣᠷᠠᠭ᠋ ᠰᠢᠷᠡᠭᠡᠨ᠎ᠦ ᠬᠤᠷᠠᠯ》᠎ᠤᠨ ᠬᠢᠨ ᠠᠵᠤ ᠠᠬᠤᠢ᠎ᠶᠢᠨ ᠲᠣᠮᠣ᠌ ᠮᠤᠵᠢ᠎ᠶᠢᠨ ᠡᠭᠦᠷᠭᠡ ᠬᠠᠷᠢᠭᠤᠴᠠᠯᠭ᠎ᠠ ᠪᠠ ᠵᠢᠳᠬᠦᠯ ᠴᠢᠷᠮᠠᠢᠯᠭ᠎ᠠ᠎ᠶᠢ ᠬᠠᠮᠲᠤ ᠪᠠᠷ ᠶᠠᠷᠢᠯᠴᠠᠪᠠ


ᠠᠵᠤ ᠠᠬᠤᠢ᠎ᠶᠢᠨ ᠲᠣᠮᠣ᠌ ᠮᠤᠵᠢ ᠨᠢᠷᠤᠭᠤ ᠲᠤᠯᠭᠠᠭᠤᠷᠢ ᠪᠤᠯᠵᠦ ᠪᠠᠢᠭ᠎ᠠ ᠨᠢ ᠬᠠᠷᠢᠭᠤᠴᠠᠯᠭ᠎ᠠ ᠬᠦᠯᠢᠶᠡᠵᠤ ᠪᠠᠢᠭ᠎ᠠ ᠶᠠᠪᠤᠳᠠᠯ ᠪᠥᠭᠡᠳ ᠨᠡᠩ ᠴᠤ᠌ ᠬᠥᠭᠵᠢᠯᠲᠡ᠎ᠶᠢᠨ ᠬᠡᠷᠡᠭᠴᠡᠭᠡ ᠮᠥᠨ; ᠣᠳᠣᠬᠠᠨ᠎ᠤ ᠪᠦᠬᠦ ᠤᠯᠤᠰ᠎ᠤᠨ ᠠᠵᠤ ᠠᠬᠤᠢ᠎ᠶᠢᠨ ᠲᠣᠭᠲᠠᠭᠤᠨ ᠪᠠᠢᠳᠠᠯ᠎ᠢ ᠲᠤᠯᠭᠠᠭᠤᠷᠢᠯᠠᠬᠤ᠎ᠶᠢᠨ ᠵᠠᠩᠭᠢᠯᠠᠭ᠎ᠠ ᠪᠣᠯᠬᠤ᠎ᠪᠠᠷ ᠪᠠᠷᠠᠬᠤ ᠦᠭᠡᠢ ᠨᠡᠩ ᠴᠤ᠌ ᠢᠷᠡᠭᠡᠳᠦᠢ᠎ᠶᠢᠨ ᠲᠠᠪᠤᠨ ᠵᠢᠯ᠎ᠤᠨ ᠬᠦᠭᠵᠢᠯᠲᠠ ᠵᠢ ᠠᠬᠢᠭᠤᠯᠬᠤ᠂ ᠠᠯᠤᠰ ᠬᠡᠳᠤ᠎ᠶᠢᠨ ᠬᠥᠭᠵᠢᠯᠲᠡ᠎ᠶᠢ ᠬᠥᠲᠥᠯᠥᠨ ᠳᠠᠭᠠᠭᠤᠯᠬᠤ ᠪᠠᠢᠯᠳᠤᠬᠤ ᠪᠣᠳᠣᠯᠭ᠎ᠠ᠎ᠶᠢᠨ ᠰᠣᠩᠭᠣᠯᠲᠠ ᠪᠣᠯᠬᠤ ᠶᠤᠮ᠃

2025 ᠣᠨ᠎ᠤ ᠪᠥᠬᠥ ᠤᠯᠤᠰ᠎ᠤᠨ ᠬᠣᠶᠠᠷ ᠬᠤᠷᠠᠯ ᠳᠡᠭᠡᠷ᠎ᠡ ᠶᠡᠷᠦᠩᠬᠡᠢ ᠱᠦᠵᠢ ᠰᠢ᠎ᠶᠢᠨ ᠫᠢᠩ᠂ ᠠᠵᠤ ᠠᠬᠤᠢ᠎ᠶᠢᠨ ᠲᠣᠮᠣ᠌ ᠮᠤᠵᠢ ᠭᠣᠣᠯ ᠡᠭᠦᠷᠭᠡ᠎ᠶᠢ ᠳᠠᠭᠠᠭᠠᠬᠤ ᠬᠡᠷᠡᠭᠲᠡᠢ ᠭᠡᠵᠦ ᠴᠢᠬᠤᠯᠠᠴᠢᠯᠠᠭᠰᠠᠨ ᠪᠥᠭᠡᠳ ᠠᠵᠤ ᠠᠬᠤᠢ᠎ᠶᠢᠨ ᠲᠣᠮᠣ᠌ ᠮᠤᠵᠢ ᠭᠣᠣᠯ ᠡᠭᠦᠷᠭᠡ᠎ᠶᠢ ᠳᠠᠭᠠᠭᠠᠬᠤ᠎ᠳᠦ ᠡᠷᠬᠡᠪᠰᠢ ᠰᠠᠢᠲᠤᠷ ᠠᠳᠬᠤᠬᠤ ᠴᠢᠬᠤᠯᠠᠲᠠᠢ ᠬᠦᠴᠦᠯᠡᠬᠦ ᠴᠡᠭ᠎ᠢ ᠭᠦᠨᠵᠡᠭᠡᠢ ᠲᠣᠳᠣᠷᠬᠠᠢᠯᠠᠨ ᠥᠭᠦᠯᠡᠪᠡ᠃ ᠡᠨᠡ ᠵᠢᠯ᠎ᠦᠨ ᠪᠦᠬᠦ ᠤᠯᠤᠰ᠎ᠤᠨ ᠬᠣᠶᠠᠷ ᠬᠤᠷᠠᠯ ᠳᠡᠭᠡᠷ᠎ᠡ᠂ ᠶᠡᠷᠦᠩᠬᠡᠢ ᠱᠦᠵᠢ ᠠᠵᠤ ᠠᠬᠤᠢ᠎ᠶᠢᠨ ᠲᠣᠮᠣ᠌ ᠮᠤᠵᠢ᠎ᠶᠢ 《ᠰᠢᠨ᠎ᠡ ᠪᠠᠢᠳᠠᠯ᠎ᠢ ᠰᠤᠳᠤᠯᠬᠤ᠂ ᠰᠢᠨ᠎ᠡ ᠠᠰᠠᠭᠤᠳᠠᠯ᠎ᠢ ᠰᠢᠢᠳᠪᠦᠷᠢᠯᠡᠬᠦ ᠲᠠᠯ᠎ᠠ᠎ᠪᠠᠷ ᠬᠦᠴᠦ ᠣᠷᠣᠭᠤᠯᠵᠤ᠂ ᠲᠤᠷᠰᠢᠯᠭ᠎ᠠ ᠬᠤᠷᠠᠮᠳᠤᠭᠤᠯᠬᠤ ᠬᠡᠷᠡᠭᠲᠡᠢ》 ᠭᠡᠵᠦ ᠴᠢᠨᠠᠭᠰᠢᠳᠠ ᠱᠠᠭᠠᠷᠳᠠᠪᠠ᠃

ᠰᠢᠨᠬᠤᠸᠠ ᠬᠣᠷᠢᠶ᠎ᠠ 20᠎ᠤ᠋ ᠡᠳᠦᠷ ᠭᠤᠴᠢᠨ ᠨᠢᠭᠡᠳᠦᠭᠡᠷ ᠬᠤᠭᠤᠴᠠᠭᠠᠨ᠎ᠤ 《ᠳᠤᠮᠳᠠᠳᠤ ᠤᠯᠤᠰ᠎ᠤᠨ ᠠᠵᠤ ᠠᠬᠤᠢ᠎ᠶᠢᠨ ᠲᠣᠭᠣᠷᠠᠭ᠋ ᠰᠢᠷᠡᠭᠡᠨ᠎ᠦ ᠬᠤᠷᠠᠯ》᠎ᠤᠨ ᠲᠤᠬᠠᠢ ᠲᠣᠮᠣ᠌ ᠬᠡᠯᠪᠡᠷᠢ᠎ᠶᠢᠨ ᠬᠠᠮ ᠵᠠᠭᠤᠴᠢᠯᠠᠭᠤᠷ᠎ᠤᠨ ᠰᠣᠷᠪᠤᠯᠵᠢᠯᠠᠭ᠎ᠠ᠎ᠶᠢᠨ ᠫᠷᠣᠭ᠌ᠷᠠᠮ ᠭᠠᠷᠭᠠᠵᠤ᠂ ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠦᠪᠯᠡᠯ᠎ᠤᠨ ᠬᠣᠷᠸ᠎ᠠ ᠠᠵᠤ ᠠᠬᠤᠢ᠎ᠶᠢᠨ ᠰᠤᠳᠤᠯᠭᠠᠨ᠎ᠤ ᠬᠦᠷᠢᠶᠡᠯᠡᠩ᠎ᠦᠨ ᠰᠤᠳᠤᠯᠤᠭ᠍ᠴᠢ ᠯᠢᠦ ᡁᠢ ᠴᠧᠩ᠂ ᠰᠠᠶ ᠳᠢ ᠰᠤᠳᠤᠯᠭᠠᠨ᠎ᠤ ᠬᠦᠷᠢᠶᠡᠯᠡᠩ᠎ᠦᠨ ᠨᠠᠮ᠎ᠤᠨ ᠬᠣᠷᠢᠶ᠎ᠡ ᠵᠢᠨ ᠱᠦᠵᠢ ᠯᠢᠦ ᠸᠸᠨ ᠴᠢᠶᠠᠩ᠂ ᠭᠤᠸᠠᠩᠳᠦ᠋ᠩ ᠮᠤᠵᠢ᠎ᠶᠢᠨ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠰᠤᠳᠤᠯᠭᠠᠨ᠎ᠤ ᠬᠦᠷᠢᠶᠡᠯᠡᠩ᠎ᠦᠨ ᠳᠠᠷᠤᠭ᠎ᠠ ᠦ᠋ ᠽᠥ᠍ ᠶᠠᠨ᠎ᠢ ᠤᠷᠢᠵᠤ᠂ 《ᠠᠷᠪᠠᠨ ᠲᠠᠪᠤᠳᠤᠭᠠᠷ ᠲᠠᠪᠤᠨ ᠵᠢᠯ》 ᠦ᠋ᠨ ᠡᠬᠢᠯᠡᠯᠲᠡ᠎ᠶᠢᠨ ᠵᠢᠯ᠎ᠦᠨ ᠠᠵᠤ ᠠᠬᠤᠢ᠎ᠶᠢᠨ ᠲᠣᠮᠣ᠌ ᠮᠤᠵᠢ᠎ᠶᠢᠨ ᠡᠭᠦᠷᠭᠡ ᠬᠠᠷᠢᠭᠤᠴᠠᠯᠭ᠎ᠠ ᠵᠢᠳᠬᠦᠯ ᠴᠢᠷᠮᠠᠢᠯᠭ᠎ᠠ᠎ᠶᠢ ᠬᠠᠮᠲᠤ᠎ᠪᠠᠷ ᠶᠠᠷᠢᠯᠴᠠᠵᠤ᠂ ᠦᠢᠯᠡᠳᠦᠯᠭᠡ᠎ᠶᠢᠨ ᠰᠦᠪᠡᠭᠴᠢᠯᠡᠯᠲᠡ᠎ᠶᠢᠨ ᠲᠤᠷᠰᠢᠯᠭ᠎ᠠ ᠦᠷ᠎ᠡ ᠪᠦᠲᠦᠭᠡᠯ᠎ᠢ ᠵᠠᠳᠠᠯᠤᠨ ᠲᠠᠢᠯᠪᠤᠷᠢᠯᠠᠪᠠ᠃

ᠪᠦᠬᠦ ᠲᠠᠯ᠎ᠠ᠎ᠳᠤ ᠰᠠᠭᠤᠷᠢᠯᠠᠵᠤ᠂ ᠲᠣᠮᠣ᠌ ᠮᠤᠵᠢ᠎ᠶᠢᠨ ᠬᠠᠷᠢᠭᠤᠴᠠᠯᠭ᠎ᠠ᠎ᠶᠢ ᠡᠭᠦᠷᠭᠡᠯᠡᠨ᠎ᠡ

ᠣᠷᠳᠣ᠌ ᠬᠤᠭᠤᠴᠠᠭᠠᠨ᠎ᠤ ᠲᠤᠷᠰᠢ᠂ ᠠᠵᠤ ᠠᠬᠤᠢ᠎ᠶᠢᠨ ᠲᠣᠮᠣ᠌ ᠮᠤᠵᠢ ᠨᠢ ᠢᠮᠠᠭᠲᠠ ᠪᠥᠬᠥ ᠤᠯᠤᠰ᠎ᠤᠨ ᠠᠵᠤ ᠠᠬᠤᠢ᠎ᠶᠢᠨ ᠰᠠᠭᠤᠷᠢ᠎ᠶᠢ ᠲᠣᠭᠲᠠᠪᠤᠷᠢᠵᠢᠭᠤᠯᠬᠤ 《ᠰᠠᠭᠤᠷᠢ ᠴᠢᠯᠠᠭᠤ》᠂ ᠴᠢᠨᠠᠷ ᠰᠠᠢᠲᠠᠢ ᠬᠥᠭᠵᠢᠯᠲᠡ᠎ᠶᠢ ᠲᠤᠯᠭᠠᠭᠤᠷᠢᠯᠠᠬᠤ 《ᠨᠢᠷᠤᠭᠤ ᠲᠤᠯᠭᠠᠭᠤᠷᠢ》 ᠪᠣᠯᠣᠭᠰᠠᠭᠠᠷ ᠢᠷᠡᠪᠡ᠃ ᠠᠵᠤ ᠠᠬᠤᠢ᠎ᠶᠢᠨ 10 ᠲᠣᠮᠣ᠌ ᠮᠤᠵᠢ ᠨᠢ ᠪᠦᠬᠦ ᠤᠯᠤᠰ᠎ᠤᠨ ᠠᠷᠪᠠᠨ᠎ᠤ ᠬᠣᠶᠠᠷ ᠬᠤᠪᠢ ᠣᠷᠴᠢᠮ᠎ᠤᠨ ᠲᠠᠯᠠᠪᠠᠢ᠎ᠶᠢ ᠡᠵᠡᠯᠡᠵᠦ᠂ ᠤᠯᠤᠰ᠎ᠤᠨ ᠳᠣᠲᠣᠭᠠᠳᠤ᠎ᠶᠢᠨ ᠦᠢᠯᠡᠳᠪᠦᠷᠢᠯᠡᠯ᠎ᠦᠨ ᠪᠦᠬᠦ ᠦᠷᠳᠡᠭ᠎ᠲᠦ ᠠᠷᠪᠠᠨ᠎ᠤ ᠵᠢᠷᠭᠤᠭᠠᠨ ᠬᠤᠪᠢ᠎ᠶᠢ ᠳᠠᠪᠠᠭᠰᠠᠨ ᠬᠤᠪᠢ ᠨᠡᠮᠡᠷᠢ ᠦᠵᠡᠭᠦᠯᠦᠭᠰᠡᠨ ᠪᠠᠢᠨ᠎ᠠ᠃

《ᠬᠠᠩᠭᠠᠯᠭ᠎ᠠ᠎ᠶᠢᠨ ᠲᠠᠯ᠎ᠠ᠎ᠡᠴᠡ ᠦᠵᠡᠪᠡᠯ᠂ ᠠᠵᠤ ᠠᠬᠤᠢ᠎ᠶᠢᠨ ᠲᠣᠮᠣ᠌ ᠮᠤᠵᠢ ᠨᠢ ᠰᠢᠨ᠎ᠡ᠎ᠶᠢ ᠡᠭᠦᠳᠬᠦ᠎ᠶᠢᠨ ᠭᠣᠣᠯ ᠬᠦᠴᠦᠨ᠂ ᠥᠭᠡᠷᠡᠴᠢᠯᠡᠯᠲᠡ᠎ᠶᠢᠨ ᠬᠤᠰᠢᠭᠤᠴᠢ᠂ ᠨᠡᠭᠡᠭᠡᠯᠲᠡ᠎ᠶᠢᠨ ᠳᠠᠭᠠᠭᠤᠯᠤᠭ᠍ᠴᠢ ᠪᠣᠯᠤᠭᠰᠠᠨ᠎ᠤ ᠬᠤᠪᠢ᠎ᠳᠤ᠂ ᠰᠢᠨ᠎ᠡ ᠡᠵᠡᠩᠨᠡᠯᠲᠡ᠎ᠶᠢᠨ ᠬᠡᠯᠪᠡᠷᠢ ᠰᠢᠨ᠎ᠡ ᠬᠥᠳᠡᠯᠭᠡᠬᠦ ᠬᠦᠴᠦᠨ ᠪᠣᠯᠣᠨ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠦ ᠪᠦᠷᠢᠯᠳᠦᠯ᠎ᠦᠨ ᠭᠣᠯᠣᠮᠲᠠ ᠭᠠᠵᠠᠷ ᠮᠦᠨ᠃ ᠬᠡᠷᠡᠭᠴᠡᠭᠡ᠎ᠶᠢᠨ ᠲᠠᠯ᠎ᠠ᠎ᠡᠴᠡ ᠦᠵᠡᠪᠡᠯ᠂ ᠠᠵᠤ ᠠᠬᠤᠢ᠎ᠶᠢᠨ ᠲᠣᠮᠣ᠌ ᠮᠤᠵᠢ᠎ᠶᠢᠨ ᠪᠡᠯᠡ ᠣᠷᠣᠭᠤᠯᠤᠯᠲᠠ᠎ᠶᠢᠨ ᠲᠦᠷᠦᠯ ᠵᠦᠢᠯ ᠤᠯᠠᠨ᠂ ᠬᠡᠷᠡᠭᠯᠡᠭᠡᠨ᠎ᠦ ᠵᠠᠬ᠎ᠠ ᠳᠡᠯᠭᠡᠭᠦᠷ᠎ᠦᠨ ᠪᠠᠭᠲᠠᠭᠠᠮᠵᠢ ᠶᠡᠬᠡ᠂ ᠭᠠᠳᠠᠭᠠᠳᠤ ᠨᠡᠭᠡᠭᠡᠯᠲᠡ᠎ᠶᠢᠨ ᠲᠦᠪᠰᠢᠨ ᠥᠨᠳᠥᠷ᠂ ᠠᠵᠤ ᠠᠬᠤᠢ᠎ᠶᠢᠨ ᠨᠡᠮᠡᠭᠳᠡᠯ᠎ᠢ ᠳᠠᠢᠴᠢᠯᠠᠬᠤ᠎ᠳᠤ ᠭᠣᠣᠯ ᠬᠥᠳᠡᠯᠭᠡᠭᠦᠷ᠎ᠦᠨ ᠦᠢᠯᠡᠳᠦᠯ᠎ᠲᠠᠢ ᠶᠤᠮ》᠃ ᠯᠢᠦ ᡁᠢ ᠴᠧᠩ᠂ ᠠᠵᠤ ᠠᠬᠤᠢ᠎ᠶᠢᠨ ᠲᠣᠮᠣ᠌ ᠮᠤᠵᠢ ᠨᠢ 《ᠲᠣᠭᠲᠠᠭᠤᠨ》 ᠤ᠋ ᠲᠦᠯᠦᠭᠡ ᠰᠠᠭᠤᠷᠢ ᠵᠢ ᠪᠠᠲᠤᠯᠠᠬᠤ ᠬᠡᠷᠡᠭᠲᠡᠢ ᠪᠥᠭᠡᠳ ᠪᠠᠰᠠ 《ᠤᠷᠤᠭᠰᠢᠯᠠᠬᠤ》 ᠶ᠋ᠢᠨ ᠲᠥᠯᠥᠭᠡ ᠰᠢᠪᠲᠤᠯᠤᠯᠲᠠ ᠭᠠᠷᠭᠠᠬᠤ ᠬᠡᠷᠡᠭᠲᠡᠢ ᠭᠡᠪᠡ᠃

ᠡᠨᠡ ᠵᠢᠯ ᠪᠣᠯ 《ᠠᠷᠪᠠᠨ ᠲᠠᠪᠤᠳᠤᠭᠠᠷ ᠲᠠᠪᠤᠨ ᠵᠢᠯ》 ᠦ᠋ᠨ ᠡᠬᠢᠯᠡᠯᠲᠡ᠎ᠶᠢᠨ ᠵᠢᠯ ᠮᠥᠨ᠂ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠬᠠᠷᠠᠯᠲᠠ ᠡᠭᠦᠷᠭᠡ᠎ᠶᠢ ᠪᠡᠶᠡᠯᠡᠭᠦᠯᠬᠦ᠎ᠳᠦ ᠨᠡᠩ ᠪᠤᠳᠤᠯᠢᠶᠠᠨᠲᠠᠢ ᠣᠷᠴᠢᠨ ᠨᠥᠬᠥᠴᠡᠯ᠎ᠢ ᠠᠷᠭᠠᠴᠡᠭᠠᠵᠤ᠂ ᠨᠡᠩ ᠤᠯᠠᠨ ᠭᠦᠨ ᠳᠠᠪᠬᠤᠷᠭ᠎ᠠ᠎ᠶᠢᠨ ᠵᠥᠷᠢᠴᠡᠯ᠎ᠢ ᠰᠢᠢᠳᠪᠦᠷᠢᠯᠡᠬᠦ ᠬᠡᠷᠡᠭᠲᠡᠢ᠃ ᠠᠵᠤ ᠠᠬᠤᠢ᠎ᠶᠢᠨ ᠲᠣᠮᠣ᠌ ᠮᠤᠵᠢ ᠭᠣᠣᠯ ᠡᠭᠦᠷᠭᠡ ᠵᠢ ᠳᠠᠭᠠᠭᠠᠬᠤ ᠡᠨᠡ ᠬᠦ᠌ ᠴᠢᠬᠤᠯᠠ ᠶᠡᠬᠡ ᠪᠠᠢᠷᠢᠯᠠᠭᠤᠯᠤᠯᠲᠠ᠎ᠶᠢ ᠰᠠᠢᠲᠤᠷ ᠲᠤᠭᠤᠰᠢᠯᠠᠭᠤᠯᠬᠤ ᠨᠢ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ᠎ᠳᠤ ᠠᠯᠤᠰ ᠬᠡᠳᠤ᠎ᠶᠢᠨ ᠠᠴᠢ ᠬᠣᠯᠪᠣᠭᠳᠠᠯ᠎ᠲᠠᠢ ᠶᠤᠮ᠃

ᠦ᠋ ᠽᠦ᠍ ᠶᠠᠨ᠂ ᠭᠤᠸᠠᠩᠳᠦ᠋ᠩ ᠭᠣᠣᠯ ᠡᠭᠦᠷᠭᠡ᠎ᠶᠢ ᠳᠠᠭᠠᠭᠠᠬᠤ ᠦᠢᠯᠡᠳᠦᠯᠭᠡ ᠳᠤᠮᠳᠠ᠂ ᠲᠤᠰ ᠪᠡᠶ᠎ᠡ᠎ᠶᠢᠨ ᠡᠬᠢ ᠪᠠᠶᠠᠯᠢᠭ᠋᠎ᠤᠨ ᠳᠠᠪᠠᠭᠤᠯᠢᠭ᠋ ᠪᠣᠯᠣᠨ ᠬᠥᠭᠵᠢᠯᠲᠡ᠎ᠶᠢᠨ ᠪᠣᠳᠠᠲᠤ ᠪᠠᠢᠳᠠᠯ᠎ᠲᠠᠢ᠎ᠪᠠᠨ ᠤᠶᠠᠯᠳᠤᠭᠤᠯᠵᠤ᠂ ᠭᠤᠸᠠᠩᠳᠦ᠋ᠩ ᠰᠢᠶᠠᠩᠭᠠᠩ ᠣᠣᠮᠧᠨ᠎ᠦ ᠲᠣᠮᠣ᠌ ᠪᠤᠯᠤᠩ᠎ᠤᠨ ᠣᠷᠣᠨ᠎ᠤ ᠪᠦᠲᠦᠭᠡᠨ ᠪᠠᠢᠭᠤᠯᠤᠯᠲᠠ᠎ᠶᠢ ᠭᠦᠨᠵᠡᠭᠡᠢ ᠠᠬᠢᠭᠤᠯᠵᠤ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠪᠣᠯᠣᠨ ᠠᠵᠤ ᠦᠢᠯᠡᠰ᠎ᠦᠨ ᠰᠢᠨ᠎ᠡ᠎ᠶᠢ ᠡᠭᠦᠳᠬᠦ᠎ᠶᠢᠨ ᠭᠦᠨᠵᠡᠭᠡᠢ ᠠᠭᠤᠰᠤᠯᠴᠠᠯ᠎ᠢ ᠲᠦᠷᠭᠡᠳᠬᠡᠨ ᠠᠬᠢᠭᠤᠯᠵᠤ᠂ ᠥᠭᠡᠷᠡᠴᠢᠯᠡᠯᠲᠡ᠎ᠶᠢ ᠪᠦᠬᠦ ᠲᠠᠯ᠎ᠠ᠎ᠪᠠᠷ ᠭᠦᠨᠵᠡᠭᠡᠢᠷᠡᠭᠦᠯᠬᠦ ᠪᠠ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ᠎ᠶᠢ ᠥᠷᠭᠡᠳᠬᠡᠵᠦ᠂ 《ᠵᠠᠭᠤᠨ ᠰᠢᠶᠠᠨ ᠮᠢᠩᠭᠠᠨ ᠪᠠᠯᠭᠠᠰᠤ ᠲᠦᠮᠡᠨ ᠲᠣᠰᠬᠣᠨ᠎ᠤ ᠴᠢᠨᠠᠷ ᠰᠠᠢᠲᠠᠢ ᠬᠥᠭᠵᠢᠯᠲᠡ᠎ᠶᠢᠨ ᠢᠨᠵᠧᠨᠧᠷᠢᠩ》 ᠢ᠋ ᠭᠦᠨᠵᠡᠭᠡᠢ ᠬᠡᠷᠡᠭᠵᠢᠭᠦᠯᠵᠡᠢ ᠭᠡᠵᠤ ᠲᠠᠨᠢᠯᠴᠠᠭᠤᠯᠪᠠ᠃

2025 ᠣᠨ᠎ᠳᠤ ᠭᠤᠸᠠᠩᠳᠦ᠋ᠩ ᠰᠢᠶᠠᠩᠭᠠᠩ ᠣᠣᠮᠧᠨ᠎ᠦ ᠲᠤᠮᠤ ᠪᠤᠯᠤᠩ᠎ᠤᠨ ᠣᠷᠣᠨ᠎ᠤ ᠠᠵᠤ ᠠᠬᠤᠢ᠎ᠶᠢᠨ ᠶᠡᠷᠦᠩᠬᠡᠢ ᠬᠡᠮᠵᠢᠶ᠎ᠡ 15 ᠲᠦᠮᠡᠨ ᠳ᠋ᠦᠩᠰᠢᠭᠤᠷ ᠲᠥᠭᠥᠷᠢᠭ᠎ᠢ ᠳᠠᠪᠠᠵᠤ᠂ 10 ᠲᠦᠮᠡᠨ ᠳ᠋ᠦᠩᠰᠢᠭᠤᠷ ᠲᠥᠭᠥᠷᠢᠭ᠎ᠦᠨ ᠲᠡᠰ᠎ᠤᠨ ᠠᠵᠤ ᠦᠢᠯᠡᠰ᠎ᠦᠨ ᠰᠦᠷᠦᠬᠵᠢᠯ᠎ᠢ ᠪᠠᠢᠭᠤᠯᠵᠤ᠂ ᠭᠠᠳᠠᠭᠠᠳᠤ ᠠᠷᠠᠯᠵᠢᠶᠠᠨ᠎ᠤ ᠭᠠᠳᠠᠭᠠᠳᠤ ᠣᠷᠣᠭᠤᠯᠤᠯᠲᠠ ᠭᠠᠷᠭᠠᠯᠲᠠ᠎ᠶᠢᠨ ᠶᠡᠷᠦᠩᠬᠡᠢ ᠬᠡᠮᠵᠢᠶ᠎ᠡ 40 ᠵᠢᠯ ᠳᠠᠷᠠᠭᠠᠯᠠᠨ ᠪᠦᠬᠦ ᠤᠯᠤᠰ᠎ᠲᠤ ᠲᠡᠷᠢᠭᠦᠯᠡᠵᠦ᠂ ᠪᠦᠬᠦ ᠮᠤᠵᠢ᠎ᠶᠢᠨ ᠬᠤᠳᠠ ᠬᠥᠳᠡᠭᠡ᠎ᠶᠢᠨ ᠰᠠᠭᠤᠭᠠᠯᠢ ᠠᠷᠠᠳ᠎ᠤᠨ ᠣᠷᠣᠯᠭ᠎ᠠ᠎ᠶᠢᠨ ᠬᠠᠷᠢᠴᠠᠯ 2.27᠄ 1 ᠪᠣᠯᠲᠠᠯ᠎ᠠ ᠪᠠᠭᠠᠰᠪᠠ ᠁ ᠡᠳᠡᠭᠡᠷ ᠲᠣᠭ᠎ᠠ ᠪᠠᠷᠢᠮᠲᠠ᠎ᠨᠢ ᠭᠤᠸᠠᠩᠳᠦ᠋ᠩ ᠮᠤᠵᠢ ᠨᠢᠷᠤᠭᠤ ᠲᠤᠯᠭᠠᠭᠤᠷᠢ ᠪᠤᠯᠬᠤ ᠳᠤᠮᠳᠠ ᠳᠣᠲᠣᠭᠰᠢ ᠪᠡᠨ ᠲᠠᠯᠳᠡ ᠬᠦᠴᠦᠨ᠎ᠢᠶᠡᠨ ᠠᠭᠤᠳᠠᠯᠵᠤ᠂ ᠭᠠᠳᠠᠭ᠍ᠰᠢ ᠪᠡᠨ ᠠᠵᠤ ᠠᠬᠤᠢ᠎ᠶᠢᠨ ᠭᠦᠨᠵᠡᠭᠡᠢᠷᠡᠯ ᠵᠢᠡᠨ ᠥᠷᠭᠡᠳᠬᠡᠭᠰᠡᠨ ᠠᠮᠢᠳᠤᠯᠢᠭ᠋ ᠦᠢᠯᠡᠳᠦᠯᠭᠡ᠎ᠶᠢ ᠢᠯᠡᠷᠡᠭᠦᠯᠪᠡ᠃

ᠯᠢᠦ ᡁᠢ ᠴᠧᠩ᠂ ᠠᠵᠤ ᠠᠬᠤᠢ᠎ᠶᠢᠨ ᠲᠣᠮᠣ᠌ ᠮᠤᠵᠢ ᠨᠢ ᠯᠠᠪᠳᠠᠭᠤᠨ ᠪᠠᠲᠤ ᠰᠠᠭᠤᠷᠢ᠎ᠳᠤ ᠲᠦᠰᠢᠭᠯᠡᠨ᠂ ᠤᠯᠤᠰ ᠠᠷᠠᠳ᠎ᠤᠨ ᠠᠵᠤ ᠠᠬᠤᠢ᠎ᠶᠢᠨ ᠪᠦᠬᠦᠯᠢ ᠴᠣᠭᠴᠠ᠎ᠶᠢᠨ ᠤᠶᠠᠨ ᠬᠠᠳᠠᠨ ᠴᠢᠨᠠᠷ᠎ᠢ ᠴᠢᠩᠭᠠᠷᠠᠭᠤᠯᠵᠤ᠂ ᠶᠡᠬᠡ ᠲᠠᠯ᠎ᠠ᠎ᠶᠢᠨ ᠲᠣᠭᠲᠠᠭᠤᠨ᠎ᠢ ᠲᠤᠯᠭᠠᠭᠤᠷᠢᠯᠠᠬᠤ ᠬᠡᠷᠡᠭᠲᠡᠢ᠃ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠲᠠᠯ᠎ᠠ᠎ᠪᠠᠷ 《ᠪᠤᠬ᠎ᠠ ᠳᠡᠷᠭᠡ》 ᠵᠢᠨ ᠦᠢᠯᠡᠳᠦᠯ᠎ᠢ ᠪᠠᠳᠠᠷᠠᠭᠤᠯᠵᠤ᠂ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠬᠥᠭᠵᠢᠭᠦᠯᠬᠦ ᠲᠠᠯ᠎ᠠ᠎ᠪᠠᠷ ᠡᠮᠦᠨ᠎ᠡ ᠡᠩᠨᠡᠭᠡᠨ᠎ᠳᠦ ᠶᠠᠪᠤᠵᠤ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠪᠠ ᠠᠵᠤ ᠦᠢᠯᠡᠰ᠎ᠦᠨ ᠰᠢᠨ᠎ᠡ᠎ᠶᠢ ᠡᠭᠦᠳᠬᠦ᠎ᠶᠢ ᠠᠭᠤᠰᠤᠯᠴᠠᠭᠤᠯᠬᠤ᠎ᠪᠠᠷ ᠥᠷᠢᠰᠦᠯᠳᠦᠭᠡᠨ᠎ᠦ ᠬᠦᠴᠦᠨ᠎ᠢ ᠴᠢᠩᠭᠠᠷᠠᠭᠤᠯᠵᠤ᠂ ᠭᠠᠳᠠᠭᠠᠳᠤ ᠬᠦᠴᠦᠨ᠎ᠤ ᠲᠣᠭᠲᠠᠪᠤᠷᠢ ᠦᠭᠡᠢ ᠴᠢᠨᠠᠷ᠎ᠢ ᠨᠡᠩ ᠰᠠᠢᠲᠤᠷ ᠠᠷᠭᠠᠴᠡᠭᠠᠬᠤ ᠬᠡᠷᠡᠭᠲᠡᠢ᠃ ᠡᠭᠦᠨ᠎ᠦ ᠵᠡᠷᠭᠡ᠎ᠳᠦ᠂ ᠥᠭᠡᠷᠡᠴᠢᠯᠡᠯᠲᠡ ᠨᠡᠭᠡᠭᠡᠯᠲᠡ᠎ᠶᠢᠨ ᠲᠠᠯ᠎ᠠ᠎ᠪᠠᠷ 《ᠲᠦᠷᠦᠭᠦᠴᠢ ᠭᠠᠯᠠᠭᠤ》 ᠶ᠋ᠢᠨ ᠦᠢᠯᠡᠳᠦᠯ᠎ᠢ ᠪᠠᠳᠠᠷᠠᠭᠤᠯᠵᠤ᠂ ᠥᠭᠡᠷᠡᠴᠢᠯᠡᠯᠲᠡ᠎ᠶᠢ ᠭᠦᠨᠵᠡᠭᠡᠢᠷᠡᠭᠦᠯᠬᠦ᠂ ᠨᠡᠭᠡᠭᠡᠯᠲᠡ᠎ᠶᠢ ᠥᠷᠭᠡᠳᠬᠡᠬᠦ᠂ ᠬᠠᠮᠲᠤ᠎ᠪᠠᠷ ᠪᠠᠶᠠᠵᠢᠬᠤ ᠵᠠᠮ᠎ᠢ ᠬᠠᠢᠨ ᠰᠦᠪᠡᠭᠴᠢᠯᠡᠬᠦ ᠲᠠᠯ᠎ᠠ᠎ᠪᠠᠷ ᠲᠦᠷᠦᠭᠦᠯᠡᠨ ᠵᠢᠱ᠌ᠢᠶ᠎ᠡ ᠦᠵᠡᠭᠦᠯᠵᠦ᠂ ᠨᠡᠩ ᠶᠡᠬᠡ ᠬᠠᠷᠢᠭᠤᠴᠠᠯᠭ᠎ᠠ᠎ᠶᠢ ᠡᠭᠦᠷᠭᠡᠯᠡᠬᠦ ᠬᠡᠷᠡᠭᠲᠡᠢ ᠭᠡᠵᠤ ᠢᠯᠡᠳᠬᠡᠪᠡ᠃

ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠋᠎ᠢ ᠨᠡᠮᠡᠭᠳᠡᠭᠦᠯᠵᠦ᠂ ᠬᠥᠭᠵᠢᠯᠲᠡ᠎ᠶᠢᠨ ᠬᠥᠳᠡᠯᠭᠡᠬᠦ ᠬᠦᠴᠦᠨ᠎ᠢ ᠬᠥᠭᠵᠢᠭᠡᠨ᠎ᠡ

《ᠱᠧᠨᠵᠧᠨ — ᠰᠢᠶᠠᠩᠭᠠᠩ — ᠭᠤᠸᠠᠩᠵᠧᠦ》 ᠵᠢᠨ ᠰᠢᠨ᠎ᠡ᠎ᠶᠢ ᠡᠭᠦᠳᠬᠦ ᠰᠦᠷᠦᠭᠵᠢᠯ ᠪᠦᠬᠦ ᠪᠥᠮᠪᠥᠷᠴᠡᠭ᠎ᠦᠨ ᠰᠢᠨ᠎ᠡ᠎ᠶᠢ ᠡᠭᠦᠳᠬᠦ ᠪᠦᠯᠦᠭᠯᠡᠯ᠎ᠦᠨ ᠵᠠᠭᠤᠨ ᠬᠦᠴᠦᠷᠬᠡᠭ᠎ᠦᠨ ᠲᠡᠷᠢᠭᠦᠨ᠎ᠳᠦ ᠣᠷᠣᠪᠠ; ᠵᠢᠶᠠᠩᠰᠤ᠎ᠶᠢᠨ ᠨᠢᠳᠤᠨᠤᠨ᠎ᠤ ᠡᠭᠦᠳᠦᠯᠲᠡ᠎ᠶᠢᠨ ᠲᠤᠰᠬᠠᠢ ᠠᠰᠢᠭ᠋᠎ᠤᠨ ᠡᠷᠬᠡ ᠣᠯᠭᠣᠭᠰᠠᠨ ᠬᠡᠮᠵᠢᠶ᠎ᠡ 11.69 ᠲᠦᠮᠡᠨ ᠬᠤᠪᠢ ᠪᠠᠢᠵᠤ᠂ ᠪᠥᠬᠥ ᠤᠯᠤᠰ᠎ᠤᠨ ᠶᠡᠷᠦᠩᠬᠡᠢ ᠬᠡᠮᠵᠢᠶᠡᠨ᠎ᠦ 12.95%᠎ᠶᠢ ᠡᠵᠡᠯᠡᠪᠡ; ᠱᠠᠨᠳᠦ᠋ᠩ᠎ᠦᠨ ᠨᠢᠳᠤᠨᠤᠨ᠎ᠤ ᠠᠵᠤ ᠠᠬᠤᠢᠯᠠᠯ᠎ᠤᠨ ᠰᠤᠳᠤᠯᠤᠨ ᠨᠡᠭᠡᠭᠡᠬᠦ ᠪᠡᠯᠡ ᠣᠷᠣᠭᠤᠯᠤᠯᠲᠠ᠎ᠶᠢᠨ ᠪᠦᠬᠦ ᠨᠡᠢᠭᠡᠮ᠎ᠦᠨ ᠰᠤᠳᠤᠯᠤᠨ ᠨᠡᠭᠡᠭᠡᠬᠦ ᠪᠡᠯᠡ ᠣᠷᠣᠭᠤᠯᠤᠯᠲᠠ᠎ᠳᠠᠬᠢ ᠡᠵᠡᠯᠡᠬᠦ ᠬᠤᠪᠢ᠎ᠶᠢᠨ ᠵᠢᠩ 88.4% ᠳ᠋ᠦ ᠬᠦᠷᠴᠦ᠂ ᠪᠦᠬᠦ ᠤᠯᠤᠰ᠎ᠤᠨ ᠬᠢ᠎ᠡᠴᠡ ᠵᠠᠭᠤᠨ᠎ᠤ ᠬᠠᠷᠢᠴᠠᠯ ᠵᠢᠡᠷ 10.8 ᠬᠤᠪᠢ ᠥᠨᠳᠥᠷ ᠪᠣᠯᠪᠠ ᠁

ᠣᠳᠣᠬᠠᠨ᠎ᠳᠤ᠂ ᠰᠢᠨ᠎ᠡ ᠨᠢᠭᠡ ᠡᠭᠡᠯᠵᠢ᠎ᠶᠢᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠬᠤᠪᠢᠰᠬᠠᠯ ᠪᠣᠯᠣᠨ ᠠᠵᠤ ᠦᠢᠯᠡᠰ᠎ᠦᠨ ᠬᠤᠪᠢᠰᠤᠯᠲᠠ ᠲᠦᠷᠭᠡᠰᠤᠨ ᠤᠯᠠᠷᠢᠵᠤ᠂ ᠡᠯ᠎ᠡ ᠤᠯᠤᠰ ᠬᠥᠭᠵᠢᠯᠲᠡ᠎ᠶᠢᠨ ᠠᠰᠢᠭ᠍ᠲᠠᠢ ᠪᠠᠢᠷᠢ᠎ᠶᠢ ᠥᠷᠢᠰᠦᠯᠳᠦᠨ ᠡᠵᠡᠯᠡᠵᠦ ᠪᠠᠢᠨ᠎ᠠ᠃ ᠬᠤᠷᠠᠯ᠎ᠳᠦ ᠤᠷᠢᠭᠳᠠᠭᠰᠠᠨ ᠵᠣᠴᠢᠳ᠂ ᠠᠵᠤ ᠠᠬᠤᠢ᠎ᠶᠢᠨ ᠲᠣᠮᠣ᠌ ᠮᠤᠵᠢ ᠲᠣᠰ ᠪᠡᠶ᠎ᠡ᠎ᠶᠢᠨ ᠪᠣᠳᠠᠲᠤ ᠪᠠᠢᠳᠠᠯ᠎ᠲᠠᠢ᠎ᠪᠠᠨ ᠨᠢᠭ᠍ᠲᠠ ᠤᠶᠠᠯᠳᠤᠭᠤᠯᠵᠤ᠂ ᠠᠵᠤ ᠠᠬᠤᠢ᠎ᠶᠢᠨ ᠰᠢᠨ᠎ᠡ ᠨᠡᠮᠡᠭᠳᠡᠯ᠎ᠦᠨ ᠴᠡᠭ᠎ᠢ ᠪᠣᠢᠵᠢᠭᠤᠯᠬᠤ ᠲᠠᠯ᠎ᠠ᠎ᠪᠠᠷ ᠡᠮᠦᠨ᠎ᠡ ᠡᠩᠨᠡᠭᠡᠨ᠎ᠳᠦ ᠶᠠᠪᠤᠵᠤ᠂ ᠰᠠᠢᠨ ᠲᠤᠷᠰᠢᠯᠭ᠎ᠠ ᠢᠯᠡᠭᠦᠬᠡᠨ ᠭᠠᠷᠭᠠᠵᠤ ᠴᠢᠳᠠᠬᠤ ᠡᠰᠡᠬᠦ ᠨᠢ ᠪᠥᠬᠥ ᠤᠯᠤᠰ᠎ᠤᠨ ᠴᠢᠨᠠᠷ ᠰᠠᠢᠲᠠᠢ ᠬᠥᠭᠵᠢᠯᠲᠡ᠎ᠶᠢᠨ ᠦᠷ᠎ᠡ ᠪᠦᠲᠦᠮᠵᠢ᠎ᠲᠠᠢ ᠰᠢᠭᠤᠳ ᠬᠣᠯᠪᠣᠭᠳᠠᠵᠤ ᠪᠠᠢᠳᠠᠭ ᠭᠡᠵᠤ ᠦᠵᠡᠵᠡᠭᠡᠪᠡ᠃

ᠠᠵᠤ ᠦᠢᠯᠡᠰ ᠪᠣᠯ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ ᠡᠭᠦᠳᠦᠯᠲᠡ᠎ᠶ᠋ᠢ ᠪᠣᠳᠠᠲᠠᠢ᠎ᠳᠤ ᠨᠠᠢᠳᠠᠪᠤᠷᠢᠵᠢᠭᠤᠯᠬᠤ᠂ ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠲᠦᠷᠭᠡᠨ ᠪᠣᠢᠵᠢᠭᠤᠯᠤᠨ ᠬᠥᠭ᠌ᠵᠢᠭᠦᠯᠬᠦ᠌ ᠴᠢᠬᠤᠯᠠ ᠠᠴᠢᠶᠠᠯᠠᠪᠤᠷᠢ ᠮᠥᠨ᠃ ᠣᠳᠣᠬᠠᠨ᠎ᠳᠤ᠂ ᠠᠵᠤ ᠦᠢᠯᠡᠰ᠎ᠦᠨ ᠬᠡᠯᠪᠡᠷᠢ᠎ᠶ᠋ᠢ ᠬᠤᠪᠢᠷᠠᠭᠤᠯᠤᠨ ᠲᠡᠰ ᠳᠡᠪᠱᠢᠭᠦᠯᠬᠦ᠌᠎ᠳᠦ ᠮᠥᠨ ᠬᠦ᠌ ᠵᠠᠷᠢᠮ ᠠᠰᠠᠭᠤᠳᠠᠯ ᠲᠤᠯᠭᠠᠷᠠᠵᠤ ᠪᠠᠢᠨ᠎ᠠ᠂ ᠵᠢᠱ᠌ᠢᠶᠡᠯᠡᠪᠡᠯ ᠤᠯᠠᠮᠵᠢᠯᠠᠯᠲᠤ ᠥᠷᠢᠰᠥᠯᠳᠦᠭᠡᠨ᠎ᠦ ᠳᠠᠪᠠᠭᠤᠯᠢᠭ ᠪᠠᠭᠤᠷᠠᠬᠤ ᠪᠠ ᠱᠢᠨ᠎ᠡ ᠬᠥᠳᠡᠯᠭᠡᠬᠦ᠌ ᠡᠨᠧᠷᠭᠢ᠎ᠶᠢᠨ ᠲᠤᠯᠭᠠᠭᠤᠷᠢᠯᠠᠯ ᠬᠦᠷᠦᠯᠴᠡᠬᠦ᠌ ᠦᠭᠡᠢ ᠪᠠᠢᠳᠠᠯ ᠵᠡᠷᠭᠡᠪᠡᠷ ᠣᠷᠣᠱᠢᠵᠤ᠂ ᠱᠢᠨ᠎ᠡ᠎ᠪᠡᠷ ᠮᠠᠨᠳᠤᠭ᠍ᠰᠠᠨ ᠠᠵᠤ ᠦᠢᠯᠡᠰ᠎ᠦᠨ ᠢᠵᠢᠯ ᠴᠢᠨᠠᠷᠲᠠᠢ ᠪᠠᠢᠷᠢᠱᠢᠭᠤᠯᠤᠯᠲᠠ᠂ ᠲᠤᠤᠷ᠎ᠠ ᠲᠡᠰ᠎ᠤᠨ ᠥᠷᠢᠰᠥᠯᠳᠦᠭᠡᠨ᠎ᠦ ᠦᠵᠡᠭ᠌ᠳᠡᠯ ᠪᠠᠢᠨ ᠲᠠᠬᠢᠨ ᠡᠭᠦᠰᠴᠦ᠍ ᠪᠠᠢᠬᠤ ᠵᠡᠷᠭᠡ ᠪᠣᠯᠤᠨ᠎ᠠ᠃

ᠯᠢᠦ ᠸᠸᠨ ᠴᠢᠶᠠᠩ᠂  ᠱᠢᠨ᠎ᠡ᠎ᠪᠡᠷ ᠮᠠᠨᠳᠤᠭ᠍ᠰᠠᠨ ᠠᠵᠤ ᠦᠢᠯᠡᠰ ᠪᠣᠯᠤᠨ ᠢᠷᠡᠭᠡᠳᠦᠢ᠎ᠶ᠋ᠢᠨ ᠠᠵᠤ ᠦᠢᠯᠡᠰ᠎ᠢ ᠪᠠᠰᠠ ᠲᠦᠷᠭᠡᠨ ᠪᠣᠢᠵᠢᠭᠤᠯᠤᠨ ᠪᠤᠵᠠᠭᠠᠢᠷᠠᠭᠤᠯᠬᠤ ᠬᠡᠷᠡᠭ᠌ᠲᠡᠢ᠂ 《ᠭᠠᠵᠠᠷ ᠣᠷᠣᠨ᠎ᠤ ᠪᠠᠢᠳᠠᠯ᠎ᠳᠠᠭᠠᠨ ᠲᠤᠬᠢᠷᠠᠭᠤᠯᠬᠤ》 ᠱᠠᠭᠠᠷᠳᠠᠯᠭ᠎ᠠ᠎ᠶ᠋ᠢ ᠨᠠᠢᠳᠠᠪᠤᠷᠢᠵᠢᠭᠤᠯᠵᠤ᠂ ᠱᠢᠨ᠎ᠡ᠎ᠪᠡᠷ ᠮᠠᠨᠳᠤᠭ᠍ᠰᠠᠨ ᠠᠵᠤ ᠦᠢᠯᠡᠰ᠎ᠢ ᠬᠥᠭ᠌ᠵᠢᠭᠦᠯᠦᠨ ᠪᠤᠵᠠᠭᠠᠢᠷᠠᠭᠤᠯᠵᠤ ᠱᠢᠨ᠎ᠡ ᠬᠥᠳᠡᠯᠭᠡᠬᠦ᠌ ᠡᠨᠧᠷᠭᠢ᠎ᠶ᠋ᠢ ᠡᠭᠦᠳᠬᠦ᠌ ᠠᠵᠢᠯᠯᠠᠭ᠎ᠠ᠎ᠶ᠋ᠢ ᠬᠡᠷᠡᠭ᠌ᠵᠢᠭᠦᠯᠵᠦ᠍᠂ ᠳᠡᠯᠡᠬᠡᠢ ᠳᠡᠭᠡᠷ᠎ᠡ ᠦᠷᠢᠰᠦᠯᠳᠦᠬᠦ᠌ ᠬᠦᠴᠦᠨ ᠲᠠᠢ ᠱᠢᠨ᠎ᠡ᠎ᠪᠡᠷ ᠮᠠᠨᠳᠤᠭ᠍ᠰᠠᠨ ᠲᠤᠯᠭᠠᠭᠤᠷᠢ ᠠᠵᠤ ᠦᠢᠯᠡᠰ᠎ᠢ ᠬᠦᠴᠦᠯᠡᠨ ᠪᠠᠢᠭᠤᠯᠬᠤ᠎ᠶ᠋ᠢᠨ ᠬᠠᠮᠲᠤ ᠢᠷᠡᠭᠡᠳᠦᠢ᠎ᠶ᠋ᠢᠨ ᠠᠵᠤ ᠦᠢᠯᠡᠰ᠎ᠦᠨ ᠨᠠᠷᠢᠨ ᠬᠤᠪᠢᠶᠠᠷᠢ᠎ᠶ᠋ᠢᠨ ᠤᠷᠤᠯᠳᠤᠭᠠᠨ᠎ᠤ ᠵᠠᠮ᠎ᠳᠦ ᠠᠵᠢᠯ ᠳᠠᠭᠠᠭᠠᠴᠢᠯᠠᠨ ᠡᠭᠦᠷᠭᠡ ᠬᠦᠯᠢᠶᠡᠨ᠂ ᠢᠷᠡᠭᠡᠳᠦᠢ᠎ᠶ᠋ᠢᠨ ᠠᠵᠤ ᠦᠢᠯᠡᠰ᠎ᠦᠨ ᠬᠣᠱᠢᠭᠤᠴᠢ ᠣᠷᠣᠨ᠎ᠢ ᠪᠠᠢᠭᠤᠯᠵᠤ᠂ ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠦ ᠭᠣᠣᠯᠯᠠᠭ᠍ᠴᠢ ᠬᠥᠳᠡᠯᠭᠡᠬᠦ᠌ ᠡᠨᠧᠷᠭᠢ᠎ᠶ᠋ᠢ ᠪᠣᠢᠵᠢᠭᠤᠯᠬᠤ ᠬᠡᠷᠡᠭ᠌ᠲᠡᠢ ᠭᠡᠵᠦ ᠢᠯᠡᠳᠬᠡᠪᠡ᠃

ᠪᠥᠬᠥ᠌ ᠤᠯᠤᠰ᠎ᠤᠨ ᠠᠩᠬᠠᠳᠠᠭ᠍ᠴᠢ 《Token ᠲᠠᠰ》 ᠤ᠋ᠨ ᠬᠣᠲᠠ᠎ᠶ᠋ᠢᠨ ᠶᠡᠷᠦᠩᠬᠡᠢᠯᠡᠭ᠌ᠰᠡᠨ ᠪᠤᠳᠤᠯᠳᠠ᠎ᠶᠢᠨ ᠬᠦᠴᠦᠨ ᠤ᠋ ᠠᠵᠢᠯᠯᠠᠭᠠᠨ᠎ᠤ ᠦᠶ᠋ᠯᠡᠴᠢᠯᠡᠭᠡᠨ᠎ᠦ ᠲᠠᠪᠴᠠᠩ᠎ᠢ ᠭᠠᠷᠭᠠᠵᠤ᠂ ᠵᠣᠬᠢᠶᠠᠮᠠᠯ ᠣᠶᠤᠨ ᠴᠢᠳᠠᠪᠤᠷᠢ᠎ᠶ᠋ᠢᠨ ᠮᠡᠷᠭᠡᠵᠢᠯ᠎ᠢ ᠵᠠᠮ ᠬᠠᠷᠢᠯᠴᠠᠭᠠᠨ᠎ᠤ 《ᠪᠣᠳᠠᠲᠤ ᠲᠡᠢᠨ᠎ᠦ ᠲᠠᠯᠠᠪᠤᠷ》 ᠲᠤ᠌ ᠣᠷᠣᠭᠤᠯᠬᠤ᠎ᠶ᠋ᠢ ᠬᠦᠴᠦᠯᠡᠨ ᠠᠬᠢᠭᠤᠯᠵᠤ᠂ ᠤᠢᠷ᠎ᠠ ᠤᠭᠳᠠᠷᠭᠤᠢ᠎ᠶᠢᠨ ᠠᠵᠢᠯ ᠲᠥᠷᠥᠯ᠎ᠦᠨ ᠢᠲᠡᠭᠡᠮᠵᠢᠲᠦ ᠳ᠋ᠠᠢᠲ᠋ᠠ᠎ᠶ᠋ᠢᠨ ᠣᠷᠣᠨ ᠵᠠᠶ᠎ᠶ᠋ᠢ ᠱᠢᠨ᠎ᠡ᠎ᠶ᠋ᠢ ᠡᠭᠦᠳᠦᠨ ᠪᠥᠲᠥᠭᠡᠨ ᠪᠠᠢᠭᠤᠯᠪᠠ ᠁ ᠭᠤᠸᠠᠩᠳᠦ᠋ᠩ᠎ᠦᠨ ᠬᠥᠭ᠌ᠵᠢᠯᠲᠡ᠎ᠶ᠋ᠢᠨ ᠦᠶ᠋ᠯᠡᠳᠦᠯᠭᠡ᠎ᠡᠴᠡ ᠠᠵᠤ ᠦᠶ᠋ᠯᠡᠰ᠎ᠦᠨ ᠬᠥᠭ᠌ᠵᠢᠯᠲᠡ᠎ᠶ᠋ᠢᠨ ᠡᠬᠢ ᠪᠠᠶᠠᠯᠢᠭ᠎ᠤᠨ ᠡᠯᠧᠮᠧᠨ᠋ᠲ᠎ᠦᠨ ᠬᠦᠴᠦᠨ ᠴᠢᠳᠠᠯ ᠣᠯᠭᠣᠬᠤ ᠦᠶ᠋ᠯᠡᠳᠦᠯ᠎ᠢ ᠮᠡᠳᠡᠵᠦ᠍ ᠪᠣᠯᠤᠨ᠎ᠠ᠃

《ᠠᠵᠤ ᠠᠬᠤᠢ᠎ᠶ᠋ᠢᠨ ᠲᠤᠮᠤ ᠮᠤᠵᠢ᠎ᠶ᠋ᠢᠨ ᠬᠢᠨ ᠠᠬᠤᠢ ᠪᠠᠢᠳᠠᠯ᠂ ᠳ᠋ᠠᠢᠲ᠋ᠠ᠂ ᠪᠤᠳᠤᠯᠳᠠ᠎ᠶᠢᠨ ᠬᠦᠴᠦᠨ ᠵᠡᠷᠭᠡ ᠴᠢᠬᠤᠯᠠ ᠡᠯᠧᠮᠧᠨ᠋ᠲ᠎ᠦᠨ ᠬᠠᠩᠭᠠᠯᠭ᠎ᠠ᠎ᠪᠠᠨ ᠴᠢᠩᠭᠠᠳᠭᠠᠬᠤ᠎ᠶ᠋ᠢ ᠵᠣᠷᠢᠭ᠍ᠵᠢᠭᠤᠯᠵᠤ᠂ ᠣᠳᠣᠬᠢᠴᠢᠯᠠᠭ᠍ᠰᠠᠨ ᠠᠵᠤ ᠦᠢᠯᠡᠰ᠎ᠦᠨ ᠱᠢᠰᠲᠸᠮ᠎ᠢ ᠪᠠᠢᠭᠤᠯᠬᠤ᠎ᠳᠤ ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭ᠌ᠲᠡᠢ》᠃ ᠦ᠋ ᠽᠤ᠌ ᠶᠠᠨ᠂ ᠬᠡᠷᠡᠭ᠌ᠯᠡᠭᠡᠨ᠎ᠦ ᠠᠬᠤᠢ ᠪᠠᠢᠳᠠᠯ᠎ᠢ ᠤᠯᠠᠮ ᠨᠢᠭᠡ ᠠᠯᠬᠤᠮ ᠪᠣᠢᠵᠢᠭᠤᠯᠤᠨ ᠨᠡᠭᠡᠭᠡᠯᠲᠡ᠎ᠲᠡᠶ ᠪᠣᠯᠭᠠᠵᠤ᠂ ᠨᠥᠬᠥᠴᠡᠯ᠎ᠲᠡᠶ ᠭᠠᠵᠠᠷ ᠣᠷᠣᠨ᠎ᠤ ᠵᠠᠬ᠎ᠠ ᠳᠡᠯᠭᠡᠭᠦᠷᠴᠢᠯᠡᠨ ᠠᠵᠢᠯᠯᠠᠭᠤᠯᠬᠤ ᠠᠬᠤᠢ ᠪᠠᠢᠳᠠᠯ᠎ᠤᠨ ᠲᠥᠪ ᠪᠠᠢᠭᠤᠯᠬᠤ᠎ᠶ᠋ᠢ ᠳᠡᠮᠵᠢᠵᠦ᠍᠂ ᠠᠵᠤ ᠠᠬᠤᠢᠯᠠᠯ᠎ᠤᠨ ᠱᠢᠨ᠎ᠡ ᠮᠡᠷᠭᠡᠵᠢᠯ ᠱᠢᠨ᠎ᠡ ᠦᠶ᠋ᠯᠡᠳᠬᠦᠨ᠎ᠢ ᠳᠡᠯᠭᠡᠷᠡᠭᠦᠯᠬᠦ᠌᠎ᠳᠦ ᠬᠥᠭᠥᠷᠭᠡ ᠲᠠᠯᠪᠢᠵᠤ᠂ ᠠᠵᠠ ᠲᠣᠬᠢᠶᠠᠯ ᠣᠯᠭᠣᠵᠤ ᠥᠭ᠌ᠭᠦ ᠬᠡᠷᠡᠭᠳᠡᠢ; ᠳ᠋ᠠᠢᠲ᠋ᠠ᠎ᠶ᠋ᠢᠨ ᠡᠯᠧᠮᠧᠨ᠋ᠲ᠎ᠦᠨ ᠵᠠᠬ᠎ᠠ ᠳᠡᠯᠭᠡᠭᠦᠷ᠎ᠦᠨ ᠠᠮᠢ ᠠᠬᠤᠢ᠎ᠶ᠋ᠢ ᠪᠣᠢᠵᠢᠭᠤᠯᠬᠤ᠎ᠶ᠋ᠢ ᠲᠦᠷᠭᠡᠳᠭᠡᠵᠦ᠍᠂ ᠤᠯᠤᠰ᠎ᠤᠨ ᠲᠣᠭᠠᠴᠢᠯᠠᠭ᠍ᠰᠠᠨ ᠠᠵᠤ ᠠᠬᠤᠢ᠎ᠶ᠋ᠢᠨ ᠱᠢᠨ᠎ᠡ᠎ᠶ᠋ᠢ ᠡᠭᠦᠳᠬᠦ᠌ ᠬᠥᠭ᠌ᠵᠢᠯᠲᠡ᠎ᠶ᠋ᠢᠨ ᠲᠤᠷᠱᠢᠯᠲᠠ᠎ᠶ᠋ᠢᠨ ᠣᠷᠣᠨ᠎ᠤ ᠪᠦᠳᠦᠭᠡᠨ ᠪᠠᠢᠭᠤᠯᠤᠯᠲᠠ᠎ᠶ᠋ᠢ ᠠᠬᠢᠭᠤᠯᠬᠤ ᠬᠡᠷᠡᠭᠳᠡᠢ; ᠤᠶᠤᠨᠲᠤ ᠪᠤᠳᠤᠯᠳᠠ᠎ᠶᠢᠨ ᠬᠦᠴᠦᠨ ᠤ᠋ ᠬᠠᠩᠭᠠᠯᠭ᠎ᠠ᠎ᠶ᠋ᠢ ᠴᠢᠩᠭᠠᠳᠭᠠᠵᠤ᠂ ᠪᠤᠳᠤᠯᠳᠠ᠎ᠶᠢᠨ ᠬᠦᠴᠦᠨ ᠤ᠋ ᠲᠥᠪ᠎ᠦᠨ ᠪᠠᠢᠭᠤᠯᠤᠯᠲᠠ᠎ᠶ᠋ᠢ ᠶᠡᠬᠡ᠎ᠪᠡᠷ ᠠᠬᠢᠭᠤᠯᠬᠤ ᠬᠡᠷᠡᠭᠳᠡᠢ ᠵᠡᠷᠭᠡ ᠪᠤᠢ ᠭᠡᠵᠦ ᠦᠵᠡᠪᠡ᠃

ᠠᠷᠠᠳ᠎ᠤᠨ ᠠᠮᠢᠳᠤᠷᠠᠯ᠎ᠢ ᠲᠡᠷᠢᠭᠦᠨ᠎ᠳᠦ ᠲᠠᠯᠪᠢᠵᠤ᠂ ᠬᠥᠭ᠌ᠵᠢᠯᠲᠡ᠎ᠶ᠋ᠢᠨ ᠦᠷ᠎ᠡ ᠪᠦᠲᠦᠭᠡᠯ᠎ᠢ ᠬᠠᠮᠲᠤ᠎ᠪᠠᠷ ᠡᠳ᠋ᠯᠡᠨ᠎ᠡ

ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠪᠣᠯ ᠪᠦᠬᠦ᠌ ᠠᠷᠠᠳ ᠲᠦᠮᠡᠨ ᠬᠠᠮᠲᠤ᠎ᠪᠠᠷ ᠪᠠᠶᠠᠵᠢᠬᠤ ᠣᠳᠣᠬᠢᠴᠢᠯᠠᠯᠲᠠ ᠮᠥᠨ᠃ ᠠᠵᠤ ᠠᠬᠤᠢ᠎ᠶ᠋ᠢᠨ ᠲᠤᠮᠤ ᠮᠤᠵᠢ᠎ᠶ᠋ᠢᠨ ᠬᠥᠭ᠌ᠵᠢᠯᠲᠡ᠎ᠶ᠋ᠢᠨ ᠲᠦᠪᠱᠢᠨ ᠨᠡᠩ ᠥᠨᠳᠥᠷ᠂ ᠰᠠᠭᠤᠷᠢ ᠨᠥᠬᠥᠴᠡᠯ ᠴᠦ᠍ ᠨᠡᠩ ᠰᠠᠢ᠌ᠨ ᠪᠣᠯᠬᠣᠷ ᠬᠠᠷᠢᠭᠤᠴᠠᠯᠭ᠎ᠠ ᠡᠭᠦᠷᠭᠡᠯᠡᠯ᠎ᠢᠶᠡᠨ ᠨᠡᠩ ᠴᠢᠩᠭᠠᠳᠭᠠᠵᠤ᠂ ᠪᠦᠬᠦ᠌ ᠠᠷᠠᠳ ᠲᠦᠮᠡᠨ᠎ᠦ ᠬᠠᠮᠲᠤ᠎ᠪᠠᠷ ᠪᠠᠶᠠᠵᠢᠬᠤ᠎ᠶ᠋ᠢ ᠠᠬᠢᠭᠤᠯᠬᠤ ᠲᠠᠯ᠎ᠠ᠎ᠪᠠᠷ ᠵᠢᠱ᠌ᠢᠢ᠎ᠡ ᠦᠵᠡᠭᠦᠯᠬᠦ᠌ ᠬᠡᠷᠡᠭ᠌ᠲᠡᠢ᠃

《ᠭᠤᠸᠠᠩᠳᠦ᠋ᠩ᠎ᠢᠶᠡᠷ ᠵᠢᠱ᠌ᠢᠶᠡᠯᠡᠪᠡᠯ᠂ ᠣᠢᠷ᠎ᠠ᠎ᠶ᠋ᠢᠨ ᠵᠢᠯ᠎ᠦᠳ᠎ᠲᠦ᠂ 〈ᠮᠢᠩᠭ᠎ᠠ ᠲᠦᠮᠡ᠎ᠶ᠋ᠢᠨ ᠢᠨᠵᠧᠨᠧᠷᠢᠩ〉 ᠤ᠋ᠨ ᠲᠤᠷᠱᠢᠯᠭ᠎ᠠ᠎ᠶ᠋ᠢ ᠰᠤᠷᠤᠯᠴᠠᠨ ᠬᠡᠷᠡᠭ᠌ᠯᠡᠵᠦ᠍᠂ ᠱᠢᠶᠠᠨ᠎ᠤ ᠪᠦᠰᠡ᠎ᠶ᠋ᠢᠨ ᠠᠵᠤ ᠦᠶ᠋ᠯᠡᠰ᠎ᠢ ᠬᠥᠭ᠌ᠵᠢᠭᠦᠯᠦᠨ ᠮᠠᠨᠳᠤᠭᠤᠯᠬᠤ᠂ ᠱᠢᠨ᠎ᠡ ᠬᠡᠯᠪᠡᠷᠢ᠎ᠶ᠋ᠢᠨ ᠬᠣᠲᠠ ᠪᠠᠯᠭᠠᠰᠤᠵᠢᠯᠲᠠ᠎ᠶ᠋ᠢᠨ ᠪᠥᠲᠥᠭᠡᠨ ᠪᠠᠢᠭᠤᠯᠤᠯᠲᠠ᠂ ᠬᠣᠲᠠ ᠬᠥᠳᠡᠭᠡ᠎ᠶ᠋ᠢᠨ ᠳᠦᠷᠰᠦ ᠪᠠᠢᠳᠠᠯ᠎ᠢ ᠳᠡᠭᠡᠭ᠌ᠰᠢᠯᠡᠭᠦᠯᠬᠦ᠌᠂ ᠬᠤᠷᠠᠮᠠᠯ ᠮᠠᠶᠢᠭ᠎ᠤᠨ ᠥᠭᠡᠷᠡᠴᠢᠯᠡᠯᠲᠡ ᠬᠢᠵᠦ᠍ ᠱᠢᠨ᠎ᠡ᠎ᠶ᠋ᠢ ᠡᠭᠦᠳᠬᠦ᠌᠂ ᠨᠡᠢᠭᠡᠮ᠎ᠦᠨ ᠬᠦᠴᠦᠨ᠎ᠢ ᠳᠠᠢᠴᠢᠯᠠᠬᠤ ᠲᠠᠪᠤᠨ ᠶᠡᠬᠡ ᠠᠵᠢᠯᠯᠠᠭ᠎ᠠ᠎ᠶ᠋ᠢ ᠬᠡᠷᠡᠭ᠌ᠵᠢᠭᠦᠯᠵᠦ᠍᠂ ᠭᠤᠸᠠᠩᠳᠦ᠋ᠩ᠎ᠦᠨ ᠵᠡᠭᠦᠨ ᠪᠠᠷᠠᠭᠤᠨ ᠤᠮᠠᠷᠠᠳᠦ ᠣᠷᠣᠨ᠎ᠤ ᠬᠥᠭ᠌ᠵᠢᠯᠲᠡ᠎ᠶ᠋ᠢᠨ ᠰᠠᠭᠤᠷᠢ᠎ᠶ᠋ᠢ ᠲᠠᠰᠤᠷᠠᠯᠲᠠ ᠥᠬᠡᠶ ᠪᠡᠬᠢᠵᠢᠭᠦᠯᠪᠡ》᠃ ᠦ᠋ ᠽᠦ᠍ ᠶᠠᠨ᠂ 2025 ᠣᠨ ᠪᠣᠯᠬᠤ᠎ᠳᠤ᠂ 57 ᠱᠢᠶᠠᠨ (ᠬᠣᠲᠠ) ᠤ᠋ ᠭᠠᠵᠠᠷ ᠣᠷᠣᠨ᠎ᠤ ᠦᠶ᠋ᠯᠡᠳᠪᠦᠷᠢᠯᠡᠯ᠎ᠦᠨ ᠶᠡᠷᠦᠩᠬᠡᠶ ᠥᠷᠲᠡᠭ᠎ᠦᠨ ᠣᠢᠷ᠎ᠠ᠎ᠶ᠋ᠢᠨ 3 ᠵᠢᠯ᠎ᠦᠨ ᠳᠤᠮᠳᠠᠴᠢ ᠨᠡᠮᠡᠭ᠌ᠳᠡᠯ᠎ᠦᠨ ᠬᠤᠷᠳᠤᠴᠠ᠎ᠨᠢ ᠪᠥᠬᠥ᠌ ᠮᠤᠵᠢ᠎ᠶ᠋ᠢᠨ᠎ᠬᠢ᠎ᠡᠴᠡ ᠲᠦᠷᠭᠡᠨ ᠪᠣᠯᠵᠣ᠂ ᠡᠭᠦᠨ᠎ᠳᠦ ᠬᠤᠢᠵᠧᠤ ᠬᠤᠳᠠ᠎ᠶ᠋ᠢᠨ ᠪᠥᠸᠧ ᠯᠦᠸᠧ ᠰᠢᠶᠠᠨ᠎ᠨᠢ ᠦᠶ᠋ᠯᠡᠳᠪᠦᠷᠢᠯᠡᠯ᠎ᠦᠨ ᠶᠡᠷᠦᠩᠬᠡᠶ ᠥᠷᠲᠡᠭ ᠮᠢᠩᠭᠠᠨ ᠳ᠋ᠦᠩᠱᠢᠭᠤᠷ ᠲᠥᠭᠥᠷᠢᠭ᠎ᠢ ᠳᠠᠪᠠᠭ᠍ᠰᠠᠨ ᠱᠢᠶᠠᠨ ᠪᠣᠯᠵᠠᠶ ᠭᠡᠵᠦ ᠳᠠᠨᠢᠯᠴᠠᠭᠤᠯᠪᠠ᠃

ᠪᠤᠰᠤᠳ ᠠᠵᠤ ᠠᠬᠤᠢ᠎ᠶ᠋ᠢᠨ ᠲᠤᠮᠤ ᠮᠤᠵᠢ ᠵᠢ ᠬᠠᠷᠠᠬᠤᠶ᠎ᠠ᠂ ᠵᠧᠵᠢᠶᠠᠩ ᠬᠡᠰᠡᠭ ᠣᠷᠣᠨ ᠪᠦᠯᠬᠦᠮ ᠪᠠᠢᠭᠤᠯᠤᠨ ᠬᠥᠭ᠌ᠵᠢᠭᠦ ᠵᠢ ᠬᠠᠢᠨ ᠰᠦᠪᠡᠭ᠌ᠴᠢᠯᠡᠵᠦ᠍᠂ ᠬᠥᠳᠡᠭᠡ ᠲᠣᠰᠭᠣᠨ᠎ᠤ ᠬᠠᠮᠲᠤ᠎ᠪᠠᠷ ᠪᠠᠶᠠᠵᠢᠬᠤ ᠱᠢᠨ᠎ᠡ ᠬᠥᠳᠡᠯᠭᠡᠭᠦᠷ᠎ᠢ ᠢᠳᠡᠪᠬᠢᠵᠢᠬᠦᠯᠪᠡ; ᠵᠢᠶᠠᠩᠰᠦ ᠮᠤᠵᠢ ᠡᠮᠦᠨᠡᠲᠦ ᠤᠮᠠᠷᠠᠲᠤ᠎ᠬᠣᠯᠪᠣᠭᠠᠯᠠᠨ ᠬᠥᠳᠡᠯᠦᠯᠴᠡᠬᠦ᠌᠎ᠶ᠋ᠢ ᠪᠡᠶᠡᠯᠡᠭᠦᠯᠵᠦ᠍᠂ ᠬᠠᠮᠲᠤᠷᠠᠯᠴᠠᠭᠠᠨ᠎ᠤ ᠠᠭᠤᠯᠤᠭ᠍ᠳᠠᠬᠤᠨ᠎ᠢᠶᠠᠨ ᠲᠠᠰᠤᠷᠠᠯᠲᠠ ᠦᠭᠡᠢ ᠭᠦᠨᠵᠡᠭᠡᠢᠷᠡᠭᠦᠯᠵᠦ᠍᠂ ᠬᠠᠮᠲᠤᠷᠠᠯᠴᠠᠭᠠᠨ᠎ᠤ ᠵᠠᠭ᠍ᠪᠤᠷ᠎ᠤᠨ ᠱᠢᠨ᠎ᠡ᠎ᠶ᠋ᠢ ᠡᠭᠦᠳᠴᠡᠢ ᠁ ᠣᠳᠣᠬᠠᠨ᠎ᠳᠤ᠂ ᠴᠥᠭᠡᠨ ᠪᠤᠰᠤ ᠭᠠᠵᠠᠷ ᠣᠷᠣᠨ ᠬᠠᠮᠲᠤ᠎ᠪᠠᠷ ᠪᠠᠶᠠᠵᠢᠬᠤ᠎ᠶ᠋ᠢ ᠠᠬᠢᠭᠤᠯᠬᠤ ᠲᠠᠯ᠎ᠠ᠎ᠪᠠᠷ ᠨᠢᠭᠡᠨᠲᠡ ᠠᠯᠢ ᠤᠯᠠᠨ ᠱᠢᠨ᠎ᠡ᠎ᠶ᠋ᠢ ᠡᠭᠦᠳᠬᠦ᠌ ᠦᠢᠯᠡᠳᠦᠯᠭᠡ᠎ᠲᠡᠶ ᠪᠣᠯᠵᠠᠢ᠃

ᠦ᠋ ᠽᠦ᠍ ᠶᠠᠨ᠂ ᠱᠢᠨ᠎ᠡ ᠬᠡᠯᠪᠡᠷᠢ᠎ᠶ᠋ᠢᠨ ᠬᠠᠪᠰᠤᠷᠤᠨ ᠲᠡᠳᠬᠦᠬᠦ᠌ ᠬᠠᠮᠵᠢᠯᠴᠠᠭ᠎ᠠ᠎ᠶ᠋ᠢ ᠴᠢᠩᠭᠠᠳᠭᠠᠵᠤ᠂ ᠠᠵᠤ ᠦᠢᠯᠡᠰ᠎ᠦᠨ ᠡᠮᠬᠢ ᠵᠢᠷᠤᠮ᠎ᠲᠠᠶ ᠱᠢᠯᠵᠢᠯᠲᠡ᠎ᠶ᠋ᠢ ᠠᠬᠢᠭᠤᠯᠵᠤ᠂ ᠣᠷᠣᠨ ᠪᠦᠰᠡ ᠠᠯᠤᠰᠯᠠᠭ᠍ᠰᠠᠨ ᠤᠯᠠᠨ ᠵᠦᠢᠯ᠎ᠦᠨ ᠬᠡᠯᠪᠡᠷᠢ᠎ᠶ᠋ᠢᠨ ᠠᠵᠤ ᠦᠢᠯᠡᠰ᠎ᠦᠨ ᠬᠠᠮᠵᠢᠯᠴᠠᠭ᠎ᠠ᠎ᠶ᠋ᠢ ᠥᠷᠭᠡᠳᠭᠡᠬᠦ᠌ ᠬᠡᠷᠡᠭ᠌ᠲᠡᠢ᠃ ᠱᠢᠶᠠᠨ᠎ᠤ ᠬᠡᠪᠴᠢᠶᠡᠨ᠎ᠦ ᠠᠵᠤ ᠠᠬᠤᠶ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠵᠤ᠂ ᠣᠨᠴᠠᠯᠢᠭ᠍ᠲᠤ ᠬᠥᠭ᠌ᠵᠢᠯᠲᠡ᠂ ᠠᠭᠤᠰᠤᠯᠴᠠᠭᠤᠯᠤᠭᠰᠠᠨ ᠬᠥᠭ᠌ᠵᠢᠯᠳᠡ᠂ ᠲᠥᠪᠯᠡᠷᠡᠭᠦᠯᠦᠭᠰᠡᠨ ᠬᠥᠭ᠌ᠵᠢᠯᠳᠡ᠎ᠶ᠋ᠢ ᠳᠣᠪᠣᠢᠯᠭᠠᠨ᠂ ᠠᠵᠤ ᠦᠶ᠋ᠯᠡᠳᠪᠦᠷᠢ ᠡᠷᠭᠢᠯᠡᠬᠦ᠌᠎ᠳᠦ ᠳᠣᠭᠢᠷᠠᠪᠠᠯ ᠠᠵᠤ ᠦᠶ᠋ᠯᠡᠳᠪᠦᠷᠢ ᠡᠷᠭᠢᠯᠡᠬᠦ᠌᠂ ᠲᠠᠷᠢᠶᠠᠯᠠᠬᠤ᠎ᠳᠤ ᠳᠣᠭᠢᠷᠠᠪᠠᠯ ᠲᠠᠷᠢᠶᠠᠯᠠᠩ ᠡᠷᠭᠢᠯᠡᠬᠦ᠌᠂ ᠬᠤᠳᠠᠯᠳᠤᠭ᠎ᠠ ᠡᠷᠭᠢᠯᠡᠬᠦ᠌᠎ᠳᠦ ᠳᠣᠭᠢᠷᠠᠪᠠᠯ ᠬᠤᠳᠠᠯᠳᠤᠭ᠎ᠠ ᠡᠷᠭᠢᠯᠡᠬᠦ᠌᠂ ᠵᠢᠭᠤᠯᠴᠢᠯᠠᠬᠤ᠎ᠳᠤ ᠳᠣᠭᠢᠷᠠᠪᠠᠯ ᠵᠢᠭᠤᠯᠴᠢᠯᠠᠯ ᠡᠷᠭᠢᠯᠡᠬᠦ᠌᠎ᠶ᠋ᠢ ᠪᠠᠷᠢᠮᠲᠠᠯᠠᠵᠤ᠂ ᠱᠢᠶᠠᠨ᠎ᠤ ᠬᠡᠪᠴᠢᠶᠡᠨ᠎ᠦ ᠲᠤᠯᠭᠠᠭᠤᠷᠢ ᠠᠵᠤ ᠦᠶ᠋ᠯᠡᠰ᠂ ᠲᠡᠷᠢᠭᠦᠨ ᠠᠵᠤ ᠦᠶ᠋ᠯᠡᠰ᠎ᠢ ᠪᠤᠵᠠᠭᠠᠢᠷᠠᠭᠤᠯᠤᠨ ᠬᠦᠴᠦᠷᠬᠡᠭ᠌ᠵᠢᠭᠦᠯᠬᠦ ᠬᠡᠷᠡᠭᠳᠡᠢ ᠭᠡᠵᠦ ᠦᠵᠡᠪᠡ᠃

ᠴᠢᠨᠠᠷ ᠰᠠᠢᠲᠠᠢ ᠭᠦᠢᠴᠡᠳ ᠠᠵᠢᠯ ᠣᠯᠭᠣᠯᠲᠠ᠎ᠶ᠋ᠢ ᠠᠬᠢᠭᠤᠯᠬᠤ᠂ ᠬᠤᠳᠠ ᠬᠥᠳᠡᠭᠡ᠎ᠶ᠋ᠢᠨ ᠰᠠᠭᠤᠭᠠᠯᠢ ᠠᠷᠠᠳ᠎ᠤᠨ ᠣᠷᠣᠯᠭ᠎ᠠ᠎ᠶ᠋ᠢ ᠨᠡᠮᠡᠭ᠌ᠳᠡᠭᠦᠯᠬᠦ᠌᠂ ᠦᠨᠳᠦᠰᠦᠨ ᠤᠯᠠᠨ ᠨᠡᠢᠲᠡ᠎ᠶ᠋ᠢᠨ ᠦᠢᠯᠡᠴᠢᠯᠡᠭᠡ ᠪᠠ ᠨᠡᠢᠭᠡᠮ᠎ᠦᠨ ᠪᠠᠲᠤᠯᠠᠭ᠎ᠠ᠎ᠶ᠋ᠢᠨ ᠲᠦᠪᠱᠢᠨ᠎ᠢ ᠤᠯᠠᠮ ᠨᠢᠭᠡ ᠠᠯᠬᠤᠮ ᠳᠡᠭᠡᠭ᠌ᠰᠢᠯᠡᠭᠦᠯᠬᠦ᠌ ᠵᠡᠷᠭᠡ ᠲᠠᠯ᠎ᠠ᠎ᠪᠠᠷ ᠪᠦᠬᠦ᠌ ᠠᠷᠠᠳ ᠲᠦᠮᠡᠨ᠎ᠦ ᠬᠠᠮᠲᠤ᠎ᠪᠠᠷ ᠪᠠᠶᠠᠵᠢᠬᠤ᠎ᠶ᠋ᠢ ᠠᠬᠢᠭᠤᠯᠬᠤ ᠪᠦᠲᠦᠮᠵᠢᠲᠡᠢ ᠠᠷᠭ᠎ᠠ ᠵᠠᠮ᠎ᠢ ᠬᠡᠷᠬᠢᠨ ᠤᠯᠠᠮ ᠨᠢᠭᠡ ᠠᠯᠬᠤᠮ ᠰᠦᠪᠡᠭ᠌ᠴᠢᠯᠡᠬᠦ᠌ ᠪᠤᠢ? ᠯᠢᠦ ᡁᠢ ᠴᠧᠩ᠎ᠤᠨ ᠦᠵᠡᠬᠦ ᠪᠡᠷ 《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭᠠᠨ᠎ᠳᠤ᠂ ᠠᠵᠤ ᠠᠬᠤᠶ᠎ᠶ᠋ᠢᠨ ᠲᠣᠮᠣ ᠮᠤᠵᠢ ᠨᠢ ᠳᠦᠷᠢᠮ᠎ᠤᠨ ᠲᠠᠯ᠎ᠠ᠎ᠪᠠᠷ ᠱᠢᠨ᠎ᠡ᠎ᠶ᠋ᠢ ᠡᠭᠦᠳᠬᠦ᠌᠂ ᠡᠬᠢ ᠪᠠᠶᠠᠯᠢᠭ᠎ᠤᠨ ᠲᠣᠬᠢᠷᠠᠭᠤᠯᠤᠯᠲᠠ᠎ᠶ᠋ᠢ ᠱᠢᠯᠢᠳᠡᠭ᠌ᠵᠢᠭᠦᠯᠬᠦ᠌ ᠪᠡᠨ ᠤᠯᠠᠮ ᠨᠢᠭᠡ ᠠᠯᠬᠤᠮ ᠴᠢᠩᠭᠠᠳᠭᠠᠬᠤ ᠬᠡᠷᠡᠭ᠌ᠲᠡᠶ᠃

ᠣᠯᠠᠨ ᠨᠡᠢᠲᠡ᠎ᠶ᠋ᠢᠨ ᠦᠶ᠋ᠯᠡᠴᠢᠯᠡᠭᠡ ᠬᠢᠭᠡᠳ ᠨᠡᠢᠭᠡᠮ᠎ᠦᠨ ᠪᠠᠲᠤᠯᠠᠭ᠎ᠠ᠎ᠶ᠋ᠢᠨ ᠲᠠᠯ᠎ᠠ᠎ᠪᠠᠷ᠂ ᠲᠦᠭᠡᠮᠡᠯ ᠬᠠᠷᠠᠭᠠᠯᠵᠠᠯᠳᠤ ᠴᠢᠨᠠᠷᠲᠠᠶ᠂ ᠰᠠᠭᠤᠷᠢᠯᠠᠬᠤ ᠴᠢᠨᠠᠷᠲᠠᠶ᠂ ᠦᠨᠳᠦᠰᠦᠨ ᠵᠦᠶ᠋ᠯ᠎ᠢ ᠪᠠᠲᠤᠯᠠᠬᠤ ᠴᠢᠨᠠᠷᠲᠠᠶ ᠠᠷᠠᠳ᠎ᠤᠨ ᠠᠮᠢᠳᠤᠷᠠᠯ᠎ᠤᠨ ᠪᠥᠲᠥᠭᠡᠨ ᠪᠠᠢᠭᠤᠯᠤᠯᠲᠠ᠎ᠶ᠋ᠢ ᠴᠢᠩᠭᠠᠳᠭᠠᠬᠤ ᠪᠠ ᠣᠯᠠᠨ ᠲᠦᠮᠡᠨ᠎ᠦ ᠪᠠᠴᠢᠮᠳᠠᠵᠤ ᠳᠦᠪᠡᠭᠳᠡᠵᠦ ᠵᠤᠪᠠᠨᠢᠵᠤ ᠬᠦᠰᠡᠵᠦ ᠪᠠᠢᠭ᠎ᠠ ᠠᠰᠠᠭᠤᠳᠠᠯ᠎ᠢ ᠱᠢᠶ᠋ᠳᠪᠦᠷᠢᠯᠡᠬᠦ᠌ ᠳᠡᠭᠡᠷ᠎ᠡ ᠣᠯᠠᠨ ᠪᠣᠳᠠᠲᠠᠶ ᠶᠠᠪᠤᠳᠠᠯ ᠬᠢᠵᠦ᠍᠂ ᠢᠯᠠᠩᠭᠤᠶ᠎ᠠ ᠰᠤᠷᠭᠠᠨ ᠬᠥᠮᠦᠵᠢᠯ᠎ᠦᠨ ᠡᠬᠢ ᠪᠠᠶᠠᠯᠢᠭ᠎ᠤᠨ ᠲᠣᠬᠢᠷᠠᠭᠤᠯᠤᠯᠲᠠ᠎ᠶ᠋ᠢᠨ ᠤᠷᠢᠳᠠᠴᠢ ᠪᠠᠢᠷᠢᠱᠢᠭᠤᠯᠤᠯᠲᠠ᠎ᠶ᠋ᠢ ᠰᠠᠢᠲᠤᠷ ᠬᠢᠵᠦ᠍᠂ ᠡᠮᠴᠢᠯᠡᠭᠡ᠂ ᠡᠮ ᠡᠮᠨᠡᠯᠭᠡ᠎ᠶ᠋ᠢᠨ ᠳᠠᠭᠠᠳᠭᠠᠯ᠂ ᠡᠮ ᠡᠮᠨᠡᠯᠭᠡ᠎ᠶ᠋ᠢ ᠬᠠᠮᠵᠢᠯᠴᠠᠭᠤᠯᠤᠨ ᠬᠥᠭ᠌ᠵᠢᠭᠦᠯᠬᠦ᠌ ᠪᠠ ᠵᠠᠰᠠᠬᠤ᠎ᠶ᠋ᠢ ᠠᠬᠢᠭᠤᠯᠵᠤ᠂ 《ᠦᠳᠡᠭᠦᠰ ᠨᠢᠯᠬᠠᠰ》 ᠤ᠋ᠨ ᠦᠶ᠋ᠯᠡᠴᠢᠯᠡᠭᠡ᠎ᠶ᠋ᠢ ᠬᠦᠴᠦᠯᠡᠨ ᠴᠢᠩᠭᠠᠳᠭᠠᠬᠤ ᠬᠡᠷᠡᠭ᠌ᠲᠡᠶ᠃

(ᠰᠢᠨᠬᠤᠸᠠ ᠬᠣᠷᠢᠶ᠎ᠡ ᠵᠢᠨ ᠪᠡᠭᠡᠵᠢᠩ᠎ᠦᠨ 4 ᠰᠠᠷ᠎ᠠ᠎ᠶᠢᠨ 20᠎ᠤ᠋ ᠴᠠᠬᠢᠯᠭᠠᠨ ᠮᠡᠳᠡᠭᠡ ᠡᠴᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号