ᠲᠥᠪ᠎ᠦᠨ ᠠᠵᠤ ᠠᠬᠤᠢᠯᠠᠯ᠎ᠤᠨ ᠲᠦᠷᠦᠭᠦᠦ ᠤᠯᠠᠷᠢᠯ᠎ᠤᠨ ᠠᠵᠤ ᠠᠬᠤᠢ᠎ᠶᠢᠨ ᠡᠷᠭᠢᠯᠳᠡ ᠲᠣᠭᠲᠠᠭᠤᠨ ᠪᠥᠭᠡᠳ ᠡᠮᠬᠢ ᠵᠢᠷᠤᠮ᠎ᠲᠠᠢ ᠪᠠᠢᠵᠤ᠂ ᠡᠵᠡᠩᠨᠡᠯᠲᠡ᠎ᠶᠢᠨ ᠶᠠᠰᠤ ᠴᠢᠨᠠᠷ ᠦᠷ᠎ᠡ ᠠᠰᠢᠭ᠋ ᠦᠷᠭᠦᠯᠵᠢᠯᠡᠨ ᠰᠠᠢᠵᠢᠷᠠᠵᠤ᠂ ᠪᠦᠲᠦᠮᠵᠢᠲᠡᠶ ᠪᠡᠯᠡ ᠣᠷᠣᠭᠤᠯᠤᠯᠲᠠ᠎ᠶᠢᠨ ᠨᠡᠮᠡᠭᠳᠡᠯ᠎ᠦᠨ ᠬᠤᠷᠳᠤᠴᠠ ᠬᠦᠴᠦᠲᠡᠢ ᠪᠣᠯᠵᠤ᠂ ᠥᠷᠲᠡᠭ᠎ᠦᠨ ᠬᠤᠪᠢ ᠨᠡᠮᠡᠷᠢ ᠲᠠᠰᠤᠷᠠᠯᠲᠠ ᠦᠭᠡᠢ ᠳᠡᠭᠡᠭᠰᠢᠯᠡᠵᠦ᠂ ᠲᠣᠭᠲᠠᠮᠠᠯ ᠬᠥᠷᠥᠩᠭᠡ᠎ᠶᠢᠨ ᠪᠡᠯᠡ ᠣᠷᠣᠭᠤᠯᠤᠯᠲᠠ᠎ᠶᠢ 1.05 ᠲᠦᠮᠡᠨ ᠳ᠋ᠦᠩᠰᠢᠭᠤᠷ ᠲᠥᠭᠥᠷᠢᠭ ᠪᠡᠶᠡᠯᠡᠭᠦᠯᠤᠨ᠂ ᠠᠳᠠᠯᠢ ᠬᠤᠭᠤᠴᠠᠭᠠᠨ᠎ᠤ ᠬᠢ᠎ᠡᠴᠡ 23.5% ᠪᠡᠷ ᠨᠡᠮᠡᠭᠳᠡᠵᠤ᠂ ᠨᠡᠮᠡᠭᠳᠡᠯ ᠥᠷᠲᠡᠭ᠎ᠢ 2.7 ᠲᠦᠮᠡᠨ ᠳ᠋ᠦᠩᠰᠢᠭᠤᠷ ᠲᠥᠭᠥᠷᠢᠭ ᠪᠡᠶᠡᠯᠡᠭᠦᠯᠤᠨ᠂ ᠠᠳᠠᠯᠢ ᠬᠤᠭᠤᠴᠠᠭᠠᠨ᠎ᠤ ᠬᠢ᠎ᠡᠴᠡ ᠪᠠᠷᠤᠭ 3% ᠪᠡᠷ ᠨᠡᠮᠡᠭᠳᠡᠪᠡ᠃
4 ᠰᠠᠷ᠎ᠠ᠎ᠶᠢᠨ 20᠎ᠤ᠋ ᠡᠳᠦᠷ᠂ ᠲᠥᠷᠥ᠎ᠶᠢᠨ ᠶᠠᠪᠤᠳᠠᠯ᠎ᠤᠨ ᠬᠣᠷᠢᠶ᠎ᠡ ᠵᠢᠨ ᠤᠯᠤᠰ᠎ᠤᠨ ᠥᠮᠴᠢᠯᠡᠯ᠎ᠦᠨ ᠡᠳ᠋ ᠬᠥᠷᠥᠩᠭᠡ᠎ᠶᠢᠨ ᠬᠢᠨᠠᠯᠲᠠ ᠬᠠᠮᠢᠶᠠᠷᠤᠯᠲᠠ᠎ᠶᠢᠨ ᠵᠥᠪᠯᠡᠯ ᠲᠥᠪ᠎ᠦᠨ ᠠᠵᠤ ᠠᠬᠤᠢᠯᠠᠯ᠎ᠤᠨ ᠲᠦᠷᠤᠭᠦᠦ ᠤᠯᠠᠷᠢᠯ᠎ᠤᠨ ᠠᠵᠤ ᠠᠬᠤᠢ᠎ᠶᠢᠨ ᠡᠷᠭᠢᠯᠳᠡ ᠵᠢᠨ ᠪᠠᠢᠳᠠᠯ᠎ᠤᠨ ᠵᠠᠷᠯᠠᠯ ᠵᠢᠴᠢ 2026 ᠣᠨ᠎ᠤ ᠡᠵᠡᠩᠨᠡᠯᠲᠡ᠎ᠶᠢᠨ ᠠᠮᠵᠢᠯᠲᠠ ᠪᠦᠲᠦᠮᠵᠢ᠎ᠶᠢᠨ ᠬᠠᠷᠢᠭᠤᠴᠠᠯᠭ᠎ᠠ ᠵᠢᠨ ᠪᠢᠴᠢᠭ ᠲᠤᠭᠲᠠᠬᠤ ᠬᠤᠷᠠᠯ ᠬᠤᠷᠠᠯᠳᠤᠭᠤᠯᠪᠠ᠃
ᠲᠣᠭ᠎ᠠ ᠪᠠᠷᠢᠮᠲᠠ᠎ᠳᠤ ᠬᠠᠷᠠᠭᠤᠯᠤᠭᠰᠠᠨ᠎ᠢᠶᠡᠷ᠂ ᠡᠨᠡ ᠵᠢᠯ᠎ᠦᠨ ᠲᠦᠷᠦᠭᠦᠦ ᠤᠯᠠᠷᠢᠯ᠎ᠳᠤ᠂ ᠲᠥᠪ᠎ᠦᠨ ᠠᠵᠤ ᠠᠬᠤᠢᠯᠠᠯ᠎ᠤᠨ ᠪᠣᠷᠣᠯᠠᠭᠤᠯᠤᠭᠰᠠᠨ ᠴᠠᠬᠢᠯᠭᠠᠨ᠎ᠤ ᠬᠡᠮᠵᠢᠶ᠎ᠡ᠂ ᠠᠭᠠᠷ᠎ᠤᠨ ᠲᠡᠭᠡᠭᠡᠪᠦᠷᠢ᠂ ᠤᠰᠤᠨ ᠲᠡᠭᠡᠭᠡᠪᠦᠷᠢ᠎ᠶᠢᠨ ᠶᠡᠷᠦᠩᠬᠡᠢ ᠡᠷᠭᠢᠯᠲᠡ᠎ᠶᠢᠨ ᠬᠡᠮᠵᠢᠶ᠎ᠡ᠂ ᠪᠣᠯᠪᠠᠰᠤᠷᠠᠭᠤᠯᠤᠭᠰᠠᠨ ᠲᠣᠰᠣᠨ᠎ᠤ ᠪᠣᠷᠤᠯᠠᠭᠤᠯᠭ᠎ᠠ᠎ᠶᠢᠨ ᠬᠡᠮᠵᠢᠶ᠎ᠡ᠂ ᠨᠡᠭᠦᠷᠡᠰᠦᠨ᠎ᠦ ᠦᠢᠯᠡᠳᠪᠦᠷᠢᠯᠡᠯ ᠪᠣᠷᠤᠯᠠᠭᠤᠯᠭ᠎ᠠ᠎ᠶᠢᠨ ᠬᠡᠮᠵᠢᠶ᠎ᠡ ᠵᠡᠷᠭᠡ ᠰᠠᠭᠤᠷᠢ ᠬᠠᠩᠭᠠᠯᠭ᠎ᠠ ᠲᠣᠭᠲᠠᠭᠤᠨ᠎ᠢᠶᠠᠷ ᠨᠡᠮᠡᠭᠳᠡᠵᠦ᠂ ᠵᠠᠬ᠎ᠠ ᠳᠡᠯᠭᠡᠭᠦᠷ᠎ᠦᠨ ᠬᠠᠩᠭᠠᠯᠭ᠎ᠠ ᠪᠠ ᠦᠨ᠎ᠡ ᠬᠠᠩᠰᠢ᠎ᠶᠢᠨ ᠲᠣᠭᠲᠠᠭᠤᠨ ᠪᠠᠢᠬᠤ᠎ᠶᠢ ᠬᠦᠴᠦᠲᠡᠢ ᠬᠠᠮᠠᠭᠠᠯᠠᠪᠠ;ᠠᠵᠤ ᠦᠢᠯᠡᠰ᠎ᠦᠨ ᠬᠥᠭᠵᠢᠯᠲᠡ ᠰᠢᠨ᠎ᠡ ᠰᠢᠯᠢᠳᠡᠭ ᠲᠡᠢᠰᠢ ᠬᠥᠭᠵᠢᠵᠦ᠂ ᠪᠠᠢᠯᠳᠤᠬᠤ ᠪᠣᠳᠣᠯᠭ᠎ᠠ᠎ᠶᠢᠨ ᠴᠢᠨᠠᠷᠲᠠᠢ ᠰᠢᠨ᠎ᠡ᠎ᠪᠡᠷ ᠮᠠᠨᠳᠤᠭᠰᠠᠨ ᠠᠵᠤ ᠦᠢᠯᠡᠰ᠎ᠦᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ᠎ᠤ ᠬᠢ᠎ᠡᠴᠡ 19.5% ᠪᠡᠷ ᠨᠡᠮᠡᠭᠳᠡᠪᠡ᠃
ᠲᠥᠷᠥ᠎ᠶᠢᠨ ᠶᠠᠪᠤᠳᠠᠯ᠎ᠤᠨ ᠬᠣᠷᠢᠶ᠎ᠡ ᠵᠢᠨ ᠤᠯᠤᠰ᠎ᠤᠨ ᠥᠮᠴᠢᠯᠡᠯ᠎ᠦᠨ ᠡᠳ᠋ ᠬᠥᠷᠥᠩᠭᠡ᠎ᠶᠢᠨ ᠬᠢᠨᠠᠯᠲᠠ ᠬᠠᠮᠢᠶᠠᠷᠤᠯᠲᠠ᠎ᠶᠢᠨ ᠵᠥᠪᠯᠡᠯ᠂ ᠲᠥᠪ᠎ᠦᠨ ᠠᠵᠤ ᠠᠬᠤᠢᠯᠠᠯ ᠡᠯ᠎ᠡ ᠵᠦᠢᠯ᠎ᠦᠨ ᠭᠣᠣᠯᠳᠠᠯᠭ᠎ᠠ᠎ᠲᠠᠢ ᠠᠵᠢᠯ᠎ᠢᠶᠠᠨ ᠨᠡᠩ ᠯᠠᠪᠳᠠᠭᠤᠨ ᠬᠦᠴᠦᠲᠡᠢ ᠠᠳᠬᠤᠵᠤ᠂ ᠪᠦᠬᠦ ᠬᠦᠴᠦᠨ᠎ᠢᠶᠡᠷ᠎ᠢᠶᠡᠨ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠋᠎ᠢ ᠨᠡᠮᠡᠭᠳᠡᠭᠦᠯᠵᠦ ᠲᠣᠭᠲᠠᠭᠤᠨ᠎ᠢᠶᠠᠷ ᠨᠡᠮᠡᠭᠳᠡᠭᠦᠯᠦᠨ᠂ ᠠᠵᠢᠯ᠎ᠤᠨ ᠭᠣᠣᠯᠳᠠᠯᠭ᠎ᠠ᠎ᠪᠠᠨ ᠳᠣᠲᠣᠷ ᠲᠠᠮᠢᠷ᠎ᠢᠶᠠᠨ ᠪᠣᠯᠪᠠᠰᠤᠷᠠᠭᠤᠯᠬᠤ᠂ ᠥᠪᠡᠷ᠎ᠦᠨ ᠪᠡᠶ᠎ᠡ᠎ᠪᠡᠨ ᠬᠦᠴᠦᠷᠬᠡᠭᠵᠢᠭᠦᠯᠬᠦ ᠳᠡᠭᠡᠷ᠎ᠡ ᠲᠠᠯᠪᠢᠬᠤ᠎ᠶᠢ ᠪᠠᠷᠢᠮᠲᠠᠯᠠᠵᠤ᠂ ᠡᠵᠡᠩᠨᠡᠯᠲᠡ᠎ᠶᠢᠨ ᠠᠷᠭ᠎ᠠ ᠪᠣᠳᠣᠯᠭ᠎ᠠ᠎ᠶᠢ ᠬᠥᠳᠡᠯᠦᠩᠭᠦᠢ᠎ᠪᠡᠷ ᠰᠢᠯᠢᠳᠡᠭᠵᠢᠭᠦᠯᠵᠦ᠂ ᠰᠢᠨ᠎ᠡ᠎ᠪᠡᠷ ᠮᠠᠨᠳᠤᠭᠰᠠᠨ ᠲᠤᠯᠭᠠᠭᠤᠷᠢ ᠠᠵᠤ ᠦᠢᠯᠡᠰ᠎ᠢ ᠪᠣᠢᠵᠢᠭᠤᠯᠬᠤ᠂ ᠶᠡᠬᠡ ᠬᠡᠪᠴᠢᠶᠡᠨ᠎ᠦ ᠲᠥᠬᠦᠭᠡᠷᠦᠮᠵᠢ᠎ᠶᠢ ᠰᠢᠨᠡᠳᠬᠡᠨ ᠥᠭᠡᠷᠡᠴᠢᠯᠡᠬᠦ᠂ ᠪᠠᠲᠤᠯᠠᠭ᠎ᠠ᠎ᠶᠢᠨ ᠴᠢᠨᠠᠷᠲᠠᠢ ᠰᠠᠭᠤᠷᠢ ᠲᠥᠬᠦᠭᠡᠷᠦᠮᠵᠢ᠎ᠶᠢᠨ ᠪᠦᠲᠦᠭᠡᠨ ᠪᠠᠢᠭᠤᠯᠤᠯᠲᠠ ᠵᠡᠷᠭᠡ᠎ᠳᠦ ᠠᠩᠬᠠᠷᠤᠯ᠎ᠢᠶᠠᠨ ᠲᠥᠪᠯᠡᠷᠡᠭᠦᠯᠦᠨ ᠪᠦᠲᠦᠮᠵᠢᠲᠡᠶ ᠪᠡᠯᠡ ᠣᠷᠣᠭᠤᠯᠤᠯᠲᠠ᠎ᠶᠢ ᠢᠳᠡᠪᠬᠢᠲᠡᠢ ᠥᠷᠭᠡᠳᠬᠡᠵᠦ᠂ ᠳᠣᠲᠣᠭᠠᠳᠤ ᠬᠡᠷᠡᠭᠴᠡᠭᠡ᠎ᠶᠢ ᠥᠷᠭᠡᠳᠬᠡᠬᠦ᠎ᠶᠢ ᠪᠦᠲᠦᠮᠵᠢᠲᠡᠶ ᠲᠤᠯᠭᠠᠭᠤᠷᠢᠯᠠᠬᠤ ᠬᠡᠷᠡᠭᠳᠡᠢ᠃ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠨᠡᠩ ᠶᠡᠬᠡ ᠡᠷᠴᠢᠮ᠎ᠢᠶᠡᠷ ᠪᠣᠢᠵᠢᠭᠤᠯᠤᠨ ᠬᠥᠭᠵᠢᠭᠦᠯᠵᠦ᠂ ᠪᠣᠳᠠᠲᠤ ᠴᠣᠭᠴᠠ᠎ᠶᠢᠨ ᠠᠵᠤ ᠠᠬᠤᠢ᠎ᠶᠢᠨ ᠰᠠᠭᠤᠷᠢ᠎ᠳᠤ ᠰᠠᠭᠤᠷᠢᠯᠠᠵᠤ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ᠎ᠶᠢ ᠦᠷᠭᠦᠯᠵᠢᠯᠡᠨ ᠰᠠᠢᠲᠤᠷ ᠠᠳᠬᠤᠵᠤ᠂ ᠰᠠᠭᠤᠷᠢ ᠰᠤᠳᠤᠯᠭᠠᠨ᠎ᠢ ᠨᠡᠩ ᠲᠣᠪᠣᠢᠮ᠎ᠠ ᠪᠠᠢᠷᠢᠨ᠎ᠳᠤ ᠲᠠᠯᠪᠢᠵᠤ᠂ ᠰᠤᠳᠤᠯᠤᠨ ᠨᠡᠭᠡᠭᠡᠬᠦ ᠨᠥᠭᠡᠴᠡ᠂ ᠴᠢᠳᠠᠪᠤᠷᠢᠲᠠᠨ᠎ᠤ ᠨᠥᠭᠡᠴᠡ ᠵᠢ ᠭᠣᠣᠯᠳᠠᠯᠭ᠎ᠠ᠎ᠲᠠᠢ ᠰᠠᠢᠲᠤᠷ ᠬᠢᠵᠦ᠂ ᠭᠣᠣᠯ ᠬᠠᠷᠢᠭᠤᠴᠠᠯᠭ᠎ᠠ ᠭᠣᠣᠯ ᠠᠵᠢᠯ᠎ᠳᠤ ᠰᠠᠭᠤᠷᠢᠯᠠᠨ᠂ ᠬᠥᠭᠵᠢᠯᠲᠡ᠎ᠶᠢᠨ ᠱᠠᠲᠤᠨ᠎ᠳᠤ ᠠᠵᠤ ᠦᠢᠯᠡᠰ᠎ᠦᠨ ᠬᠡᠯᠪᠡᠷᠢ᠎ᠶᠢ ᠬᠤᠪᠢᠷᠠᠭᠤᠯᠬᠤ᠎ᠶᠢ ᠬᠦᠴᠦᠯᠡᠨ ᠠᠬᠢᠭᠤᠯᠵᠤ᠂ ᠰᠢᠨ᠎ᠡ ᠬᠥᠳᠡᠯᠭᠡᠬᠦ ᠬᠦᠴᠦᠨ ᠰᠢᠨ᠎ᠡ ᠳᠠᠪᠠᠭᠤᠯᠢᠭ᠋᠎ᠢ ᠲᠦᠷᠭᠡᠳᠬᠡᠨ ᠪᠤᠵᠠᠭᠠᠢᠷᠠᠭᠤᠯᠬᠤ ᠬᠡᠷᠡᠭᠲᠡᠢ ᠭᠡᠵᠤ ᠱᠠᠭᠠᠷᠳᠠᠪᠠ᠃
ᠤᠯᠤᠰ᠎ᠤᠨ ᠥᠮᠴᠢᠯᠡᠯ᠎ᠦᠨ ᠡᠳ᠋ ᠬᠥᠷᠥᠩᠭᠡ ᠤᠯᠤᠰ᠎ᠤᠨ ᠥᠮᠴᠢᠯᠡᠯ᠎ᠦᠨ ᠠᠵᠤ ᠠᠬᠤᠢᠯᠠᠯ᠎ᠤᠨ ᠥᠭᠡᠷᠡᠴᠢᠯᠡᠯᠲᠡ᠎ᠶᠢ ᠴᠢᠨᠠᠭᠰᠢᠳᠠ ᠭᠦᠨᠵᠡᠭᠡᠢᠷᠡᠭᠦᠯᠬᠦ᠎ᠳᠦ ᠠᠩᠬᠠᠷᠤᠯ᠎ᠢᠶᠠᠨ ᠲᠥᠪᠯᠡᠷᠡᠭᠦᠯᠵᠦ᠂ ᠲᠦᠷᠦ᠎ᠶᠢᠨ ᠶᠠᠪᠤᠳᠠᠯ᠎ᠤᠨ ᠬᠣᠷᠢᠶ᠎ᠡ ᠵᠢᠨ ᠤᠯᠤᠰ᠎ᠤᠨ ᠥᠮᠴᠢᠯᠡᠯ᠎ᠦᠨ ᠡᠳ᠋ ᠬᠥᠷᠥᠩᠭᠡ᠎ᠶᠢᠨ ᠬᠢᠨᠠᠯᠲᠠ ᠬᠠᠮᠢᠶᠠᠷᠤᠯᠲᠠ᠎ᠶᠢᠨ ᠵᠥᠪᠯᠡᠯ᠎ᠡᠴᠡ ᠭᠣᠣᠯᠳᠠᠯᠭ᠎ᠠ᠎ᠶᠢ ᠨᠡᠩ ᠳᠤᠪᠤᠢᠯᠭᠠᠵᠤ᠂ ᠠᠰᠠᠭᠤᠳᠠᠯ᠎ᠤᠨ ᠤᠳᠤᠷᠢᠳᠤᠮᠵᠢ᠂ ᠬᠠᠮᠵᠢᠯᠴᠠᠨ ᠬᠤᠯᠪᠤᠭᠠᠯᠠᠬᠤ ᠵᠢ ᠴᠢᠨᠭᠭᠠᠷᠠᠭᠤᠯᠬᠤ ᠬᠡᠷᠡᠭᠳᠡᠢ᠃ ᠡᠭᠦᠨ᠎ᠦ ᠵᠡᠷᠭᠡ᠎ᠳᠦ᠂ ᠰᠢᠰᠲᠧᠮ᠎ᠤᠨ ᠴᠢᠨᠠᠷᠲᠠᠢ ᠠᠶᠤᠯ ᠲᠦᠭᠰᠢᠭᠦᠷᠢ ᠦᠯᠦ ᠡᠬᠦᠰᠬᠦ ᠬᠣᠷᠢᠭ᠎ᠠ ᠱᠤᠭᠤᠮ᠎ᠢ ᠪᠠᠲᠤ ᠰᠠᠬᠢᠵᠤ᠂ ᠠᠶᠤᠯ ᠲᠦᠭᠰᠢᠭᠦᠷᠢ᠎ᠶᠢᠨ ᠡᠬᠢ ᠡᠭᠦᠰᠦᠯ᠎ᠢ ᠡᠵᠡᠮᠳᠡᠬᠦ᠂ ᠶᠠᠪᠤᠴᠠ᠎ᠶᠢ ᠬᠢᠨᠠᠨ ᠡᠵᠡᠮᠳᠡᠬᠦ᠂ ᠦᠷ᠎ᠡ ᠳ᠋ᠦᠩ᠎ᠢ ᠬᠠᠮᠢᠶᠠᠷᠤᠨ ᠡᠵᠡᠮᠳᠡᠬᠦ᠎ᠶᠢ ᠴᠢᠩᠭᠠᠳᠬᠠᠵᠤ᠂ ᠨᠡᠪᠲᠡᠯᠬᠦ ᠮᠠᠶᠢᠭ᠋᠎ᠤᠨ ᠬᠢᠨᠠᠯᠲᠠ ᠬᠠᠮᠢᠶᠠᠷᠤᠯᠲᠠ᠎ᠶᠢᠨ ᠲᠠᠪᠴᠠᠩ᠎ᠢ ᠴᠢᠨᠠᠭᠰᠢᠳᠠ ᠰᠠᠢᠲᠤᠷ ᠪᠠᠢᠭᠤᠯᠤᠨ ᠰᠠᠢᠲᠤᠷ ᠬᠡᠷᠡᠭᠯᠡᠵᠦ᠂ ᠠᠶᠤᠯ ᠲᠦᠭᠰᠢᠭᠦᠷᠢ᠎ᠶᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠲᠣᠭᠲᠡᠴᠡ᠎ᠶᠢ ᠦᠷᠭᠦᠯᠵᠢᠯᠡᠨ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠠᠵᠤ ᠠᠬᠤᠢᠯᠠᠯ᠎ᠤᠨ ᠠᠶᠤᠯᠭᠦᠢ ᠦᠢᠯᠡᠳᠪᠦᠷᠢᠯᠡᠯ᠎ᠦᠨ ᠭᠣᠣᠯ ᠴᠣᠭᠴᠠ᠎ᠶᠢᠨ ᠬᠠᠷᠢᠭᠤᠴᠠᠯᠭ᠎ᠠ᠎ᠶᠢ ᠴᠢᠩᠭ᠎ᠠ ᠪᠣᠳᠠᠲᠠᠢᠵᠢᠭᠤᠯᠬᠤ ᠬᠡᠷᠡᠭᠲᠡᠢ ᠭᠡᠵᠦ ᠲᠤᠳᠤᠷᠬᠠᠢᠯᠠᠵᠠᠢ᠃
(ᠰᠢᠨᠬᠤᠸᠠ ᠬᠣᠷᠢᠶ᠎ᠡ ᠵᠢᠨ ᠪᠡᠭᠡᠵᠢᠩ᠎ᠦᠨ 4 ᠰᠠᠷ᠎ᠠ᠎ᠶᠢᠨ 20᠎ᠤ᠋ ᠴᠠᠬᠢᠯᠭᠠᠨ ᠮᠡᠳᠡᠭᠡ)