《ᠦᠵᠡᠰᠭᠦᠯᠡᠩᠲᠦ ᠰᠠᠢᠬᠠᠨ ᠮᠢᠨᠦ᠍ ᠨᠤᠲᠤᠭ》᠂ 《ᠲᠦᠷᠪᠡᠨ ᠨᠠᠰᠤᠳᠠᠢ ᠬᠠᠯᠢᠭᠤᠨ》 ᠵᠡᠷᠬᠡ ᠰᠤᠩᠭᠤᠳᠠᠭ ᠳᠠᠭᠤᠤ ᠶ᠋ᠢᠨ ᠢᠷᠠᠭᠤ ᠰᠠᠢᠬᠠᠨ ᠠᠶᠠᠯᠭᠤ ᠦᠪᠦᠷ ᠮᠤᠨᠭᠭᠤᠯ ᠤ᠋ᠨ ᠤᠯᠠᠨ ᠤᠯᠤᠰ ᠤ᠋ᠨ ᠬᠤᠷᠠᠯ ᠦᠵᠡᠰᠬᠦᠯᠡᠩ ᠤ᠋ᠨ ᠲᠦᠪ ᠲᠦ᠍ ᠴᠤᠤᠷᠢᠶᠠᠳᠤᠨ᠎ᠠ᠃ 4 ᠰᠠᠷ᠎ᠠ ᠶ᠋ᠢᠨ 21 ᠤ᠋ ᠡᠳᠦᠷ᠂ ᠳᠤᠮᠳᠠᠳᠤ ᠤᠯᠤᠰ ᠤ᠋ᠨ ᠲᠣᠭ᠍ᠯᠠᠯᠲᠠ ᠶ᠋ᠢᠨ ᠠᠵᠢᠯ ᠲᠥᠷᠥᠯ ᠤ᠋ᠨ ᠨᠡᠢᠭᠡᠮᠯᠢᠭ ᠡᠴᠡ ᠭᠤᠤᠯᠯᠠᠨ ᠡᠷᠭᠢᠯᠡᠵᠦ᠍᠂ ᠬᠥᠬᠡᠬᠣᠲᠠ ᠶ᠋ᠢᠨ ᠰᠣᠶᠣᠯ ᠵᠢᠭᠤᠯᠴᠢᠯᠠᠯ ᠤ᠋ᠨ ᠪᠠᠯᠠ ᠣᠷᠣᠭᠤᠯᠤᠯᠲᠠ ᠶ᠋ᠢᠨ ᠪᠦᠯᠦᠭ᠌ᠯᠡᠯᠺᠣᠮᠫᠠᠨᠢ ᠪᠣᠯᠤᠨ ᠥᠪᠥᠷ ᠮᠣᠩᠭᠣᠯ ᠤ᠋ᠨ ᠲᠣᠭ᠍ᠯᠠᠯᠲᠠ ᠵᠤᠭ᠎ᠠ ᠴᠡᠩᠭᠡᠯ ᠤ᠋ᠨ ᠠᠵᠢᠯ ᠲᠥᠷᠥᠯ ᠤ᠋ᠨ ᠨᠡᠢᠭᠡᠮᠯᠢᠭ ᠡᠴᠡ ᠳᠠᠭᠠᠭᠠᠴᠢᠯᠠᠨ ᠡᠷᠭᠢᠯᠡᠭ᠌ᠰᠡᠨ 《ᠳᠠᠪᠠᠭᠤᠯᠢᠭ ᠢ᠋ᠶ᠋ᠡᠨ ᠨᠢᠭᠡᠳᠬᠡᠨ ᠬᠦᠴᠦᠨ ᠢ᠋ᠶ᠋ᠡᠨ ᠬᠤᠷᠠᠮᠳᠤᠭᠤᠯᠵᠤ᠂ ᠰᠢᠨ᠎ᠠ ᠵᠢ ᠲᠦᠪᠯᠡᠷᠡᠬᠦᠯᠦᠨ ᠳᠠᠯᠳᠠ ᠬᠦᠴᠦᠨ ᠢ᠋ ᠠᠭᠤᠳᠠᠯᠵᠦ᠂ ᠰᠢᠨ᠎ᠠ ᠨᠡᠮᠡᠭᠳᠡᠯ ᠢ᠋ ᠳᠠᠢᠴᠢᠯᠠᠬᠤ》 ᠪᠡᠷ ᠭᠤᠤᠯ ᠰᠡᠳᠦᠪ ᠪᠤᠯᠭᠠᠭᠰᠠᠨ 2026 ᠳᠤᠮᠳᠠᠳᠤ ᠤᠯᠤᠰ (ᠬᠥᠬᠡᠬᠣᠲᠠ) ᠤ᠋ᠨ ᠲᠣᠭ᠍ᠯᠠᠯᠲᠠ ᠶ᠋ᠢᠨ ᠠᠷᠠᠯᠵᠢᠶᠠᠨ ᠤ᠋ ᠴᠤᠭ᠍ᠯᠠᠭᠠᠨ ᠬᠦᠬᠡᠬᠤᠳᠠ ᠳ᠋ᠦ ᠡᠬᠢᠯᠡᠪᠡ᠃
ᠡᠬᠢᠯᠡᠯᠳᠡ ᠶ᠋ᠢᠨ ᠶᠤᠰᠤᠯᠠᠯ ᠳ᠋ᠦ ᠪᠥᠬᠥ᠌ ᠤᠯᠤᠰ ᠤ᠋ᠨ ᠡᠯ᠎ᠡ ᠭᠠᠵᠠᠷ ᠤ᠋ᠨ ᠵᠦᠴᠦᠭᠡ ᠶ᠋ᠢᠨ ᠲᠢᠶᠠᠲ᠋ᠷ᠂ ᠤᠷᠠᠨ ᠰᠠᠢᠬᠠᠨ ᠤ᠋ ᠲᠣᠭ᠍ᠯᠠᠯᠲᠠ ᠶ᠋ᠢᠨ ᠪᠦᠯᠬᠦᠮ᠂ ᠲᠣᠭ᠍ᠯᠠᠯᠲᠠ ᠶ᠋ᠢᠨ ᠵᠠᠭᠤᠴᠢᠯᠠᠭᠴᠢ᠂ ᠲᠠᠢᠰᠠᠨ ᠤ᠋ ᠪᠥᠵᠢᠭ ᠤᠷᠠᠯᠢᠭ ᠤ᠋ᠨ ᠠᠵᠤ ᠠᠬᠤᠢᠯᠠᠯ᠂ ᠲᠣᠭ᠍ᠯᠠᠯᠲᠠ ᠶ᠋ᠢᠨ ᠦᠶ᠋ᠯᠡᠴᠢᠯᠡᠭᠡᠨ ᠤ᠋ ᠬᠠᠩᠭᠠᠯᠭ᠎ᠠ ᠶ᠋ᠢᠨ ᠬᠤᠳᠠᠯᠳᠤᠭᠠᠴᠢᠨ ᠤ᠋ ᠲᠥᠯᠥᠭᠡᠯᠡᠭ᠌ᠴᠢ ᠵᠢᠴᠢ ᠮᠥᠩᠭᠥᠨ ᠭᠦᠶ᠋ᠯᠭᠡᠭᠡᠨ ᠤ᠋ ᠪᠠᠯᠠ ᠣᠷᠣᠭᠤᠯᠤᠯᠲᠠ ᠶ᠋ᠢᠨ ᠪᠠᠢᠭᠤᠯᠤᠮᠵᠢ᠂ ᠬᠤᠳᠠᠯᠳᠤᠭᠠᠨ ᠤ᠋ ᠶᠡᠷᠦᠩᠬᠡᠢᠯᠡᠭ᠌ᠰᠡᠨ ᠴᠣᠭ᠍ᠴᠠ᠂ ᠦᠵᠡᠮᠵᠢ ᠶ᠋ᠢᠨ ᠣᠷᠣᠨ ᠵᠡᠭᠡᠯᠢ ᠲᠣᠭᠣᠷᠢᠭ ᠵᠡᠷᠭᠡ ᠵᠢ ᠪᠠᠭ᠍ᠲᠠᠭᠠᠭ᠍ᠰᠠᠨ 《ᠲᠣᠭ᠍ᠯᠠᠯᠲᠠ +》 ᠬᠦᠷᠢᠶ᠎ᠡ ᠴᠠᠷᠠᠭ᠎ᠠ ᠠᠯᠤᠰᠯᠠᠭ᠍ᠰᠠᠨ ᠬᠠᠮᠲᠤᠷᠠᠯᠴᠠᠭᠠᠨ ᠤ᠋ ᠲᠥᠯᠥᠭᠡᠯᠡᠭ᠌ᠴᠢ᠂ ᠲᠤᠰᠭᠠᠶ ᠮᠡᠷᠭᠡᠵᠢᠯᠲᠡᠨ ᠡᠷᠳᠡᠮᠲᠡᠨ ᠪᠠ ᠠᠵᠢᠯ ᠲᠥᠷᠥᠯ ᠤ᠋ᠨ ᠵᠠᠭᠤᠴᠢᠯᠠᠭᠤᠷ ᠤ᠋ᠨ ᠬᠢᠨ ᠬᠤᠷᠠᠯ ᠳ᠋ᠤ ᠣᠷᠣᠯᠴᠠᠪᠠ᠃ ᠡᠬᠢᠯᠡᠯᠲᠡ ᠶ᠋ᠢᠨ ᠶᠣᠰᠣᠯᠠᠯ ᠤ᠋ᠨ ᠳᠠᠷᠠᠭ᠎ᠠ ᠭᠤᠤᠯ ᠰᠡᠳᠦᠪᠳᠦ ᠶᠠᠷᠢᠶᠠᠨ ᠤ᠋ ᠲᠠᠪᠴᠠᠩ ᠢ᠋ ᠡᠷᠬᠢᠯᠡᠨ᠂ ᠤᠷᠤᠢ ᠨᠢ ᠡᠬᠢᠯᠡᠯᠲᠡ ᠶ᠋ᠢᠨ ᠲᠣᠭ᠍ᠯᠠᠯᠲᠠ 《ᠵᠤᠤ ᠵᠢᠶᠦ᠋ᠨ》 ᠢ᠋ ᠰᠤᠨᠢᠷᠬᠠᠭᠤᠯᠵᠦ᠂ ᠬᠤᠷᠠᠭᠰᠠᠨ ᠪᠦᠬᠦᠨ ᠳ᠋ᠦ ᠦᠪᠦᠷ ᠮᠤᠨᠭᠭᠤᠯ ᠤ᠋ᠨ ᠲᠤᠭᠯᠠᠯᠳᠠ ᠶ᠋ᠢᠨ ᠤᠷᠠᠯᠢᠭ ᠤ᠋ᠨ ᠤᠨᠴᠠᠯᠢᠭ ᠰᠢᠨᠵᠢ ᠵᠢ ᠬᠠᠷᠠᠭᠤᠯᠵᠠᠢ᠃ 《2026 ᠳᠤᠮᠳᠠᠳᠤ ᠤᠯᠤᠰ (ᠬᠥᠬᠡᠬᠣᠲᠠ) ᠤ᠋ᠨ ᠲᠣᠭ᠍ᠯᠠᠯᠲᠠ ᠶ᠋ᠢᠨ ᠠᠷᠠᠯᠵᠢᠶᠠᠨ ᠤ᠋ ᠴᠤᠭ᠍ᠯᠠᠭᠠᠨ ᠢ᠋ ᠠᠩᠬ᠎ᠠ ᠤᠳᠠᠭ᠎ᠠ ᠥᠪᠥᠷ ᠮᠣᠩᠭᠣᠯ ᠳ᠋ᠤ ᠡᠷᠬᠢᠯᠡᠨ ᠶᠠᠪᠤᠭᠳᠠᠭᠤᠯᠵᠦ᠂ ᠡᠮᠦᠨᠡᠲᠦ ᠤᠮᠠᠷᠠᠲᠤ ᠶ᠋ᠢᠨ ᠲᠣᠭ᠍ᠯᠠᠯᠲᠠ ᠶ᠋ᠢᠨ ᠡᠬᠢ ᠪᠠᠶᠠᠯᠢᠭ ᠤ᠋ᠨ ᠶᠡᠬᠡ ᠠᠭᠤᠰᠤᠯᠴᠠᠯᠤ᠋ᠨ ᠴᠢᠬᠤᠯᠠ ᠠᠴᠢ ᠬᠤᠯᠪᠤᠭᠳᠠᠯ ᠢ᠋ ᠦᠵᠡᠬᠦᠯᠵᠦ᠂ ᠠᠩᠬ᠎ᠠ ᠤᠳᠠᠭ᠎ᠠ ᠬᠡᠷᠡᠯᠳᠦᠬᠦᠯᠬᠡ ᠶ᠋ᠢᠨ ᠮᠡᠷᠭᠡᠵᠢᠯ ᠤ᠋ᠨ ᠤᠷᠤᠯᠳᠤᠭᠠᠨ᠂ ᠲᠠᠭᠤ ᠳᠠᠭᠠᠷᠠᠭᠤᠯᠤᠭᠴᠢ ᠶ᠋ᠢᠨ ᠤᠷ᠎ᠠ ᠴᠢᠳᠠᠪᠤᠷᠢ ᠶ᠋ᠢᠨ ᠤᠷᠤᠯᠳᠤᠭᠠᠨ᠂ ᠲᠤᠭᠯᠠᠯᠳᠠ ᠶ᠋ᠢᠨ ᠬᠤᠪᠴᠠᠰᠤ ᠵᠠᠰᠠᠯ ᠤ᠋ᠨ ᠦᠵᠡᠬᠦᠯᠬᠡ ᠲᠤᠬᠢᠷᠠᠭᠤᠯᠤᠭᠰᠠᠨ ᠢ᠋ᠶ᠋ᠡᠷ ᠮᠠᠰᠢ ᠤᠨᠴᠠᠯᠢᠭ ᠲᠠᠢ ᠪᠤᠯᠵᠦ᠂ ᠲᠤᠭᠯᠠᠯᠳᠠ ᠶ᠋ᠢᠨ ᠠᠵᠢᠯ ᠲᠦᠷᠦᠯ ᠪᠤᠯᠤᠨ ᠲᠤᠭᠯᠠᠯᠳᠠ ᠶ᠋ᠢᠨ ᠠᠵᠤ ᠦᠢᠯᠡᠰ ᠲᠦ᠍ ᠮᠠᠰᠢ ᠴᠢᠬᠤᠯᠠ ᠦᠢᠯᠡᠳᠦᠯ ᠦᠵᠡᠬᠦᠯᠬᠦ ᠪᠤᠯᠤᠨ᠎ᠠ》 ᠭᠡᠵᠦ ᠲᠤᠮᠳᠠᠳᠦ ᠤᠯᠤᠰ ᠤ᠋ᠨ ᠲᠤᠭᠯᠠᠯᠳᠠ ᠶ᠋ᠢᠨ ᠠᠵᠢᠯ ᠲᠦᠷᠦᠯ ᠤ᠋ᠨ ᠨᠡᠢᠭᠡᠮᠯᠢᠭ ᠤ᠋ᠨ ᠨᠠᠷᠢᠨ ᠪᠢᠴᠢᠭ ᠤ᠋ᠨ ᠳᠠᠷᠤᠭ᠎ᠠ ᠫᠠᠨ ᠶᠠᠨ ᠳᠠᠨᠢᠯᠴᠠᠭᠤᠯᠤᠨ᠎ᠠ᠃
ᠲᠣᠰ ᠤᠳᠠᠭ᠎ᠠ ᠵᠢᠨ ᠠᠷᠠᠯᠵᠢᠶᠠᠨ ᠤ᠋ ᠴᠤᠭ᠍ᠯᠠᠭᠠᠨ ᠤ᠋ ᠦᠵᠡᠭᠦᠯᠭᠡ ᠶ᠋ᠢᠨ ᠲᠢᠩᠬᠢᠮ ᠳ᠋ᠦ 600 ᠭᠠᠷᠤᠶ ᠦᠵᠡᠭᠦᠯᠭᠡ ᠶ᠋ᠢᠨ ᠪᠠᠢᠷᠢ ᠲᠣᠬᠢᠷᠠᠭᠤᠯᠵᠤ᠂ ᠪᠥᠬᠥ᠌ ᠤᠯᠤᠰ ᠤ᠋ᠨ ᠡᠯ᠎ᠡ ᠭᠠᠵᠠᠷ ᠤ᠋ᠨ ᠤᠳᠭ᠎ᠠ ᠤᠷᠠᠯᠢᠭ ᠤ᠋ᠨ ᠬᠦᠷᠢᠶᠡᠯᠡᠩ ᠪᠦᠯᠬᠦᠮ᠂ ᠲᠤᠭᠯᠠᠯᠳᠠ ᠶ᠋ᠢᠨ ᠪᠠᠢᠭᠤᠯᠤᠮᠵᠢ᠂ ᠵᠠᠭᠤᠴᠢᠯᠠᠭᠤᠷ ᠺᠣᠮᠫᠠᠨᠢ᠂ ᠰᠣᠳᠣᠨ ᠲᠤᠭᠯᠠᠯᠳᠠ᠂ ᠰᠢᠨ᠎ᠠ ᠰᠤᠳᠤᠨ ᠪᠦᠳᠦᠭᠡᠯ ᠪᠠ ᠳᠠᠯᠳᠠ ᠬᠦᠴᠦᠨ ᠲᠠᠢ ᠱᠢᠨ᠎ᠡ ᠪᠦᠲᠦᠭᠡᠯᠤᠳ ᠴᠤᠭᠯᠠᠭᠠᠨ ᠳ᠋ᠦ ᠣᠷᠣᠯᠴᠠᠵᠦ᠂ ᠬᠤᠰᠢᠭᠤᠷᠠᠯ ᠲᠠᠢᠰᠠᠨ ᠤ᠋ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠂ ᠤᠶᠤᠨᠲᠤ ᠳᠠᠢᠰᠠᠨ ᠤ᠋ ᠤᠷᠠᠯᠠᠯ ᠵᠡᠷᠭᠡ ᠬᠠᠮᠤᠭ ᠤ᠋ᠨ ᠱᠢᠨ᠎ᠡ ᠮᠡᠷᠭᠡᠵᠢᠯ ᠤ᠋ᠨ ᠦᠷ᠎ᠡ ᠪᠦᠲᠦᠭᠡᠯ ᠢ᠋ ᠳᠡᠯᠭᠡᠨ ᠦᠵᠡᠭᠦᠯᠵᠦ᠍᠂ ᠵᠣᠬᠢᠶᠠᠮᠠᠯ ᠣᠶᠤᠨ ᠴᠢᠳᠠᠪᠤᠷᠢ᠂ ᠮᠠᠱᠢᠨ ᠬᠥᠮᠦᠨ ᠪᠠ ᠲᠣᠭ᠍ᠯᠠᠯᠲᠠ ᠶ᠋ᠢᠨ ᠠᠭᠤᠯᠭ᠎ᠠ ᠵᠢ ᠤᠶᠠᠯᠳᠤᠭᠤᠯᠤᠭ᠍ᠰᠠᠨ ᠦᠵᠡᠬᠦᠯᠬᠡ ᠤᠯᠠᠨ ᠤ᠋ ᠠᠩᠬᠠᠷᠤᠯ ᠢ᠋ ᠳᠠᠳᠠᠵᠠᠢ᠃ ᠡᠭᠦᠨ ᠡᠴᠡ ᠭᠠᠳᠠᠨ᠎ᠠ᠂ ᠲᠣᠭ᠍ᠯᠠᠯᠲᠠ ᠶ᠋ᠢᠨ ᠪᠢᠯᠧᠲ ᠤ᠋ᠨ ᠦᠶ᠋ᠯᠡᠴᠢᠯᠡᠭᠡ᠂ ᠲᠣᠭ᠍ᠯᠠᠯᠲᠠ ᠶ᠋ᠢᠨ ᠲᠥᠬᠥᠭᠡᠷᠦᠮᠵᠢ ᠶ᠋ᠢᠨ ᠦᠢᠯᠡᠴᠢᠯᠡᠬᠡ᠂ ᠲᠣᠭ᠍ᠯᠠᠯᠲᠠ ᠶ᠋ᠢᠨ ᠬᠤᠪᠴᠠᠰᠤ ᠵᠠᠰᠠᠯ᠂ ᠲᠣᠭ᠍ᠯᠠᠯᠲᠠ ᠶ᠋ᠢᠨ ᠡᠵᠡᠩᠨᠡᠯᠲᠡ ᠶ᠋ᠢᠨ ᠦᠶ᠋ᠯᠡᠴᠢᠯᠡᠭᠡ ᠵᠡᠷᠭᠡ ᠲᠣᠭ᠍ᠯᠠᠯᠲᠠ ᠶ᠋ᠢᠨ ᠠᠵᠤ ᠦᠶ᠋ᠯᠡᠰ ᠤ᠋ᠨ ᠬᠡᠯᠬᠢᠶ᠎ᠡ ᠶ᠋ᠢᠨ ᠡᠯ᠎ᠡ ᠭᠣᠭ᠍ᠴᠣᠭᠠ ᠵᠢ ᠬᠠᠮᠤᠷᠤᠭ᠍ᠰᠠᠨ ᠱᠢᠯᠢᠳᠡᠭ ᠠᠵᠤ ᠠᠬᠤᠢᠯᠠᠯᠴᠥᠮ ᠦᠵᠡᠭᠦᠯᠭᠡ ᠭᠠᠷᠭᠠᠨ᠂ ᠡᠬᠢ ᠪᠠᠶᠠᠯᠢᠭ ᠢ᠋ ᠵᠣᠯᠭᠠᠭᠤᠯᠬᠤ ᠠᠵᠢᠯᠯᠠᠭ᠎ᠠ ᠳ᠋ᠦ ᠤᠷᠤᠯᠴᠠᠬᠤ ᠪᠤᠯᠤᠨ᠎ᠠ᠃ ᠲᠣᠰ ᠤᠳᠠᠭ᠎ᠠ ᠵᠢᠨ ᠠᠷᠠᠯᠵᠢᠶᠠᠨ ᠤ᠋ ᠴᠤᠭ᠍ᠯᠠᠭᠠᠨ ᠳ᠋ᠤ ᠭᠤᠤᠯ ᠶᠠᠷᠢᠶᠠᠨ ᠤ᠋ ᠲᠠᠪᠴᠠᠩ᠂ ᠪᠥᠬᠥ᠌ ᠤᠯᠤᠰ ᠤ᠋ᠨ ᠲᠢᠶᠠᠲ᠋ᠷ ᠤ᠋ᠨ ᠶᠡᠬᠡ ᠬᠤᠷᠠᠯ᠂ ᠲᠠᠢᠰᠠᠨ ᠤ᠋ ᠤᠷᠠᠯᠢᠭ ᠤ᠋ᠨ ᠵᠣᠬᠢᠶᠠᠨ ᠪᠦᠲᠦᠭᠡᠯᠭᠡ ᠬᠢᠭᠡᠳ ᠵᠠᠬ᠎ᠠ ᠳᠡᠯᠭᠡᠭᠦᠷ ᠤ᠋ᠨ ᠲᠤᠰᠭᠠᠶ ᠰᠡᠳᠦᠪᠲᠦ ᠶᠠᠷᠢᠶᠠᠨ ᠤ᠋ ᠲᠠᠪᠴᠠᠩ᠂ ᠲᠤᠬᠠᠶ ᠶ᠋ᠢᠨ ᠲᠠᠯᠠᠪᠠᠶ ᠶ᠋ᠢᠨ ᠳᠠᠭᠤᠤ ᠬᠥᠭ᠌ᠵᠢᠮ ᠤ᠋ᠨ ᠵᠠᠬ᠎ᠠ ᠳᠡᠯᠭᠡᠭᠦᠷ ᠤ᠋ᠨ ᠲᠤᠰᠭᠠᠶ ᠰᠡᠳᠦᠪᠲᠦ ᠶᠠᠷᠢᠶᠠᠨ ᠤ᠋ ᠲᠠᠪᠴᠠᠩ᠂ ᠲᠠᠢᠰᠠᠨ ᠤ᠋ ᠵᠠᠰᠠᠯ ᠤ᠋ᠨ ᠠᠵᠤ ᠠᠬᠤᠢᠯᠠᠯ ᠤ᠋ᠨ ᠶᠡᠬᠡ ᠬᠤᠷᠠᠯ ᠵᠡᠷᠭᠡ ᠣᠯᠠᠨ ᠠᠵᠢᠯᠯᠠᠭ᠎ᠠ ᠲᠤᠬᠢᠷᠠᠭᠤᠯᠵᠦ᠂ ᠲᠤᠭᠯᠠᠯᠳᠠ ᠶ᠋ᠢᠨ ᠠᠵᠢᠯ ᠲᠦᠷᠦᠯ ᠢ᠋ ᠪᠥᠬᠥ᠌ ᠲᠠᠯ᠎ᠠ ᠡᠴᠡ ᠰᠤᠳᠤᠯᠤᠨ᠂ ᠠᠰᠠᠭᠤᠳᠠᠯ ᠪᠠ ᠠᠷᠭ᠎ᠠ ᠵᠠᠮ ᠤ᠋ᠨ ᠲᠤᠬᠠᠢ ᠭᠦᠨᠵᠡᠭᠡᠶ ᠶᠠᠷᠢᠯᠴᠠᠬᠤ ᠪᠤᠯᠤᠨ᠎ᠠ᠃ ᠪᠠᠰᠠ ᠠᠵᠢᠯ ᠲᠥᠷᠥᠯ ᠤ᠋ᠨ ᠮᠡᠳᠡᠭᠦᠯᠦᠯᠲᠡ ᠵᠢ ᠨᠡᠢᠲᠡᠯᠡᠨ᠂ ᠠᠵᠢᠯ ᠲᠥᠷᠥᠯ ᠤ᠋ᠨ ᠪᠠᠢᠳᠠᠯ ᠢ᠋ ᠵᠠᠳᠠᠯᠤᠨ ᠱᠢᠨᠵᠢᠯᠡᠵᠤ᠂ 2025 ᠣᠨ ᠤ᠋ ᠪᠥᠬᠥ᠌ ᠤᠯᠤᠰ ᠤ᠋ᠨ ᠲᠣᠭ᠍ᠯᠠᠯᠲᠠ ᠶ᠋ᠢᠨ ᠵᠠᠬ᠎ᠠ ᠳᠡᠯᠭᠡᠭᠦᠷ ᠤ᠋ᠨ ᠡᠯ᠎ᠡ ᠭᠤᠤᠯ ᠪᠣᠯᠬᠤ ᠤᠷᠠᠯᠢᠭ ᠤ᠋ᠨ ᠲᠥᠷᠥᠯ ᠤ᠋ᠨ ᠵᠠᠬ᠎ᠠ ᠳᠡᠯᠭᠡᠭᠦᠷ ᠤ᠋ᠨ ᠬᠦᠢᠴᠡᠳᠬᠡᠯ ᠲᠣᠭ᠎ᠠ ᠪᠠ ᠪᠢᠯᠧᠲ ᠤ᠋ᠨ ᠣᠷᠣᠯᠭ᠎ᠠ ᠪᠡᠷ ᠬᠤᠰᠢᠭᠤᠷᠠᠵᠦ ᠪᠠᠢᠭ᠎ᠠ 10 ᠲᠥᠷᠥᠯ ᠵᠦᠶ᠋ᠯ ᠢ᠋ ᠨᠡᠢᠲᠡᠯᠡᠨᠠ᠃
ᠲᠤᠰ ᠤᠳᠠᠭ᠎ᠠ ᠵᠢᠨ ᠠᠷᠠᠯᠵᠢᠶᠠᠨ ᠤ᠋ ᠴᠤᠭ᠍ᠯᠠᠭᠠᠨ ᠳ᠋ᠤ ᠥᠪᠥᠷ ᠮᠣᠩᠭᠣᠯ ᠤ᠋ᠨ ᠲᠤᠰᠭᠠᠢ ᠰᠡᠳᠦᠪᠲᠦ ᠦᠵᠡᠭᠦᠯᠭᠡ ᠶ᠋ᠢᠨ ᠲᠣᠭᠣᠷᠢᠭ ᠪᠠᠢᠭᠤᠯᠵᠤ᠂ ᠦᠵᠡᠭᠦᠯᠭᠡ ᠶ᠋ᠢᠨ ᠲᠣᠭᠣᠷᠢᠭ᠂ ᠲᠤᠬᠠᠢ ᠶ᠋ᠢᠨ ᠲᠠᠯᠠᠪᠠᠢ ᠶ᠋ᠢᠨ ᠦᠵᠡᠭᠦᠯᠭᠡ ᠶ᠋ᠢᠨ ᠲᠣᠭᠣᠷᠢᠭ᠂ ᠬᠤᠳᠠᠯᠳᠤᠭᠠᠨ ᠤ᠋ ᠶᠠᠪᠤᠳᠠᠯ ᠤ᠋ᠨ ᠵᠥᠪᠳᠡᠯᠴᠡᠬᠡᠷ ᠤ᠋ᠨ ᠲᠣᠭᠣᠷᠢᠭ ᠵᠡᠷᠭᠡ 3 ᠶᠡᠬᠡ ᠴᠢᠳᠠᠮᠵᠢᠳᠤ ᠣᠷᠣᠨ ᠭᠠᠷᠭᠠᠵᠠᠢ᠃ ᠴᠤᠭᠯᠠᠭᠠᠨ ᠳ᠋ᠦ 200 ᠭᠠᠷᠤᠶ ᠵᠦᠶ᠋ᠯ ᠤ᠋ᠨ ᠱᠢᠯᠢᠳᠡᠭ ᠲᠣᠭ᠍ᠯᠠᠯᠲᠠ ᠶ᠋ᠢᠨ ᠲᠥᠷᠥᠯ ᠵᠦᠶ᠋ᠯ ᠤ᠋ᠨ ᠡᠬᠢ ᠪᠠᠶᠠᠯᠢᠭ ᠢ᠋ ᠳᠡᠯᠭᠡᠨ ᠦᠵᠡᠭᠦᠯᠵᠦ᠍᠂ ᠸᠢᠳᠢᠣ᠋᠂ ᠵᠢᠷᠤᠭ ᠪᠢᠴᠢᠭ ᠤ᠋ᠨ ᠮᠠᠲ᠋ᠧᠷᠢᠶᠠᠯ ᠂ ᠤᠬᠠᠭᠤᠯᠭ᠎ᠠ ᠶ᠋ᠢᠨ ᠵᠠᠷ᠂ ᠲᠣᠭᠠᠴᠢᠯᠠᠭ᠍ᠰᠠᠨ AI ᠮᠡᠷᠭᠡᠵᠢᠯ ᠵᠡᠷᠭᠡ ᠣᠯᠠᠨ ᠵᠦᠶ᠋ᠯ ᠤ᠋ᠨ ᠬᠡᠯᠪᠡᠷᠢ ᠪᠡᠷ ᠳᠠᠮᠵᠢᠨ ᠥᠪᠥᠷ ᠮᠣᠩᠭᠣᠯ ᠤ᠋ᠨ ᠱᠢᠯᠢᠳᠡᠭ ᠲᠣᠭ᠍ᠯᠠᠯᠲᠠ ᠶ᠋ᠢᠨ ᠦᠷ᠎ᠡ ᠪᠦᠲᠦᠭᠡᠯ ᠢ᠋ ᠲᠥᠪᠯᠡᠷᠡᠭᠦᠯᠦᠨ ᠳᠡᠯᠭᠡᠨ ᠦᠵᠡᠭᠦᠯᠵᠦ᠍᠂ ᠥᠪᠥᠷ ᠮᠣᠩᠭᠣᠯ ᠤ᠋ᠨ ᠡᠯᠪᠡᠭ ᠪᠠᠶᠠᠯᠢᠭ ᠰᠣᠶᠣᠯ ᠤ᠋ᠨ ᠠᠭᠤᠯᠤᠭ᠍ᠳᠠᠬᠤᠨ ᠪᠠ ᠥᠪᠡᠷᠮᠢᠴᠡ ᠰᠣᠶᠣᠯ ᠢᠷᠭᠡᠨᠱᠢᠯ ᠤ᠋ᠨ ᠷᠢᠳᠢ ᠱᠢᠳᠢ ᠵᠢ ᠪᠥᠬᠥ᠌ ᠲᠠᠯᠠᠪᠠᠷ ᠳᠡᠯᠭᠡᠨ ᠦᠵᠡᠭᠦᠯᠵᠤ ᠪᠤᠢ᠃ ᠡᠭᠦᠨ ᠤ᠋ ᠬᠠᠮᠲᠤ᠂ ᠦᠵᠡᠰᠭᠦᠯᠡᠩ ᠤ᠋ᠨ ᠣᠷᠳᠣᠨ ᠤ᠋ ᠳᠣᠲᠣᠨ᠎ᠠ ᠭᠠᠳᠠᠨ᠎ᠠ ᠪᠠᠭ᠎ᠠ ᠬᠡᠯᠪᠡᠷᠢ ᠶ᠋ᠢᠨ ᠲᠣᠭ᠍ᠯᠠᠯᠲᠠ ᠶ᠋ᠢᠨ ᠲᠠᠪᠴᠠᠩ ᠪᠠᠢᠭᠤᠯᠤᠨ᠂ ᠥᠪᠥᠷ ᠮᠣᠩᠭᠣᠯ ᠤ᠋ᠨ ᠰᠣᠳᠣᠨ ᠮᠦᠷᠳᠡᠬᠡᠨ ᠪᠠᠭ᠎ᠠ ᠬᠡᠯᠪᠡᠷᠢ ᠶ᠋ᠢᠨ 28 ᠲᠤᠭᠯᠠᠯᠳᠠ ᠵᠢ ᠰᠤᠨᠢᠷᠬᠠᠭᠤᠯᠵᠦ᠂ ᠦᠷ᠎ᠡ ᠪᠦᠲᠦᠭᠡᠯ ᠤ᠋ᠨ ᠦᠵᠡᠭᠦᠯᠭᠡ᠂ ᠰᠣᠶᠣᠯ ᠤ᠋ᠨ ᠰᠣᠯᠢᠯᠴᠠᠭ᠎ᠠ ᠬᠢᠭᠡᠳ ᠠᠷᠠᠳ ᠲᠦ᠍ ᠠᠱᠢᠭ ᠬᠦᠷᠲᠡᠭᠡᠬᠦ᠌ ᠲᠣᠭ᠍ᠯᠠᠯᠲᠠ ᠶ᠋ᠢᠨ ᠣᠷᠭᠠᠨᠢᠭ ᠠᠭᠤᠰᠤᠯᠴᠠᠯ ᠢ᠋ ᠪᠡᠶᠡᠯᠡᠭᠦᠯᠪᠡ᠃
ᠤᠢᠯᠠᠭᠠᠭᠰᠠᠨ ᠵᠢᠡᠷ᠂ ᠳᠤᠮᠳᠠᠳᠤ ᠤᠯᠤᠰ ᠤ᠋ᠨ ᠲᠣᠭ᠍ᠯᠠᠯᠲᠠ ᠶ᠋ᠢᠨ ᠠᠷᠠᠯᠵᠢᠶᠠᠨ ᠤ᠋ ᠴᠤᠭ᠍ᠯᠠᠭᠠᠨ ᠪᠣᠯ 2001 ᠣᠨ ᠳ᠋ᠤ ᠳᠤᠮᠳᠠᠳᠤ ᠤᠯᠤᠰ ᠤ᠋ᠨ ᠲᠣᠭ᠍ᠯᠠᠯᠲᠠ ᠶ᠋ᠢᠨ ᠠᠵᠢᠯ ᠲᠥᠷᠥᠯ ᠤ᠋ᠨ ᠨᠡᠢᠭᠡᠮᠯᠢᠭ ᠡᠴᠡ ᠡᠭᠦᠰᠭᠡᠨ ᠡᠷᠭᠢᠯᠡᠭ᠌ᠰᠡᠨ ᠲᠦᠷᠦᠯ ᠲᠡᠮᠳᠡᠭᠳᠦ ᠠᠵᠢᠯᠯᠠᠭ᠎ᠠ ᠪᠠᠢᠵᠤ᠂ ᠵᠢᠯ ᠪᠦᠷᠢ ᠨᠢᠭᠡ ᠬᠣᠲᠠ ᠳ᠋ᠤ ᠡᠷᠬᠢᠯᠡᠨ ᠶᠠᠪᠤᠭᠳᠠᠭᠤᠯᠵᠤ᠂ ᠨᠢᠬᠡᠨᠳᠡ ᠲᠣᠭ᠍ᠯᠠᠯᠲᠠ ᠶ᠋ᠢᠨ ᠠᠵᠢᠯ ᠲᠥᠷᠥᠯ ᠤ᠋ᠨ ᠬᠡᠪᠴᠢᠶ᠎ᠡ ᠪᠡᠷ ᠬᠠᠮᠤᠭ ᠤ᠋ᠨ ᠶᠡᠬᠡ᠂ ᠣᠷᠣᠯᠴᠠᠭ᠍ᠰᠠᠨ ᠬᠥᠮᠦᠨ ᠤ᠋ ᠲᠣᠭ᠎ᠠ ᠪᠠᠷ ᠬᠠᠮᠤᠭ ᠤ᠋ᠨ ᠣᠯᠠᠨ ᠠᠷᠠᠯᠵᠢᠶ᠎ᠠ ᠰᠣᠯᠢᠯᠴᠠᠭᠠᠨ ᠤ᠋ ᠲᠤᠰᠭᠠᠶ ᠲᠠᠪᠴᠠᠩ ᠪᠣᠯᠵᠠᠢ᠃ 2026 ᠳᠤᠮᠳᠠᠳᠤ ᠤᠯᠤᠰ (ᠬᠥᠬᠡᠬᠣᠲᠠ) ᠤ᠋ᠨ ᠲᠣᠭ᠍ᠯᠠᠯᠲᠠ ᠶ᠋ᠢᠨ ᠠᠷᠠᠯᠵᠢᠶᠠᠨ ᠤ᠋ ᠴᠤᠭ᠍ᠯᠠᠭᠠᠨ 4 ᠰᠠᠷ᠎ᠠ ᠶ᠋ᠢᠨ 24 ᠪᠤᠯᠳᠠᠯ᠎ᠠ ᠶᠠᠪᠤᠭᠳᠠᠨ᠎ᠠ᠃