ᠯᠢᠶᠣᠤᠨᠢᠩ ᠥᠪᠥᠷ ᠮᠣᠩᠭᠤᠯ᠎ᠤᠨ ᠲᠡᠮᠦᠷ ᠵᠠᠮ ᠳᠠᠯᠠᠢ ᠲᠠᠩᠬᠢᠰ᠎ᠤᠨ ᠬᠠᠮᠲᠤᠷᠠᠭᠰᠠᠠ ᠲᠡᠭᠡᠭᠡᠪᠦᠷᠢ᠎ᠵᠢᠨ ᠤᠯᠠᠭᠠᠨᠬᠠᠳᠠ᠎ᠳᠡᠬᠢ ᠣᠯᠠᠨ ᠤᠯᠤᠰ᠎ᠤᠨ ᠬᠠᠭᠤᠷᠠᠶ ᠭᠠᠷᠠᠮ ᠪᠠᠢᠭᠤᠯᠤᠭᠳᠠᠵᠠᠢ
2026-04-22 15:41:19
ᠵᠣᠬᠢᠶᠠᠭ᠍ᠴᠢ᠄
ᠸᠠᠩ ᠲᠠᠨ᠎ᠠ
ᠣᠩᠱᠢᠭ᠍ᠰᠠᠨ ᠣᠳᠠᠭ᠎ᠠ᠄
★★★☆☆

ᠯᠢᠶᠣᠤᠨᠢᠩ ᠥᠪᠥᠷ ᠮᠣᠩᠭᠤᠯ᠎ᠤᠨ ᠲᠡᠮᠦᠷ ᠵᠠᠮ᠎ᠳᠠᠯᠠᠢ ᠲᠠᠩᠬᠢᠰ᠎ᠤᠨ ᠬᠠᠮᠲᠤᠷᠠᠭ᠍ᠰᠠᠨ ᠲᠡᠭᠡᠭᠡᠪᠦᠷᠢ ᠎ᠶ᠋ᠢᠨ ᠤᠯᠠᠭᠠᠨᠬᠠᠳᠠ ᠎ᠳᠡᠬᠢ ᠣᠯᠠᠨ ᠤᠯᠤᠰ ᠎ᠤᠨ ᠬᠠᠭᠤᠷᠠᠶ ᠭᠠᠷᠠᠮ ᠵᠢᠴᠢ ᠯᠢᠶᠣᠤᠨᠢᠩ᠎ᠭᠠᠷᠠᠮ ᠎ᠤᠨ ᠪᠦᠯᠦᠭ᠌ᠯᠡᠯ ᠎ᠤᠨ ᠤᠯᠠᠭᠠᠨᠬᠠᠳᠠ ᠎ᠳᠡᠬᠢ ᠬᠡᠷᠡᠭ᠌ᠯᠡᠭ᠌ᠴᠢᠳ᠎ᠤᠨ ᠦᠢᠯᠡᠴᠢᠯᠡᠭᠡᠨ᠎ᠤ ᠲᠥᠪ ᠡᠮᠦᠨᠡᠬᠡᠨ  ᠫᠠᠢᠰᠠᠨ ᠰᠡᠭᠦᠨ ᠪᠠᠢᠭᠤᠯᠤᠭᠳᠠᠵᠠᠢ᠃ ᠡᠨᠡ ᠪᠣᠯ ᠯᠢᠶᠣᠤᠨᠢᠩ ᠭᠠᠷᠠᠮ᠎ᠤᠨ ᠪᠦᠯᠦᠭ᠌ᠯᠡᠯ᠎ᠤᠨ ᠦᠢᠯᠡᠴᠢᠯᠡᠭᠡᠨ᠎ᠤ ᠲᠣᠣᠷ ᠥᠪᠥᠷ ᠮᠣᠩᠭᠤᠯ᠎ᠤᠨ ᠵᠡᠭᠦᠨ ᠬᠡᠰᠡᠭ ᠲᠡᠢᠰᠢ ᠲᠡᠯᠡᠭᠰᠡᠨ ᠪᠠᠢᠯᠳᠤᠬᠤ ᠪᠤᠳᠤᠯᠭ᠎ᠠ᠎ᠶ᠋ᠢᠨ ᠪᠠᠢᠷᠢᠱᠢᠭᠤᠯᠤᠯᠲᠠ ᠪᠣᠯᠬᠤ ᠪᠥᠭᠡᠳ ᠪᠠᠰᠠ ᠴᠤ᠌ ᠤᠯᠠᠭᠠᠨᠬᠠᠳᠠ᠎ᠶ᠋ᠢᠨ ᠡᠬᠡ ᠬᠠᠭᠤᠷᠠᠢ ᠳᠠᠯᠠᠢ ᠲᠠᠩᠭᠢᠰ᠎ᠢ ᠬᠤᠯᠪᠣᠭᠠᠯᠠᠨ ᠨᠡᠭᠡᠭᠡᠬᠦ᠌ ᠱᠢᠨ᠎ᠡ ᠪᠠᠢᠷᠢᠱᠢᠯ᠎ᠢ ᠪᠦᠷᠢᠯᠳᠦᠭᠦᠯᠬᠦ ᠪᠡᠯᠭᠡ ᠲᠡᠮᠳᠡᠭ ᠎ᠤᠨ ᠴᠢᠨᠠᠷᠲᠠᠢ ᠦᠷ᠎ᠡ ᠪᠦᠲᠦᠭᠡᠯ ᠪᠣᠯᠤᠨ᠎ᠠ᠃

ᠪᠠᠢᠭᠤᠯᠤᠭᠳᠠᠬᠤ ᠬᠤᠷᠠᠯ ᠳᠡᠭᠡᠷ᠎ᠡ᠂ ᠯᠢᠶᠣᠤᠨᠢᠩ ᠭᠠᠷᠠᠮ᠎ᠤᠨ ᠪᠦᠯᠦᠭ᠌ᠯᠡᠯ᠂ ᠳᠤᠮᠳᠠᠳᠤ ᠤᠯᠤᠰ᠎ᠤᠨ ᠲᠡᠮᠦᠷ ᠵᠠᠮ᠎ᠤᠨ ᠮᠦᠭ᠌ᠳᠡᠨ᠎ᠤ ᠲᠣᠪᠴᠢᠶ᠎ᠠ᠂ ᠤᠯᠠᠭᠠᠨᠬᠠᠳᠠ ᠬᠤᠲᠠ᠎ᠶ᠋ᠢᠨ ᠠᠷᠠᠳ᠎ᠤᠨ ᠵᠠᠰᠠᠭ᠎ᠤᠨ ᠣᠷᠳᠣᠨ ᠵᠡᠷᠭᠡ ᠭᠤᠷᠪᠠᠨ ᠲᠠᠯ᠎ᠠ᠎ᠪᠠᠷ᠎ᠢᠶᠠᠨ ᠪᠠᠢᠯᠳᠤᠬᠤ ᠪᠣᠳᠣᠯᠭ᠎ᠠ᠎ᠶ᠋ᠢᠨ ᠬᠠᠮᠲᠤᠷᠠᠯᠴᠠᠭᠠᠨ᠎ᠤ ᠰᠠᠨᠠᠮᠵᠢ᠎ᠶ᠋ᠢᠨ ᠪᠢᠴᠢᠭ᠎ᠲᠤ ᠭᠠᠷ ᠎ᠤᠨ ᠥᠰᠥᠭ ᠵᠢᠷᠤᠪᠠ᠃ ᠭᠤᠷᠪᠠᠨ ᠲᠠᠯ᠎ᠠ᠎ᠪᠠᠷ᠎ᠢᠶᠠᠨ ᠬᠠᠮᠵᠢᠯᠴᠠᠭ᠎ᠠ᠎ᠪᠠᠨ ᠭᠦᠨᠵᠡᠭᠡᠢᠷᠡᠭᠦᠯᠵᠦ᠍᠂ ᠲᠡᠮᠦᠷ ᠵᠠᠮ ᠲᠡᠯᠡᠶ ᠲᠠᠩᠭᠢᠰ᠎ᠤᠨ ᠬᠠᠮᠲᠤᠷᠠᠭ᠍ᠰᠠᠨ ᠲᠡᠭᠡᠭᠡᠪᠦᠷᠢ᠎ᠶ᠋ᠢᠨ ᠵᠠᠮ᠎ᠢ ᠰᠠᠭᠠᠳ ᠥᠬᠡᠶ ᠨᠡᠪᠲᠡᠷᠡᠭᠦᠯᠵᠦ᠍᠂ ᠶᠡᠷᠦᠩᠬᠡᠢᠯᠡᠭ᠌ᠰᠡᠨ ᠦᠶ᠋ᠯᠡᠴᠢᠯᠡᠭᠡᠨ᠎ᠤ ᠬᠢᠷᠢ ᠲᠦᠪᠱᠢᠨ᠎ᠢ ᠳᠡᠭᠡᠭ᠌ᠰᠢᠯᠡᠭᠦᠯᠦᠨ᠂ ᠪᠠᠷᠠᠭᠠᠨ᠎ᠤ ᠭᠦᠶ᠋ᠯᠭᠡᠭᠡ ᠬᠢᠭᠡᠳ ᠠᠵᠤ ᠦᠶ᠋ᠯᠡᠰ᠎ᠤᠨ ᠬᠤᠯᠪᠣᠭᠠᠯᠠᠨ ᠬᠥᠳᠡᠯᠦᠯᠴᠡᠬᠦ᠌᠎ᠶ᠋ᠢ ᠠᠬᠢᠭᠤᠯᠵᠤ᠂《ᠳᠣᠲᠣᠭᠠᠳᠤ ᠬᠠᠭᠤᠷᠠᠶ᠎ᠶ᠋ᠢᠨ ᠭᠠᠷᠠᠮ — ᠲᠡᠮᠦᠷ ᠵᠠᠮ᠎ᠤᠨ ᠲᠣᠤᠷ  — ᠭᠠᠷᠠᠮ᠎ᠤᠨ ᠰᠦᠷᠦᠭ᠌ᠵᠢᠯ 》 ᠢ᠋ ᠨᠢᠭᠡ ᠴᠣᠭ᠍ᠴᠠᠵᠢᠭᠤᠯᠤᠭ᠍ᠰᠠᠨ ᠶᠡᠷᠦᠩᠬᠡᠢᠯᠡᠭ᠌ᠰᠡᠨ ᠪᠠᠷᠠᠭᠠᠨ᠎ᠤ ᠭᠦᠶ᠋ᠯᠭᠡᠭᠡᠨ᠎ᠤ ᠱᠢᠰᠲ᠋ᠧᠮ ᠎ᠢ ᠬᠠᠮᠲᠤ᠎ᠪᠠᠷ ᠪᠠᠢᠭᠤᠯᠵᠤ᠂ ᠥᠪᠥᠷ ᠮᠣᠩᠭᠤᠯ᠎ᠤᠨ ᠵᠡᠭᠦᠨ ᠬᠡᠰᠡᠭ᠎ᠤᠨ ᠭᠠᠵᠠᠷ ᠣᠷᠣᠨ ᠎ᠤ ᠨᠡᠭᠡᠭᠡᠯᠲᠡᠲᠦ ᠪᠠᠷᠠᠭᠠᠨ᠎ᠤ ᠭᠦᠶ᠋ᠯᠭᠡᠭᠡᠨ᠎ᠤ ᠬᠦᠢᠰᠦ᠎ᠶ᠋ᠢ  ᠪᠠᠢᠭᠤᠯᠬᠤ ᠪᠤᠯᠤᠨ᠎ᠠ᠃

ᠣᠢᠷ᠎ᠠ᠎ᠶ᠋ᠢᠨ ᠵᠢᠯ ᠳ᠋ᠤ᠂ ᠤᠯᠠᠭᠠᠨᠬᠠᠳᠠ ᠬᠤᠲᠠ ᠤᠯᠤᠰ᠎ᠤᠨ ᠤᠮᠠᠷᠠᠰᠢ ᠨᠡᠭᠡᠭᠡᠯᠲᠡ ᠬᠢᠬᠦ᠌ ᠴᠢᠬᠤᠯᠠ ᠪᠠᠬᠢᠯᠡᠯᠲᠡ᠎ᠶ᠋ᠢ ᠪᠥᠲᠥᠭᠡᠨ ᠪᠠᠢᠭᠤᠯᠬᠤ ᠪᠠᠢᠯᠳᠤᠬᠤ ᠪᠣᠳᠣᠯᠭ᠎ᠠ᠎ᠶ᠋ᠢᠨ ᠪᠠᠢᠷᠢ ᠲᠣᠭ᠍ᠲᠠᠭᠠᠯᠲᠠ᠎ᠵᠢᠨ ᠲᠤᠭᠤᠷᠢᠨ ᠳ᠋ᠤ᠂ 《ᠤᠮᠠᠷᠠᠰᠢ ᠨᠡᠭᠡᠭᠡᠯᠲᠡ ᠬᠢᠵᠦ᠍᠂ ᠲᠡᠯᠡᠶ ᠵᠦᠭ ᠤᠷᠤᠭᠰᠢᠯᠠᠬᠤ 》 ᠪᠠᠢᠯᠳᠤᠬᠤ ᠪᠣᠳᠣᠯᠭ᠎ᠠ ᠎ᠶ᠋ᠢ ᠡᠷᠡᠰ ᠭᠤᠢᠪᠢᠰᠢ ᠥᠬᠡᠶ ᠠᠬᠢᠭᠤᠯᠵᠤ᠂《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠤ ᠪᠥᠬᠦ᠌ ᠬᠤᠲᠠ᠎ᠶ᠋ᠢᠨ ᠭᠠᠳᠠᠭᠠᠳᠤ ᠠᠷᠠᠯᠵᠢᠶᠠᠨ ᠎ᠤ ᠭᠠᠳᠠᠭᠠᠳᠤ᠎ᠠᠴᠠ ᠣᠷᠣᠭᠤᠯᠵᠤ ᠭᠠᠳᠠᠭᠠᠳᠤ᠎ᠳᠤ ᠭᠠᠷᠭᠠᠭ᠍ᠰᠠᠨ ᠶᠡᠷᠦᠩᠬᠡᠶ ᠬᠡᠮᠵᠢᠶ᠎ᠡ ᠵᠠᠯᠭᠠᠭ᠎ᠠ᠎ᠪᠠᠷ ᠭᠤᠷᠪᠠᠨ《ᠵᠠᠭᠤᠨ ᠳ᠋ᠦᠩᠱᠢᠭᠤᠷ ᠲᠥᠭᠦᠷᠢᠭ》ᠤ᠋ᠨ ᠪᠣᠭᠤᠮᠲᠠ᠎ᠶ᠋ᠢ ᠳᠠᠪᠠᠭᠠᠳ᠂ 341.5 ᠳ᠋ᠦᠩᠱᠢᠭᠤᠷ ᠲᠥᠭᠦᠷᠢᠭ᠎ᠲᠤ ᠬᠦᠷᠴᠦ᠍᠂ ᠭᠠᠳᠠᠭᠠᠳᠤ ᠨᠡᠭᠡᠭᠡᠯᠲᠡ ᠬᠢᠵᠦ᠍ ᠬᠠᠮᠲᠤᠷᠠᠨ ᠠᠵᠢᠯᠯᠠᠬᠤ ᠳᠠᠪᠠᠯᠲᠠᠲᠤ ᠮᠠᠶᠢᠭ᠎ᠤᠨ ᠬᠥᠭ᠌ᠵᠢᠯᠲᠡ᠎ᠶ᠋ᠢᠨ ᠰᠠᠢᠨ ᠰᠠᠢᠬᠠᠨ ᠪᠠᠢᠳᠠᠯ ᠢᠯᠡᠷᠡᠪᠡ᠃ ᠡᠨᠡ ᠤᠳᠠᠭ᠎ᠠ ᠯᠢᠶᠣᠤᠨᠢᠩ ᠭᠠᠷᠠᠮ᠎ᠤᠨ ᠪᠦᠯᠦᠭ᠌ᠯᠡᠯ ᠤᠯᠠᠭᠠᠨᠬᠠᠳᠠ ᠬᠤᠲᠠ᠎ᠶ᠋ᠢᠨ ᠭᠠᠢᠯᠢ ᠪᠠᠲᠤᠯᠠᠬᠤ ᠪᠠᠷᠠᠭᠠᠨ᠎ᠤ ᠭᠦᠢᠯᠭᠡᠭᠡᠨ᠎ᠤ ᠲᠥᠪ ᠲᠤ᠌ ᠬᠡᠷᠡᠭ᠌ᠯᠡᠭ᠌ᠴᠢᠳ᠎ᠤᠨ ᠦᠢᠯᠡᠴᠢᠯᠡᠭᠡᠨ᠎ᠤ ᠲᠥᠪ᠎ᠢ ᠪᠠᠢᠭᠤᠯᠤᠭᠰᠠᠨ ᠨᠢ 《ᠳᠠᠯᠠᠢ ᠳ᠋ᠤ ᠭᠠᠷᠬᠤ  ᠡᠭᠦᠳᠡ》 ᠵᠢ ᠤᠯᠠᠭᠠᠨᠬᠠᠳᠠ᠎ᠶ᠋ᠢᠨ《 ᠭᠡᠷ ᠎ᠤᠨ ᠡᠭᠦᠳᠡᠨ 》  ᠳ᠋ᠤ  ᠨᠡᠭᠦᠯᠭᠡᠵᠦ  ᠠᠪᠴᠢᠷᠠᠭᠰᠠᠨ ᠪᠠᠢᠨ᠎ᠠ᠃᠂ ᠡᠭᠦᠨ ᠎ᠤ  ᠳᠡᠭᠡᠷ᠎ᠡ  ᠥᠪᠥᠷ   ᠮᠣᠩᠭᠤᠯ ᠎ᠤᠨ ᠴᠢᠯᠥᠭᠡᠲᠦ ᠠᠷᠠᠯᠵᠢᠶᠠᠨ ᠎ᠤ ᠲᠤᠷᠱᠢᠯᠲᠠ ᠎ᠶ᠋ᠢᠨ ᠣᠷᠣᠨ ᠵᠥᠪᠱᠢᠶᠡᠷᠡᠭ᠌ᠳᠡᠵᠦ᠍ ᠨᠠᠢᠳᠠᠪᠤᠷᠢᠵᠢᠭᠤᠯᠤᠭ᠍ᠳᠠᠭᠰᠠᠨ ᠴᠢᠬᠤᠯᠠ ᠵᠠᠪᠰᠢᠶᠠᠨ ᠤᠯᠠᠭᠠᠨᠬᠠᠳᠠ᠎ᠶ᠋ᠢᠨ ᠨᠡᠭᠡᠭᠡᠯᠲᠡ ᠬᠢᠬᠦ ᠴᠢᠳᠠᠮᠵᠢ ᠪᠠᠨ ᠳᠡᠭᠡᠭᠰᠢᠯᠡᠭᠦᠯᠬᠦ ᠳ᠋ᠤ ᠴᠢᠩᠭ᠎ᠠ ᠲᠤᠯᠭᠠᠭᠤᠷᠢᠯᠠᠬᠤ ᠬᠦᠴᠦᠨ ᠬᠠᠩᠭᠠᠵᠤ᠂ ᠣᠷᠣᠨ ᠪᠦᠰᠡ᠎ᠶ᠋ᠢᠨ ᠴᠢᠨᠠᠷ ᠰᠠᠢᠲᠠᠶ ᠬᠥᠭ᠌ᠵᠢᠯᠲᠡ᠎ᠳᠤ ᠬᠦᠴᠦᠨ ᠨᠡᠮᠡᠷᠢᠯᠡᠬᠦ᠌ ᠪᠣᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号