3 ᠰᠠᠷ᠎ᠠ ᠵᠢᠨ ᠰᠡᠬᠦᠯᠴᠢ ᠪᠤᠯᠳᠠᠯ᠎ᠠ᠂ ᠠᠷᠤᠬᠠᠱᠢᠶᠠᠲᠤ ᠬᠢᠯᠢ ᠵᠢᠨ ᠪᠣᠭᠣᠮᠲᠠ ᠵᠢᠨ ᠭᠠᠳᠠᠭᠠᠳᠤ᠎ᠠᠴᠠ ᠣᠷᠣᠭᠤᠯᠵᠤ ᠭᠠᠳᠠᠭᠠᠳᠤ᠎ᠳᠤ ᠭᠠᠷᠭᠠᠬᠰᠠᠨ ᠪᠠᠷᠠᠭᠠᠨ᠎ᠤ ᠲᠡᠭᠡᠭᠡᠪᠦᠷᠢ᠎ᠶ᠋ᠢᠨ ᠬᠡᠮᠵᠢᠶ᠎ᠡ ᠨᠡᠢᠲᠡ 7.74 ᠲᠦᠮᠡᠨ ᠲᠣᠨ᠂ ᠠᠷᠠᠯᠵᠢᠶᠠᠨ᠎ᠤ ᠦᠷᠳᠡᠭ 1.64 ᠳ᠋ᠦᠩᠱᠢᠭᠤᠷ ᠲᠥᠭᠥᠷᠢᠭ᠎ᠲᠦ ᠬᠦᠷᠴᠦ᠍᠂ ᠭᠠᠳᠠᠭᠠᠳᠤ ᠤᠷᠤᠭᠤᠯᠤᠯᠳᠠ ᠭᠠᠷᠭᠠᠯᠳᠠ ᠵᠢᠨ ᠠᠷᠠᠯᠵᠢᠶᠠᠨ᠎ᠤ ᠦᠷᠳᠡᠭ ᠠᠳᠠᠯᠢ ᠬᠤᠭᠤᠴᠠᠭᠠᠨ ᠤ ᠬᠢ ᠡᠴᠡ 142.38% ᠪᠡᠷ ᠨᠡᠮᠡᠭᠳᠡᠪᠡ᠃
ᠠᠷᠤᠬᠠᠱᠢᠶᠠᠲᠤ ᠬᠢᠯᠢ ᠵᠢᠨ ᠪᠣᠭᠣᠮᠲᠠ ᠨᠢ ᠬᠦᠯᠤᠨ ᠪᠤᠢᠷ ᠬᠤᠳᠠ ᠵᠢᠨ ᠰᠢᠨ᠎ᠠ ᠪᠠᠷᠭᠤ ᠪᠠᠷᠠᠭᠤᠨ ᠬᠤᠰᠢᠭᠤᠨ ᠤ ᠬᠢᠯᠢ᠎ᠳᠤ ᠪᠠᠢᠷᠢᠯᠠᠵᠤ᠂ ᠳᠤᠮᠳᠠᠳᠤ ᠮᠣᠩᠭᠣᠯ ᠤᠨ ᠠᠵᠤ ᠠᠬᠤᠶ᠎ᠶ᠋ᠢᠨ ᠬᠣᠩᠭᠢᠯ᠎ᠤᠨ ᠵᠠᠩᠭᠢᠯᠠᠭ᠎ᠠ᠎ᠶ᠋ᠢᠨ ᠬᠦᠶ᠋ᠰᠦ ᠪᠣᠯᠤᠭ᠍ᠰᠠᠨ᠎ᠤ ᠬᠤᠪᠢ᠎ᠳᠤ᠂ ᠮᠤᠡᠭᠭᠤᠯ ᠤᠯᠤᠰ᠎ᠤᠨ ᠵᠡᠬᠦᠨ ᠭᠤᠷᠪᠡᠨ ᠠᠢᠮᠠᠭ᠎ᠤᠨ 70%᠎ᠤᠨ ᠡᠳᠤᠷ ᠲᠤᠳᠤᠮ᠎ᠤᠨ ᠠᠮᠢᠳᠤᠷᠠᠯ᠎ᠤᠨ ᠬᠡᠷᠡᠭᠴᠡᠭᠡᠨ᠎ᠤ ᠴᠢᠬᠤᠯᠠ ᠨᠡᠪᠳᠡᠷᠡᠬᠦ ᠵᠠᠮ ᠪᠤᠯᠤᠨ᠎ᠠ᠃
ᠡᠨᠡ ᠵᠢᠯ ᠡᠴᠡ ᠨᠠᠭᠠᠰᠢ᠂ ᠠᠷᠤᠬᠠᠱᠢᠶᠠᠲᠤ ᠬᠢᠯᠢ ᠵᠢᠨ ᠪᠣᠭᠣᠮᠲᠠ ᠨᠡᠬᠦᠷᠡᠰᠤ ᠵᠡᠷᠭᠡ ᠡᠬᠢ ᠪᠠᠶᠠᠯᠢᠭ᠎ᠢ ᠭᠠᠳᠠᠭᠠᠳᠤ ᠡᠴᠡ ᠤᠷᠤᠭᠤᠯᠬᠤ ᠵᠢ ᠦᠷᠬᠦᠯᠵᠢᠯᠡᠨ ᠦᠷᠭᠡᠳᠭᠡᠵᠤ᠂ ᠪᠠᠷᠢᠯᠭ᠎ᠠ ᠵᠢᠨ ᠮᠠᠲᠸᠷᠢᠶᠠᠯ᠂ ᠲᠠᠷᠢᠶᠠᠯᠠᠡᠭ ᠤᠨ ᠮᠠᠰᠢᠨ ᠲᠦᠬᠦᠭᠡᠷᠤᠮᠵᠢ᠂ ᠡᠳᠤᠷ ᠲᠤᠳᠤᠮ᠎ᠤᠨ ᠬᠡᠷᠡᠭᠯᠡᠭᠡᠨ᠎ᠤ ᠪᠦᠷᠢᠨ ᠪᠠᠷᠠᠭ᠎ᠠ᠂ ᠭᠤᠸ᠎ᠠ ᠵᠢᠮᠢᠰ ᠵᠡᠷᠭᠡ ᠲᠠᠸᠠᠷ᠎ᠤᠨ ᠭᠠᠳᠠᠭᠠᠳᠤ᠎ᠳᠤ ᠭᠠᠷᠭᠠᠬᠤ ᠬᠦᠷᠢᠶ᠎ᠠ ᠬᠡᠪᠴᠢᠶ᠎ᠠ ᠵᠢ ᠵᠡᠷᠭᠡ ᠪᠡᠷ ᠲᠡᠭᠡᠭᠰᠢᠯᠡᠬᠦᠯᠵᠤ᠂ ᠪᠦᠬᠦ ᠴᠤᠬᠴᠠ ᠵᠢᠨ ᠲᠡᠭᠡᠭᠡᠪᠤᠷᠢ ᠵᠢᠨ ᠬᠡᠮᠵᠢᠶ᠎ᠠ ᠵᠢ ᠲᠤᠬᠳᠠᠭᠤᠨ ᠵᠢᠡᠷ ᠨᠡᠮᠡᠭᠳᠡᠬᠦᠯᠪᠡ᠃ ᠡᠨᠡ ᠵᠢᠯ᠎ᠤᠨ ᠲᠦᠷᠤᠬᠦᠤ 2 ᠰᠠᠷ᠎ᠠ᠎ᠳᠤ᠂ ᠲᠤᠰ ᠬᠢᠯᠢ ᠵᠢᠨ ᠪᠤᠭᠤᠮᠳᠠ ᠵᠢᠨ ᠭᠠᠳᠠᠭᠠᠳᠤ ᠡᠴᠡ ᠤᠷᠤᠭᠤᠯᠵᠤ ᠭᠠᠳᠠᠭᠠᠳᠤ᠎ᠳᠤ ᠭᠠᠷᠭᠠᠬᠰᠠᠨ ᠪᠠᠷᠠᠭᠠᠨ᠎ᠤ ᠲᠡᠭᠡᠭᠡᠪᠤᠷᠢ ᠵᠢᠨ ᠬᠡᠮᠵᠢᠶ᠎ᠠ ᠠᠳᠠᠯᠢ ᠬᠤᠭᠤᠴᠠᠭᠠᠨ᠎ᠤ ᠬᠢ ᠡᠴᠡ 57.04% ᠪᠡᠷ ᠨᠡᠮᠡᠭ᠌ᠳᠡᠵᠦ᠍᠂ ᠬᠢᠯᠢ᠎ᠪᠡᠷ ᠦᠡᠭᠭᠡᠷᠡᠭᠰᠡᠨ ᠲᠡᠷᠭᠡ ᠬᠦᠰᠭᠡ ᠠᠳᠠᠯᠢ ᠬᠤᠭᠤᠴᠠᠭᠠᠨ᠎ᠤ᠎ᠬᠢ᠎ᠡᠴᠡ 7.79% ᠨᠡᠮᠡᠭᠳᠡᠵᠤ᠂ ᠬᠢᠯᠢ ᠪᠡᠷ ᠦᠡᠭᠭᠡᠷᠡᠭᠰᠡᠨ ᠠᠶᠠᠨᠴᠢᠳ᠎ᠤᠨ ᠲᠤᠭ᠎ᠠ 2.11 ᠲᠦᠮᠡᠨ ᠬᠦᠮᠤᠨ ᠤᠳᠠᠭ᠎ᠠ᠎ᠳᠤ ᠬᠦᠷᠴᠠᠢ᠃