ᠤᠢᠷ᠎ᠠ᠎ᠶᠢᠨ ᠡᠳᠦᠷ᠂ ᠥᠪᠥᠷ ᠮᠣᠩᠭᠣᠯ᠎ᠤᠨ ᠦᠪᠡᠷᠳᠡᠬᠡᠨ ᠵᠠᠰᠠᠬᠤ ᠤᠷᠤᠨ᠎ᠤ ᠴᠢᠮᠡᠭᠡ ᠬᠣᠯᠪᠣᠭᠠᠨ᠎ᠤ ᠬᠠᠮᠢᠶᠠᠷᠤᠯᠲᠠ᠎ᠶ᠋ᠢᠨ ᠲᠣᠪᠴᠢᠶ᠎ᠠ 2026 ᠣᠨ᠎ᠤ ᠴᠠᠬᠢᠯᠭᠠᠨ ᠬᠣᠯᠪᠣᠭᠠᠨ᠎ᠤ ᠦᠶ᠋ᠯᠡᠴᠢᠯᠡᠭᠡ ᠪᠠ ᠵᠠᠬ᠎ᠠ ᠳᠡᠯᠭᠡᠭᠦᠷ᠎ᠦᠨ ᠬᠠᠮᠢᠶᠠᠷᠤᠯᠲᠠ᠎ᠶ᠋ᠢᠨ ᠠᠵᠢᠯ᠎ᠤᠨ ᠬᠤᠷᠠᠯ᠎ᠢ ᠵᠣᠬᠢᠶᠠᠨ ᠪᠠᠢᠭᠤᠯᠤᠨ ᠬᠤᠷᠠᠯᠳᠤᠭᠤᠯᠵᠤ᠂ 2025 ᠣᠨ᠎ᠤ ᠪᠥᠬᠥ᠌ ᠣᠷᠣᠨ᠎ᠤ ᠴᠠᠬᠢᠯᠭᠠᠨ ᠬᠣᠯᠪᠣᠭᠠᠨ᠎ᠤ ᠦᠶ᠋ᠯᠡᠴᠢᠯᠡᠭᠡ ᠪᠠ ᠵᠠᠬ᠎ᠠ ᠳᠡᠯᠭᠡᠭᠦᠷ᠎ᠦᠨ ᠬᠠᠮᠢᠶᠠᠷᠤᠯᠲᠠ᠎ᠶ᠋ᠢᠨ ᠠᠵᠢᠯ᠎ᠤᠨ ᠪᠠᠢᠳᠠᠯ᠎ᠢ ᠳ᠋ᠦᠩᠨᠡᠨ ᠮᠡᠳᠡᠭ᠌ᠳᠡᠵᠦ᠍᠂ ᠣᠳᠣᠬᠠᠨ᠎ᠳᠤ ᠣᠷᠣᠱᠢᠵᠤ ᠪᠠᠢᠭ᠎ᠠ ᠲᠣᠪᠣᠢᠮ᠎ᠠ ᠠᠰᠠᠭᠤᠳᠠᠯ᠎ᠢ ᠭᠦᠨᠵᠡᠭᠡᠶ ᠵᠠᠳᠠᠯᠵᠤ᠂ ᠡᠬᠢ ᠡᠭᠦᠰᠦᠯ᠎ᠡᠴᠡ᠎ᠨᠢ ᠵᠠᠰᠠᠬᠤ ᠪᠠ ᠱᠢᠰᠲ᠋ᠧᠮ᠎ᠲᠡᠶ ᠵᠠᠰᠠᠬᠤ ᠠᠵᠢᠯ᠎ᠢ ᠰᠤᠳᠤᠯᠤᠨ ᠠᠬᠢᠭᠤᠯᠪᠠ᠃
ᠬᠤᠷᠠᠯ᠎ᠡᠴᠠ᠂ 2026 ᠣᠨ᠎ᠤ ᠴᠠᠬᠢᠯᠭᠠᠨ ᠬᠣᠯᠪᠣᠭᠠᠨ᠎ᠤ ᠦᠶ᠋ᠯᠡᠴᠢᠯᠡᠭᠡ ᠪᠠ ᠵᠠᠬ᠎ᠠ ᠳᠡᠯᠭᠡᠭᠦᠷ᠎ᠦᠨ ᠬᠠᠮᠢᠶᠠᠷᠤᠯᠲᠠ᠎ᠶ᠋ᠢᠨ ᠠᠵᠢᠯ᠎ᠢ ᠰᠠᠢᠲᠤᠷ ᠬᠢᠬᠦ᠌᠎ᠳᠦ ᠡᠷᠬᠡᠪᠰᠢ ᠠᠷᠠᠳ ᠲᠦᠮᠡᠨ ᠢ ᠳᠡᠭᠡᠳᠦᠯᠡᠬᠦ᠌᠎ᠶ᠋ᠢ ᠪᠠᠷᠢᠮᠲᠠᠯᠠᠨ᠂ ᠠᠰᠠᠭᠤᠳᠠᠯ᠎ᠢᠶᠠᠷ ᠤᠳᠤᠷᠢᠳᠤᠮᠵᠢ ᠪᠣᠯᠭᠠᠬᠤ᠎ᠶ᠋ᠢ ᠳᠣᠪᠣᠢᠯᠭᠠᠵᠤ᠂ ᠥᠩᠭᠡᠨ ᠲᠠᠯ᠎ᠠ ᠪᠠ ᠦᠨᠳᠦᠰᠦ ᠰᠤᠷᠪᠤᠯᠵᠢ᠎ᠶ᠋ᠢ ᠵᠡᠷᠭᠡ᠎ᠪᠡᠷ ᠵᠠᠰᠠᠬᠤ᠎ᠶ᠋ᠢ ᠭᠦᠨᠵᠡᠭᠡᠢᠷᠡᠭᠦᠯᠦᠨ᠂ ᠠᠵᠢᠯ ᠲᠥᠷᠥᠯ᠎ᠦᠨ ᠵᠠᠰᠠᠯᠲᠠ᠎ᠶ᠋ᠢ ᠠᠬᠢᠭᠤᠯᠬᠤ ᠬᠡᠷᠡᠭ᠌ᠲᠡᠶ᠃ ᠨᠢᠭᠡ᠎ᠳᠦ᠂ ᠠᠷᠠᠳ ᠲᠦᠮᠡᠨ᠎ᠦ ᠵᠣᠭ᠍ᠰᠣᠯᠲᠠ᠎ᠪᠠᠨ ᠪᠠᠲᠤᠳᠭᠠᠵᠤ᠂ ᠠᠷᠠᠳ ᠲᠦᠮᠡᠨ᠎ᠳᠦ ᠪᠤᠶᠠᠨ ᠦᠢᠯᠡᠳᠬᠦ᠌᠎ᠶ᠋ᠢ ᠬᠠᠮᠤᠭ᠎ᠤᠨ ᠴᠢᠬᠤᠯᠠ ᠠᠵᠢᠯ᠎ᠤᠨ ᠪᠦᠲᠦᠮᠵᠢ ᠪᠣᠯᠭᠠᠬᠤ ᠬᠡᠷᠡᠭᠳᠡᠢ᠃ ᠠᠵᠢᠯ᠎ᠤᠨ ᠪᠦᠲᠦᠮᠵᠢ᠎ᠶ᠋ᠢᠨ ᠲᠤᠬᠠᠶ ᠵᠥᠪ ᠦᠵᠡᠯᠲᠡ᠎ᠶ᠋ᠢ ᠪᠣᠶ ᠪᠣᠯᠭᠠᠨ ᠦᠶ᠋ᠯᠡᠳᠦᠯᠭᠡᠵᠢᠭᠦᠯᠵᠦ᠍᠂ ᠪᠣᠳᠠᠲᠠᠶ ᠠᠵᠢᠯᠯᠠᠬᠤ᠎ᠪᠠᠷ ᠠᠵᠢᠯ᠎ᠤᠨ ᠪᠦᠲᠦᠮᠵᠢ ᠭᠠᠷᠭᠠᠵᠤ ᠂ ᠦᠶ᠋ᠯᠡᠴᠢᠯᠡᠭᠡᠨ᠎ᠦ ᠶᠠᠰᠤ ᠴᠢᠨᠠᠷ ᠪᠠ ᠵᠠᠬ᠎ᠠ ᠳᠡᠯᠭᠡᠭᠦᠷ᠎ᠦᠨ ᠲᠦᠷᠢᠮᠵᠢᠯ᠎ᠤᠨ ᠲᠦᠪᠱᠢᠨ᠎ᠢ ᠳᠡᠭᠡᠭ᠌ᠰᠢᠯᠡᠭᠦᠯᠬᠦ᠌᠎ᠶ᠋ᠢ ᠴᠢᠬᠤᠯᠠ ᠪᠠᠢᠷᠢᠨ᠎ᠳᠤ ᠲᠠᠯᠪᠢᠵᠤ᠂ ᠬᠡᠷᠡᠭ᠌ᠯᠡᠭ᠌ᠴᠢᠳ᠎ᠦᠨ ᠠᠩᠬᠠᠷᠴᠤ᠌ ᠪᠠᠢᠭ᠎ᠠ ᠪᠣᠳᠠᠲᠠᠶ ᠶᠠᠪᠤᠳᠠᠯ ᠨᠢᠭᠡᠪᠦᠷᠢ᠎ᠶ᠋ᠢ ᠰᠡᠳᠭᠢᠯ ᠳᠡᠯᠪᠢᠨ ᠬᠠᠢᠷ᠎ᠠ ᠰᠡᠳᠭᠢᠯᠭᠡ᠎ᠲᠡᠶ᠎ᠪᠡᠷ ᠰᠠᠢᠲᠤᠷ ᠬᠢᠵᠦ᠍᠂ ᠠᠷᠠᠳ ᠣᠯᠠᠨ᠎ᠤ ᠬᠦᠷᠲᠡᠮᠵᠢ᠎ᠶ᠋ᠢᠨ ᠲᠥᠷᠥᠭ᠌ᠳᠡᠯ᠂ ᠵᠢᠷᠭᠠᠯᠲᠤ ᠲᠥᠷᠥᠭ᠌ᠳᠡᠯ ᠪᠠ ᠠᠮᠤᠷ ᠲᠦᠪᠱᠢᠨ᠎ᠦ ᠲᠥᠷᠥᠭ᠌ᠳᠡᠯ ᠢ ᠲᠠᠰᠤᠷᠠᠯᠲᠠ ᠥᠬᠡᠶ ᠳᠡᠭᠡᠭ᠌ᠰᠢᠯᠡᠭᠦᠯᠬᠦ᠌ ᠬᠡᠷᠡᠭ᠌ᠲᠡᠶ᠃ ᠬᠣᠶᠠᠷ᠎ᠲᠤ᠂ ᠠᠰᠠᠭᠤᠳᠠᠯ᠎ᠢᠶᠠᠷ ᠤᠳᠤᠷᠢᠳᠤᠮᠵᠢ ᠪᠣᠯᠭᠠᠬᠤ᠎ᠶ᠋ᠢ ᠪᠠᠷᠢᠮᠲᠠᠯᠠᠵᠤ᠂ ᠠᠵᠢᠯ ᠲᠥᠷᠥᠯ᠎ᠦᠨ ᠴᠢᠨᠠᠷ ᠰᠠᠢᠲᠠᠶ ᠬᠥᠭ᠌ᠵᠢᠯᠲᠡ᠎ᠶ᠋ᠢ ᠬᠦᠴᠦᠯᠡᠨ ᠠᠬᠢᠭᠤᠯᠬᠤ ᠬᠡᠷᠡᠭ᠌ᠲᠡᠶ᠃ ᠬᠠᠤᠯᠢᠵᠢᠯ᠎ᠤᠨ ᠤᠬᠠᠮᠰᠠᠷ᠎ᠢ ᠪᠠᠲᠤ ᠪᠤᠢ ᠪᠣᠯᠭᠠᠵᠤ᠂ ᠲᠤᠪᠤᠢ᠌ᠮ᠎ᠠ ᠠᠰᠠᠭᠤᠳᠠᠯ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠬᠡᠷᠡᠭ᠌ᠯᠡᠭ᠌ᠴᠢᠳ᠎ᠦᠨ ᠠᠩᠬᠠᠷᠴᠤ᠌ ᠪᠠᠢᠭ᠎ᠠ ᠬᠦᠴᠢᠷᠳᠡᠯ ᠵᠣᠪᠠᠨᠢᠯ ᠬᠦᠰᠡᠯ ᠡᠷᠡᠮᠡᠯᠵᠡᠯ᠎ᠦᠨ ᠠᠰᠠᠭᠤᠳᠠᠯ᠎ᠢ ᠰᠠᠢᠲᠤᠷ ᠱᠢᠢᠳᠪᠦᠷᠢᠯᠡᠬᠦ ᠬᠡᠷᠡᠭ᠌ᠲᠡᠢ᠃ ᠵᠠᠬ᠎ᠠ ᠳᠡᠯᠭᠡᠭᠦᠷ᠎ᠦᠨ ᠡᠮᠬᠢ ᠳᠢᠭ᠌ᠯᠢᠮ᠎ᠢ ᠰᠠᠮᠠᠭᠤᠷᠠᠭᠤᠯᠬᠤ ᠠᠵᠢᠯᠯᠠᠭ᠎ᠠ᠎ᠶ᠋ᠢ ᠡᠷᠡᠰ ᠬᠣᠷᠢᠭ᠍ᠯᠠᠵᠤ᠂ ᠠᠵᠢᠯ ᠲᠥᠷᠥᠯ᠎ᠦᠨ ᠥᠪᠡᠷ᠎ᠢ᠎ᠪᠡᠨ ᠱᠠᠭᠠᠷᠳᠠᠬᠤ᠎ᠶ᠋ᠢ ᠴᠢᠩᠭᠠᠳᠭᠠᠵᠤ᠂ ᠬᠠᠮᠲᠤᠷᠠᠯᠴᠠᠵᠤ ᠬᠠᠮᠲᠤ᠎ᠪᠠᠷ ᠠᠱᠢᠭ ᠭᠥᠷᠳᠡᠬᠦ᠌᠎ᠶ᠋ᠢ ᠠᠬᠢᠭᠤᠯᠵᠤ᠂ ᠬᠠᠮᠲᠤ᠎ᠪᠠᠷ ᠴᠠᠬᠢᠯᠭᠠᠨ ᠬᠣᠯᠪᠣᠭᠠᠨ᠎ᠤ ᠵᠠᠬ᠎ᠠ ᠳᠡᠯᠭᠡᠭᠦᠷ ᠢ᠋ ᠪᠤᠵᠠᠭᠠᠢᠷᠠᠭᠤᠯᠤᠨ ᠬᠦᠴᠦᠷᠬᠡᠭ᠌ᠵᠢᠭᠦᠯᠬᠦ᠌ ᠬᠡᠷᠡᠭ᠌ᠲᠡᠶ᠃ ᠢᠯᠡ ᠲᠣᠳᠣ ᠪᠠᠢᠬᠤ᠎ᠶ᠋ᠢ ᠪᠠᠷᠢᠮᠲᠠᠯᠠᠨ᠂ ᠦᠶ᠋ᠯᠡᠴᠢᠯᠡᠭᠡᠨ᠎ᠦ ᠠᠭᠤᠯᠭ᠎ᠠ᠂ ᠰᠦᠶ᠋ᠳᠭᠡᠯ ᠬᠤᠷᠢᠶᠠᠬᠤ ᠪᠠᠷᠢᠮᠵᠢᠶ᠎ᠠ᠂ ᠬᠢᠵᠠᠭᠠᠷᠯᠠᠬᠤ ᠨᠥᠬᠥᠴᠡᠯ᠂ ᠬᠦᠴᠦᠨ᠎ᠲᠡᠶ ᠬᠤᠭᠤᠴᠠᠭ᠎ᠠ ᠵᠡᠷᠭᠡ ᠵᠠᠩᠭᠢᠯᠠᠭ᠎ᠠ᠎ᠶ᠋ᠢᠨ ᠮᠡᠳᠡᠭᠡ ᠵᠠᠩᠭᠢ᠎ᠶ᠋ᠢ ᠲᠣᠳᠣᠷᠬᠠᠶ ᠪᠥᠭᠡᠳ ᠣᠨᠣᠪᠴᠢᠲᠠᠶ ᠪᠥᠬᠥ᠌ ᠲᠠᠯ᠎ᠠ᠎ᠪᠠᠷ ᠵᠠᠷᠯᠠᠨ ᠨᠡᠢᠲᠡᠯᠡᠬᠦ ᠬᠡᠷᠡᠭ᠌ᠲᠡᠶ᠃ ᠠᠷᠭ᠎ᠠ ᠵᠠᠮ᠎ᠤᠨ ᠬᠠᠮᠢᠶᠠᠷᠤᠯᠲᠠ᠎ᠶ᠋ᠢ ᠴᠢᠩᠭᠠᠳᠭᠠᠵᠤ᠂ ᠣᠷᠣᠯᠠᠭ᠍ᠴᠢ ᠬᠤᠳᠠᠯᠳᠤᠭᠠᠴᠢᠨ᠎ᠢ ᠵᠥᠪᠱᠢᠶᠡᠷᠡᠨ ᠤᠷᠤᠭᠤᠯᠬᠤ᠂ ᠬᠢᠨᠠᠯᠲᠠ ᠲᠠᠯᠪᠢᠬᠤ᠂ ᠬᠢᠨᠠᠨ ᠱᠢᠯᠭᠠᠬᠤ᠂ ᠵᠠᠬ᠎ᠠ ᠳᠡᠯᠭᠡᠬᠦᠷ ᠡᠴᠡ ᠤᠬᠤᠷᠢᠨ ᠭᠠᠷᠬᠤ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ ᠬᠡᠷᠡᠭ᠌ᠯᠡᠭ᠌ᠴᠢᠳ᠎ᠦᠨ ᠡᠷᠬᠡ ᠠᠱᠢᠭ᠎ᠢ ᠬᠣᠬᠢᠷᠠᠭᠤᠯᠬᠤ᠂ ᠵᠦᠢ ᠪᠤᠰᠤ ᠥᠷᠢᠰᠥᠯᠳᠦᠭᠡᠨ ᠶᠠᠪᠤᠭᠤᠯᠬᠤ ᠣᠷᠣᠯᠠᠭ᠍ᠴᠢ ᠬᠤᠳᠠᠯᠳᠤᠭᠠᠴᠢᠨ᠎ᠢ ᠡᠷᠡᠰ ᠴᠡᠪᠡᠷᠯᠡᠨ ᠭᠠᠷᠭᠠᠬᠤ ᠬᠡᠷᠡᠭ᠌ᠲᠡᠢ᠃ ᠭᠤᠷᠪᠠ᠎ᠳᠤ᠂ ᠥᠩᠭᠡᠨ ᠲᠠᠯ᠎ᠠ ᠪᠠ ᠦᠨᠳᠦᠰᠦ ᠰᠤᠷᠪᠤᠯᠵᠢ᠎ᠶ᠋ᠢ ᠵᠡᠷᠭᠡ᠎ᠪᠡᠷ ᠵᠠᠰᠠᠬᠤ᠎ᠶ᠋ᠢ ᠪᠠᠷᠢᠮᠲᠠᠯᠠᠵᠤ᠂ ᠣᠷᠳᠣ ᠬᠤᠭᠤᠴᠠᠭᠠᠨ᠎ᠤ ᠪᠦᠲᠦᠮᠵᠢᠲᠡᠶ ᠲᠣᠭ᠍ᠲᠠᠴᠠ᠎ᠪᠠᠷ ᠠᠵᠢᠯ ᠲᠥᠷᠥᠯ᠎ᠦᠨ ᠵᠠᠰᠠᠯᠲᠠ᠎ᠶ᠋ᠢᠨ ᠦᠷ᠎ᠡ ᠪᠦᠲᠦᠭᠡᠯ᠎ᠢ ᠪᠡᠬᠢᠵᠢᠭᠦᠯᠬᠦ ᠬᠡᠷᠡᠭᠳᠡᠢ᠃ ᠠᠰᠠᠭᠤᠳᠠᠯ᠎ᠢ ᠡᠷᠭᠢᠴᠡᠭᠦᠯᠦᠨ ᠮᠦᠷᠳᠡᠬᠦ ᠲᠣᠭ᠍ᠲᠠᠴᠠ᠎ᠶ᠋ᠢ ᠪᠠᠢᠭᠤᠯᠵᠤ᠂ ᠵᠠᠰᠠᠯᠲᠠ᠎ᠶ᠋ᠢ ᠭᠦᠨᠵᠡᠭᠡᠢᠷᠡᠭᠦᠯᠬᠦ᠌᠎ᠶ᠋ᠢ ᠠᠬᠢᠭᠤᠯᠬᠤ ᠬᠡᠷᠡᠭ᠌ᠲᠡᠢ᠃ ᠲᠦᠷᠢᠮ᠎ᠦᠨ ᠬᠡᠯᠪᠡᠢᠭᠦᠦ᠍ᠶ᠋ᠢ ᠵᠠᠯᠠᠷᠠᠭᠤᠯᠬᠤ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ ᠦᠩᠬᠡᠨ ᠲᠠᠯ᠎ᠠ ᠪᠠ ᠦᠨᠳᠦᠰᠦ᠎ᠡᠴᠡ᠎ᠨᠢ ᠵᠡᠷᠭᠡ᠎ᠪᠡᠷ ᠵᠠᠰᠠᠬᠤ᠂ ᠪᠠᠢᠩᠭᠤ ᠪᠦᠲᠦᠮᠵᠢᠲᠡᠢ ᠪᠠᠢᠬᠤ᠎ᠶ᠋ᠢ ᠪᠡᠶᠡᠯᠡᠭᠦᠯᠬᠦ᠌ ᠬᠡᠷᠡᠭ᠌ᠲᠡᠢ᠃ ᠮᠡᠷᠭᠡᠵᠢᠯ ᠦᠨ ᠲᠤᠯᠭᠠᠭᠤᠷᠢᠯᠠᠯ᠎ᠤᠨ ᠲᠣᠭ᠍ᠲᠠᠴᠠ᠎ᠶ᠋ᠢ ᠴᠢᠩᠭᠠᠳᠭᠠᠵᠤ᠂ ᠵᠣᠬᠢᠶᠠᠮᠠᠯ ᠤᠶᠤᠨ ᠴᠢᠳᠠᠪᠤᠷᠢ ᠵᠡᠷᠭᠡ ᠲᠡᠷᠢᠭᠦᠨ᠎ᠦ ᠮᠡᠷᠭᠡᠵᠢᠯ᠎ᠢ ᠭᠦᠢᠴᠡᠳ ᠬᠡᠷᠡᠭ᠌ᠯᠡᠵᠦ᠍᠂ ᠱᠢᠰᠲ᠋ᠧᠮ᠎ᠦᠨ ᠠᠯᠳᠠᠭ᠎ᠠ ᠪᠤᠷᠤᠭᠤ᠎ᠶ᠋ᠢ ᠰᠡᠷᠭᠡᠢᠯᠡᠨ ᠵᠠᠯᠠᠷᠠᠭᠤᠯᠬᠤ ᠴᠢᠳᠠᠪᠤᠷᠢ᠎ᠶ᠋ᠢ ᠳᠡᠭᠡᠭ᠌ᠰᠢᠯᠡᠭᠦᠯᠬᠦ ᠬᠡᠷᠡᠭ᠌ᠲᠡᠢ᠃ ᠬᠠᠷᠢᠭᠤᠴᠠᠯᠭ᠎ᠠ ᠶ᠋ᠢ ᠪᠤᠳᠠᠳᠠᠢᠵᠢᠭᠤᠯᠬᠤ ᠲᠣᠭ᠍ᠲᠠᠴᠠ᠎ᠶ᠋ᠢ ᠲᠡᠬᠦᠯᠳᠡᠷᠵᠢᠬᠦᠯᠵᠦ᠂ ᠬᠠᠷᠢᠭᠤᠴᠠᠯᠭ᠎ᠠ ᠠᠯᠳᠠᠪᠠᠯ ᠵᠠᠪᠠᠯ ᠨᠡᠬᠡᠮᠵᠢᠯᠡᠬᠦ᠌᠂ ᠬᠠᠷᠢᠭᠤᠴᠠᠯᠭ᠎ᠠ ᠨᠡᠬᠡᠮᠵᠢᠯᠡᠪᠡᠯ ᠵᠠᠪᠠᠯ ᠴᠢᠩᠭ᠎ᠠ ᠪᠠᠢᠬᠤ᠎ᠶ᠋ᠢ ᠬᠡᠪ᠎ᠦᠨ ᠪᠠᠢᠳᠠᠯ ᠪᠣᠯᠭᠠᠬᠤ ᠬᠡᠷᠡᠭ᠌ᠲᠡᠢ ᠬᠡᠵᠦ ᠱᠠᠭᠠᠷᠳᠠᠵᠠᠢ᠃
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号