ᠦᠪᠡᠷᠲᠡᠭᠡᠨ ᠵᠠᠰᠠᠬᠤ ᠤᠷᠤᠨ ᠤ᠋ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠭᠣᠨ ᠮᠠᠯᠵᠢᠬᠤ ᠣᠷᠣᠨ ᠤ᠋ ᠲᠢᠩᠬᠢᠮ ᠤ᠋ᠨ ᠬᠢᠨ ᠢᠮᠠᠭ᠍ᠲᠠ ᠡᠬᠢ ᠡᠭᠦᠰᠦᠯ ᠡᠴᠨ ᠨᠢ ᠬᠢᠨᠠᠨ ᠬᠠᠮᠢᠶᠠᠷᠬᠤ ᠵᠢ ᠢᠳᠡᠭᠡᠨ ᠤ᠋ ᠠᠮᠤᠷ ᠲᠦᠪᠱᠢᠨ ᠤ᠋ ᠠᠵᠢᠯ ᠤ᠋ᠨ ᠭᠤᠤᠯᠳᠠᠯᠭ᠎ᠠ ᠶ᠋ᠢᠨ ᠳᠣᠲᠣᠷᠠᠬᠢ ᠭᠤᠤᠯᠳᠠᠯᠭ᠎ᠠ ᠪᠣᠯᠭᠠᠵᠤ᠂《ᠢᠳᠡᠭᠡᠨ ᠤ᠋ ᠠᠮᠤᠷ ᠲᠦᠪᠱᠢᠨ ᠤ᠋ ᠪᠥᠬᠥ᠌ ᠬᠡᠯᠬᠢᠶᠡᠨ ᠤ᠋ ᠬᠢᠨᠠᠯᠲᠠ ᠬᠠᠮᠢᠶᠠᠷᠤᠯᠲᠠ ᠵᠢ ᠤᠯᠠᠮ ᠴᠢᠨᠠᠬᠰᠢᠲᠠ ᠴᠢᠩᠭᠠᠳᠭᠠᠬᠤ ᠲᠤᠬᠠᠶ ᠰᠠᠨᠠᠯ》 ᠤ᠋ᠨ ᠱᠠᠭᠠᠷᠳᠠᠯᠭ᠎ᠠ ᠵᠢ ᠭᠦᠨᠵᠡᠭᠡᠶ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠡᠬᠢ ᠡᠭᠦᠰᠦᠯ ᠡᠴᠡ ᠨᠢ ᠴᠢᠩᠭ᠎ᠠ ᠰᠡᠷᠭᠡᠢᠯᠡᠬᠦ᠌᠂ ᠶᠠᠪᠤᠴᠠ ᠵᠢ ᠴᠢᠩᠭ᠎ᠠ ᠬᠠᠮᠢᠶᠠᠷᠬᠤ᠂ ᠲᠦᠭ᠌ᠰᠢᠭᠦᠷᠢ ᠵᠢ ᠴᠢᠩᠭ᠎ᠠ ᠡᠵᠡᠮᠳᠡᠬᠦ᠌ ᠠᠵᠢᠯ ᠤ᠋ᠨ ᠭᠤᠤᠯ ᠱᠢᠵᠢᠮ ᠢ᠋ ᠴᠢᠩᠭ᠎ᠠ ᠡᠵᠡᠮᠳᠡᠵᠦ᠍᠂ ᠡᠯ᠎ᠡ ᠵᠦᠶ᠋ᠯ ᠤ᠋ᠨ ᠬᠢᠨᠠᠯᠲᠠ ᠬᠠᠮᠢᠶᠠᠷᠤᠯᠲᠠ ᠶ᠋ᠢᠨ ᠠᠷᠭ᠎ᠠ ᠬᠡᠮᠵᠢᠶ᠎ᠡ ᠵᠢ ᠨᠠᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠵᠢ ᠯᠠᠪᠳᠠᠭᠤᠨ ᠪᠠᠲᠤᠲᠠᠶ ᠠᠬᠢᠭᠤᠯᠵᠤ ᠪᠤᠢ᠃
ᠲᠠᠷᠢᠮᠠᠯ ᠲᠡᠵᠢᠭᠡᠪᠦᠷᠢ ᠶ᠋ᠢᠨ ᠭᠣᠭ᠍ᠴᠣᠭᠠ ᠶ᠋ᠢᠨ ᠶᠠᠰᠤ ᠴᠢᠨᠠᠷ ᠤ᠋ᠨ ᠠᠮᠤᠷ ᠲᠦᠪᠱᠢᠨ ᠤ᠋ ᠬᠢᠨᠠᠯᠲᠠ ᠬᠠᠮᠢᠶᠠᠷᠤᠯᠲᠠ ᠵᠢ ᠦᠷᠭᠦᠯᠵᠢᠯᠡᠨ ᠴᠢᠩᠭᠠᠳᠭᠠᠵᠤ᠂ ᠭᠠᠷᠤᠯᠲᠠ ᠶ᠋ᠢᠨ ᠣᠷᠣᠨ ᠡᠴᠡ ᠵᠥᠪᠱᠢᠶᠡᠷᠡᠨ ᠭᠠᠷᠭᠠᠬᠤ ᠲᠥᠷᠥᠯ ᠬᠤᠪᠢᠶᠠᠨ ᠬᠢᠨᠠᠨ ᠬᠠᠮᠢᠶᠠᠷᠬᠤ ᠲᠦᠷᠢᠮ ᠢ᠋ ᠬᠡᠷᠡᠭ᠌ᠵᠢᠭᠦᠯᠵᠦ᠍᠂ ᠭᠤᠤᠯᠳᠠᠯᠭ᠎ᠠ ᠲᠠᠢ ᠠᠰᠠᠭᠤᠳᠠᠯ ᠲᠠᠢ ᠦᠶ᠋ᠯᠡᠳᠬᠦᠨ ᠤ᠋ 《ᠨᠢᠭᠡ ᠦᠶ᠋ᠯᠡᠳᠬᠦᠨ ᠳ᠋ᠤ ᠨᠢᠭᠡ ᠠᠷᠭ᠎ᠠ ᠪᠣᠳᠣᠯᠭ᠎ᠠ ᠠᠪᠬᠤ》᠂ ᠲᠠᠷᠢᠶᠠᠯᠠᠩ ᠤ᠋ᠨ ᠮᠠᠲᠸᠷᠢᠶᠠᠯ ᠤ᠋ᠨ ᠲᠤᠰᠭᠠᠶ ᠬᠠᠤᠯᠢ ᠬᠡᠷᠡᠭ᠌ᠵᠢᠭᠦᠯᠦᠯᠲᠡ ᠵᠡᠷᠭᠡ ᠠᠵᠢᠯᠯᠠᠭ᠎ᠠ ᠵᠢ ᠥᠷᠨᠢᠭᠦᠯᠵᠦ᠍᠂ ᠡᠬᠢ ᠡᠭᠦᠰᠦᠯ ᠤ᠋ᠨ ᠵᠠᠰᠠᠯᠲᠠ ᠵᠢ ᠴᠢᠨᠭᠭᠠᠳᠬᠠᠪᠠ᠃ 2025 ᠣᠨ ᠳ᠋ᠤ ᠪᠣᠷᠲᠣᠭᠣᠷ᠂ ᠲᠠᠷᠢᠶᠠᠨ ᠡᠮ᠂ ᠲᠡᠵᠢᠭᠡᠯ ᠪᠣᠷᠳᠣᠭ᠎ᠠ ᠶ᠋ᠢᠨ ᠰᠤᠭᠤᠴᠢᠨ ᠪᠠᠢᠴᠠᠭᠠᠯᠲᠠ ᠳ᠋ᠤ ᠬᠢᠷᠢ ᠲᠡᠩᠴᠡᠭ᠌ᠰᠡᠨ ᠨᠣᠷᠮ᠎ᠠ ᠲᠣᠰ ᠲᠣᠰ 99%᠂ 99.3% ᠪᠠ 99.4% ᠳ᠋ᠤ ᠬᠦᠷᠴᠦ᠍᠂ ᠬᠢᠷᠢ ᠲᠡᠩᠴᠡᠭ᠌ᠰᠡᠨ ᠥᠬᠡᠶ ᠦᠶ᠋ᠯᠡᠳᠬᠦᠨ ᠢ᠋ ᠪᠦᠬᠦᠨ ᠢ᠋ ᠬᠠᠤᠯᠢ ᠶᠣᠰᠣᠭᠠᠷ ᠪᠠᠢᠴᠠᠭᠠᠨ ᠱᠢᠶ᠋ᠳᠪᠦᠷᠢᠯᠡᠪᠡ᠃ ᠤᠯᠤᠰ ᠡᠴᠡ ᠴᠠᠭᠠᠵᠠᠯᠠᠭ᠍ᠰᠠᠨ ᠪᠤᠶᠤ ᠬᠢᠵᠠᠭᠠᠷᠯᠠᠬᠰᠠᠨ ᠡᠮ ᠬᠡᠷᠡᠭ᠌ᠯᠡᠬᠦ᠌ ᠂ ᠬᠠᠤᠯᠢ ᠪᠤᠰᠤ ᠪᠡᠷ ᠨᠡᠮᠡᠯᠲᠡ ᠡᠳ᠋ ᠬᠡᠷᠡᠭᠯᠡᠬᠦ᠂ ᠬᠠᠤᠯᠢ ᠪᠤᠰᠤ ᠪᠠᠷ ᠬᠢᠷᠢ ᠲᠡᠩᠴᠡᠭ᠌ᠰᠡᠨ ᠦᠨᠡᠮᠯᠡᠯ ᠣᠯᠭᠣᠬᠤ ᠵᠡᠷᠭᠡ ᠬᠠᠤᠯᠢ ᠡᠴᠡ ᠵᠥᠷᠢᠴᠡᠭ᠌ᠰᠡᠨ ᠠᠵᠢᠯᠯᠠᠭ᠎ᠠ ᠳ᠋ᠤ ᠴᠢᠩᠭ᠎ᠠ ᠴᠣᠬᠢᠯᠲᠠ ᠥᠭ᠌ᠴᠦ᠂ ᠪᠥᠬᠥ᠌ ᠵᠢᠯ ᠳ᠋ᠤ 146 ᠮᠠᠯ ᠤ᠋ᠨ ᠠᠱᠢᠭ ᠱᠢᠮ᠎ᠡ ᠲᠠᠷᠢᠶᠠᠯᠠᠩ ᠤ᠋ᠨ ᠪᠦᠲᠦᠭᠡᠭ᠌ᠳᠡᠬᠦᠨ ᠤ᠋ ᠶᠠᠰᠤ ᠴᠢᠨᠠᠷ ᠤ᠋ᠨ ᠠᠮᠤᠷ ᠲᠦᠪᠱᠢᠨ ᠤ᠋ ᠬᠡᠷᠡᠭ ᠢ᠋ ᠪᠠᠢᠴᠠᠭᠠᠨ ᠱᠢᠶ᠋ᠳᠪᠦᠷᠢᠯᠡᠵᠦ᠍᠂ ᠵᠠᠰᠠᠯᠲᠠ ᠶ᠋ᠢᠨ ᠦᠷ᠎ᠡ ᠪᠦᠲᠦᠮᠵᠢ ᠵᠢ ᠡᠬᠢ ᠡᠭᠦᠰᠦᠯ ᠡᠴᠡ ᠨᠢ ᠳᠡᠭᠡᠭ᠌ᠰᠢᠯᠡᠭᠦᠯᠪᠡ᠃
ᠮᠠᠯ ᠤ᠋ᠨ ᠠᠱᠢᠭ ᠱᠢᠮ᠎ᠡ ᠲᠠᠷᠢᠶᠠᠯᠠᠩ ᠤ᠋ᠨ ᠪᠦᠲᠦᠭᠡᠭ᠌ᠳᠡᠬᠦᠨ ᠤ᠋ ᠶᠠᠰᠤ ᠴᠢᠨᠠᠷ ᠤ᠋ᠨ ᠠᠮᠤᠷ ᠲᠦᠪᠰᠢᠨ ᠤ᠋ ᠠᠶᠤᠯ ᠲᠦᠭ᠌ᠰᠢᠭᠦᠷᠢ ᠵᠢ ᠬᠢᠨᠠᠨ ᠪᠠᠢᠴᠠᠭᠠᠵᠤ ᠰᠡᠷᠡᠮᠵᠢᠯᠡᠭᠦᠯᠬᠦ᠌ ᠲᠣᠭ᠍ᠲᠠᠴᠠ ᠵᠢ ᠪᠦᠷᠢᠨᠱᠢᠭᠦᠯᠵᠦ᠍᠂ ᠪᠦᠬᠦ᠌ ᠵᠢᠯ ᠳ᠋ᠤ ᠮᠠᠯ ᠤ᠋ᠨ ᠠᠱᠢᠭ ᠱᠢᠮ᠎ᠡ ᠲᠠᠷᠢᠶᠠᠯᠠᠩ ᠤ᠋ᠨ ᠪᠦᠲᠦᠭᠡᠭ᠌ᠳᠡᠬᠦᠨ ᠤ᠋ ᠶᠠᠰᠤ ᠴᠢᠨᠠᠷ ᠤ᠋ᠨ ᠠᠮᠤᠷ ᠲᠦᠪᠰᠢᠨ ᠤ᠋ ᠬᠡᠮᠵᠢᠶ᠎ᠡ ᠶ᠋ᠢᠨ ᠰᠢᠯᠭᠠᠨ ᠪᠠᠢᠴᠠᠭᠠᠯᠲᠠ ᠵᠢ 4.89 ᠲᠦᠮᠡᠨ ᠪᠦᠯᠦᠭ ᠤᠳᠠᠭ᠎ᠠ ᠦᠷᠨᠢᠭᠦᠯᠵᠦ᠂ ᠪᠦᠬᠦᠯᠢ ᠴᠣᠭ᠍ᠴᠠ ᠶ᠋ᠢᠨ ᠬᠢᠷᠢ ᠲᠡᠩᠴᠡᠭ᠌ᠰᠡᠨ ᠨᠣᠷᠮ᠎ᠠ 99.3% ᠳ᠋ᠤ ᠬᠦᠷᠪᠡ᠃ ᠮᠠᠯ ᠤ᠋ᠨ ᠠᠱᠢᠭ ᠱᠢᠮ᠎ᠡ ᠲᠠᠷᠢᠶᠠᠯᠠᠩ ᠤ᠋ᠨ ᠪᠦᠲᠦᠭᠡᠭ᠌ᠳᠡᠬᠦᠨ ᠤ᠋ ᠶᠠᠰᠤ ᠴᠢᠨᠠᠷ ᠤ᠋ᠨ ᠠᠮᠤᠷ ᠲᠦᠪᠱᠢᠨ ᠤ᠋ ᠲᠣᠮᠣ ᠳ᠋ᠠᠢᠲ᠋ᠠ ᠶ᠋ᠢᠨ ᠲᠠᠪᠴᠠᠩ ᠢ᠋ ᠪᠥᠬᠥ᠌ ᠲᠠᠯ᠎ᠠ ᠪᠡᠷ ᠳᠡᠯᠭᠡᠷᠡᠭᠦᠯᠦᠨ ᠬᠡᠷᠡᠭ᠌ᠯᠡᠵᠦ᠍᠂ ᠳᠠᠨᠭᠰᠠᠯᠠᠭᠤᠯᠤᠬᠰᠠᠨ ᠦᠶ᠋ᠯᠡᠳᠪᠦᠷᠢᠯᠡᠯ ᠡᠵᠡᠩᠨᠡᠯᠲᠡ ᠶ᠋ᠢᠨ ᠭᠤᠤᠯ ᠴᠣᠭ᠍ᠴᠠ 2.1 ᠲᠦᠮᠡᠨ ᠡᠷᠦᠬᠡ ᠳ᠋ᠤ ᠬᠦᠷᠴᠦ᠂ 7.1 ᠲᠦᠮᠡᠨ ᠤᠳᠠᠭ᠎ᠠ ᠶ᠋ᠢᠨ ᠲᠤᠤᠷᠵᠢᠭ᠍ᠰᠠᠨ ᠲᠣᠭᠣᠷᠢᠨ ᠪᠠᠢᠴᠠᠭᠠᠯᠲᠠ ᠵᠢ ᠥᠷᠨᠢᠭᠦᠯᠵᠦ᠍᠂ 11.8 ᠲᠦᠮᠡᠨ ᠪᠦᠯᠦᠭ ᠤᠳᠠᠭ᠎ᠠ ᠶ᠋ᠢᠨ ᠱᠢᠯᠭᠠᠨ ᠪᠠᠢᠴᠠᠭᠠᠭ᠍ᠰᠠᠨ ᠲᠣᠭ᠎ᠠ ᠪᠠᠷᠢᠮᠲᠠ᠂ 168.3 ᠲᠦᠮᠡᠨ ᠵᠤᠷᠪᠤᠰ ᠲᠦᠷᠭᠡᠨ ᠪᠠᠢᠴᠠᠭᠠᠯᠲᠠ ᠶ᠋ᠢᠨ ᠲᠣᠭ᠎ᠠ ᠪᠠᠷᠢᠮᠲᠠ ᠵᠢ ᠴᠤᠭ᠍ᠯᠠᠭᠤᠯᠵᠤ᠂ ᠭᠤᠤᠯ ᠴᠣᠭ᠍ᠴᠠ ᠶ᠋ᠢᠨ ᠬᠢᠨᠠᠯᠲᠠ ᠬᠠᠮᠢᠶᠠᠷᠤᠯᠲᠠ᠂ ᠱᠢᠯᠭᠠᠨ ᠪᠠᠢᠴᠠᠭᠠᠬᠤ ᠡᠭᠦᠷᠭᠡ ᠵᠢ ᠪᠠᠭᠤᠯᠭᠠᠭ᠍ᠰᠠᠨ ᠪᠠ ᠲᠣᠭ᠎ᠠ ᠪᠠᠷᠢᠮᠲᠠ ᠵᠢ ᠳᠡᠭᠡᠭ᠌ᠰᠢ ᠳᠠᠮᠵᠢᠭᠤᠯᠵᠤ ᠵᠠᠳᠠᠯᠬᠤ ᠮᠡᠳᠡᠭᠡ ᠵᠠᠩᠭᠢᠴᠢᠯᠠᠯᠲᠠ ᠪᠠ ᠤᠶᠤᠨᠴᠢᠯᠠᠯᠲᠠ ᠵᠢ ᠦᠨᠳᠦᠰᠦᠨᠳᠡᠭᠡᠨ ᠪᠡᠶᠡᠯᠡᠭᠦᠯᠪᠡ᠃ ᠪᠠᠷᠢᠮᠵᠢᠶ᠎ᠠ ᠳ᠋ᠤ ᠬᠦᠷᠦᠭ᠌ᠰᠡᠨ ᠢ᠋ ᠠᠮᠠᠯᠠᠬᠰᠠᠨ ᠬᠢᠷᠢ ᠲᠡᠩᠴᠡᠭ᠌ᠰᠡᠨ ᠦᠨᠡᠮᠯᠡᠯ ᠤ᠋ᠨ ᠳᠦᠷᠢᠮ ᠢ᠋ ᠬᠡᠷᠡᠭ᠌ᠵᠢᠭᠦᠯᠵᠦ᠍᠂ ᠶᠠᠰᠤ ᠴᠢᠨᠠᠷ ᠤ᠋ᠨ ᠠᠮᠤᠷ ᠲᠦᠪᠱᠢᠨ ᠤ᠋ ᠲᠣᠮᠣ ᠳ᠋ᠠᠢᠲ᠋ᠠ ᠶ᠋ᠢᠨ ᠲᠠᠪᠴᠠᠩ ᠳ᠋ᠤ ᠲᠦᠱᠢᠭ᠌ᠯᠡᠨ ᠡᠯᠧᠺᠲ᠋ᠷᠣᠨ ᠬᠢᠷᠢ ᠲᠡᠩᠴᠡᠭ᠌ᠰᠡᠨ ᠦᠨᠡᠮᠯᠡᠯ ᠢ᠋ ᠨᠡᠢᠲᠡ 38.9 ᠲᠦᠮᠡ ᠭᠠᠷᠭᠠᠵᠤ᠂ ᠮᠠᠯ ᠤ᠋ᠨ ᠠᠰᠢᠭ ᠰᠢᠮ᠎ᠠ ᠲᠠᠷᠢᠶᠠᠯᠠᠩ ᠤ᠋ᠨ ᠪᠦᠲᠦᠭᠡᠭᠳᠡᠬᠦᠨ ᠤ᠋ ᠵᠠᠬ᠎ᠠ ᠳᠡᠯᠭᠡᠭᠦᠷᠲᠦ ᠣᠷᠣᠬᠤ ᠵᠥᠪᠱᠢᠶᠡᠷᠡᠯ ᠤ᠋ᠨ ᠭᠡᠷᠡᠴᠢ ᠪᠠᠷᠢᠮᠲᠠ ᠲᠠᠢ ᠪᠠᠢᠬᠤ ᠵᠢ ᠪᠡᠶᠡᠯᠡᠭᠦᠯᠪᠡ᠃