ᠭᠠᠯ ᠰᠡᠷᠬᠡᠢᠯᠡᠵᠦ ᠭᠠᠯ ᠤᠨᠲᠠᠷᠠᠭᠠᠬᠤ ᠠᠮᠤᠷ ᠲᠦᠪᠱᠢᠨ᠎ᠦ ᠬᠠᠮᠢᠶᠠᠷᠤᠯᠲᠠ᠎ᠶ᠋ᠢ ᠦᠨᠡᠨ ᠬᠦ᠌ ᠴᠢᠩᠭᠠᠳᠬᠠᠬᠤ᠌ᠶ᠋ᠢᠨ ᠲᠥᠯᠥᠭᠡ᠂ ᠤᠢᠷ᠎ᠠ᠎ᠳᠤ ᠬᠥᠬᠡᠬᠣᠲᠠ᠎ᠶ᠋ᠢᠨ ᠵᠡᠮᠳᠡᠭ᠌ᠴᠦᠳ᠎ᠦᠨ ᠬᠤᠯᠪᠤᠭ᠎ᠠ ᠬᠣᠲᠣᠩ ᠠᠷᠠᠳ᠎ᠤᠨ ᠲᠣᠭᠣᠷᠢᠭ᠎ᠤᠨ ᠲᠢᠶᠠᠨ ᠠᠶ ᠡᠷᠡᠭᠦᠯᠵᠢᠯ᠎ᠦᠨ ᠨᠡᠢᠲᠡ᠎ᠶ᠋ᠢᠨ ᠠᠰᠠᠷᠠᠮᠵᠢ᠎ᠶ᠋ᠢᠨ ᠦᠶ᠋ᠯᠡᠴᠢᠯᠡᠭᠡᠨ᠎ᠦ ᠲᠥᠪ᠎ᠲᠦ ᠭᠠᠯ ᠰᠡᠷᠬᠡᠢᠯᠡᠵᠦ ᠭᠠᠯ ᠤᠨᠲᠠᠷᠠᠭᠠᠬᠤ ᠰᠣᠷᠢᠯᠲᠠ ᠵᠢᠨ ᠠᠵᠢᠯᠯᠠᠭ᠎ᠠ᠎ᠵᠢ ᠵᠤᠬᠢᠶᠠᠨ ᠪᠠᠢᠭᠤᠯᠤᠨ ᠥᠷᠨᠢᠭᠦᠯᠪᠡ᠃
ᠰᠣᠷᠢᠯᠲᠠ᠎ᠶ᠋ᠢᠨ ᠠᠬᠤᠢ ᠲᠠᠯᠠᠪᠠᠢ᠎ᠳᠤ᠂ 《 ᠭᠠᠯ᠎ᠤᠨ ᠠᠶᠤᠯ 》 ᠭᠡᠨᠡᠳᠲᠡ ᠡᠭᠦᠰᠦᠭᠰᠡᠨ ᠪᠠᠢᠳᠠᠯ᠎ᠳᠤ᠂ ᠪᠠᠭ᠍ᠰᠢ ᠠᠵᠢᠯᠲᠠᠨ ᠠᠵᠢᠯᠴᠢᠨ ᠦᠳᠲᠡᠷ ᠲᠦᠷᠭᠡᠨ ᠲᠦᠭ᠌ᠰᠢᠭᠦᠷᠢ ᠮᠡᠳᠡᠭᠦᠯᠵᠦ᠍᠂ ᠠᠩᠬᠠᠨ᠎ᠤ ᠬᠤᠭᠤᠴᠠᠭᠠᠨ᠎ᠤ 《 ᠭᠠᠯ᠎ᠤᠨ ᠠᠶᠤᠯ 》 ᠢ᠋ ᠰᠡᠷᠬᠡᠢᠯᠡᠬᠦ ᠠᠵᠢᠯ᠎ᠢ ᠥᠷᠨᠢᠭᠦᠯᠵᠦ᠍ ᠂ ᠠᠵᠢᠯᠲᠠᠨ ᠡᠴᠡ ᠬᠡᠦᠬᠡᠳ᠎ᠦᠨ ᠰᠡᠳᠭᠢᠯᠭᠡ᠎ᠶ᠋ᠢ ᠲᠠᠢᠳᠭᠤᠷᠠᠭᠤᠯᠵᠤ᠂ ᠣᠯᠠᠨ᠎ᠢ ᠳᠠᠭᠠᠭᠤᠯᠤᠨ᠂ ᠠᠮᠤᠷ ᠲᠦᠪᠱᠢᠨ ᠣᠷᠣᠨ ᠪᠦᠰᠡ᠎ᠳᠦ ᠡᠮᠬᠢ ᠵᠢᠷᠤᠮ᠎ᠲᠠᠶ᠎ᠪᠠᠷ ᠰᠢᠯᠵᠢᠬᠦᠯᠪᠡ᠃ ᠬᠥᠮᠦᠨ᠎ᠦ ᠲᠣᠭ᠎ᠠ᠎ᠶ᠋ᠢ ᠪᠦᠷᠢᠳᠭᠡᠭ᠌ᠰᠡᠨᠦ ᠳᠠᠷᠠᠭ᠎ᠠ᠂ ᠭᠠᠯ ᠤᠨᠲᠠᠷᠠᠭᠠᠬᠴᠢ ᠲᠤᠬᠠᠶ᠎ᠶ᠋ᠢᠨ ᠲᠠᠯᠠᠪᠠᠶ᠎ᠳᠤ ᠭᠠᠯ ᠤᠨᠲᠠᠷᠠᠭᠠᠬᠤ ᠪᠠᠭᠠᠵᠢ ᠬᠡᠷᠡᠭ᠌ᠰᠡᠯ᠎ᠢ ᠬᠡᠷᠡᠭ᠌ᠯᠡᠬᠦ᠌ ᠠᠷᠭ᠎ᠠ᠎ᠵᠢ ᠵᠢᠭᠠᠬᠤ ᠶ᠋ᠢᠨ ᠬᠠᠮᠲᠤ ᠰᠣᠷᠢᠯᠲᠠ᠎ᠳᠤ ᠦᠨᠡᠯᠡᠯᠲᠡ ᠳ᠋ᠦᠩᠨᠡᠯᠲᠡ ᠬᠢᠪᠡ᠃ ᠲᠣᠰ ᠤᠳᠠᠭᠠᠨ᠎ᠤ ᠰᠣᠷᠢᠯᠲᠠ᠎ᠨᠢ ᠣᠨᠴᠠᠭᠠᠶ ᠬᠡᠦᠬᠡᠳ᠎ᠦᠨ ᠬᠡᠷᠡᠭ᠌ᠴᠡᠭᠡ ᠱᠠᠭᠠᠷᠳᠠᠯᠭ᠎ᠠ᠎ᠳᠦ ᠨᠡᠢᠴᠡᠵᠦ᠍᠂ ᠰᠣᠷᠢᠯᠲᠠ᠎ᠳᠤ ᠣᠷᠣᠯᠴᠠᠭ᠍ᠰᠠᠳ᠎ᠤᠨ ᠪᠠᠴᠢᠮ ᠪᠠᠢᠳᠠᠯ᠎ᠢ ᠠᠷᠭᠠᠴᠠᠭᠠᠨ ᠠᠮᠢ ᠵᠢᠭᠤᠲᠠᠬᠤ ᠪᠠ ᠠᠶᠤᠯ ᠲᠦᠭᠰᠢᠬᠦᠷᠢ᠎ᠵᠢ ᠰᠡᠷᠭᠡᠢᠯᠡᠬᠦ ᠴᠢᠳᠠᠪᠤᠷᠢ᠎ᠶ᠋ᠢ ᠪᠦᠲᠦᠮᠵᠢᠲᠡᠶ ᠳᠡᠭᠡᠭᠰᠢᠯᠡᠬᠦᠯᠵᠦ᠂ ᠪᠥᠬᠥ᠌ ᠬᠣᠲᠠ᠎ᠶ᠋ᠢᠨ ᠵᠡᠮᠳᠡᠭ ᠬᠡᠦᠬᠡᠳ᠎ᠦᠨ ᠡᠷᠡᠭᠦᠯᠵᠢᠯ᠂ ᠠᠵᠢᠯ ᠣᠯᠭᠣᠯᠲᠠ᠂ ᠨᠠᠢᠳᠠᠨ ᠠᠰᠠᠷᠠᠭᠤᠯᠬᠤ ᠲᠥᠷᠥᠯ᠎ᠦᠨ ᠦᠶ᠋ᠯᠡᠴᠢᠯᠡᠭᠡᠨ᠎ᠦ ᠪᠠᠢᠭᠤᠯᠤᠮᠵᠢ᠎ᠶ᠋ᠢᠨ ᠭᠠᠯ ᠰᠡᠷᠬᠡᠢᠯᠡᠵᠦ ᠭᠠᠯ ᠤᠨᠲᠠᠷᠠᠭᠠᠬᠤ ᠠᠮᠤᠷ ᠲᠦᠪᠱᠢᠨ᠎ᠦ ᠠᠵᠢᠯ᠎ᠳᠤ ᠠᠱᠢᠭ᠍ᠲᠠᠶ ᠯᠠᠪᠯᠠᠯᠲᠠ ᠬᠠᠩᠭᠠᠵᠤ᠂ ᠵᠢᠱ᠌ᠢᠶ᠎ᠡ ᠦᠵᠡᠭᠦᠯᠦᠨ ᠳᠠᠢᠴᠢᠯᠠᠬᠤ ᠦᠢᠯᠡᠳᠦᠯ ᠦᠵᠡᠭᠦᠯᠪᠡ᠃
ᠬᠤᠢᠰᠢᠳᠠ᠂ ᠬᠦᠬᠡᠬᠣᠲᠠ᠎ᠶ᠋ᠢᠨ ᠵᠡᠮᠳᠡᠭ᠌ᠴᠦᠳ᠎ᠦᠨ ᠬᠣᠯᠪᠣᠭ᠎ᠠ᠎ᠨᠢ ᠬᠤᠲᠠ᠎ᠶᠢᠨ ᠬᠡᠪᠴᠢᠶᠡᠨ᠎ᠤ ᠡᠯ᠎ᠡ ᠬᠣᠱᠢᠭᠤ ᠱᠢᠶᠠᠨ ᠲᠣᠭᠣᠷᠢᠭ᠎ᠤᠨ ᠵᠡᠮᠳᠡᠭ᠌ᠴᠦᠳ᠎ᠦᠨ ᠬᠣᠯᠪᠣᠭ᠎ᠠ᠂ ᠡᠯ᠎ᠡ ᠵᠡᠮᠳᠡᠭ ᠬᠡᠦᠬᠡᠳ᠎ᠢ ᠡᠷᠡᠭᠦᠯᠵᠢᠭᠦᠯᠵᠦ᠍ ᠠᠪᠤᠷᠠᠨ ᠲᠤᠰᠠᠯᠠᠬᠤ ᠲᠣᠭ᠍ᠲᠠᠭ᠍ᠰᠠᠨ ᠴᠡᠭ᠎ᠦᠨ ᠦᠶ᠋ᠯᠡᠴᠢᠯᠡᠭᠡᠨ᠎ᠦ ᠪᠠᠢᠭᠤᠯᠤᠮᠵᠢ᠂ ᠵᠡᠮᠳᠡᠭ᠌ᠴᠦᠳ ᠲᠦ ᠠᠵᠢᠯ ᠣᠯᠭᠣᠬᠤ ᠪᠠᠢᠭᠤᠯᠤᠮᠵᠢ᠂ ᠵᠡᠮᠳᠡᠭ᠌ᠴᠦᠳ᠎ᠢ ᠨᠠᠢᠳᠠᠨ ᠠᠰᠠᠷᠠᠭᠤᠯᠬᠤ ᠪᠠᠢᠭᠤᠯᠤᠮᠵᠢ ᠳᠤ ᠭᠠᠯ ᠰᠡᠷᠭᠡᠢᠯᠡᠬᠦ ᠠᠮᠤᠷ ᠲᠦᠪᠱᠢᠨ᠎ᠦ ᠪᠤᠯᠪᠠᠰᠤᠷᠠᠯ ᠪᠤᠯᠤᠨ ᠪᠠᠴᠢᠮ ᠪᠠᠢᠳᠠᠯ ᠢ ᠠᠷᠭᠠᠴᠠᠭᠠᠬᠤ ᠰᠣᠷᠢᠯᠲᠠ᠎ᠶ᠋ᠢ ᠪᠠᠢᠩᠭᠤ ᠥᠷᠨᠢᠭᠦᠯᠵᠦ᠂ ᠠᠶᠤᠯᠬᠦᠢ ᠦᠶ᠋ᠯᠡᠳᠪᠦᠷᠢᠯᠡᠯ ᠦᠨ ᠬᠠᠷᠢᠭᠤᠴᠠᠯᠭ᠎ᠠ᠎ᠶ᠋ᠢ ᠪᠥᠬᠥ᠌ ᠲᠠᠯ᠎ᠠ᠎ᠪᠠᠷ ᠨᠠᠢᠳᠠᠪᠤᠷᠢᠵᠢᠭᠤᠯᠵᠤ᠂ ᠪᠥᠬᠥ᠌ ᠬᠣᠲᠠ ᠶ᠋ᠢᠨ ᠵᠡᠮᠳᠡᠭ᠌ᠴᠦᠳ ᠦᠨ ᠦᠶ᠋ᠯᠡᠴᠢᠯᠡᠭᠡᠨ᠎ᠦ ᠬᠦᠷᠢᠶ᠎ᠠ ᠴᠠᠷᠠᠭᠠᠨ ᠳ᠋ᠡᠬᠢ ᠠᠮᠤᠷ ᠲᠦᠪᠱᠢᠨ ᠦ ᠰᠡᠷᠭᠡᠢᠯᠡᠯᠲᠡ ᠶ᠋ᠢᠨ ᠱᠤᠭᠤᠮ ᠢ ᠦᠨᠡᠨ ᠬᠦ᠌ ᠪᠡᠬᠢᠵᠢᠭᠦᠯᠬᠦ ᠪᠤᠯᠤᠨ᠎ᠠ᠃