— ᠲᠣᠮᠣ ᠬᠡᠯᠪᠡᠷᠢ᠎ᠶ᠋ᠢᠨ ᠦᠨᠳᠦᠰᠦᠲᠡᠨ᠎ᠦ ᠨᠠᠢᠷᠠᠯ ᠬᠦᠭᠵᠢᠮ 《ᠬᠡᠷ ᠤᠷᠤᠨ》 ᠤ᠋ ᠲᠤᠬᠠᠢ ᠦᠨᠠᠯᠠᠯᠳᠠ
ᠳᠤᠮᠳᠠᠳᠤ᠎ᠶ᠋ᠢᠨ ᠦᠨᠳᠦᠰᠦᠲᠡᠨ᠎ᠦ ᠥᠨᠢ ᠤᠳᠠᠭᠠᠨ ᠲᠡᠦᠬᠡᠨ ᠶᠠᠪᠤᠴᠠ᠎ᠳᠤ᠂ ᠳᠠᠭᠤᠤ ᠬᠥᠭ᠌ᠵᠢᠮ ᠨᠢ ᠰᠣᠶᠣᠯ᠎ᠤᠨ ᠴᠢᠬᠤᠯᠠ ᠠᠴᠢᠶᠠᠯᠠᠪᠤᠷᠢ ᠪᠣᠯᠤᠭ᠍ᠰᠠᠨ᠎ᠤ ᠬᠤᠪᠢ᠎ᠳᠤ᠂ ᠢᠮᠠᠭ᠍ᠲᠠ ᠦᠨᠳᠦᠰᠦᠲᠡᠨ᠎ᠦ ᠣᠶᠤᠨ ᠰᠠᠨᠠᠭᠠᠨ᠎ᠤ ᠳᠦᠷᠰᠦ ᠪᠠᠢᠳᠠᠯ ᠪᠠ ᠴᠠᠭ ᠦᠶ᠎ᠡ᠎ᠶ᠋ᠢᠨ ᠣᠨᠴᠠᠯᠢᠭ᠎ᠢ ᠠᠴᠢᠶᠠᠯᠠᠵᠤ ᠪᠠᠢᠳᠠᠭ᠃
ᠲᠣᠮᠣ ᠬᠡᠯᠪᠡᠷᠢ᠎ᠶ᠋ᠢᠨ ᠦᠨᠳᠦᠰᠦᠲᠡᠨ᠎ᠦ ᠨᠠᠢᠷᠠᠯ ᠬᠦᠭᠵᠢᠮ《ᠬᠡᠷ ᠤᠷᠤᠨ》 ᠪᠣᠯ ᠥᠪᠥᠷ ᠮᠣᠩᠭᠣᠯ᠎ᠤᠨ ᠤᠷᠠᠯᠢᠭ ᠵᠦᠴᠦᠭᠡ᠎ᠶ᠋ᠢᠨ ᠬᠦᠷᠢᠶᠡᠯᠡᠩ᠎ᠦᠨ ᠦᠨᠳᠦᠰᠦᠲᠡᠨ᠎ᠦ ᠬᠥᠭ᠌ᠵᠢᠮ᠎ᠦᠨ ᠪᠦᠯᠬᠦᠮ᠎ᠦᠨ ᠵᠣᠬᠢᠶᠠᠨ ᠪᠦᠲᠦᠭᠡᠵᠦ᠍ ᠲᠣᠭ᠍ᠯᠠᠭ᠍ᠰᠠᠨ ᠲᠣᠮᠣ ᠬᠡᠯᠪᠡᠷᠢ᠎ᠶ᠋ᠢᠨ ᠦᠨᠳᠦᠰᠦᠲᠡᠨ᠎ᠦ ᠨᠠᠢᠷᠠᠯ ᠬᠦᠭᠵᠢᠮ ᠪᠣᠯᠤᠨ᠎ᠠ᠃ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠤᠭᠴᠠ ᠵᠢᠨ ᠤᠬᠠᠮᠰᠠᠷ᠎ᠢ ᠪᠠᠳᠤ ᠴᠤᠬᠴᠠᠯᠠᠬᠤ᠎ᠪᠠᠷ ᠵᠢᠯᠣᠭᠣᠳᠭᠤ ᠦᠵᠡᠯ ᠰᠠᠨᠠᠭ᠎ᠠ ᠪᠤᠯᠭᠠᠬᠰᠡᠨ 《 ᠬᠡᠷ ᠤᠷᠤᠨ》 ᠳᠠᠭᠤᠸ᠋ ᠬᠥᠭ᠌ᠵᠢᠮ᠎ᠦᠨ ᠦᠳᠡᠱᠢᠯᠡᠭᠡ ᠨᠢ ᠮᠣᠷᠢᠨ ᠬᠤᠭᠤᠷ᠂ ᠳᠥᠷᠪᠡᠨ ᠤᠲᠠᠰᠤᠲᠤ ᠬᠤᠭᠤᠷ ᠵᠡᠷᠭᠡ ᠤᠯᠠᠮᠵᠢᠯᠠᠯᠲᠤ ᠤᠨᠴᠠᠯᠢᠭ᠍ᠳᠤ ᠬᠥᠭ᠌ᠵᠢᠮ ᠵᠢᠴᠢ ᠬᠦᠭᠡᠮᠠᠢ᠂ ᠣᠷᠳᠣ ᠵᠢᠨ ᠲᠠᠭᠤᠤ ᠵᠡᠷᠭᠡ ᠤᠷᠠᠯᠢᠭ᠎ᠤᠨ ᠲᠣᠭ᠍ᠯᠠᠯᠲᠠ᠎ᠶ᠋ᠢᠨ ᠬᠡᠯᠪᠡᠷᠢ᠎ᠶ᠋ᠢ ᠠᠭᠤᠰᠭᠠᠵᠤ᠂ ᠣᠲᠣ ᠦᠶ᠎ᠡ᠎ᠶ᠋ᠢᠨ ᠲᠠᠢᠰᠠᠨ᠎ᠤ ᠦᠵᠡᠵᠦ᠍ ᠰᠣᠨᠣᠰᠭᠤ ᠮᠡᠷᠭᠡᠵᠢᠯ᠎ᠲᠡᠶ ᠤᠶᠠᠯᠳᠤᠭᠤᠯᠤᠨ᠂ ᠤᠷᠠᠯᠢᠭ᠎ᠤᠨ ᠲᠦᠪᠱᠢᠨ᠎ᠢᠶᠡᠷ ᠲᠤᠢᠯ᠎ᠤᠨ ᠦᠨᠳᠤᠷ ᠦᠨᠳᠦᠰᠦᠲᠡᠨ᠎ᠦ ᠨᠠᠢᠷᠠᠯ ᠬᠥᠭ᠌ᠵᠢᠮ᠎ᠦᠨ ᠦᠳᠡᠱᠢᠯᠡᠭᠡᠪᠤᠯᠪᠠ᠃
《ᠬᠡᠷ ᠤᠷᠤᠨ》ᠳᠠᠭᠤᠤ ᠬᠥᠭ᠌ᠵᠢᠮ᠎ᠦᠨ ᠦᠳᠡᠰᠢᠯᠡᠭᠡ᠎ᠳᠤ ᠥᠪᠥᠷ ᠮᠣᠩᠭᠣᠯ᠎ᠤᠨ ᠤᠷᠠᠯᠢᠭ ᠵᠦᠴᠦᠭᠡ᠎ᠶ᠋ᠢᠨ ᠬᠦᠷᠢᠶᠡᠯᠡᠩ᠎ᠦᠨ ᠦᠨᠳᠦᠰᠦᠲᠡᠨ᠎ᠦ ᠬᠥᠭ᠌ᠵᠢᠮ᠎ᠦᠨ ᠪᠦᠯᠬᠦᠮ᠎ᠦᠨ ᠵᠣᠬᠢᠶᠠᠨ ᠪᠦᠲᠦᠭᠡᠵᠦ᠍ ᠲᠣᠭ᠍ᠯᠠᠭ᠍ᠰᠠᠨ ᠦᠨᠳᠦᠰᠦᠲᠡᠨ᠎ᠦ ᠨᠠᠢᠷᠠᠯ ᠬᠦᠭᠵᠢᠮ 《ᠮᠠᠨᠳᠤᠬᠤ ᠨᠠᠷᠠᠨ》᠂ 《ᠨᠠᠭᠠᠳᠤᠮ᠎ᠤᠨ ᠤᠳᠤᠷᠢᠳᠬᠠᠯ ᠬᠥᠭ᠌ᠵᠢᠮ》᠂ 《ᠲᠠᠯ᠎ᠠ ᠨᠤᠲᠤᠭ᠎ᠤᠨ ᠪᠢᠴᠢᠬᠠᠨ ᠪᠠᠭᠠᠲᠤᠷ ᠡᠭᠡᠴᠢ ᠥᠬᠢᠨ ᠳᠡᠭᠦᠦ》᠂ 《ᠨᠡᠭᠦᠳᠡᠯ》᠂ 《ᠰᠣᠯᠣᠩᠭ᠎ᠠ》᠂ 《ᠨᠠᠢᠷᠠᠮᠳᠠᠯ᠎ᠤᠨ ᠠᠶᠠᠰ》᠂ 《ᠳᠡᠭᠦᠯᠢᠯᠲᠡ》᠂ 《ᠬᠦᠰᠡᠯ》 ᠵᠢᠴᠢ ᠮᠣᠷᠢᠨ ᠬᠤᠭᠤᠷ᠎ᠤᠨ ᠲᠣᠳᠣᠷᠠᠭᠤᠯᠤᠯᠲᠠ ᠬᠥᠭ᠌ᠵᠢᠮ 《ᠠᠯᠤᠰ ᠬᠤᠯᠠ》᠂ 《ᠬᠡᠷ ᠤᠷᠤᠨ》᠂ ᠳᠥᠷᠪᠡᠨ ᠤᠲᠠᠰᠤᠲᠤ ᠬᠤᠭᠤᠷ ᠪᠠ ᠬᠥᠭ᠌ᠵᠢᠮ᠎ᠦᠨ ᠠᠩᠭᠢ ᠵᠢᠨ《ᠳᠥᠷᠪᠡᠨ ᠲᠡᠯᠡᠶ᠎ᠶ᠋ᠢᠨ ᠡᠭᠡᠰᠢᠭ》 ᠵᠡᠷᠭᠡ 11 ᠰᠤᠡᠭᠭᠤᠳᠠᠭ ᠪᠦᠲᠦᠭᠡᠯ᠎ᠢ ᠪᠠᠬᠳᠠᠭᠠᠵᠠᠢ᠃ ᠡᠲᠡᠭᠡᠷ ᠪᠦᠲᠦᠭᠡᠯ ᠨᠢ ᠦᠨᠳᠦᠰᠦᠲᠡᠨ᠎ᠦ ᠳᠠᠭᠤᠤ ᠬᠥᠭ᠌ᠵᠢᠮ᠎ᠦᠨ ᠣᠨᠴᠠᠯᠢᠭ᠎ᠢ ᠭᠦᠶ᠋ᠴᠡᠳ ᠠᠭᠤᠳᠠᠯᠬᠤ᠎ᠪᠠᠷ ᠳᠡᠮᠵᠢᠨ᠂ ᠣᠯᠠᠨ ᠡᠱᠢᠲᠦ ᠰᠣᠶᠣᠯ᠎ᠢ ᠨᠢᠭᠡ ᠴᠣᠭ᠍ᠴᠠ ᠪᠣᠯᠭᠠᠨ ᠠᠭᠤᠰᠤᠯᠴᠠᠭᠤᠯᠵᠤ᠂ ᠤᠮᠠᠷᠠᠲᠤ ᠬᠢᠯᠢ᠎ᠶ᠋ᠢᠨ ᠦᠷᠭᠡᠨ ᠠᠭᠤᠳᠠᠮ ᠨᠤᠲᠤᠭ ᠳᠡᠪᠢᠰᠭᠡᠷ ᠳᠡᠭᠡᠷᠡᠬᠢ ᠬᠥᠮᠦᠰ᠎ᠦᠨ ᠠᠵᠢᠯᠴᠢ ᠬᠥᠳᠡᠯᠮᠦᠷᠢᠴᠢ᠂ ᠣᠶᠤᠨ ᠤᠬᠠᠭᠠᠨ ᠪᠠ ᠬᠠᠲᠠᠨ ᠵᠣᠷᠢᠭ᠎ᠢ ᠢᠯᠡᠷᠡᠭᠦᠯᠵᠦ᠍᠂ ᠦᠨᠳᠦᠰᠦᠲᠡᠨ᠎ᠦ ᠪᠦᠯᠬᠦᠮᠳᠡᠯ᠎ᠦᠨ ᠬᠦᠴᠦᠨ ᠪᠠ ᠡᠬᠡ ᠣᠷᠣᠨᠴᠢ ᠬᠠᠢᠷ᠎ᠠ ᠰᠡᠳᠭᠢᠯᠭᠡ᠎ᠶ᠋ᠢ ᠳᠠᠮᠵᠢᠭᠤᠯᠤᠭ᠍ᠰᠠᠨ ᠪᠠᠢᠨ᠎ᠠ᠃ ᠣᠮᠣᠭ ᠲᠡᠭᠦᠯᠳᠡᠷ ᠬᠥᠭ ᠠᠶᠠᠰ ᠨᠢ ᠬᠥᠮᠦᠰ᠎ᠦᠨ ᠰᠡᠳᠭᠢᠯ᠎ᠢ ᠳᠣᠭ᠍ᠳᠣᠯᠤᠭᠤᠯᠵᠤ᠂ ᠬᠥᠮᠦᠰ᠎ᠢ ᠦᠨᠳᠦᠰᠦᠲᠡᠨ᠎ᠦ ᠵᠠᠩ ᠵᠠᠩᠱᠢᠯ ᠪᠠ ᠰᠣᠶᠣᠯ᠎ᠤᠨ ᠠᠭᠤᠯᠤᠭ᠍ᠳᠠᠬᠤᠨ᠎ᠢᠶᠠᠷ ᠪᠢᠯᠬᠠᠭ᠍ᠰᠠᠨ ᠳᠠᠭᠤᠤ ᠬᠥᠭ᠌ᠵᠢᠮ᠎ᠦᠨ ᠶᠢᠷᠲᠢᠨᠴᠦ᠍᠎ᠳᠦ ᠳᠠᠭᠠᠭᠤᠯᠤᠨ ᠣᠷᠣᠭᠤᠯᠪᠠ᠃
ᠲᠣᠮᠣ ᠬᠡᠯᠪᠡᠷᠢ᠎ᠶ᠋ᠢᠨ ᠦᠨᠳᠦᠰᠦᠲᠡᠨ᠎ᠦ ᠨᠠᠢᠷᠠᠯ ᠬᠦᠭᠵᠢᠮ 《ᠬᠡᠷ ᠤᠷᠤᠨ》 ᠨᠢ ᠥᠪᠥᠷ ᠮᠣᠩᠭᠣᠯ᠎ᠤᠨ ᠦᠨᠳᠦᠰᠦᠲᠡᠨ᠎ᠦ ᠨᠠᠢᠷᠠᠯ ᠬᠦᠭᠵᠢᠮ᠎ᠦᠨ ᠪᠦᠯᠬᠦᠮ᠎ᠤᠨ ᠤᠮᠠᠷᠠᠲᠤ ᠬᠢᠯᠢ᠎ᠶ᠋ᠢᠨ ᠳᠠᠭᠤᠤ ᠬᠥᠭ᠌ᠵᠢᠮ᠎ᠦᠨ ᠰᠣᠶᠣᠯ᠎ᠳᠠᠬᠢ ᠨᠢᠭᠡ ᠤᠳᠠᠭᠠᠨ᠎ᠤ ᠭᠣᠢᠳᠠ ᠰᠠᠢᠬᠠᠨ ᠲᠣᠭ᠍ᠯᠠᠯᠲᠠ ᠪᠣᠯᠤᠬᠰᠠᠨ ᠵᠢᠡᠷ ᠪᠠᠷᠠᠬᠤ ᠥᠬᠡᠶ᠂ ᠨᠠᠩ ᠴᠤ᠌ ᠦᠨᠳᠦᠰᠦᠲᠡᠨ᠎ᠦ ᠳᠠᠭᠤᠤ ᠬᠥᠭ᠌ᠵᠢᠮ᠎ᠢ ᠤᠯᠠᠮᠵᠢᠯᠠᠨ ᠵᠠᠯᠭᠠᠮᠵᠢᠯᠠᠬᠤ ᠪᠠ ᠱᠢᠨ᠎ᠡ᠎ᠶ᠋ᠢ ᠡᠭᠦᠳᠬᠦ᠌᠎ᠶ᠋ᠢᠨ ᠨᠢᠭᠡ ᠤᠳᠠᠭᠠᠨ᠎ᠤ ᠢᠳᠡᠪᠬᠢᠲᠡᠶ ᠰᠦᠪᠡᠭ᠌ᠴᠢᠯᠡᠯ ᠪᠣᠯᠬᠤ ᠶᠤᠮ᠃ ᠳᠠᠭᠤᠤ ᠬᠥᠭ᠌ᠵᠢᠮ᠎ᠦᠨ ᠦᠳᠡᠱᠢᠯᠡᠭᠡ ᠨᠢ ᠥᠪᠡᠷᠮᠢᠴᠡ ᠤᠷᠠᠯᠢᠭ᠎ᠤᠨ ᠷᠢᠳᠢ ᠱᠢᠳᠢᠪᠡᠷᠢᠶᠡᠨ ᠪᠦᠬᠦ᠌ ᠦᠵᠡᠭ᠌ᠴᠢᠳ᠎ᠲᠦ ᠰᠡᠳᠭᠢᠯ ᠵᠢᠷᠦᠬᠡ᠎ᠪᠡᠨ ᠬᠣᠯᠪᠣᠬᠤ ᠬᠥᠭᠥᠷᠭᠡ ᠲᠠᠯᠪᠢᠵᠤ᠂ ᠦᠨᠳᠦᠰᠦᠲᠡᠨ᠎ᠦ ᠪᠦᠯᠬᠦᠮᠳᠡᠯ᠂ ᠡᠷᠡᠮᠡᠬᠡᠢᠯᠡᠨ ᠤᠷᠤᠭ᠍ᠰᠢᠯᠠᠬᠤ᠂ ᠱᠢᠨ᠎ᠡ᠎ᠶ᠋ᠢ ᠡᠭᠦᠳᠬᠦ᠌ ᠴᠠᠭ ᠦᠶ᠎ᠡ᠎ᠶ᠋ᠢᠨ ᠵᠣᠷᠢᠭ ᠰᠠᠨᠠᠭ᠎ᠠ᠎ᠶ᠋ᠢ ᠳᠠᠮᠵᠢᠭᠤᠯᠤᠭ᠍ᠰᠠᠨ ᠪᠠᠢᠨ᠎ᠠ᠃
ᠤᠯᠠᠮᠵᠢᠯᠠᠯ ᠪᠠ ᠰᠢᠨᠠᠴᠢᠯᠠᠯ᠎ᠤᠨ ᠠᠭᠤᠰᠤᠯᠴᠠᠯ
《ᠬᠡᠷ ᠤᠷᠤᠨ》 ᠳᠠᠭᠤᠤ ᠬᠥᠭ᠌ᠵᠢᠮ᠎ᠦᠨ ᠦᠪᠡᠳᠡᠭ᠌ᠰᠢ ᠳᠠᠢᠯᠠᠯᠭ᠎ᠠ᠎ᠳᠤ᠂ ᠬᠥᠭ᠌ᠵᠢᠮ᠎ᠦᠨ ᠵᠣᠬᠢᠶᠠᠯᠴᠢᠳ ᠡᠯ᠎ᠡ ᠦᠨᠳᠦᠰᠦᠲᠡᠨ᠎ᠦ ᠤᠯᠠᠮᠵᠢᠯᠠᠯᠲᠤ ᠳᠠᠭᠤᠤ ᠬᠥᠭ᠌ᠵᠢᠮ᠎ᠳᠡᠬᠢ ᠬᠦᠭ ᠠᠢᠵᠠᠮ ᠵᠢᠴᠢ ᠬᠥᠭ᠌ᠵᠢᠮᠳᠡᠬᠦ᠌ ᠤᠷ᠎ᠠ ᠮᠡᠷᠭᠡᠵᠢᠯ᠎ᠢ ᠣᠲᠣ ᠦᠶ᠎ᠡ᠎ᠶ᠋ᠢᠨ ᠨᠠᠢᠷᠠᠯ ᠬᠦᠭᠵᠢᠮ᠎ᠤᠨ ᠪᠦᠲᠦᠭᠡᠯ᠎ᠦᠨ ᠵᠣᠬᠢᠶᠠᠨ ᠪᠦᠲᠦᠭᠡᠯᠭᠡ᠎ᠳᠦ ᠤᠷᠠᠨ᠎ᠢᠶᠠᠷ ᠠᠭᠤᠰᠭᠠᠨ ᠣᠷᠣᠭᠤᠯᠵᠠᠶ᠃ ᠳᠠᠭᠤᠤ ᠬᠥᠭ᠌ᠵᠢᠮ᠎ᠦᠨ ᠦᠳᠡᠰᠢᠯᠡᠭᠡ ᠳᠡᠭᠡᠷ᠎ᠡ ᠲᠣᠭ᠍ᠯᠠᠭ᠍ᠰᠠᠨ ᠪᠦᠲᠦᠭᠡᠯ ᠨᠢᠭᠡᠪᠦᠷᠢ ᠨᠢ ᠤᠯᠠᠮᠵᠢᠯᠠᠯᠲᠤ ᠳᠠᠭᠤᠤ ᠬᠥᠭ᠌ᠵᠢᠮ᠎ᠦᠨ ᠷᠢᠳᠢ ᠰᠢᠳᠢ ᠵᠢ ᠭᠠᠢᠬᠠᠭᠤᠯᠤᠬᠰᠠᠨ ᠪᠥᠭᠡᠳ ᠣᠲᠣ ᠦᠶ᠎ᠡ᠎ᠶ᠋ᠢᠨ ᠳᠠᠭᠤᠤ ᠬᠥᠭ᠌ᠵᠢᠮ᠎ᠦᠨ ᠲᠡᠯᠡᠬᠦ ᠬᠦᠴᠤᠨ᠎ᠢ ᠢᠯᠡᠷᠡᠬᠦᠯᠵᠤ᠂ ᠤᠯᠠᠮᠵᠢᠯᠠᠯᠲᠤ ᠳᠠᠭᠤᠤ ᠬᠥᠭ᠌ᠵᠢᠮ ᠨᠢ ᠣᠲᠣ ᠦᠶ᠎ᠡ᠎ᠶ᠋ᠢᠨ ᠲᠠᠪᠴᠠᠩ ᠳᠡᠭᠡᠷ᠎ᠡ ᠱᠢᠨ᠎ᠡ ᠠᠮᠢᠵᠢᠷᠠᠯ᠎ᠤᠨ ᠬᠦᠴᠦᠨ᠎ᠲᠡᠶ ᠪᠣᠯᠤᠭ᠍ᠰᠠᠨ ᠪᠠᠢᠨ᠎ᠠ᠃ ᠡᠢᠮᠦᠷᠬᠦᠦ ᠡᠭᠦᠳᠦᠯᠲᠡ ᠨᠢ ᠤᠯᠠᠮᠵᠢᠯᠠᠯᠲᠤ ᠳᠠᠭᠤᠤ ᠬᠥᠭ᠌ᠵᠢᠮ᠎ᠳᠦ ᠬᠦᠨᠳᠦᠳᠭᠡᠯ ᠳᠡᠪᠱᠢᠭᠦᠯᠵᠦ᠍ ᠪᠠᠢᠭ᠎ᠠ ᠶᠠᠪᠤᠳᠠᠯ ᠲᠡᠳᠦᠶ ᠪᠢᠰᠢ᠂ ᠣᠳᠣ ᠦᠶ᠎ᠡ᠎ᠶ᠋ᠢᠨ ᠭᠤᠤ᠎ᠠ ᠲᠠᠭᠠᠱᠢᠶᠠᠯ᠎ᠤᠨ ᠱᠠᠭᠠᠷᠳᠠᠯᠭ᠎ᠠ᠎ᠳᠤ ᠴᠤ᠌ ᠬᠠᠷᠢᠭᠤᠯᠲᠠ ᠥᠭ᠌ᠴᠦ ᠪᠠᠢᠭ᠎ᠠ ᠶᠠᠪᠤᠳᠠᠯ ᠪᠤᠯᠤᠨ᠎ᠠ᠃
ᠳᠠᠭᠤᠤ ᠬᠥᠭ᠌ᠵᠢᠮ᠎ᠦᠨ ᠦᠳᠡᠰᠢᠯᠡᠭᠡ ᠨᠢ ᠡ᠊·ᠨᠠᠷᠠᠰᠤ ᠶ᠋ᠢᠨ ᠵᠣᠬᠢᠶᠠᠨ ᠪᠦᠲᠦᠭᠡᠭ᠌ᠰᠡᠨ ᠨᠠᠢᠷᠠᠯ ᠬᠦᠭᠵᠢᠮ 《ᠮᠠᠨᠳᠤᠬᠤ ᠨᠡᠷᠡᠨ》 ᠵᠢᠡᠷ ᠬᠦᠰᠢᠭᠡ ᠪᠡᠨ ᠰᠡᠬᠦᠵᠠᠢ᠃ ᠪᠦᠬᠦ᠌ ᠠᠶ᠎ᠠ ᠨᠢ ᠵᠢᠪᠬᠤᠭ᠎ᠠ ᠲᠡᠭᠦᠯᠳᠡᠷ ᠬᠥᠭ ᠠᠶᠠᠰ᠎ᠢᠶᠠᠷ ᠡᠩᠬᠡ ᠲᠠᠢᠪᠤᠩ ᠬᠥᠭ᠌ᠵᠢᠯ ᠪᠠᠳᠠᠷᠠᠯᠲᠤ ᠴᠠᠭ ᠦᠶ᠎ᠠ ᠵᠢᠨ ᠪᠠᠢᠳᠠᠯ᠎ᠢ ᠢᠯᠡᠷᠡᠭᠦᠯᠪᠡ᠃ ᠲᠣᠰ ᠪᠦᠲᠦᠭᠡᠯ ᠨᠢ ᠴᠤᠭᠤᠷ᠎ᠤᠨ ᠲᠠᠭᠤᠤ 《ᠨᠡᠷ᠎ᠡ ᠮᠡᠲᠦ ᠮᠠᠨᠳᠤᠬᠤ》 ᠪᠠᠷ ᠵᠣᠬᠢᠶᠠᠨ ᠪᠦᠲᠦᠭᠡᠯᠭᠡ᠎ᠶ᠋ᠢᠨ ᠪᠣᠷᠣ ᠮᠠᠲ᠋ᠧᠷᠢᠶᠠᠯ ᠪᠣᠯᠭᠠᠵᠤ᠂ ᠦᠨᠳᠤᠰᠤᠳᠡᠨ᠎ᠤ ᠨᠠᠢᠷᠠᠯ ᠬᠦᠭᠵᠢᠮ ᠵᠢᠡᠷ ᠨᠠᠢᠷᠠᠭᠤᠯᠵᠤ᠂ ᠮᠣᠩᠭᠣᠯ ᠦᠨᠳᠦᠰᠦᠲᠡᠨ᠎ᠦ ᠡᠷᠬᠢᠮᠰᠦᠭ ᠢᠷᠠᠭᠤ ᠴᠤᠭᠤᠷ᠎ᠤᠨ ᠲᠠᠭᠤᠤ ᠶ᠋ᠢᠨ ᠤᠯᠠᠮᠵᠢᠯᠠᠯᠲᠤ ᠳᠠᠭᠤᠤ ᠬᠥᠭ᠌ᠵᠢᠮ᠎ᠦᠨ ᠰᠲ᠋ᠢᠯᠢ᠎ᠶ᠋ᠢ ᠨᠠᠩ ᠪᠠᠶᠠᠯᠢᠭ ᠬᠡᠯᠪᠡᠷᠢ᠎ᠪᠡᠷ ᠢᠯᠡᠷᠡᠭᠦᠯᠪᠡ᠃ ᠣᠷᠳᠣ᠎ᠶ᠋ᠢᠨ ᠳᠠᠭᠤᠤ ᠪᠠ ᠬᠥᠭᠡᠮᠡᠶ ᠨᠢ ᠠᠸ᠋ᠭ᠎ᠠ ᠰᠦᠷᠯᠢᠭ ᠰᠦᠷ ᠵᠢᠪᠬᠤᠭ᠎ᠠ ᠪᠠ ᠣᠮᠣᠭ ᠲᠡᠭᠦᠯᠳᠡᠷ ᠬᠥᠭ ᠠᠶᠠᠰ᠎ᠢᠶᠠᠷ᠎ᠢᠶᠠᠨ ᠤᠷᠭᠤᠬᠤ ᠨᠡᠷᠡᠨ ᠳᠣᠷᠣᠨ᠎ᠠ ᠵᠦᠭ᠎ᠡᠴᠡ ᠮᠠᠨᠳᠤᠬᠤ ᠰᠦᠷᠯᠢᠭ ᠰᠠᠢᠬᠠᠨ ᠦᠵᠡᠮᠵᠢ᠎ᠶ᠋ᠢ ᠵᠢᠷᠤᠭ᠍ᠯᠠᠵᠤ᠂ ᠲᠠᠭᠤᠴᠢᠨᠤ ᠬᠦᠡᠭᠭᠢᠨᠡᠮᠠ ᠬᠤᠭᠤᠯᠠᠢ ᠪᠠ ᠨᠠᠢᠷᠠᠯ ᠬᠦᠭᠵᠢᠮ ᠦᠨ ᠠᠩᠭᠢ᠎ᠶ᠋ᠢᠨ ᠮᠣᠷᠢᠨ ᠬᠤᠭᠤᠷ᠂ ᠬᠤᠪᠢᠰ᠂ ᠶᠠᠲᠤᠭ᠎ᠠ᠂ ᠡᠪᠡᠷ ᠪᠦᠷᠢᠶ᠎ᠡ᠂ ᠪᠢᠰᠬᠢᠭᠦᠷ ᠵᠡᠷᠭᠡ ᠤᠯᠠᠮᠵᠢᠯᠠᠯᠲᠤ ᠬᠦᠭ᠌ᠵᠢᠮᠳᠡᠬᠦᠷ ᠲᠠᠢ ᠬᠠᠷᠢᠯᠴᠠᠨ ᠰᠤᠯᠢᠪᠴᠠᠵᠤ᠂ ᠤᠳᠬ᠎ᠠ ᠬᠦᠨ ᠴᠢᠬᠢᠮᠠᠢ ᠬᠦᠭᠵᠢᠮ᠎ᠤᠨ ᠥᠪᠡᠷᠮᠢᠴᠡ ᠳᠠᠭᠤᠤ ᠬᠥᠭ᠌ᠵᠢᠮ᠎ᠦᠨ ᠦᠭᠡ ᠬᠡᠯᠡ᠎ᠶ᠋ᠢ ᠪᠦᠷᠢᠯᠳᠦᠭᠦᠯᠵᠤ ᠴᠢᠳᠠᠵᠠᠢ᠃ ᠳᠠᠭᠤᠤ ᠬᠥᠭ᠌ᠵᠢᠮ᠎ᠦᠨ ᠳᠤᠮᠳᠠ ᠡᠴᠡ᠂ ᠪᠢᠳᠡ ᠲᠠᠯ᠎ᠠ ᠨᠤᠲᠤᠭ᠎ᠤᠨ ᠰᠠᠯᠬᠢᠨ᠎ᠤ ᠲᠠᠭᠤᠨ᠂ ᠠᠬᠳᠠ ᠵᠢᠨ ᠲᠦᠪᠡᠷᠭᠡᠨ ᠪᠠ ᠮᠠᠯᠴᠢᠳ᠎ᠤᠨ ᠳᠠᠭᠤᠯᠠᠬᠤ ᠲᠠᠭᠤᠨ᠎ᠢ ᠰᠤᠨᠤᠷᠳᠠᠵᠤ᠂ ᠡᠨᠡ ᠨᠢ ᠶᠠᠭ ᠯᠠ ᠲᠠᠯ᠎ᠠ ᠨᠤᠲᠤᠭ᠎ᠤᠨ ᠠᠮᠢᠳᠤᠯᠢᠭ ᠵᠢᠷᠤᠭ ᠦᠵᠡᠭᠴᠢᠳ᠎ᠤᠨ ᠡᠮᠤᠨ᠎ᠠ ᠠᠯᠭᠤᠷ ᠠᠭᠠᠵᠢᠮᠬᠠᠨ ᠲᠡᠯᠭᠡᠭᠳᠡᠬᠦ ᠮᠡᠲᠦ᠍ ᠭᠤᠶᠤᠬᠠᠨ᠃

ᠲᠤᠰ ᠳᠠᠭᠤᠤ ᠬᠥᠭ᠌ᠵᠢᠮ᠎ᠦᠨ ᠦᠳᠡᠱᠢᠯᠡᠭᠡ ᠨᠢ ᠮᠠᠨ᠎ᠤ ᠤᠷᠤᠨ᠎ᠤ ᠦᠨᠳᠦᠰᠦᠲᠡᠨ᠎ᠦ ᠳᠠᠭᠤᠤ ᠬᠥᠭ᠌ᠵᠢᠮ᠎ᠦᠨ ᠤᠶᠠᠨ ᠬᠠᠳᠠᠨ ᠴᠢᠨᠠᠷ᠎ᠢ ᠢᠯᠡᠷᠡᠭᠦᠯᠦᠭ᠌ᠰᠡᠨ᠎ᠢᠶᠡᠷ ᠪᠠᠷᠠᠬᠤ ᠦᠭᠡᠢ᠂ ᠨᠡᠩ ᠴᠤ᠌ ᠳᠠᠭᠤᠤ ᠬᠥᠭ᠌ᠵᠢᠮᠴᠢᠳᠦᠨ ᠦᠨᠳᠦᠰᠦᠲᠡᠨ᠎ᠦ ᠳᠠᠭᠤᠤ ᠬᠥᠭ᠌ᠵᠢᠮ᠎ᠦᠨ ᠰᠣᠶᠣᠯ᠎ᠢ ᠤᠯᠠᠮᠵᠢᠯᠠᠨ ᠬᠥᠭ᠌ᠵᠢᠭᠦᠯᠬᠦ᠌ ᠡᠷᠡᠰ ᠪᠠᠲᠤ ᠢᠲᠡᠭᠡᠯ ᠵᠣᠷᠢᠭ᠎ᠢ ᠢᠯᠡᠷᠡᠭᠦᠯᠦᠭ᠌ᠰᠡᠨ ᠬᠡᠵᠤ ᠬᠡᠯᠡᠵᠤ ᠪᠤᠯᠤᠨ᠎ᠠ᠃ ᠨᠠᠢᠷᠠᠮᠳᠠᠭᠤ ᠠᠲᠠᠯ᠎ᠠ ᠠᠳᠠᠯᠢ ᠪᠤᠰᠤ ᠬᠦᠭ ᠠᠶᠠᠰ ᠳᠤᠮᠳᠠ᠂ ᠦᠵᠡᠭ᠌ᠴᠢᠳ ᠳᠠᠭᠤᠤ ᠬᠥᠭ᠌ᠵᠢᠮ᠎ᠤᠨ ᠬᠢᠵᠠᠭᠠᠯᠠᠰᠢ ᠦᠭᠡᠢ ᠷᠢᠳᠢ ᠱᠢᠳᠢ᠎ᠶ᠋ᠢ ᠮᠡᠳᠡᠷᠡᠬᠦ ᠶᠤᠮ᠃ ᠳᠤᠷᠠᠳᠤᠭᠤᠱᠢᠲᠠᠶ ᠵᠦᠶ᠋ᠯ ᠭᠡᠪᠡᠯ᠂ ᠥᠪᠥᠷ ᠮᠣᠩᠭᠣᠯ᠎ᠤᠨ ᠦᠨᠳᠦᠰᠦᠲᠡᠨ᠎ᠦ ᠨᠠᠢᠷᠠᠯ ᠬᠦᠭᠵᠢᠮ ᠦᠨ ᠪᠦᠯᠬᠦᠮ᠎ᠤᠨ ᠬᠦᠭᠵᠢᠮ᠎ᠤᠨ ᠵᠢᠮᠰᠡᠭ᠎ᠤᠨ ᠬᠡᠷᠡᠭᠯᠡᠯᠳᠡ ᠨᠢ ᠤᠯᠤᠰ᠎ᠤᠨ ᠳᠣᠲᠣᠭᠠᠳᠤ᠎ᠶ᠋ᠢᠨ ᠪᠠᠷᠢᠮᠵᠢᠶᠠᠲᠤ ᠦᠨᠳᠦᠰᠦᠲᠡᠨ᠎ᠦ ᠬᠥᠭ᠌ᠵᠢᠮ᠎ᠦᠨ ᠪᠦᠯᠬᠦᠮ᠎ᠲᠡᠶ ᠶᠡᠬᠡ ᠢᠯᠭᠠᠭ᠎ᠠ᠎ᠲᠠᠶ ᠪᠠᠢᠳᠠᠭ᠃ ᠵᠢᠱ᠌ᠢᠶᠡᠯᠡᠪᠡᠯ᠂ ᠯᠢᠮᠪᠦ᠌᠂ ᠶᠠᠩᠴᠢᠨ ᠬᠥᠭ᠌ᠵᠢᠮ᠂ ᠪᠢᠰᠭᠢᠭᠦᠷ ᠵᠡᠷᠭᠡ ᠦᠨᠳᠦᠰᠦᠲᠡᠨ᠎ᠦ ᠬᠥᠭ᠌ᠵᠢᠮ᠎ᠦᠨ ᠪᠦᠯᠬᠦᠮ᠎ᠦᠨ ᠬᠡᠷᠡᠭ᠌ᠯᠡᠳᠡᠭ ᠡᠩ᠎ᠦᠨ ᠬᠦᠭ᠌ᠵᠢᠮᠳᠡᠬᠦᠷᠢ ᠬᠡᠷᠡᠭ᠌ᠯᠡᠬᠦ᠌᠎ᠡᠴᠡ ᠭᠠᠳᠠᠨ᠎ᠠ᠂ ᠮᠣᠷᠢᠨ ᠬᠤᠭᠤᠷ᠂ ᠳᠥᠷᠪᠡᠨ ᠤᠲᠠᠰᠤᠲᠤ ᠬᠤᠭᠤᠷ᠂ ᠬᠤᠪᠢᠰ᠂ ᠶᠠᠳᠤᠭ᠎ᠠ᠂ ᠡᠪᠡᠷᠪᠦᠷᠢᠶᠡ ᠵᠡᠷᠭᠡ ᠮᠣᠩᠭᠣᠯ ᠦᠨᠳᠦᠰᠦᠲᠡᠨ᠎ᠦ ᠤᠨᠴᠠᠯᠢᠭ᠍ᠳᠤ ᠬᠦᠭ᠌ᠵᠢᠮᠳᠡᠬᠦᠷᠢ ᠬᠡᠷᠡᠭ᠌ᠯᠡᠭ᠌ᠰᠡᠨ ᠪᠥᠭᠡᠳ ᠤᠷᠴᠢᠨ ᠦᠶ᠎ᠠ ᠵᠢᠨ ᠨᠠᠢᠷᠠᠯ ᠬᠦᠭᠵᠢᠮ ᠳᠡᠬᠢ ᠪᠦᠷᠢᠶ᠎ᠡ ᠪᠠ ᠪᠢᠰᠭᠢᠭᠦᠷᠢ ᠰᠤᠳᠤᠯᠤᠨ ᠦᠶ᠋ᠯᠡᠳᠦᠭ᠌ᠰᠡᠨ ᠪᠠᠢᠨ᠎ᠠ᠃ ᠡᠭᠦᠨ᠎ᠦ ᠬᠠᠮᠲᠤ ᠣᠷᠳᠣ ᠯᠢᠮᠪᠦ᠌᠂ ᠬᠤᠷᠠᠨ ᠪᠦᠷᠢᠶ᠎ᠡ ᠵᠡᠷᠭᠡ ᠥᠷᠥᠨᠡᠳᠠᠬᠢᠨ᠎ᠤ ᠬᠦᠭᠵᠢᠮᠳᠡᠬᠦᠷᠢ ᠬᠡᠷᠡᠭᠯᠡᠭᠰᠡᠨ ᠨᠢ ᠬᠦᠭᠵᠢᠮ᠎ᠤᠨ ᠪᠦᠯᠬᠦᠮ᠎ᠤᠨ ᠨᠠᠢᠷᠠᠯ ᠲᠠᠭᠤᠤ ᠵᠢ ᠨᠡᠡᠭ ᠪᠠᠶᠠᠯᠢᠭ ᠪᠤᠯᠭᠠᠵᠠᠢ᠃ ᠡᠢᠮᠦᠷᠬᠦᠦ ᠡᠭᠦᠳᠦᠯᠲᠡ ᠨᠢ ᠦᠨᠳᠦᠰᠦᠲᠡᠨ᠎ᠦ ᠳᠠᠭᠤᠤ ᠬᠥᠭ᠌ᠵᠢᠮ᠎ᠢ ᠨᠡᠩ ᠢᠯᠡᠭᠦᠦ ᠪᠠᠭ᠍ᠲᠠᠭᠠᠮᠵᠢᠲᠤ ᠴᠢᠨᠠᠷ ᠪᠠ ᠣᠯᠠᠨ ᠶᠠᠩᠵᠤᠲᠤ ᠴᠢᠨᠠᠷᠲᠠᠶ ᠪᠣᠯᠭᠠᠵᠤ᠂ ᠰᠣᠨᠣᠰᠤᠭ᠍ᠴᠢᠳ᠎ᠲᠤ ᠴᠣ ᠱᠢᠨ᠎ᠡ ᠰᠣᠨᠣᠷ᠎ᠤᠨ ᠮᠡᠳᠡᠷᠡᠮᠵᠢ᠎ᠶ᠋ᠢ ᠣᠯᠭᠣᠭ᠍ᠰᠠᠨ ᠪᠠᠢᠨ᠎ᠠ᠃
ᠼᠦᠢ ᠹᠸᠩ ᠴᠦᠨ᠎ᠦ ᠵᠣᠬᠢᠶᠠᠭ᠍ᠰᠠᠨ 《ᠨᠠᠭᠠᠳᠤᠮ᠎ᠤᠨ ᠤᠳᠤᠷᠢᠳᠬᠠᠯ ᠬᠥᠭ᠌ᠵᠢᠮ》 ᠨᠢ ᠤᠤᠯ ᠳ᠋ᠠᠭᠠᠨ ᠭᠠᠤᠯᠢᠨ ᠦᠯᠢᠶᠡᠪᠤᠷᠢ ᠵᠢᠨ ᠲᠠᠪᠤᠯᠠᠯ ᠬᠥᠭ᠌ᠵᠢᠮ ᠪᠠᠢᠵᠤ᠂ ᠷᠦᠳᠡ ᠬᠦᠭᠵᠢᠮ᠎ᠤᠨ ᠪᠦᠳᠦᠴᠡ ᠵᠢ ᠠᠰᠢᠬᠯᠠᠵᠤ᠂ ᠨᠠᠭᠠᠳᠤᠮ᠎ᠤᠨ ᠬᠤᠷᠠᠯ ᠲᠡᠭᠡᠷᠡᠬᠢ ᠮᠣᠷᠢ ᠤᠷᠤᠯᠳᠤᠬᠤ᠂ ᠪᠥᠬᠡ ᠪᠠᠷᠢᠯᠳᠤᠬᠤ᠂ ᠰᠤᠷ ᠬᠠᠷᠪᠤᠬᠤ ᠵᠡᠷᠭᠡ ᠡᠷ᠎ᠠ ᠵᠢᠨ ᠭᠤᠷᠪᠡᠨ ᠨᠠᠭᠠᠳᠤᠮ᠎ᠤᠨ ᠬᠦᠭᠵᠢᠶᠡᠨᠳᠤ ᠪᠠᠢᠳᠡᠯ᠎ᠢ ᠳᠦᠷᠰᠦᠯᠡᠭ᠌ᠰᠡᠨ ᠠᠵᠢ᠃ ᠲᠣᠰ ᠤᠳᠠᠭ᠎ᠠ ᠵᠢᠨ ᠦᠳᠡᠰᠢᠯᠡᠭᠡ᠎ᠳᠤ ᠲᠣᠭ᠍ᠯᠠᠭ᠍ᠰᠠᠨ 《ᠨᠠᠭᠠᠳᠤᠮ᠎ᠤᠨ ᠤᠳᠤᠷᠢᠳᠬᠠᠯ ᠬᠥᠭ᠌ᠵᠢᠮ》 ᠪᠤᠯᠤᠬᠰᠠᠭᠠᠷ ᠬᠥᠭ᠌ᠵᠢᠮ᠎ᠦᠨ ᠪᠦᠯᠬᠦᠮ ᠡᠴᠡ ᠬᠣᠶᠠᠳᠠᠬᠢ ᠤᠳᠠᠭ᠎ᠠ ᠥᠭᠡᠷᠡᠴᠢᠯᠡᠨ ᠨᠠᠢᠷᠠᠭᠤᠯᠵᠤ᠂ ᠤᠯᠠᠮᠵᠢᠯᠠᠯᠲᠤ ᠦᠨᠳᠦᠰᠦᠲᠡᠨ᠎ᠦ ᠬᠦᠭ᠌ᠵᠢᠮᠳᠡᠬᠦᠷ ᠢ ᠤᠷᠴᠢᠨ ᠦᠶ᠎ᠡ᠎ᠶ᠋ᠢᠨ ᠥᠷᠥᠨᠡᠳᠠᠬᠢᠨ᠎ᠤ ᠬᠦᠭ᠌ᠵᠢᠮᠳᠡᠬᠦᠷ ᠲᠠᠢ ᠤᠶᠠᠯᠳᠤᠭᠤᠯᠤᠭ᠍ᠰᠠᠨ᠎ᠢᠶᠠᠷ ᠡᠨᠡ ᠬᠦ᠌ ᠪᠦᠲᠦᠭᠡᠯ ᠨᠢ ᠨᠠᠩ ᠪᠠᠶᠠᠯᠢᠭ ᠬᠦᠭ ᠠᠶᠠᠰᠪᠠ ᠰᠦᠷ ᠬᠦᠴᠦᠨ᠎ᠲᠡᠶ ᠪᠣᠯᠤᠭ᠍ᠰᠠᠨ ᠪᠠᠢᠨ᠎ᠠ᠃ ᠲᠦᠷᠪᠡᠨ ᠤᠳᠠᠰᠤᠳᠤ ᠬᠦᠭᠵᠢᠮ 《ᠳᠥᠷᠪᠡᠨ ᠲᠠᠯᠠᠢ ᠵᠢᠨ ᠡᠭᠡᠰᠢᠭ》 ᠪᠣᠯ ᠭᠠᠵᠠᠷ ᠣᠷᠣᠨ᠎ᠤ ᠣᠨᠴᠠᠯᠢᠭ᠎ᠢᠶᠠᠷ ᠲᠤᠪᠤᠢᠮ᠎ᠠ ᠪᠦᠲᠦᠭᠡᠯ ᠪᠠᠢᠵᠤ᠂ ᠭᠤᠷᠪᠡᠨ ᠠᠡᠭᠭᠢ᠎ᠳᠤ ᠬᠡᠯᠪᠡᠷᠢ ᠲᠠᠢ᠃ ᠳᠥᠷᠪᠡᠨ ᠤᠲᠠᠰᠤᠲᠤ ᠬᠤᠭᠤᠷ ᠨᠢ ᠮᠣᠩᠭᠣᠯ ᠦᠨᠳᠦᠰᠦᠲᠡᠨ᠎ᠦ ᠤᠯᠠᠮᠵᠢᠯᠠᠯᠲᠤ ᠬᠥᠭ᠌ᠵᠢᠮ ᠪᠣᠯᠤᠭ᠍ᠰᠠᠨ᠎ᠤ ᠬᠤᠪᠢ᠎ᠳᠤ᠂ ᠥᠪᠡᠷᠮᠢᠴᠡ ᠥᠩᠭᠡ ᠠᠶᠠᠰ ᠪᠠ ᠬᠥᠭ᠌ᠵᠢᠮᠳᠡᠬᠦ᠌ ᠠᠷᠭ᠎ᠠ ᠮᠠᠶᠢᠭ ᠨᠢ ᠡᠨᠡ ᠬᠦ᠌ ᠬᠥᠭ᠌ᠵᠢᠮ᠎ᠦᠨ ᠠᠶ᠎ᠠ᠎ᠳᠤ ᠥᠪᠡᠷᠮᠢᠴᠡ ᠬᠡᠪ ᠨᠠᠮᠪᠠ ᠣᠯᠭᠣᠭ᠍ᠰᠠᠨ ᠶᠤᠮ᠃ ᠮᠣᠩᠭᠣᠯ ᠦᠨᠳᠤᠰᠤᠳᠡᠨ᠎ᠤ ᠵᠠᠯᠠᠭᠤ ᠳᠥᠷᠪᠡᠨ ᠤᠲᠠᠰᠤᠲᠤ ᠬᠤᠭᠤᠷ᠎ᠤᠨ ᠬᠥᠭ᠌ᠵᠢᠮᠴᠢᠨ ᠰᠦᠶ᠎ᠠ ᠳᠥᠷᠪᠡᠨ ᠤᠲᠠᠰᠤᠲᠤ ᠬᠤᠭᠤᠷ᠎ᠤᠨ ᠬᠥᠭ᠌ᠵᠢᠮ᠎ᠦᠨ ᠠᠶᠠᠰ᠎ᠤᠨ ᠣᠨᠴᠠᠯᠢᠭ᠎ᠢ ᠭᠦᠢᠴᠡᠳ ᠠᠱᠢᠭ᠍ᠯᠠᠵᠤ᠂ ᠬᠠᠡᠭᠭᠢᠨᠠᠮᠠ ᠳᠥᠷᠪᠡᠨ ᠤᠲᠠᠰᠤᠲᠤ ᠬᠤᠭᠤᠷ ᠪᠣᠯᠤᠨ ᠪᠠᠷᠬᠢᠯ ᠳᠥᠷᠪᠡᠨ ᠤᠲᠠᠰᠤᠲᠤ ᠬᠤᠭᠤᠷ᠎ᠢ ᠡᠭᠡᠯᠵᠢᠯᠡᠨ ᠬᠡᠷᠡᠭ᠌ᠯᠡᠵᠦ᠍᠂ ᠬᠦᠭᠵᠢᠮ᠎ᠤᠨ ᠠᠶᠠᠰ᠎ᠤᠨ ᠪᠠᠶᠠᠯᠢᠭ᠎ᠢ᠋ ᠢᠯᠡᠷᠡᠭᠦᠯᠵᠦ᠍᠂ ᠦᠨᠳᠤᠰᠤᠳᠡᠨ᠎ᠤ ᠨᠠᠢᠷᠠᠯ ᠬᠦᠭᠵᠢᠮ᠎ᠦᠨ ᠠᠩᠭᠢ᠎ᠲᠠᠶ ᠬᠠᠮᠲᠤᠷᠠᠨ ᠳᠠᠭᠤᠤ ᠬᠥᠭ᠌ᠵᠢᠮ᠎ᠦᠨ ᠪᠦᠲᠦᠭᠡᠯ᠎ᠢ ᠨᠡᠩ ᠪᠤᠰᠤᠭ᠎ᠠ ᠴᠤᠬᠴᠠᠳᠤ ᠪᠣᠯᠭᠠᠭ᠍ᠰᠠᠨ ᠪᠠᠢᠨ᠎ᠠ᠃
ᠥᠪᠥᠷ ᠮᠣᠩᠭᠣᠯ᠎ᠤᠨ ᠦᠨᠳᠦᠰᠦᠲᠡᠨ᠎ᠦ ᠨᠠᠢᠷᠠᠯ ᠬᠦᠭᠵᠢᠮ᠎ᠦᠨ ᠪᠦᠯᠬᠦᠮ᠂ ᠡᠨᠡ ᠬᠦ᠌ ᠮᠠᠨ᠎ᠤ ᠤᠷᠤᠨ᠎ᠤ ᠦᠶ ᠣᠯᠠᠨ ᠳᠠᠭᠤᠤ ᠬᠥᠭ᠌ᠵᠢᠮ᠎ᠦᠨ ᠰᠤᠳᠤᠴᠤᠤᠯ ᠵᠢᠡᠷ ᠪᠦᠷᠢᠯᠳᠦᠭᠰᠡᠨ ᠪᠦᠯᠬᠦᠮ ᠨᠢ ᠨᠢᠭᠡ ᠪᠦᠯᠦᠭ ᠰᠣᠩᠭᠣᠳᠠᠭ ᠦᠨᠳᠦᠰᠦᠲᠡᠨ᠎ᠦ ᠨᠠᠢᠷᠠᠯ ᠬᠦᠭᠵᠢᠮ ᠦᠨ ᠠᠶ᠎ᠠ᠎ᠶ᠋ᠢ ᠭᠦᠨᠵᠡᠭᠡᠶ ᠠᠭᠤᠳᠠᠯᠤᠨ ᠡᠮᠬᠢᠯᠡᠵᠦ᠍᠂ ᠲᠡᠳᠡ ᠤᠷᠤᠨ ᠨᠤᠲᠤᠭ᠎ᠤᠨ ᠵᠢᠡᠨ ᠰᠢᠮᠠᠳᠤ ᠬᠦᠷᠤᠰᠤᠨ᠎ᠳᠤ ᠰᠠᠭᠤᠷᠢᠯᠠᠨ᠂ ᠤᠯᠠᠮᠵᠢᠯᠠᠯᠲᠤ ᠳᠠᠭᠤᠤ ᠬᠥᠭ᠌ᠵᠢᠮ᠎ᠦᠨ ᠲᠤᠬᠠᠶ ᠭᠦᠨᠵᠡᠭᠡᠶ ᠣᠢᠯᠠᠭᠠᠯᠲᠠ᠎ᠲᠠᠶ ᠪᠠᠢᠵᠤ᠂ ᠮᠠᠨ᠎ᠤ ᠤᠷᠤᠨ᠎ᠤ ᠦᠨᠳᠦᠰᠦᠲᠡᠨ᠎ᠦ ᠳᠠᠭᠤᠤ ᠬᠥᠭ᠌ᠵᠢᠮ᠎ᠦᠨ ᠱᠢᠨ᠎ᠡ᠎ᠶ᠋ᠢ ᠡᠭᠦᠳᠦᠨ ᠬᠥᠭ᠌ᠵᠢᠬᠦ᠌᠎ᠳᠦ ᠢᠳᠡᠪᠬᠢᠲᠡᠶ ᠰᠦᠪᠡᠭ᠌ᠴᠢᠯᠡᠯ ᠬᠢᠵᠦ᠍᠂ ᠳᠤᠮᠳᠠᠳᠤ ᠤᠯᠤᠰ᠎ᠤᠨ ᠠᠷᠠᠳ᠎ᠤᠨ ᠨᠠᠢᠷᠠᠯ ᠬᠥᠭ᠌ᠵᠢᠮ᠎ᠦᠨ ᠡᠲᠡᠭᠡᠳ᠎ᠦᠨ ᠬᠢᠨ᠎ᠤ ᠣᠮᠲᠣᠭᠠᠢᠯᠠᠵᠤ ᠪᠣᠯᠤᠰᠢ ᠥᠬᠡᠶ ᠬᠦᠴᠦᠨ ᠪᠣᠯᠵᠤ ᠬᠦᠭᠵᠢᠵᠤ ᠪᠤᠢ᠃
ᠳᠠᠭᠤᠤ ᠬᠥᠭ᠌ᠵᠢᠮ᠎ᠦᠨ ᠲᠤᠤᠯᠢᠰᠪᠠ ᠤᠯᠤᠰᠬᠡᠷᠤᠨ ᠮᠠᠭᠳᠠᠭᠠᠯ
《ᠭᠡᠷ ᠣᠷᠣᠨ》 ᠳᠠᠭᠤᠤ ᠬᠥᠭ᠌ᠵᠢᠮ᠎ᠦᠨ ᠦᠳᠡᠱᠢᠯᠡᠭᠡ ᠨᠢ ᠳᠠᠭᠤᠤ ᠬᠥᠭ᠌ᠵᠢᠮ᠎ᠦᠨ ᠪᠦᠲᠦᠭᠡᠯ᠎ᠢᠶᠡᠷ ᠳᠠᠮᠵᠢᠭᠤᠯᠤᠨ᠂ ᠪᠣᠳᠠᠭᠠᠯᠢ ᠪᠡᠶ᠎ᠡ ᠬᠢᠭᠡᠳ ᠤᠯᠤᠰ ᠬᠡᠷ᠂ ᠤᠯᠤᠰ ᠬᠡᠷ ᠬᠢᠭᠡᠳ ᠳᠡᠯᠡᠬᠡᠶ ᠳ᠋ᠠᠬᠢᠨ᠎ᠤ ᠬᠣᠭᠣᠷᠣᠨᠳᠣᠬᠢ ᠬᠠᠷᠢᠴᠠᠭ᠎ᠠ᠎ᠶ᠋ᠢ ᠪᠦᠷᠢᠨ ᠭᠦᠶ᠋ᠴᠡᠳ ᠢᠯᠡᠷᠡᠭᠦᠯᠬᠦ ᠵᠢ ᠵᠤᠷᠢᠪᠡ᠃ ᠣᠷᠭᠢᠯᠤᠮ᠎ᠠ ᠴᠠᠯᠬᠢᠯᠤᠮᠠ ᠬᠦᠭ ᠠᠶᠠᠰ᠎ᠤᠨ ᠳᠤᠮᠳᠠ᠂ ᠪᠢᠳᠡ ᠳᠤᠮᠳᠠᠳᠤ᠎ᠶ᠋ᠢᠨ ᠦᠨᠳᠦᠰᠦᠲᠡᠨ᠎ᠦ ᠥᠨᠢ ᠤᠳᠠᠭᠠᠨ ᠲᠡᠦᠬᠡ᠎ᠲᠠᠢ ᠤᠷᠠᠯᠢᠬ ᠰᠤᠶᠤᠯ᠎ᠢ ᠦᠢᠯᠠᠭᠠᠵᠤ᠂ ᠦᠪᠦᠷ ᠮᠤᠩᠭᠤᠯ᠎ᠤᠨ ᠦᠨᠳᠦᠰᠦᠲᠡᠨ᠎ᠨᠦᠭᠦᠳ᠎ᠦᠨ ᠬᠥᠪᠡᠭᠦᠳ ᠥᠬᠢᠳ᠎ᠦᠨ ᠬᠡᠷ ᠣᠷᠣᠨ᠎ᠢᠶᠠᠨ ᠬᠠᠢᠷᠠᠯᠠᠬᠤ ᠴᠢᠩ ᠦᠨᠡᠨᠴᠢ ᠬᠠᠢᠷ᠎ᠠ ᠰᠡᠳᠬᠢᠯᠭᠡ ᠪᠠ ᠰᠠᠢ᠌ᠨ ᠰᠠᠢᠬᠠᠨ ᠠᠮᠢᠳᠤᠷᠠᠯ᠎ᠤᠨ ᠬᠦᠰᠡᠯ ᠡᠷᠡᠮᠡᠯᠵᠡᠯ᠎ᠢ ᠮᠡᠳᠡᠷᠡᠵᠤ ᠪᠢᠯᠡ᠃
ᠡ᠊·ᠪᠠᠶᠠᠨᠨᠠᠮᠤᠷ᠎ᠤᠨ ᠵᠣᠬᠢᠶᠠᠨ ᠪᠦᠲᠦᠭᠡᠭ᠌ᠰᠡᠨ ᠮᠣᠷᠢᠨ ᠬᠤᠭᠤᠷ᠎ᠤᠨ ᠲᠣᠳᠣᠷᠠᠭᠤᠯᠤᠯᠲᠠ ᠬᠥᠭ᠌ᠵᠢᠮ 《ᠠᠯᠤᠰ ᠬᠣᠯᠠ》 ᠪᠣᠯ ᠨᠡᠯᠢᠶᠡᠳ ᠲᠣᠮᠣ ᠬᠡᠯᠪᠡᠷᠢ᠎ᠶ᠋ᠢᠨ ᠤᠯᠠᠨ ᠬᠤᠭᠤᠯᠠᠢ᠎ᠳᠤ ᠬᠥᠭ᠌ᠵᠢᠮ᠎ᠦᠨ ᠪᠦᠲᠦᠭᠡᠯ ᠶᠤᠮ; ᠮᠥᠩᠬᠡᠵᠠᠶᠠᠭ᠎ᠠ᠎ᠶ᠋ᠢᠨ ᠮᠣᠷᠢᠨ ᠬᠤᠭᠤᠷ᠎ᠤᠨ ᠬᠦᠭᠵᠢᠮᠳᠡᠯ ᠨᠢ ᠣᠯᠠᠨ ᠵᠦᠶ᠋ᠯ᠎ᠦᠨ ᠤᠯᠠᠮᠵᠢᠯᠠᠯᠲᠤ ᠬᠥᠭ᠌ᠵᠢᠮᠳᠡᠬᠦ᠌ ᠠᠷᠭ᠎ᠠ᠎ᠶ᠋ᠢ ᠠᠭᠤᠰᠭᠠᠨ ᠨᠢᠭᠡᠳᠭᠡᠵᠦ᠍᠂ ᠮᠣᠷᠢᠨ᠎ᠤ ᠤᠯᠠᠨ ᠶᠠᠡᠭᠵᠤ ᠵᠢᠨ ᠠᠯᠬᠤᠳᠠᠯ᠂ ᠰᠡᠳᠭᠢᠯ ᠬᠥᠳᠡᠯᠭᠡᠮ᠎ᠡ ᠠᠢᠵᠠᠮᠴᠤᠬᠢᠯᠭᠠ ᠪᠡᠷ ᠲᠠᠯ᠎ᠠ ᠨᠤᠲᠤᠭ᠎ᠤᠨ ᠦᠡᠭᠭᠡ ᠪᠤᠳᠤᠭ᠎ᠢ ᠵᠢᠷᠤᠭ᠍ᠯᠠᠭ᠍ᠰᠠᠨ ᠪᠠᠢᠨ᠎ᠠ᠃ ᠣᠯᠠᠨ ᠬᠤᠭᠤᠯᠠᠢ᠎ᠳᠤ ᠬᠥᠭ ᠠᠶᠠᠰ ᠨᠢ ᠠᠳᠠᠯᠢ ᠪᠤᠰᠤ ᠳᠦᠷᠢ ᠲᠥᠷᠬᠦ᠌᠎ᠶ᠋ᠢ ᠢᠯᠡᠷᠡᠭᠦᠯᠪᠡ᠃ ᠳᠠᠭᠤᠤ ᠬᠥᠭ᠌ᠵᠢᠮ᠎ᠦᠨ ᠭᠣᠣᠯ ᠰᠡᠳᠦᠪ ᠨᠢ ᠬᠦᠰᠡᠯ ᠮᠦᠷᠤᠭᠡᠳᠤᠯ᠎ᠡᠴᠡ ᠬᠢᠵᠠᠭᠠᠯᠠᠰᠢ ᠦᠭᠡᠢ ᠬᠥᠳᠡᠯᠭᠡᠬᠦ᠌ ᠬᠦᠴᠦᠨ᠎ᠦ ᠬᠥᠭ᠌ᠵᠢᠯᠲᠡ ᠬᠦᠷᠲᠡᠯ᠎ᠡ᠂ ᠮᠠᠨ᠎ᠤ ᠤᠷᠤᠨ᠎ᠤ ᠠᠷᠠᠳ ᠲᠦᠮᠡᠨ᠎ᠦ ᠬᠡᠬᠦᠳᠡᠭ ᠴᠡᠭᠡᠵᠢᠨ᠎ᠳᠡᠭᠡᠨ ᠡᠬᠡ ᠤᠯᠤᠰ᠎ᠢᠶᠠᠨ ᠪᠠᠭ᠍ᠲᠠᠭᠠᠵᠤ᠂ ᠠᠯᠤᠰ ᠬᠡᠳᠦ᠍᠎ᠶ᠋ᠢᠨ ᠵᠣᠷᠢᠯᠲᠠ᠎ᠲᠠᠶ ᠤᠶᠤᠨ ᠰᠠᠨᠠᠭᠠᠨ᠎ᠤ ᠶᠢᠷᠲᠢᠨᠴᠦ᠍᠎ᠶ᠋ᠢ ᠢᠯᠡᠳᠭᠡᠪᠡ᠃
ᠡᠷᠳᠡᠨᠢ ᠵᠢᠨ ᠵᠣᠬᠢᠶᠠᠨ ᠪᠦᠲᠦᠭᠡᠭ᠌ᠰᠡᠨ《ᠨᠡᠭᠦᠳᠡᠯ》 ᠪᠦᠳᠤᠭᠡᠯ ᠨᠢ ᠲᠡᠦᠬᠡ᠎ᠳᠤ ᠰᠡᠳᠭᠢᠯᠭᠡ᠂ ᠦᠨᠳᠦᠰᠦᠲᠡᠨ᠎ᠦ ᠰᠡᠳᠭᠢᠯᠭᠡ ᠪᠠ ᠣᠳᠣ ᠦᠶ᠎ᠡ᠎ᠶ᠋ᠢᠨ ᠰᠡᠳᠭᠢᠯᠭᠡ᠎ᠪᠡᠷ ᠳᠦᠭᠦᠷᠡᠩ ᠳᠠᠭᠤᠤ ᠬᠥᠭ᠌ᠵᠢᠮ᠎ᠦᠨ ᠲᠤᠤᠯᠢᠰ ᠪᠤᠯᠵᠤ ᠴᠢᠳᠠᠬᠰᠠᠨ ᠶᠤᠮ᠃ ᠡᠬᠢᠯᠡᠯᠲᠡ᠎ᠳᠡᠭᠡᠨ ᠨᠠᠮ ᠳᠥᠯᠭᠡᠨ ᠪᠥᠭᠡᠳ ᠬᠦᠴᠤᠯᠢᠢᠠ᠋ ᠦᠯᠢᠶᠡᠭᠦᠷ ᠬᠥᠭ᠌ᠵᠢᠮ ᠵᠢᠡᠷ ᠰᠦᠷᠯᠢᠭ ᠰᠠᠢᠬᠠᠨ᠂ ᠬᠠᠩᠭᠢᠨᠠᠮ᠎ᠠ ᠪᠦᠷᠢᠶ᠎ᠡ᠎ᠶ᠋ᠢᠨ ᠲᠠᠭᠤᠨ᠎ᠢ ᠬᠥᠭ᠌ᠵᠢᠮᠳᠡᠵᠦ᠍᠂ ᠬᠥᠮᠦᠰ᠎ᠢ ᠪᠠᠯᠠᠷ ᠡᠷᠲᠡᠨ᠎ᠦ ᠴᠠᠭ ᠦᠶ᠎ᠡ᠎ᠳᠦ ᠠᠪᠴᠢᠷᠠᠭ᠍ᠰᠠᠨ ᠮᠡᠳᠤ᠃ ᠴᠢᠪᠬᠠᠳᠠᠰᠤᠳᠤ ᠬᠥᠭ᠌ᠵᠢᠮ ᠪᠠ ᠦᠯᠢᠶᠡᠬᠦᠷ ᠬᠥᠭ᠌ᠵᠢᠮ᠎ᠤᠨ ᠠᠭᠤᠰᠤᠯᠴᠠᠯ ᠲᠤᠮᠳᠠ᠂ ᠬᠦᠭᠵᠢᠮ᠎ᠤᠨ ᠠᠶᠠᠰ ᠨᠢ ᠳᠥᠭᠥᠮ᠎ᠡᠴᠡ ᠪᠤᠳᠤᠯᠢᠶᠠᠨᠳᠠᠢ ᠲᠡᠢᠰᠢ᠂ ᠭᠣᠣᠯ ᠰᠡᠳᠦᠪᠲᠦ ᠠᠢᠵᠠᠮ ᠨᠢ ᠪᠠᠭ᠎ᠠ ᠬᠥᠭᠡᠴᠡᠪᠡᠨ ᠶᠡᠬᠡ ᠬᠥᠭᠵᠦᠭ ᠱᠢᠯᠵᠢᠨ᠂ ᠳᠠᠭᠤᠤ ᠬᠥᠭ᠌ᠵᠢᠮ᠎ᠢ ᠠᠭᠠᠵᠢᠮ᠎ᠢᠶᠠᠷ ᠰᠦᠷ ᠳᠠᠯᠠᠢᠴᠠᠲᠠᠶ ᠪᠣᠯᠭᠠᠭ᠍ᠰᠠᠨ᠎ᠠᠴᠠ ᠰᠣᠨᠣᠰᠣᠭ᠍ᠴᠢᠳᠢ ᠦᠪᠡᠷ᠎ᠤᠨ ᠡᠷᠭᠡ ᠦᠬᠡᠢ ᠠᠯᠤᠰ᠎ᠤᠨ ᠨᠡᠬᠦᠳᠡᠯᠳᠤᠮᠤᠷᠳᠠᠭᠤᠯᠤᠬᠰᠠᠨ ᠪᠠᠢᠨ᠎ᠠ᠃ ᠬᠥᠭ᠌ᠵᠢᠮ᠎ᠦᠨ ᠤᠷᠤᠭ᠍ᠰᠢᠯᠠᠯᠲᠠ᠎ᠶ᠋ᠢᠨ ᠶᠠᠪᠤᠴᠠ᠎ᠳᠤ᠂ ᠬᠠᠶᠠ ᠰᠤᠨᠤᠰᠳᠠᠬᠤ ᠮᠣᠷᠢᠨ ᠬᠤᠭᠤᠷ᠎ᠤᠨ ᠠᠶᠠᠯᠭᠤ᠎ᠨᠢ ᠶᠠᠭ ᠯᠡ ᠲᠠᠯ᠎ᠠ ᠨᠤᠳᠤᠭ᠎ᠤᠨ ᠰᠡᠳᠭᠢᠯ ᠳᠣᠭ᠍ᠳᠣᠯᠤᠭᠤᠯᠤᠮ᠎ᠠ ᠨᠡᠭᠦᠳᠡᠯ᠎ᠦᠨ ᠦᠯᠢᠭᠡᠷ᠎ᠢ ᠶᠠᠷᠢᠵᠤ ᠪᠠᠢᠭ᠎ᠠ ᠬᠡᠮᠡᠷ;ᠪᠠᠰᠠ ᠵᠠᠷᠢᠮ᠎ᠳᠠᠭᠠᠨ ᠬᠦᠭᠵᠢᠮ᠎ᠤᠨ ᠬᠦᠭ ᠠᠶᠠᠰ᠎ᠢᠶᠠᠨ ᠣᠮᠣᠭ ᠲᠡᠭᠦᠯᠳᠡᠷ ᠪᠤᠯᠭᠠᠨ ᠬᠦᠭᠵᠢᠮᠳᠡᠬᠦ ᠨᠢ᠂ ᠦᠪᠦᠷ ᠮᠤᠩᠭᠤᠯ᠎ᠤᠨ ᠦᠨᠳᠦᠰᠦᠳᠡᠨ ᠨᠤᠬᠦᠳ᠎ᠤᠨ ᠠᠷᠠᠳ ᠲᠦᠮᠡᠨ᠎ᠦ ᠨᠤᠭᠤᠷᠠᠰᠢ ᠦᠭᠡᠢ ᠲᠡᠮᠡᠴᠡᠵᠦ᠍᠂ ᠡᠷᠡᠯᠬᠡᠭ᠌ᠯᠡᠨ ᠤᠷᠤᠭ᠍ᠰᠢᠯᠠᠵᠤ ᠪᠠᠢᠭ᠎ᠠ ᠵᠣᠷᠢᠭ ᠰᠠᠨᠠᠭᠠᠨ᠎ᠤ ᠳᠦᠷᠰᠦ ᠪᠠᠢᠳᠠᠯ᠎ᠢ ᠮᠠᠭ᠍ᠲᠠᠨ ᠳᠠᠭᠤᠯᠠᠵᠤ ᠪᠠᠢᠭ᠎ᠠ ᠴᠸ᠋ ᠬᠡᠮᠡᠷ ᠃
《ᠭᠡᠷ ᠣᠷᠣᠨ》 ᠭᠡᠳᠡᠭ ᠨᠢ ᠦᠨᠡᠨ᠎ᠳᠡᠭᠡᠨ ᠡᠭᠡ ᠣᠷᠣᠨ᠎ᠳᠠᠭᠠᠨ ᠬᠦᠨᠳᠦᠳᠭᠡᠯ ᠳᠡᠪᠱᠢᠭᠦᠯᠵᠦ᠍᠂ ᠡᠭᠡ ᠣᠷᠣᠨ᠎ᠢᠶᠠᠨ ᠰᠠᠬᠢᠨ ᠬᠠᠮᠠᠭᠠᠯᠠᠬᠤ ᠭᠡᠰᠡᠨ ᠤᠳᠭ᠎ᠠ ᠰᠠᠨᠠᠭ᠎ᠠ ᠵᠢ ᠪᠡᠯᠭᠡᠳᠡᠭᠰᠡᠨ ᠶᠤᠮ ᠃ ᠮᠣᠷᠢᠨ ᠬᠤᠭᠤᠷ ᠤᠨ ᠲᠣᠳᠣᠷᠠᠭᠤᠯᠤᠯᠲᠠ ᠬᠥᠭ᠌ᠵᠢᠮ 《ᠬᠡᠷ ᠤᠷᠤᠨ》 ᠤ᠋ ᠣᠷᠣᠱᠢᠯ ᠠᠶ᠎ᠠ ᠡᠬᠢᠯᠡᠭ᠌ᠰᠡᠨ᠎ᠦ ᠳᠠᠷᠠᠭ᠎ᠠ᠂ ᠵᠠᠯᠠᠭᠤ ᠮᠤᠷᠢᠨ ᠬᠤᠭᠤᠷᠴᠢᠨ ᠰᠤᠷᠭᠤᠭ᠎ᠦᠨ ᠲᠣᠭ᠍ᠯᠠᠯᠲᠠ ᠨᠢ ᠠᠯᠤᠰ ᠬᠤᠯᠠ ᠵᠢᠨ ᠮᠠᠯᠵᠢᠯ᠎ᠤᠨ ᠲᠠᠭᠤᠯᠠᠯ ᠱᠢᠬ ᠬᠥᠮᠦᠰ᠎ᠦᠨ ᠰᠣᠨᠢᠷᠬᠠᠯ᠎ᠢ ᠲᠠᠲᠠᠨ᠎ᠠ᠃ ᠬᠤᠷᠳᠤᠨ ᠴᠤᠬᠢᠯᠭ᠎ᠠ ᠵᠢᠨ ᠬᠡᠰᠡᠭ᠎ᠲᠦ᠂ ᠮᠣᠷᠢᠨ ᠬᠤᠭᠤᠷ᠎ᠤᠨ ᠤᠯᠠᠮᠵᠢᠯᠠᠯᠲᠤ ᠢᠰᠭᠡᠷᠭᠡ ᠠᠶᠠᠰ᠎ᠤᠨ ᠬᠥᠭ᠌ᠵᠢᠮᠳᠡᠬᠦ᠌ ᠠᠷᠭ᠎ᠠ᠎ᠶ᠋ᠢᠨ ᠬᠡᠷᠡᠭ᠌ᠯᠡᠯᠲᠡ᠎ᠳᠦ ᠵᠣᠷᠢᠭ᠍ᠲᠠᠶ᠎ᠪᠠᠷ ᠰᠢᠨᠠᠴᠢᠯᠠᠯᠳᠠ ᠬᠢᠵᠠᠢ;ᠤᠳᠠᠭᠠᠨ ᠴᠣᠬᠢᠯᠭ᠎ᠠ᠎ᠶ᠋ᠢᠨ ᠬᠡᠰᠡᠭ᠎ᠲᠦ᠂ ᠮᠣᠷᠢᠨ ᠬᠤᠭᠤᠷ᠎ᠤᠨ ᠤᠶᠠᠩᠭ᠎ᠠ᠎ᠶ᠋ᠢᠨ ᠢᠷᠠᠭᠤ ᠠᠶᠠᠯᠭᠤ ᠪᠡᠷ ᠳᠡᠮᠵᠢᠨ᠂ ᠦᠯᠤᠭᠡᠢ ᠨᠤᠳᠤᠭ ᠵᠦᠭ ᠵᠢᠡᠨ ᠲᠡᠮᠡᠤᠯᠬᠦ ᠰᠡᠳᠬᠢᠯᠭᠡ ᠪᠠ ᠰᠠᠬᠢᠨ ᠪᠠᠷᠠᠯᠠᠬᠤ ᠰᠡᠳᠬᠢᠯᠭᠡ ᠪᠡᠨ ᠢᠯᠡᠳᠭᠡᠪᠡ᠃ ᠲᠤᠰ ᠪᠦᠲᠦᠭᠡᠯ᠎ᠦᠨ ᠠᠮᠵᠢᠯᠲᠠ᠎ᠲᠠᠶ ᠲᠣᠭ᠍ᠯᠠᠭ᠍ᠰᠠᠨ ᠨᠢ ᠦᠵᠡᠭ᠌ᠴᠢᠳ᠎ᠲᠦ ᠮᠣᠷᠢᠨ ᠬᠤᠭᠤᠷ᠎ᠢ ᠭᠣᠴᠣᠯᠠᠨ ᠬᠥᠭ᠌ᠵᠢᠮᠳᠡᠬᠦ᠌᠂ ᠵᠡᠷᠭᠡ ᠪᠡᠷ ᠬᠥᠭ᠌ᠵᠢᠮᠳᠡᠬᠦ᠌᠂ ᠬᠤᠤᠰᠯᠠᠨ ᠬᠥᠭ᠌ᠵᠢᠮᠳᠡᠬᠦ᠌ ᠵᠡᠷᠭᠡ ᠠᠷᠭ᠎ᠠ ᠬᠡᠯᠪᠡᠷᠢ ᠪᠠᠢᠬᠤ ᠡᠴᠡ ᠭᠠᠳᠠᠨ᠎ᠠ᠂ ᠨᠡᠩ ᠴᠤ᠌ ᠦᠵᠡᠭ᠌ᠴᠢᠳ᠎ᠲᠦ ᠮᠣᠷᠢᠨ ᠬᠤᠭᠤᠷ᠎ᠤᠨ ᠲᠣᠳᠣᠷᠠᠭᠤᠯᠤᠯᠲᠠ ᠬᠥᠭ᠌ᠵᠢᠮ᠎ᠦᠨ ᠮᠤᠨᠳᠠᠭ ᠲᠣᠮᠣ ᠪᠦᠲᠦᠴᠡ᠎ᠶ᠋ᠢ ᠮᠡᠳᠡᠷᠡᠭᠦᠯᠦᠭ᠌ᠰᠡᠨ ᠪᠠᠢᠨ᠎ᠠ᠃
ᠣᠢᠷ᠎ᠠ᠎ᠶ᠋ᠢᠨ ᠵᠢᠯ᠎ᠦᠳ᠎ᠲᠦ᠂ ᠥᠪᠥᠷ ᠮᠣᠩᠭᠣᠯ᠎ᠤᠨ ᠤᠷᠠᠯᠢᠭ ᠵᠦᠴᠦᠭᠡ᠎ᠶ᠋ᠢᠨ ᠬᠦᠷᠢᠶᠡᠯᠡᠩ᠎ᠦᠨ ᠦᠨᠳᠦᠰᠦᠲᠡᠨ᠎ᠦ ᠬᠥᠭ᠌ᠵᠢᠮ᠎ᠦᠨ ᠪᠦᠯᠬᠦᠮ 《ᠤᠮᠠᠷᠠᠲᠤ ᠬᠢᠯᠢ᠎ᠶ᠋ᠢᠨ ᠭᠤᠷᠪᠡᠨ ᠠᠡᠭᠭᠢ᠎ᠳᠤ》 ᠨᠠᠢᠷᠠᠯ ᠬᠦᠭᠵᠢᠮ ᠢ᠋ ᠵᠣᠬᠢᠶᠠᠨ ᠪᠦᠲᠦᠭᠡᠵᠦ᠍᠂ ᠤᠷᠢᠳ ᠬᠣᠵᠢᠳ 《ᠤᠮᠠᠷᠠᠲᠤ ᠬᠢᠯᠢ᠎ᠶ᠋ᠢᠨ ᠮᠠᠭ᠍ᠲᠠᠭᠠᠯ ᠳᠠᠭᠤᠤ》᠂ 《ᠤᠮᠠᠷᠠᠲᠤ ᠬᠢᠯᠢ᠎ᠶ᠋ᠢᠨ ᠲᠩᠷᠢᠯᠢᠭ ᠬᠥᠭ᠌ᠵᠢᠮ》᠂《ᠤᠮᠠᠷᠠᠲᠤ ᠬᠢᠯᠢ᠎ᠶ᠋ᠢᠨ ᠪᠠᠷᠠᠯᠠᠯ》 ᠭᠡᠬᠦ᠌ ᠭᠤᠷᠪᠡᠨ ᠠᠡᠭᠭᠢ᠎ᠳᠤ ᠨᠠᠢᠷᠠᠯ ᠬᠦᠭᠵᠢᠮ᠎ᠤᠨ ᠪᠦᠲᠦᠭᠡᠯ᠎ᠢ ᠭᠠᠷᠭᠠᠵᠠᠶ᠃ ᠲᠣᠰ ᠤᠳᠠᠭᠠᠨ᠎ᠤ ᠳᠠᠭᠤᠤ ᠬᠥᠭ᠌ᠵᠢᠮ᠎ᠦᠨ ᠦᠳᠡᠱᠢᠯᠡᠭᠡ᠎ᠳᠦ ᠲᠣᠭ᠍ᠯᠠᠭ᠍ᠰᠠᠨ 《ᠲᠠᠯ᠎ᠠ ᠨᠤᠲᠤᠭ᠎ᠤᠨ ᠪᠢᠴᠢᠬᠠᠨ ᠪᠠᠭᠠᠲᠤᠷ ᠡᠭᠡᠴᠢ ᠥᠬᠢᠨ ᠳᠡᠭᠦᠦ》᠂ 《ᠰᠣᠯᠣᠩᠭ᠎ᠠ》᠂ 《ᠨᠠᠢᠷᠠᠮᠳᠠᠯ᠎ᠤᠨ ᠠᠶᠠᠰ》 ᠨᠢ ᠴᠥᠮ 《ᠤᠮᠠᠷᠠᠲᠤ ᠬᠢᠯᠢ᠎ᠶ᠋ᠢᠨ ᠭᠤᠷᠪᠡᠨ ᠠᠡᠭᠭᠢ᠎ᠳᠤ》 ᠨᠠᠢᠷᠠᠯ ᠬᠦᠭᠵᠢᠮ ᠪᠣᠯᠤᠨ᠎ᠠ᠃ ᠡᠨᠡ 3 ᠪᠦᠲᠦᠭᠡᠯ᠎ᠨᠢ ᠬᠥᠮᠦᠰ᠎ᠦᠨ ᠰᠡᠳᠭᠢᠯ᠎ᠢ ᠬᠥᠳᠡᠯᠭᠡᠮ᠎ᠡ ᠳᠠᠭᠤᠤ ᠬᠥᠭ᠌ᠵᠢᠮ᠎ᠦᠨ ᠦᠭᠡ ᠬᠡᠯᠡ᠎ᠪᠡᠷ ᠮᠠᠨ᠎ᠤ ᠤᠷᠤᠨ᠎ᠤ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠰᠠᠬᠢᠨ ᠪᠡᠷᠡᠯᠡᠵᠦ᠍ ᠬᠠᠷᠢᠯᠴᠠᠨ ᠬᠠᠪᠰᠤᠷᠤᠯᠴᠠᠬᠤ᠂ ᠲᠥᠪ ᠶᠣᠰᠣ᠎ᠶ᠋ᠢ ᠪᠠᠷᠢᠮᠲᠠᠯᠠᠨ ᠱᠢᠨ᠎ᠡ᠎ᠶ᠋ᠢ ᠡᠭᠦᠳᠬᠦ᠌ ᠵᠢ ᠪᠠᠷᠢᠮᠳᠠᠯᠠᠬᠤ ᠣᠶᠤᠨ ᠰᠠᠨᠠᠭᠠᠨ᠎ᠤ ᠳᠦᠷᠰᠦ ᠪᠠᠢᠳᠠᠯ᠎ᠢ ᠭᠦᠶ᠋ᠴᠡᠳ ᠢᠯᠡᠷᠡᠭᠦᠯᠪᠡ᠃ 《ᠲᠠᠯ᠎ᠠ ᠨᠤᠲᠤᠭ᠎ᠤᠨ ᠪᠢᠴᠢᠬᠠᠨ ᠪᠠᠭᠠᠲᠤᠷ ᠡᠭᠡᠴᠢ ᠥᠬᠢᠨ ᠳᠡᠭᠦᠦ》 ᠬᠡᠬᠦ ᠪᠦᠳᠤᠭᠡᠯ ᠨᠢ ᠯᠦᠩ ᠮᠧᠶ᠂ ᠢᠦᠶ ᠷᠦᠩ ᠤᠨ ᠴᠠᠰᠤ ᠱᠢᠭᠤᠷᠭᠠᠨ᠎ᠳᠤ ᠨᠢᠭᠡᠳᠦᠯ᠎ᠦᠨ ᠬᠣᠨᠢᠨ ᠰᠦᠷᠦᠭ᠎ᠢ ᠬᠠᠮᠠᠭᠠᠯᠠᠭ᠍ᠰᠠᠨ ᠥᠯᠢᠭᠡᠷ᠎ᠢᠶᠡᠷ ᠳᠠᠭᠤᠤ ᠬᠥᠭ᠌ᠵᠢᠮ᠎ᠦᠨ ᠢᠯᠡᠷᠡᠭᠦᠯᠦᠯ᠎ᠦᠨ ᠠᠭᠤᠯᠭ᠎ᠠ᠎ᠪᠠᠨ ᠪᠣᠯᠭᠠᠵᠠᠶ᠃ ᠦᠨᠳᠦᠰᠦᠲᠡᠨ᠎ᠦ ᠨᠠᠢᠷᠠᠯ ᠬᠦᠭᠵᠢᠮ ᠪᠣᠯᠤᠭ᠍ᠰᠠᠨ᠎ᠤ ᠬᠤᠪᠢ᠎ᠳᠤ᠂ ᠬᠥᠭ᠌ᠵᠢᠮ᠎ᠦᠨ ᠵᠣᠬᠢᠶᠠᠯᠴᠢ ᠡᠷᠳᠡᠨᠢ ᠵᠢᠨ ᠵᠣᠬᠢᠶᠠᠨ ᠪᠦᠲᠦᠭᠡᠯᠭᠡ᠎ᠶ᠋ᠢᠨ ᠶᠠᠪᠤᠴᠠ᠎ᠳᠠᠭᠠᠨ ᠠᠶᠠᠯᠭᠤ ᠰᠣᠯᠢᠬᠤ᠂ ᠬᠤᠪᠢᠰᠤᠭᠤᠯᠤᠨ ᠬᠥᠭ᠌ᠵᠢᠮᠳᠡᠬᠦ᠌ ᠵᠡᠷᠭᠡ ᠵᠣᠬᠢᠶᠠᠨ ᠪᠦᠲᠦᠭᠡᠯᠭᠡ᠎ᠶ᠋ᠢᠨ ᠤᠷ᠎ᠠ ᠮᠡᠷᠭᠡᠵᠢᠯ᠎ᠢ ᠭᠦᠶ᠋ᠴᠡᠳ ᠬᠡᠷᠡᠭ᠌ᠯᠡᠨ᠂ ᠥᠯᠢᠭᠡᠷᠲᠡᠬᠢ ᠠᠳᠠᠯᠢ ᠪᠤᠰᠤ ᠰᠡᠳᠭᠢᠯᠭᠡ ᠪᠠ ᠠᠬᠤᠶ ᠪᠠᠢᠳᠠᠯ᠎ᠢ ᠢᠯᠡᠳᠭᠡᠭ᠌ᠰᠡᠨ ᠶᠤᠮ᠃ ᠠᠶ᠎ᠠ ᠵᠣᠬᠢᠶᠠᠭ᠍ᠴᠢ ᠭᠦᠸᠧ ᠽᠢ ᠵᠢᠶᠧ᠎ᠶ᠋ᠢᠨ ᠵᠣᠬᠢᠶᠠᠨ ᠪᠦᠲᠦᠭᠡᠭ᠌ᠰᠡᠨ 《ᠰᠣᠯᠣᠩᠭ᠎ᠠ》 ᠨᠢ ᠡᠸᠡᠩᠬᠢ᠂ ᠳᠠᠭᠤᠷ᠂ ᠣᠷᠴᠣᠨ ᠵᠡᠷᠭᠡ ᠦᠨᠳᠤᠰᠤᠳᠡᠨ᠎ᠤ ᠠᠷᠠᠳ᠎ᠤᠨ ᠳᠠᠭᠤᠤ᠎ᠶ᠋ᠢᠨ ᠬᠥᠭ ᠠᠶᠠᠰ᠎ᠤᠨ ᠡᠯᠧᠮᠧᠨ᠋ᠲ᠎ᠢ ᠭᠤᠤᠯ ᠰᠡᠳᠦᠪ ᠲᠡᠭᠡᠨ ᠠᠭᠤᠰᠬᠠᠵᠠᠢ᠃ ᠪᠦᠲᠦᠭᠡᠯ᠎ᠳᠡᠬᠢ ᠳᠠᠭᠤᠨ ᠥᠩᠭᠡ᠂ ᠳᠠᠭᠤ ᠵᠢᠨ ᠬᠠᠷᠢᠴᠠᠭᠤᠯᠤᠯ ᠪᠠ ᠬᠤᠪᠢᠷᠠᠯᠲᠠ ᠨᠢ ᠳᠠᠭᠤᠤ ᠬᠥᠭ᠌ᠵᠢᠮ᠎ᠦᠨ ᠠᠮᠢᠳᠤᠯᠢᠭ ᠴᠢᠨᠠᠷ᠎ᠢ ᠢᠯᠡᠷᠡᠭᠦᠯᠵᠦ᠍᠂ ᠦᠨᠳᠦᠰᠦᠲᠡᠨ᠎ᠦ ᠪᠦᠯᠬᠦᠮᠳᠡᠯ᠂ ᠬᠥᠮᠦᠨ ᠬᠢᠭᠡᠳ ᠪᠠᠢᠭᠠᠯᠢ᠎ᠶ᠋ᠢᠨ ᠡᠶ᠎ᠡ ᠵᠣᠬᠢᠴᠠᠯ᠎ᠲᠠᠶ᠎ᠪᠠᠷ ᠬᠠᠮᠲᠤ ᠣᠷᠣᠱᠢᠬᠤ ᠰᠠᠢᠨ ᠰᠠᠢᠬᠠᠨ ᠬᠦᠰᠡᠯ ᠡᠷᠡᠮᠡᠯᠵᠡᠯ᠎ᠢ ᠬᠠᠷᠠᠭᠤᠯᠤᠭ᠍ᠰᠠᠨ ᠪᠠᠢᠨ᠎ᠠ᠃ ᠤᠷᠠᠯᠢᠭ᠍ᠴᠢᠳ᠎ᠤᠨ ᠲᠣᠭ᠍ᠯᠠᠯᠲᠠ ᠨᠢ ᠡᠨᠡ ᠬᠦ᠌ ᠰᠠᠢ᠌ᠨ ᠰᠠᠢᠬᠠᠨ ᠬᠦᠰᠡᠯ ᠡᠷᠡᠮᠡᠯᠵᠡᠯ᠎ᠢ ᠦᠵᠡᠭ᠌ᠴᠢᠳ ᠨᠢᠭᠡᠪᠦᠷᠢ᠎ᠳᠦ ᠳᠠᠮᠵᠢᠭᠤᠯᠵᠤ᠂ ᠦᠵᠡᠭ᠌ᠴᠢᠳ᠎ᠲᠦ ᠤᠮᠠᠷᠠᠲᠤ ᠬᠢᠯᠢ᠎ᠶ᠋ᠢᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠪᠠᠢᠭᠠᠯᠢ᠎ᠶ᠋ᠢ ᠳᠡᠭᠡᠳᠦᠯᠡᠬᠦ᠌᠂ ᠠᠮᠢ ᠠᠬᠤᠢ᠎ᠶ᠋ᠢ ᠬᠦᠨᠳᠦᠳᠭᠡᠬᠦ᠌᠂ ᠡᠶ᠎ᠡ ᠵᠣᠬᠢᠴᠠᠩᠭᠤᠢ᠎ᠪᠠᠷ ᠬᠠᠮᠲᠤ ᠣᠷᠣᠱᠢᠬᠤ ᠤᠷᠤᠨ ᠨᠤᠳᠤᠭ᠎ᠤᠨ ᠣᠨᠴᠠᠯᠢᠭ᠎ᠢ ᠭᠦᠨᠵᠡᠭᠡᠢ ᠮᠡᠳᠡᠷᠡᠭᠦᠯᠪᠡ᠃
ᠴᠠᠭ ᠦᠶ᠎ᠡ᠎ᠶ᠋ᠢᠨ ᠡᠭᠡᠰᠢᠭᠯᠡᠡᠭᠪᠠ ᠬᠦᠰᠡᠯ ᠵᠡᠬᠦᠳᠤ ᠵᠢᠨ ᠲᠡᠷᠭᠡᠯᠰᠢᠯ
ᠴᠠᠭ ᠦᠶ᠎ᠡ᠎ᠶ᠋ᠢᠨ ᠣᠨᠴᠠᠯᠢᠭ᠎ᠲᠠᠶ ᠳᠠᠭᠤᠤ ᠬᠥᠭ᠌ᠵᠢᠮ᠎ᠦᠨ ᠪᠦᠲᠦᠭᠡᠯ ᠪᠣᠯᠤᠭ᠍ᠰᠠᠨ᠎ᠤ ᠬᠤᠪᠢ᠎ᠳᠤ᠂ 《ᠭᠡᠷ ᠣᠷᠣᠨ》 ᠨᠢ ᠴᠠᠭ ᠦᠶ᠎ᠡ᠎ᠶ᠋ᠢᠨ ᠵᠣᠷᠢᠭ ᠰᠠᠨᠠᠭ᠎ᠠ᠎ᠪᠠᠷ ᠭᠣᠣᠯ ᠱᠢᠵᠢᠮ ᠪᠣᠯᠭᠠᠵᠤ᠂ ᠤᠮᠠᠷᠠᠲᠤ ᠬᠢᠯᠢ᠎ᠶ᠋ᠢᠨ ᠦᠨᠳᠦᠰᠦᠲᠡᠨ᠎ᠨᠦᠭᠦᠳ᠎ᠦᠨ ᠬᠥᠪᠡᠭᠦᠳ ᠥᠬᠢᠳ᠎ᠦᠨ ᠲᠡᠦᠬᠡ᠎ᠶ᠋ᠢᠨ ᠤᠷᠳᠤ ᠠᠶᠠᠨ᠎ᠳᠠᠬᠢ ᠴᠥᠬᠥᠷᠡᠰᠢ ᠦᠭᠡᠢ ᠲᠡᠮᠡᠴᠡᠯ ᠪᠠ ᠠᠭᠤᠤ ᠶᠡᠬᠡ ᠬᠦᠰᠡᠯ ᠵᠡᠭᠦᠳᠦ᠍᠎ᠶ᠋ᠢ ᠢᠯᠡᠷᠡᠭᠦᠯᠪᠡ᠃ ᠲᠤᠰ ᠤᠳᠠᠭᠠᠨ᠎ᠤ ᠳᠠᠭᠤᠤ ᠬᠥᠭ᠌ᠵᠢᠮ᠎ᠦᠨ ᠦᠳᠡᠱᠢᠯᠡᠭᠡ᠎ᠡᠴᠡ ᠦᠵᠡᠭ᠌ᠴᠢᠳ ᠪᠠᠯᠠᠷ ᠡᠷᠲᠡᠨ᠎ᠦ ᠳᠠᠭᠤᠤ ᠬᠦᠭᠵᠢᠮ᠎ᠤᠨ ᠢᠷᠠᠭᠤ ᠡᠭᠡᠰᠢᠭ᠎ᠢ ᠰᠤᠨᠤᠷᠳᠠᠬᠤ ᠵᠢᠨ ᠵᠡᠷᠭᠡ ᠪᠠᠰᠠ ᠤᠳᠤ ᠦᠶ᠎ᠡ᠎ᠶ᠋ᠢᠨ ᠳᠠᠭᠤᠤ ᠬᠥᠭ᠌ᠵᠢᠮ᠎ᠦᠨ ᠵᠢᠪᠬᠤᠭᠠᠯᠢᠭ ᠠᠶᠠᠯᠭᠤ ᠵᠢ ᠮᠡᠳᠡᠷᠡᠬᠦ ᠪᠤᠯᠤᠨ᠎ᠠ᠃ ᠡᠨᠡ ᠨᠢ ᠳᠤᠮᠳᠠᠳᠤ᠎ᠶ᠋ᠢᠨ ᠦᠨᠳᠦᠰᠦᠲᠡᠨ᠎ᠦ ᠭᠦᠨ ᠵᠤᠵᠠᠭᠠᠨ ᠰᠣᠶᠣᠯ᠎ᠤᠨ ᠠᠭᠤᠯᠬᠤᠨ᠎ᠢ ᠢᠯᠡᠷᠡᠭᠦᠯᠦᠭ᠌ᠰᠡᠨ᠎ᠢᠶᠡᠷ ᠪᠠᠷᠠᠬᠤ ᠥᠬᠡᠶ᠂ ᠨᠠᠩ ᠴᠤ᠌ ᠣᠲᠣ ᠦᠶ᠎ᠡ᠎ᠶ᠋ᠢᠨ ᠳᠠᠭᠤᠤ ᠬᠥᠭ᠌ᠵᠢᠮ᠎ᠦᠨ ᠠᠵᠢᠯᠳᠠᠳ᠎ᠤᠨ ᠦᠨᠳᠦᠰᠦᠲᠡᠨ᠎ᠦ ᠰᠣᠶᠣᠯ᠎ᠢ ᠤᠯᠠᠮᠵᠢᠯᠠᠨ ᠪᠠᠳᠠᠷᠠᠭᠤᠯᠬᠤ ᠡᠭᠦᠷᠭᠡ ᠬᠠᠷᠢᠭᠤᠴᠠᠯᠭ᠎ᠠ᠎ᠶ᠋ᠢ ᠢᠯᠡᠷᠡᠭᠦᠯᠦᠭ᠌ᠰᠡᠨ ᠪᠠᠢᠨ᠎ᠠ᠃ ᠴᠠᠭ ᠦᠶ᠎ᠡ᠎ᠶ᠋ᠢᠨ ᠡᠭᠡᠰᠢᠭᠯᠡᠡᠭᠢ ᠨᠠᠷᠢᠨ ᠨᠢᠮᠪᠠᠶ ᠴᠢᠪᠠᠬᠳᠠᠬᠤᠪᠠᠷ ᠳᠠᠮᠵᠢᠭᠤᠯᠤᠨ ᠬᠠᠮᠲᠤ᠎ᠶ᠋ᠢᠨ ᠣᠶᠤᠨ ᠰᠠᠨᠠᠭᠠᠨ᠎ᠤ ᠭᠡᠷ ᠣᠷᠣᠨ᠎ᠢ ᠪᠠᠢᠭᠤᠯᠬᠤ᠎ᠳᠤ ᠲᠠᠰᠤᠷᠠᠯᠲᠠ ᠦᠭᠡᠶ ᠬᠥᠳᠡᠯᠭᠡᠬᠦ᠌ ᠬᠦᠴᠦᠨ ᠨᠡᠮᠡᠷᠢᠯᠡᠵᠡᠶ᠃
ᠢᠯᠠᠯᠳᠠ ᠵᠢᠨ ᠵᠣᠬᠢᠶᠠᠨ ᠪᠦᠲᠦᠭᠡᠭ᠌ᠰᠡᠨ 《ᠳᠡᠭᠦᠯᠢᠯᠲᠡ》 ᠬᠦᠭᠵᠢᠮ᠎ᠤᠨ ᠭᠣᠣᠯ ᠰᠡᠳᠦᠪ᠎ᠦᠨ ᠤᠭ ᠰᠠᠨᠠᠭ᠎ᠠ ᠨᠢ ᠲᠣᠪᠴᠢ ᠠᠪᠰᠠᠷᠬᠠᠨ ᠪᠥᠭᠡᠳ ᠬᠦᠴᠦᠨ ᠲᠡᠭᠦᠯᠳᠡᠷ᠃ ᠬᠥᠭ᠌ᠵᠢᠮᠳᠡᠭ᠌ᠴᠢᠳ ᠬᠤᠪᠢᠰᠤᠭᠤᠯᠤᠨ ᠬᠥᠭ᠌ᠵᠢᠮᠳᠡᠬᠦ᠌ ᠪᠠ ᠳᠠᠪᠲᠠᠬᠤ᠎ᠪᠠᠷ ᠳᠡᠮᠵᠢᠨ᠂ ᠡᠨᠡ ᠬᠦ᠌ ᠣᠭ ᠰᠠᠨᠠᠭ᠎ᠠ᠎ᠶ᠋ᠢ ᠪᠥᠬᠥ᠌ ᠠᠶᠠᠯᠭᠤᠳᠤ ᠲᠤᠭᠤᠱᠢᠯᠠᠭᠤᠯᠵᠤ᠂ ᠬᠤᠷᠴᠠ ᠴᠢᠩᠭ᠎ᠠ ᠨᠢᠭᠡᠳᠦᠮᠡᠯ ᠮᠡᠳᠡᠷᠡᠮᠵᠢ᠎ᠶ᠋ᠢ ᠪᠦᠷᠢᠯᠳᠦᠭᠦᠯᠦᠨ᠂ ᠪᠦᠲᠦᠭᠡᠯ᠎ᠦᠨ ᠪᠠᠶᠠᠯᠢᠭ ᠠᠭᠤᠯᠤᠭ᠍ᠳᠠᠬᠤᠨ ᠪᠠ ᠳᠣᠲᠣᠭᠠᠳᠤ ᠳᠡᠯᠡᠬᠦ᠌ ᠬᠦᠴᠦᠨ᠎ᠢ ᠢᠯᠡᠷᠡᠭᠦᠯᠪᠡ᠃ ᠲᠤᠰ ᠪᠦᠲᠦᠭᠡᠯ᠎ᠦᠨ ᠵᠣᠬᠢᠶᠠᠨ ᠪᠦᠲᠦᠭᠡᠯᠭᠡ ᠨᠢ ᠳᠠᠭᠤᠤ ᠬᠥᠭ᠌ᠵᠢᠮ᠎ᠦᠨ ᠢᠯᠡᠷᠡᠭᠦᠯᠦᠯ᠎ᠦᠨ ᠬᠦᠴᠦᠨ᠎ᠢ ᠴᠢᠬᠤᠯᠠᠴᠢᠯᠠᠬᠤ᠎ᠶ᠋ᠢᠨ ᠬᠠᠮᠲᠤ ᠨᠠᠢᠷᠠᠯ ᠬᠦᠭᠵᠢᠮ᠎ᠦᠨ ᠠᠩᠭᠢ᠎ᠶ᠋ᠢᠨ ᠬᠦᠩᠬᠢᠨᠡᠬᠦᠷᠤᠨ ᠣᠨᠴᠠᠯᠢᠭ᠎ᠢ ᠭᠦᠢᠴᠡᠳ ᠪᠠᠳᠠᠷᠠᠭᠤᠯᠵᠤ᠂ ᠥᠷᠭᠡᠨ ᠠᠭᠤᠳᠠᠮ᠂ ᠣᠮᠣᠭ ᠲᠡᠭᠦᠯᠳᠡᠷ ᠠᠭᠤᠷ ᠠᠮᠢᠰᠭᠤᠯ᠎ᠢ ᠪᠤᠶ ᠪᠣᠯᠭᠠᠨ᠂ ᠪᠦᠬᠦᠢᠯᠡ ᠪᠦᠲᠦᠭᠡᠯ᠎ᠢ ᠥᠷᠥᠨᠡᠳᠠᠬᠢᠨ᠎ᠤ ᠳᠠᠭᠤᠤ ᠬᠥᠭ᠌ᠵᠢᠮ᠎ᠦᠨ ᠰᠦᠷ ᠵᠢᠪᠬᠤᠯᠠᠩᠲᠠᠶ ᠪᠣᠯᠭᠠᠭ᠍ᠰᠠᠨ᠎ᠢᠶᠠᠷ ᠪᠠᠷᠠᠬᠤ ᠦᠭᠡᠶ᠂ ᠪᠠᠰᠠ ᠳᠤᠮᠳᠠᠳᠤ ᠤᠯᠤᠰ᠎ᠤᠨ ᠦᠨᠳᠦᠰᠦᠲᠡᠨ᠎ᠦ ᠳᠠᠭᠤᠤ ᠬᠥᠭ᠌ᠵᠢᠮ᠎ᠦᠨ ᠨᠠᠷᠢᠯᠢᠭ ᠰᠡᠳᠭᠢᠯᠭᠡ᠎ᠶ᠋ᠢ ᠰᠢᠡᠭᠭᠡᠭᠡᠵᠠᠢ᠃
ᠡᠷᠳᠡᠨᠢ ᠵᠢᠨ ᠵᠣᠬᠢᠶᠠᠨ ᠪᠦᠲᠦᠭᠡᠭ᠌ᠰᠡᠨ 《ᠬᠦᠰᠡᠯ》 ᠨᠢ ᠵᠡᠭᠦᠳᠦ ᠵᠡᠷᠭᠡᠯᠭᠡᠨ ᠮᠡᠲᠦ ᠠᠢᠵᠠᠮ᠎ᠢᠶᠠᠷ ᠡᠬᠢᠯᠡᠵᠦ᠍᠂ ᠶᠠᠭ ᠯᠠ ᠦᠦᠷ᠎ᠦᠨ ᠲᠤᠶᠠᠭ᠎ᠠ ᠵᠢ ᠪᠦᠷᠬᠦᠭᠰᠡᠨ ᠨᠢᠮᠭᠡᠨ ᠮᠠᠨᠠᠨ ᠱᠢᠭ᠋᠂ ᠪᠦᠳᠡᠭᠢ ᠮᠥᠷᠲᠡᠭᠡᠨ ᠨᠢᠭᠤᠴᠠᠭᠠᠶ ᠪᠠᠢᠳᠠᠭ᠃ ᠳᠡᠯᠡᠳᠦᠭᠦᠷ ᠬᠦᠭ᠌ᠵᠢᠮᠳᠡᠬᠦᠷ ᠤᠨ ᠳᠣᠲᠣᠷᠠᠬᠢ ᠲᠣᠭ᠍ᠲᠠᠮᠠᠯ ᠠᠶᠠᠰ᠎ᠤᠨ ᠬᠡᠩᠭᠡᠷᠭᠡ ᠨᠢ ᠲᠣᠭ᠍ᠲᠠᠮᠠᠯ ᠬᠡᠯᠪᠡᠷᠢ᠎ᠶ᠋ᠢᠨ ᠠᠷᠪᠠᠨ ᠵᠢᠷᠭᠤᠭ᠎ᠠ᠎ᠳᠤ᠎ᠵᠢᠨ ᠬᠡᠯᠪᠡᠷᠢ᠎ᠶ᠋ᠢᠨ ᠬᠥᠭ᠌ᠵᠢᠮᠳᠡᠬᠦ᠌ ᠤᠷ᠎ᠠ ᠮᠡᠷᠭᠡᠵᠢᠯ ᠵᠢᠡᠷ ᠪᠠᠴᠢᠮᠳᠠᠵᠤ ᠰᠠᠨᠳᠤᠷᠤᠬᠰᠠᠨ ᠰᠡᠳᠭᠢᠯᠭᠡ᠎ᠶ᠋ᠢ ᠬᠠᠷᠠᠭᠤᠯᠵᠠᠢ᠃ ᠬᠥᠭ᠌ᠵᠢᠮᠳᠡᠬᠦ᠌ ᠶᠠᠪᠤᠴᠠ᠎ᠳᠤ᠂ ᠠᠢᠵᠠᠮ᠎ᠤᠨ ᠬᠤᠪᠢᠷᠠᠯᠲᠠ ᠨᠢ ᠤᠤᠯ᠎ᠤᠨ ᠴᠢᠡᠭᠭ᠎ᠠ ᠰᠤᠯᠠ ᠵᠢᠨ ᠲᠤᠬᠳᠠᠯᠴᠠᠭ᠎ᠠ᠎ᠶ᠋ᠢ ᠡᠪᠳᠡᠵᠦ᠍᠂ ᠳᠠᠭᠤᠤ ᠬᠥᠭ᠌ᠵᠢᠮ᠎ᠦᠨ ᠭᠤᠤᠯ ᠰᠡᠳᠦᠪ᠎ᠢ ᠲᠠᠰᠤᠷᠠᠯᠲᠠ ᠥᠬᠡᠶ ᠠᠬᠢᠭᠤᠯᠵᠤ᠂ ᠠᠢᠵᠠᠮ᠎ᠢ ᠨᠢ ᠠᠭᠠᠵᠢᠮ᠎ᠢᠶᠠᠷ ᠣᠮᠣᠭ ᠲᠡᠭᠦᠯᠳᠡᠷ ᠪᠣᠯᠭᠠᠵᠤ᠂ ᠬᠦᠰᠡᠯ ᠵᠡᠭᠦᠳᠦ᠍᠎ᠪᠡᠨ ᠬᠥᠭᠡᠭᠡᠴᠡᠯᠳᠦᠬᠦ᠌ ᠵᠠᠮ ᠳᠡᠭᠡᠷ᠎ᠡ᠂ ᠵᠦᠶ᠋ᠯ ᠵᠦᠶ᠋ᠯ᠎ᠦᠨ ᠬᠦᠴᠢᠷ ᠪᠡᠷᠬᠡᠱᠢᠶᠡᠯ ᠪᠠ ᠥᠷᠢᠰᠥᠯᠳᠦᠭᠡᠨ᠎ᠢ ᠥᠩᠭᠡᠷᠡᠭᠦᠯᠦᠭ᠌ᠰᠡᠨ ᠮᠡᠲᠦ ᠪᠣᠯᠪᠠᠴᠤ᠌ ᠢᠮᠠᠭ᠍ᠲᠠ ᠢᠲᠡᠭᠡᠯ ᠵᠣᠷᠢᠭ᠎ᠢᠶᠠᠨ ᠪᠠᠲᠤᠳᠭᠠᠵᠤ᠂ ᠡᠷᠡᠯᠬᠡᠭ᠌ᠯᠡᠨ ᠤᠷᠤᠭ᠍ᠰᠢᠯᠠᠳᠠᠭ 《ᠮᠤᠡᠭᠭᠤᠯ ᠮᠤᠷᠢᠨ᠎ᠤ ᠵᠤᠷᠢᠭ ᠰᠠᠨᠠᠭ᠎ᠠ》 ᠵᠢ ᠢᠯᠡᠷᠡᠬᠦᠯᠪᠡ᠃
《ᠬᠦᠰᠡᠯ》 ᠨᠢ ᠲᠣᠰ ᠤᠳᠠᠭᠠᠨ᠎ᠤ ᠳᠠᠭᠤᠤ ᠬᠥᠭ᠌ᠵᠢᠮ᠎ᠦᠨ ᠦᠳᠡᠱᠢᠯᠡᠭᠡ᠎ᠶ᠋ᠢᠨ ᠦᠨᠳᠤᠷᠯᠡᠬᠦ ᠲᠤᠬᠯᠠᠯᠳᠠ ᠪᠣᠯᠤᠭ᠍ᠰᠠᠨ᠎ᠤ ᠬᠤᠪᠢ᠎ᠳᠤ ᠬᠥᠭ᠌ᠵᠢᠮᠴᠢᠨ ᠪᠠ ᠦᠵᠡᠭ᠌ᠴᠢᠳ᠎ᠦᠨ ᠰᠡᠳᠭᠢᠯᠭᠡ᠎ᠶ᠋ᠢ ᠣᠷᠭᠢᠯ᠎ᠳᠤᠨᠢ ᠬᠦᠷᠭᠡᠵᠡᠶ᠃ ᠠᠯᠠᠭ᠎ᠠ ᠲᠠᠱᠢᠯᠳᠠ᠎ᠶ᠋ᠢᠨ ᠳᠤᠮᠳᠠ᠂ ᠤᠳᠤᠷᠢᠳᠤᠭᠠᠴᠢ ᠼᠤᠤ ᠪᠥᠸᠧ ᠥᠪᠥᠷ ᠮᠣᠩᠭᠣᠯ᠎ᠤᠨ ᠤᠷᠠᠯᠢᠭ ᠵᠦᠴᠦᠭᠡ᠎ᠶ᠋ᠢᠨ ᠬᠦᠷᠢᠶᠡᠯᠡᠩ᠎ᠦᠨ ᠦᠨᠳᠤᠰᠤᠳᠡᠨ᠎ᠤ ᠬᠥᠭ᠌ᠵᠢᠮ᠎ᠦᠨ ᠪᠦᠯᠬᠦᠮ᠎ᠦᠨ ᠪᠦᠬᠦ᠌ ᠲᠣᠭ᠍ᠯᠠᠭ᠍ᠴᠢᠳ᠎ᠲᠠᠶ ᠬᠠᠮᠲᠤ ᠲᠡᠬᠦᠰᠭᠡᠯ᠎ᠤᠨ ᠬᠦᠭᠵᠢᠮ 《ᠡᠷᠡᠮᠡᠬᠡᠢᠯᠡᠨ ᠤᠷᠤᠭ᠍ᠰᠢᠯᠠᠶ᠎ᠠ》 ᠵᠢ ᠬᠥᠭ᠌ᠵᠢᠮᠳᠡᠪᠡ᠂ ᠲᠤᠰ ᠪᠦᠲᠦᠭᠡᠯ ᠨᠢ ᠰᠦᠷ ᠳᠠᠯᠠᠢᠴᠠᠲᠠᠢ ᠪᠠ ᠴᠤᠭ ᠪᠠᠳᠠᠷᠠᠩᠭᠤᠢ ᠬᠦᠭ ᠠᠶᠠᠰ᠎ᠢᠶᠠᠷ ᠡᠬᠢᠯᠡᠵᠦ᠍᠂ ᠡᠷᠴᠢ ᠬᠦᠴᠤᠳᠠᠢ ᠬᠡᠩᠭᠡᠷᠭᠡ ᠵᠢᠨ ᠠᠶᠠᠰ ᠮᠡᠲᠦ ᠬᠥᠮᠦᠰ᠎ᠦᠨ ᠰᠡᠳᠭᠢᠯ᠎ᠢ ᠲᠤᠷᠬᠢᠭᠤᠯᠵᠤ᠂ ᠬᠥᠮᠦᠰ᠎ᠢ ᠵᠣᠷᠢᠭ᠍ᠵᠢᠭᠤᠯᠤᠨ ᠤᠷᠤᠭ᠍ᠰᠢᠯᠠᠭᠤᠯᠤᠨ᠎ᠠ᠃ ᠠᠶ᠎ᠠ ᠵᠣᠬᠢᠶᠠᠭ᠍ᠴᠢ ᠡᠷᠳᠡᠨᠢ ᠨᠠᠢᠷᠠᠯ ᠬᠦᠭ᠎ᠤᠨ ᠥᠩᠭᠡ ᠪᠤᠳᠤᠭ ᠪᠠ ᠤᠶᠠᠯᠳᠤᠭᠤᠯᠬᠤ ᠠᠷᠭ᠎ᠠ ᠪᠠᠷᠢᠯ᠎ᠢ ᠪᠠᠶᠠᠯᠢᠭ ᠬᠡᠷᠡᠭ᠌ᠯᠡᠭ᠌ᠰᠡᠨ᠎ᠡᠴᠡ ᠪᠦᠬᠦᠢᠯᠡ ᠪᠦᠲᠦᠭᠡᠯ ᠨᠢ ᠰᠡᠳᠭᠢᠯ ᠢ᠋ ᠲᠤᠯᠬᠢᠰᠤᠭᠤᠯᠤᠮᠠ ᠬᠦᠴᠦᠨ ᠲᠡᠭᠦᠯᠳᠡᠷ ᠪᠣᠯᠤᠭ᠍ᠰᠠᠨ ᠶᠤᠮ᠃ ᠮᠣᠷᠢᠨ ᠬᠤᠭᠤᠷ ᠨᠢ ᠭᠤᠤᠯ ᠬᠥᠭ᠌ᠵᠢᠮᠳᠡᠬᠦ᠌ ᠬᠦᠭ᠌ᠵᠢᠮᠳᠡᠬᠦᠷ ᠪᠣᠯᠤᠭ᠍ᠰᠠᠨ᠎ᠤ ᠬᠤᠪᠢ᠎ᠳᠤ᠂ ᠭᠤᠤᠯ ᠰᠡᠳᠦᠪ᠎ᠦᠨ ᠣᠭ ᠰᠠᠨᠠᠭᠠᠨ᠎ᠤ ᠠᠢᠵᠠᠮ᠎ᠤᠨ ᠬᠡᠯᠪᠡᠷᠢ ᠨᠢ ᠨᠢ᠋ᠮᠠᠴᠠ ᠪᠤᠯᠤᠨ ᠵᠢᠷᠭᠤᠭᠠᠴᠠ ᠵᠢᠨ ᠬᠤᠷᠳᠤᠴᠡ ᠪᠡᠷ᠂ ᠦᠷᠭᠦᠯᠵᠢᠯᠡᠭ᠌ᠰᠡᠨ ᠭᠤᠷᠪᠠᠴᠡ ᠬᠤᠪᠢᠷᠠᠯ ᠵᠢᠡᠷ ᠠᠭᠠᠵᠢᠮ᠎ᠢᠶᠠᠷ ᠲᠡᠯᠡᠵᠤ᠂ ᠬᠤᠷᠳᠤᠳᠬᠠᠨ ᠬᠥᠭ᠌ᠵᠢᠮᠳᠡᠬᠦ᠌ ᠠᠷᠭ᠎ᠠ ᠨᠢ ᠪᠦᠲᠦᠭᠡᠯ᠎ᠢ ᠣᠷᠭᠢᠯ᠎ᠳᠤᠨᠢ ᠬᠦᠷᠭᠡᠪᠡ᠃ ᠬᠥᠭ᠌ᠵᠢᠮᠳᠡᠬᠦ᠌ ᠶᠠᠪᠤᠴᠠ᠎ᠳᠤ᠂ ᠼᠤᠤ ᠪᠥᠸᠧ ᠲᠤᠬᠠᠢ᠎ᠶ᠋ᠢᠨ ᠲᠠᠯᠠᠪᠠᠢ᠎ᠶ᠋ᠢᠨ ᠦᠵᠡᠭ᠌ᠴᠢᠳ᠎ᠢ ᠲᠠᠢᠴᠢᠯᠠᠨ ᠠᠯᠠᠭ᠎ᠠ ᠲᠠᠱᠢᠯᠳᠠ ᠲᠠᠢ ᠠᠢᠵᠠᠮ ᠴᠣᠬᠢᠯᠭ᠎ᠠ ᠲᠤᠬᠢᠷᠠᠭᠤᠯᠵᠤ᠂ ᠲᠠᠢᠰᠠᠨ ᠳᠣᠣᠷᠠᠬᠢ ᠬᠤᠷᠱᠢᠯ ᠨᠢ ᠳᠠᠭᠤᠤ ᠬᠥᠭ᠌ᠵᠢᠮ᠎ᠦᠨ ᠦᠳᠡᠱᠢᠯᠡᠭᠡ᠎ᠶ᠋ᠢ ᠳᠠᠬᠢᠨᠲᠠ ᠤᠷᠬᠢᠯ᠎ᠳᠤᠨᠢ ᠬᠦᠷᠭᠡᠪᠡ᠃
ᠥᠪᠥᠷ ᠮᠣᠩᠭᠣᠯ᠎ᠤᠨ ᠦᠨᠳᠦᠰᠦᠲᠡᠨ᠎ᠦ ᠨᠠᠢᠷᠠᠯ ᠬᠦᠭᠵᠢᠮ᠎ᠦᠨ ᠪᠦᠯᠬᠦᠮ᠎ᠦᠨ ᠤᠷᠠᠯᠢᠭ᠍ᠴᠢᠳ ᠭᠣᠴᠣ ᠰᠠᠢᠬᠠᠨ ᠤᠷ᠎ᠠ ᠮᠡᠷᠭᠡᠵᠢᠯ ᠪᠠ ᠭᠦᠨ ᠵᠤᠵᠠᠭᠠᠨ ᠬᠠᠢᠷ᠎ᠠ ᠰᠡᠳᠭᠢᠯᠭᠡ᠎ᠪᠡᠷ ᠨᠣᠲ ᠪᠦᠷᠢ᠎ᠶ᠋ᠢᠨ ᠠᠢᠵᠠᠮ ᠴᠣᠬᠢᠯᠭ᠎ᠠ᠎ᠶ᠋ᠢ ᠣᠨᠣᠪᠴᠢᠲᠠᠶ ᠡᠵᠡᠮᠱᠢᠵᠦ᠍᠂ ᠨᠠᠢᠷᠠᠯ ᠬᠦᠭᠵᠢᠮ᠎ᠤᠨ ᠵᠢᠡᠨ ᠠᠶᠠᠯᠭᠤ ᠪᠡᠷ ᠦᠪᠡᠷ᠎ᠤᠨ ᠬᠠᠢᠷ᠎ᠠ ᠰᠡᠳᠬᠢᠯᠭᠡ᠎ᠪᠠᠨ ᠢᠯᠡᠳᠭᠡᠵᠤ ᠪᠢᠯᠡ᠃ ᠡᠢᠮᠦᠷᠬᠦᠦ ᠰᠡᠳᠭᠢᠯᠭᠡ᠎ᠶ᠋ᠢᠨ ᠢᠯᠡᠳᠭᠡᠯᠲᠡ ᠨᠢ 《ᠡᠷᠡᠮᠡᠬᠡᠢᠯᠡᠨ ᠤᠷᠤᠭ᠍ᠰᠢᠯᠠᠶ᠎ᠠ》 ᠭᠡᠬᠦ᠌ ᠪᠦᠲᠦᠭᠡᠯ᠎ᠢ ᠰᠣᠨᠣᠰᠤᠭ᠍ᠴᠢᠳ᠎ᠤᠨ ᠰᠡᠳᠭᠢᠯ᠎ᠳᠦ ᠬᠦᠴᠦᠲᠡᠶ ᠴᠤᠤᠷᠢᠶᠠᠲᠤᠭᠤᠯᠤᠭ᠍ᠰᠠᠨ ᠪᠠᠢᠨ᠎ᠠ᠃
ᠲᠣᠮᠣ ᠬᠡᠯᠪᠡᠷᠢ᠎ᠶ᠋ᠢᠨ ᠦᠨᠳᠦᠰᠦᠲᠡᠨ᠎ᠦ ᠨᠠᠢᠷᠠᠯ ᠬᠦᠭᠵᠢᠮ 《ᠬᠡᠷ ᠤᠷᠤᠨ》 ᠨᠢ ᠥᠪᠥᠷ ᠮᠣᠩᠭᠣᠯ᠎ᠤᠨ ᠦᠨᠳᠦᠰᠦᠲᠡᠨ᠎ᠦ ᠨᠠᠢᠷᠠᠯ ᠬᠦᠭᠵᠢᠮ᠎ᠦᠨ ᠪᠦᠯᠬᠦᠮ᠎ᠤᠨ ᠤᠮᠠᠷᠠᠲᠤ ᠬᠢᠯᠢ᠎ᠶ᠋ᠢᠨ ᠳᠠᠭᠤᠤ ᠬᠥᠭ᠌ᠵᠢᠮ᠎ᠦᠨ ᠰᠣᠶᠣᠯ᠎ᠳᠠᠬᠢ ᠨᠢᠭᠡ ᠤᠳᠠᠭᠠᠨ᠎ᠤ ᠭᠣᠢᠳᠠ ᠰᠠᠢᠬᠠᠨ ᠲᠣᠭ᠍ᠯᠠᠯᠲᠠ ᠪᠣᠯᠤᠬᠰᠠᠨ ᠵᠢᠡᠷ ᠪᠠᠷᠠᠬᠤ ᠥᠬᠡᠶ᠂ ᠨᠠᠩ ᠴᠤ᠌ ᠦᠨᠳᠦᠰᠦᠲᠡᠨ᠎ᠦ ᠳᠠᠭᠤᠤ ᠬᠥᠭ᠌ᠵᠢᠮ᠎ᠢ ᠤᠯᠠᠮᠵᠢᠯᠠᠨ ᠵᠠᠯᠭᠠᠮᠵᠢᠯᠠᠬᠤ ᠪᠠ ᠱᠢᠨ᠎ᠡ᠎ᠶ᠋ᠢ ᠡᠭᠦᠳᠬᠦ᠌᠎ᠶ᠋ᠢᠨ ᠨᠢᠭᠡ ᠤᠳᠠᠭᠠᠨ᠎ᠤ ᠢᠳᠡᠪᠬᠢᠲᠡᠶ ᠰᠦᠪᠡᠭ᠌ᠴᠢᠯᠡᠯ ᠪᠣᠯᠬᠤ ᠶᠤᠮ᠃ ᠳᠠᠭᠤᠤ ᠬᠥᠭ᠌ᠵᠢᠮ᠎ᠦᠨ ᠦᠳᠡᠱᠢᠯᠡᠭᠡ ᠨᠢ ᠥᠪᠡᠷᠮᠢᠴᠡ ᠤᠷᠠᠯᠢᠭ᠎ᠤᠨ ᠷᠢᠳᠢ ᠱᠢᠳᠢᠪᠡᠷᠢᠶᠡᠨ ᠪᠦᠬᠦ᠌ ᠦᠵᠡᠭ᠌ᠴᠢᠳ᠎ᠲᠦ ᠰᠡᠳᠭᠢᠯ ᠵᠢᠷᠦᠬᠡ᠎ᠪᠡᠨ ᠬᠣᠯᠪᠣᠬᠤ ᠬᠥᠭᠥᠷᠭᠡ ᠲᠠᠯᠪᠢᠵᠤ᠂ ᠦᠨᠳᠦᠰᠦᠲᠡᠨ᠎ᠦ ᠪᠦᠯᠬᠦᠮᠳᠡᠯ᠂ ᠡᠷᠡᠮᠡᠬᠡᠢᠯᠡᠨ ᠤᠷᠤᠭ᠍ᠰᠢᠯᠠᠬᠤ᠂ ᠱᠢᠨ᠎ᠡ᠎ᠶ᠋ᠢ ᠡᠭᠦᠳᠬᠦ᠌ ᠴᠠᠭ ᠦᠶ᠎ᠡ᠎ᠶ᠋ᠢᠨ ᠵᠣᠷᠢᠭ ᠰᠠᠨᠠᠭ᠎ᠠ᠎ᠶ᠋ᠢ ᠳᠠᠮᠵᠢᠭᠤᠯᠤᠭ᠍ᠰᠠᠨ ᠪᠠᠢᠨ᠎ᠠ᠃