ᠦᠪᠦᠷ ᠮᠤᠩᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠡᠮ ᠤ᠋ᠨ ᠵᠦᠢᠯᠡᠰ ᠤ᠋ᠨ ᠬᠢᠨᠠᠯᠳᠠ ᠬᠠᠮᠢᠶᠠᠷᠤᠯᠳᠠ ᠶ᠋ᠢᠨ ᠲᠤᠪᠴᠢᠶ᠎ᠠ ᠤᠢᠷ᠎ᠠ ᠳ᠋ᠤ 6 ᠰᠠᠷ᠎ᠠ ᠶ᠋ᠢᠨ ᠬᠤᠭᠤᠴᠠᠭ᠎ᠠ ᠪᠦᠬᠦᠢ ᠡᠮ ᠤ᠋ᠨ ᠵᠦᠢᠯᠡᠰ ᠤ᠋ᠨ ᠡᠵᠡᠩᠨᠡᠯᠳᠡ ᠶ᠋ᠢᠨ ᠭᠤᠭᠴᠤᠭᠠᠨ ᠤ᠋ 《ᠦᠨᠳᠦᠰᠦ ᠡᠴᠡ ᠨᠢ ᠴᠡᠭᠴᠡᠯᠡᠨ ᠵᠠᠰᠠᠬᠤ》 ᠶ᠋ᠢ ᠪᠠᠳᠤᠳᠬᠠᠨ ᠳᠡᠰ ᠳᠡᠪᠰᠢᠭᠦᠯᠬᠦ ᠠᠵᠢᠯᠯᠠᠭ᠎ᠠ ᠶ᠋ᠢ ᠪᠦᠬᠦ ᠲᠠᠯ᠎ᠠ ᠪᠡᠷ ᠦᠷᠨᠢᠭᠦᠯᠵᠤ ᠡᠬᠢᠯᠡᠨ᠂ ᠡᠮ ᠤ᠋ᠨ ᠵᠦᠢᠯᠡᠰ ᠤ᠋ᠨ ᠡᠵᠡᠩᠨᠡᠯᠳᠡ ᠶ᠋ᠢᠨ ᠬᠦᠷᠢᠶᠡᠨ ᠤ᠋ ᠲᠤᠪᠤᠢᠮ᠎ᠠ ᠠᠰᠠᠭᠤᠳᠠᠯ ᠪᠠ ᠪᠠᠭᠤᠷᠠᠢ ᠭᠤᠭᠴᠤᠭ᠎ᠠ ᠶ᠋ᠢ ᠭᠤᠤᠯᠳᠠᠯᠭ᠎ᠠ ᠲᠠᠢ ᠴᠡᠭᠴᠡᠯᠡᠨ ᠵᠠᠰᠠᠵᠤ᠂ ᠡᠮ ᠤ᠋ᠨ ᠵᠦᠢᠯᠡᠰ ᠤ᠋ᠨ ᠡᠵᠡᠩᠨᠡᠯᠳᠡ ᠶ᠋ᠢᠨ ᠤᠷᠴᠢᠨ ᠨᠦᠬᠦᠴᠡᠯ ᠢ᠋ ᠴᠢᠨᠠᠭᠰᠢᠳᠠ ᠴᠡᠪᠡᠷᠰᠢᠭᠦᠯᠬᠦ ᠶ᠋ᠢ ᠵᠤᠷᠢᠪᠠ᠃
ᠲᠤᠰ ᠤᠳᠠᠭ᠎ᠠ ᠶ᠋ᠢᠨ ᠠᠵᠢᠯᠯᠠᠭ᠎ᠠ ᠨᠢ ᠪᠦᠬᠦ ᠤᠷᠤᠨ ᠤ᠋ ᠡᠮ ᠤ᠋ᠨ ᠵᠦᠢᠯᠡᠰ ᠢ᠋ ᠪᠦᠭᠡᠮ ᠶ᠋ᠢᠡᠷ ᠪᠤᠷᠤᠯᠠᠭᠤᠯᠬᠤ ᠠᠵᠤ ᠠᠬᠤᠢᠯᠠᠯ᠂ ᠵᠢᠵᠢᠭᠯᠡᠨ ᠪᠤᠷᠤᠯᠠᠭᠤᠯᠬᠤ ᠬᠡᠯᠬᠢᠶᠡᠳᠦ ᠡᠵᠡᠩᠨᠡᠯᠳᠡ ᠶ᠋ᠢᠨ ᠶᠡᠷᠦᠩᠭᠡᠢ ᠭᠠᠵᠠᠷ᠂ ᠵᠢᠵᠢᠭᠯᠡᠨ ᠪᠤᠷᠤᠯᠠᠭᠤᠯᠬᠤ ᠠᠵᠤ ᠠᠬᠤᠢᠯᠠᠯ᠂ ᠰᠦᠯᠵᠢᠶ᠎ᠠ ᠪᠡᠷ ᠠᠷᠠᠯᠵᠢᠶᠠᠯᠠᠬᠤ ᠭᠤᠷᠪᠠᠳᠠᠬᠢ ᠲᠠᠯ᠎ᠠ ᠶ᠋ᠢᠨ ᠳᠠᠪᠴᠠᠩ ᠵᠢᠴᠢ ᠡᠮᠴᠢᠯᠡᠭᠡᠨ ᠤ᠋ ᠪᠠᠢᠭᠤᠯᠤᠮᠵᠢ ᠶ᠋ᠢ ᠪᠦᠬᠦᠨ ᠢ᠋ ᠬᠠᠮᠤᠷᠴᠤ᠂ ᠤᠯᠠᠨᠳᠠ ᠪᠠᠢᠴᠠᠭᠠᠭᠳᠠᠵᠤ ᠪᠠᠢᠭᠠᠳ ᠦᠯᠦ ᠵᠠᠰᠠᠷᠠᠬᠤ᠂ ᠮᠦᠷᠳᠡᠯᠳᠡ ᠶ᠋ᠢᠨ ᠰᠦᠪᠡᠭᠴᠢ ᠲᠦᠪᠯᠡᠷᠡᠩᠭᠦᠢ᠂ ᠪᠠᠢᠩᠭᠤ ᠤᠷᠤᠨ ᠪᠦᠰᠡ ᠠᠯᠤᠰᠯᠠᠨ ᠰᠠᠷᠢᠭᠠᠯᠠᠨ ᠠᠷᠠᠯᠵᠢᠶᠠᠯᠠᠬᠤ᠂ ᠤᠯᠠᠨ ᠵᠦᠢᠯ ᠤ᠋ᠨ ᠡᠵᠡᠩᠨᠡᠯᠳᠡ ᠶ᠋ᠢᠨ ᠬᠡᠯᠪᠡᠷᠢ ᠲᠠᠢ ᠡᠵᠡᠩᠨᠡᠯᠳᠡ ᠶ᠋ᠢᠨ ᠭᠤᠤᠯ ᠴᠤᠭᠴᠠ ᠵᠢᠴᠢ ᠪᠦᠭᠡᠮ ᠶ᠋ᠢᠡᠷ ᠪᠤᠷᠤᠯᠠᠭᠤᠯᠬᠤ ᠠᠵᠤ ᠠᠬᠤᠢᠯᠠᠯ ᠪᠤᠰᠤᠳ ᠭᠠᠵᠠᠷ ᠲᠤ᠌ ᠬᠦᠮᠦᠷᠭᠡ ᠪᠠᠢᠭᠤᠯᠬᠤ᠂ ᠬᠤᠳᠠ ᠬᠦᠳᠡᠭᠡ ᠶ᠋ᠢᠨ ᠠᠭᠤᠯᠵᠠᠷ ᠤᠷᠤᠨ ᠪᠤᠶᠤ ᠬᠦᠳᠡᠭᠡ ᠲᠤᠰᠬᠤᠨ ᠳ᠋ᠤ ᠪᠠᠢᠷᠢᠰᠢᠬᠤ ᠵᠢᠵᠢᠭᠯᠡᠨ ᠪᠤᠷᠤᠯᠠᠭᠤᠯᠬᠤ ᠠᠵᠤ ᠠᠬᠤᠢᠯᠠᠯ ᠵᠡᠷᠭᠡ ᠠᠶᠤᠯ ᠲᠦᠭᠰᠢᠭᠦᠷᠢ ᠲᠤᠪᠤᠢᠮ᠎ᠠ ᠪᠠᠢᠳᠠᠯ ᠢ᠋ ᠭᠤᠤᠯᠳᠠᠯᠭ᠎ᠠ ᠲᠠᠢ ᠠᠩᠬᠠᠷᠬᠤ ᠪᠤᠯᠤᠨ᠎ᠠ᠃ ᠡᠭᠦᠨ ᠳ᠋ᠤ᠂ ᠡᠮ ᠤ᠋ᠨ ᠵᠦᠢᠯᠡᠰ ᠢ᠋ ᠪᠦᠭᠡᠮ ᠶ᠋ᠢᠡᠷ ᠪᠤᠷᠤᠯᠠᠭᠤᠯᠬᠤ ᠪᠠ ᠵᠢᠵᠢᠭᠯᠡᠨ ᠪᠤᠷᠤᠯᠠᠭᠤᠯᠬᠤ ᠠᠵᠤ ᠠᠬᠤᠢᠯᠠᠯ ᠤ᠋ᠨ ᠬᠠᠤᠯᠢ ᠪᠤᠰᠤ ᠪᠡᠷ ᠬᠤᠳᠠᠯᠳᠤᠨ ᠠᠪᠴᠤ ᠪᠤᠷᠤᠯᠠᠭᠤᠯᠬᠤ᠂ ᠰᠦᠯᠵᠢᠶ᠎ᠠ ᠪᠡᠷ ᠬᠡᠪ ᠤ᠋ᠨ ᠪᠤᠰᠤ ᠪᠡᠷ ᠪᠤᠷᠤᠯᠠᠭᠤᠯᠬᠤ᠂ 《ᠪᠠᠷᠢᠮᠳᠠ ᠠᠷᠠᠯᠵᠢᠶᠠᠯᠠᠬᠤ》ᠵᠢᠴᠢ ᠦᠨᠡᠮᠯᠡᠯ ᠦᠭᠡᠢ ᠪᠡᠷ ᠡᠵᠡᠩᠨᠡᠯᠳᠡ ᠬᠢᠬᠦ᠂ ᠳᠤᠭᠳᠠᠭᠠᠯ ᠡᠴᠡ ᠵᠦᠷᠢᠴᠡᠨ ᠵᠤᠷ ᠤ᠋ᠨ ᠡᠮ ᠪᠤᠷᠤᠯᠠᠭᠤᠯᠬᠤ᠂ ᠡᠮ ᠪᠠᠷᠢᠭᠴᠢ ᠶ᠋ᠢᠨ ᠦᠨᠡᠮᠯᠡᠯ ᠢ᠋《ᠵᠢᠭᠡᠯᠡᠵᠦ ᠬᠡᠷᠡᠭᠯᠡᠬᠦ》 ᠵᠡᠷᠭᠡ ᠠᠵᠢᠯᠯᠠᠭ᠎ᠠ ᠶ᠋ᠢ ᠴᠢᠩᠭ᠎ᠠ ᠪᠠᠢᠴᠠᠭᠠᠵᠤ᠂ ᠡᠮᠴᠢᠯᠡᠭᠡᠨ ᠤ᠋ ᠪᠠᠢᠭᠤᠯᠤᠮᠵᠢ ᠶ᠋ᠢᠨ ᠡᠮ ᠤ᠋ᠨ ᠵᠦᠢᠯᠡᠰ ᠤ᠋ᠨ ᠢᠷᠡᠯᠳᠡ᠂ ᠬᠦᠮᠦᠷᠭᠡᠯᠡᠨ ᠬᠠᠳᠠᠭᠠᠯᠠᠵᠤ ᠪᠠᠢᠭ᠎ᠠ ᠪᠠᠢᠳᠠᠯ ᠵᠢᠴᠢ ᠮᠦᠷᠳᠡᠯᠳᠡ ᠶ᠋ᠢᠨ ᠠᠵᠢᠯ ᠢ᠋ ᠨᠠᠢᠳᠠᠪᠤᠷᠢᠵᠢᠭᠤᠯᠵᠤ ᠪᠠᠢᠭ᠎ᠠ ᠪᠠᠢᠳᠠᠯ ᠢ᠋ ᠬᠢᠨᠠᠨ ᠬᠠᠷᠭᠤᠭᠤᠯᠬᠤ ᠪᠤᠯᠤᠨ᠎ᠠ᠃ ᠪᠠᠰᠠ ᠡᠮ ᠤ᠋ᠨ ᠵᠦᠢᠯᠡᠰ ᠢ᠋ ᠵᠢᠵᠢᠭᠯᠡᠨ ᠪᠤᠷᠤᠯᠠᠭᠤᠯᠬᠤ ᠬᠡᠯᠬᠢᠶᠡᠳᠦ ᠡᠵᠡᠩᠨᠡᠯᠳᠡ ᠶ᠋ᠢᠨ ᠶᠡᠷᠦᠩᠭᠡᠢ ᠭᠠᠵᠠᠷ ᠤ᠋ᠨ ᠶᠠᠰᠤ ᠴᠢᠨᠠᠷ ᠤ᠋ᠨ ᠬᠠᠮᠢᠶᠠᠷᠤᠯᠳᠠ ᠶ᠋ᠢᠨ ᠰᠢᠰᠲ᠋ᠧᠮ ᠢ᠋ ᠳᠦᠷᠢᠮᠵᠢᠭᠦᠯᠵᠦ᠂ ᠭᠤᠷᠪᠠᠳᠠᠬᠢ ᠲᠠᠯ᠎ᠠ ᠶ᠋ᠢᠨ ᠳᠠᠪᠴᠠᠩ ᠤ᠋ᠨ ᠬᠢᠨ ᠠᠶᠤᠯ ᠲᠦᠭᠰᠢᠭᠦᠷᠢ ᠶ᠋ᠢ ᠰᠡᠷᠭᠡᠢᠯᠡᠨ ᠡᠵᠡᠮᠳᠡᠬᠦ ᠪᠡᠨ ᠴᠢᠩᠭᠠᠳᠬᠠᠬᠤ ᠶ᠋ᠢ ᠱᠠᠯᠠᠪᠳᠠᠭᠤᠯᠤᠨ᠂ ᠡᠮᠦᠨ᠎ᠠ ᠨᠢ ᠪᠠᠢᠴᠠᠭᠠᠵᠤ ᠢᠯᠡᠷᠡᠭᠦᠯᠦᠭᠰᠡᠨ ᠠᠰᠠᠭᠤᠳᠠᠯ ᠢ᠋《ᠡᠷᠬᠢᠨ ᠬᠠᠷᠠᠬᠤ》 ᠠᠵᠢᠯᠯᠠᠭ᠎ᠠ ᠦᠷᠨᠢᠭᠦᠯᠵᠤ᠂ ᠭᠡᠯᠪᠡᠷᠢ ᠶ᠋ᠢᠨ ᠲᠡᠳᠦᠢ ᠴᠡᠭᠴᠡᠯᠡᠨ ᠵᠠᠰᠠᠬᠤ ᠶ᠋ᠢ ᠴᠢᠩᠭ᠎ᠠ ᠰᠡᠷᠭᠡᠢᠯᠡᠬᠦ ᠪᠤᠯᠤᠨ᠎ᠠ᠃
2008-2025 © ᠳᠤᠮᠳᠠᠳᠤ ᠤᠯᠤᠰᠤᠨ ᠮᠤᠩᠭᠤᠯ ᠬᠡᠯᠡᠨᠤ ᠰᠤᠨᠢᠨ ᠮᠡᠳᠡᠭᠡᠨᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号