ᠬᠦᠬᠡᠬᠤᠳᠠ 《ᠳᠤᠭᠠᠴᠢᠯᠠᠭᠰᠠᠨ ᠤᠶᠤᠨᠴᠢ ᠰᠤᠷᠭᠠᠨ ᠬᠥᠮᠦᠵᠢᠯ᠎ᠦᠨ ᠬᠢᠴᠢᠶᠡᠯ᠎ᠦᠨ ᠲᠠᠩᠬᠢᠮ 》 ᠨᠡᠬᠡᠬᠡᠪᠡ
2026-04-22 15:49:07
ᠵᠣᠬᠢᠶᠠᠭ᠍ᠴᠢ᠄
ᠨᠠᠪᠴᠢ
ᠣᠩᠱᠢᠭ᠍ᠰᠠᠨ ᠣᠳᠠᠭ᠎ᠠ᠄
★★★☆☆

 ᠤᠯᠤᠰ᠎ᠤᠨ ᠰᠤᠷᠭᠠᠨ ᠬᠥᠮᠦᠵᠢᠯ᠎ᠦᠨ ᠲᠣᠭᠠᠴᠢᠯᠠᠭᠰᠠᠨ ᠪᠠᠢᠯᠳᠤᠬᠤ  ᠪᠣᠳᠣᠯᠭ᠎ᠠ᠎ᠶᠢᠨ ᠠᠵᠢᠯᠯᠠᠭ᠎ᠠ᠎ᠶᠢ ᠭᠦᠨᠵᠡᠭᠡᠢ ᠠᠬᠢᠭᠤᠯᠵᠤ᠂ ᠣᠷᠣᠨ ᠎ᠤ ᠲᠥᠪ ᠎ᠦᠨ ᠰᠤᠷᠭᠠᠨ ᠬᠥᠮᠦᠵᠢᠯ᠎ᠦᠨ ᠲᠣᠭᠠᠴᠢᠯᠠᠭᠰᠠᠨ ᠴᠢᠳᠠᠪᠤᠷᠢᠲᠠᠨ᠎ᠤ ᠲᠤᠯᠭᠠᠭᠤᠷᠢᠯᠠᠯ ᠎ᠢ  ᠪᠠᠳᠤᠳᠬᠠᠵᠤ ᠂ ᠰᠤᠷᠭᠠᠨ ᠬᠥᠮᠦᠵᠢᠯ᠎ᠦᠨ ᠠᠵᠢᠯᠲᠠᠳ᠎ᠤᠨ ᠲᠣᠭᠠᠴᠢᠯᠠᠭᠰᠠᠨ ᠬᠡᠪ ᠪᠣᠯᠪᠠᠰᠤᠷᠠᠯ ᠎ᠢ ᠪᠦᠬᠦ ᠲᠠᠯ᠎ᠠ᠎ᠪᠠᠷ ᠳᠡᠭᠡᠭᠰᠢᠯᠡᠭᠦᠯᠬᠦ᠎ᠶᠢᠨ ᠲᠥᠯᠥᠭᠡ ᠬᠥᠬᠡᠬᠣᠲᠠ᠎ᠶᠢᠨ ᠰᠤᠷᠭᠠᠨ ᠬᠥᠮᠦᠵᠢᠯ ᠎ᠦᠨ ᠦᠢᠯᠡᠰ ᠎ᠦᠨ ᠬᠥᠭᠵᠢᠯᠲᠡ᠎ᠶᠢᠨ ᠲᠥᠪ ᠎ᠤᠨ ᠬᠢᠨ 《ᠲᠣᠭᠠᠴᠢᠯᠠᠭᠰᠠᠨ ᠤᠶᠤᠨᠴᠢ ᠰᠤᠷᠭᠠᠨ ᠬᠥᠮᠦᠵᠢᠯ ᠎ᠦᠨ ᠬᠢᠴᠢᠶᠡᠯ᠎ᠦᠨ ᠲᠠᠩᠬᠢᠮ 》  ᠤ᠋ᠨ ᠠᠩᠬᠠᠳᠠᠭᠴᠢ ᠬᠤᠭᠤᠴᠠᠭᠠᠨ᠎ᠤ  ᠠᠵᠢᠯᠯᠠᠭ᠎ᠠ᠎ᠶᠢ  ᠬᠦᠬᠡᠬᠤᠳᠠ ᠵᠢᠨ ᠬᠣᠶᠠᠳᠤᠭᠠᠷ ᠳᠤᠮᠳᠠᠳᠤ ᠰᠤᠷᠭᠠᠭᠤᠯᠢ᠎ᠶᠢᠨ ᠷᠦ ᠢ ᠰᠤᠷᠭᠠᠭᠤᠯᠢ᠎ᠶᠢᠨ ᠲᠣᠭᠣᠷᠢᠭ᠋ ᠎ᠲᠤ  ᠠᠮᠵᠢᠯᠲᠠ᠎ᠲᠠᠢ  ᠡᠷᠬᠢᠯᠡᠵᠡᠢ᠃

《ᠳᠤᠭᠠᠴᠢᠯᠠᠭᠰᠠᠨ ᠤᠶᠤᠨᠴᠢ ᠰᠤᠷᠭᠠᠨ ᠬᠥᠮᠦᠵᠢᠯ ᠎ᠤᠨ  ᠬᠢᠴᠢᠶᠡᠯ᠎ᠦᠨ ᠲᠠᠩᠬᠢᠮ》 ᠪᠣᠯ ᠬᠦᠬᠡᠬᠤᠳᠠ᠎ᠶᠢᠨ ᠰᠤᠷᠭᠠᠨ ᠬᠥᠮᠦᠵᠢᠯ ᠎ᠦᠨ ᠦᠢᠯᠡᠰ ᠎ᠦᠨ ᠬᠥᠭᠵᠢᠯᠲᠡ᠎ᠶᠢᠨ ᠲᠥᠪ᠎ᠦᠨ ᠡᠭᠦᠳᠦᠭᠰᠡᠨ ᠳᠤᠭᠠᠴᠢᠯᠠᠭᠰᠠᠨ ᠰᠤᠷᠭᠠᠨ ᠬᠥᠮᠦᠵᠢᠯ ᠎ᠦᠨ ᠨᠠᠷᠠᠲᠤ ᠲᠦᠷᠦᠯ ᠲᠡᠮᠳᠡᠭ ᠪᠣᠯᠣᠨ᠎ᠠ᠃ ᠪᠥᠬᠥ ᠬᠣᠲᠠ ᠎ᠶᠢᠨ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠎ᠦᠨ ᠴᠡᠴᠡᠷᠯᠢᠭ᠎ᠦᠨ ᠪᠠᠭ᠍ᠰᠢ᠂ ᠰᠤᠷᠭᠠᠨ ᠬᠥᠮᠦᠵᠢᠯ᠎ᠦᠨ ᠬᠠᠮᠢᠶᠠᠷᠤᠭ᠍ᠴᠢ ᠬᠢᠭᠡᠳ ᠵᠢᠭᠠᠨ ᠰᠤᠳᠤᠯᠬᠤ ᠠᠵᠢᠯᠲᠠᠨ᠎ᠳᠤ ᠬᠠᠨᠳᠤᠭᠤᠯᠤᠨ᠂ ᠡᠷᠳᠡᠮ ᠰᠢᠨᠵᠢᠯᠡᠭᠡᠨ᠎ᠦ ᠰᠣᠯᠢᠯᠴᠠᠭ᠎ᠠ᠂ ᠤᠷ᠎ᠠ ᠴᠢᠳᠠᠪᠤᠷᠢ᠎ᠶᠢᠨ ᠪᠣᠯᠪᠠᠰᠤᠷᠠᠯ᠂ ᠬᠡᠷᠡᠭ᠎ᠦᠨ ᠵᠢᠱ᠌ᠢᠶ᠎ᠡ᠎ᠶᠢ ᠰᠤᠳᠤᠯᠤᠨ ᠶᠠᠷᠢᠯᠴᠠᠬᠤ᠂ ᠦᠢᠯᠡᠳᠦᠯᠭᠡ᠎ᠶᠢᠨ ᠴᠢᠳᠠᠪᠤᠷᠢ᠎ᠶᠢ ᠨᠢᠭᠡ ᠴᠣᠭᠴᠠᠵᠢᠭᠤᠯᠤᠭᠰᠠᠨ ᠣᠷᠣᠨ ᠪᠦᠰᠡ᠎ᠶᠢᠨ ᠴᠢᠨᠠᠷᠲᠠᠢ ᠶᠡᠷᠦᠩᠬᠡᠢᠯᠡᠭᠰᠡᠨ ᠰᠣᠯᠢᠯᠴᠠᠭᠠᠨ᠎ᠤ ᠲᠠᠪᠴᠠᠩ᠎ᠢ ᠪᠠᠢᠭᠤᠯᠵᠤ᠂ ᠣᠷᠣᠨ ᠎ᠤ ᠲᠥᠪ᠎ᠦᠨ ᠰᠤᠷᠭᠠᠨ ᠬᠥᠮᠦᠵᠢᠯ᠎ᠦᠨ ᠲᠣᠭᠠᠴᠢᠯᠠᠭᠰᠠᠨ ᠳᠡᠢᠰᠢ ᠬᠡᠯᠪᠡᠷᠢ ᠎ᠪᠠᠨ ᠬᠤᠪᠢᠷᠠᠭᠤᠯᠬᠤ ᠦᠵᠡᠯ ᠰᠠᠨᠠᠭᠠᠨ᠎ᠤ ᠵᠢᠭ᠍ᠰᠠᠭᠠᠯ᠎ᠤᠨ ᠭᠠᠵᠠᠷ᠂ ᠦᠢᠯᠡᠳᠦᠯᠭᠡ᠎ᠶᠢᠨ ᠣᠶᠤᠨ ᠎ᠤ ᠬᠥᠮᠥᠷᠭᠡ ᠬᠢᠭᠡᠳ ᠰᠣᠯᠢᠯᠴᠠᠭᠠᠨ᠎ᠤ  ᠬᠥᠭᠥᠷᠭᠡ  ᠬᠤᠯᠪᠤᠭᠠᠰᠤ  ᠪᠤᠯᠵᠤ ᠪᠠᠢᠨ᠎ᠠ᠃

ᠲᠣᠰ ᠤᠳᠠᠭᠠᠨ᠎ᠤ ᠬᠢᠴᠢᠶᠡᠯ ᠎ᠦᠨ ᠲᠠᠩᠬᠢᠮ ᠎ᠳᠤ ᠪᠡᠭᠡᠵᠢᠩ ᠶᠡᠬᠡ ᠰᠤᠷᠭᠠᠭᠤᠯᠢ᠎ᠶᠢᠨ ᠰᠤᠷᠭᠠᠨ ᠬᠥᠮᠦᠵᠢᠯ᠎ᠦᠨ ᠳᠡᠭᠡᠳᠦ ᠰᠤᠷᠭᠠᠭᠤᠯᠢ᠎ᠶᠢᠨ ᠰᠤᠷᠭᠠᠨ ᠬᠥᠮᠦᠵᠢᠯ᠎ᠦᠨ ᠮᠡᠷᠭᠡᠵᠢᠯ᠎ᠦᠨ ᠰᠠᠯᠪᠤᠷᠢ᠎ᠶᠢᠨ ᠡᠷᠬᠢᠯᠡᠭᠴᠢ᠂ ᠳ᠋ᠣᠺᠲ᠋ᠣᠷᠠᠨᠲ ᠎ᠤᠨ ᠵᠢᠯᠣᠭᠣᠳᠤᠭ᠍ᠴᠢ ᠪᠠᠭ᠍ᠰᠢ ᠵᠢᠶᠠ ᠵᠢᠢ ᠶᠢᠦ ᠫᠷᠤᠹᠸᠰᠰᠤᠷ ᠢ᠋ ᠲᠤᠰᠬᠠᠢᠯᠠᠨ ᠤᠷᠢᠵᠤ᠂ 《ᠵᠣᠬᠢᠶᠠᠮᠠᠯ ᠤᠶᠤᠨ ᠴᠢᠳᠠᠪᠤᠷᠢ ᠪᠡᠷ ᠳᠤᠮᠳᠠᠳᠤ ᠪᠠᠭ᠎ᠠ ᠰᠤᠷᠭᠠᠭᠤᠯᠢ᠎ᠶᠢᠨ ᠰᠤᠷᠭᠠᠨ ᠬᠥᠮᠦᠵᠢᠯ ᠳ᠋ᠤ ᠴᠢᠳᠠᠪᠤᠷᠢ ᠤᠯᠭᠤᠬᠤ》 ᠲᠤᠰᠬᠠᠢ ᠰᠡᠳᠦᠪᠲᠦ ᠮᠡᠳᠡᠭᠦᠯᠦᠯᠲᠡ ᠬᠢᠯᠭᠡᠵᠡᠢ᠃ ᠪᠦᠬᠦ ᠬᠤᠳᠠ᠎ᠶᠢᠨ 260 ᠭᠠᠷᠤᠢ ᠰᠤᠷᠭᠠᠨ ᠬᠥᠮᠦᠵᠢᠯ᠎ᠦᠨ ᠬᠠᠮᠢᠶᠠᠷᠤᠭ᠍ᠴᠢ᠂ ᠭᠣᠣᠯᠯᠠᠭ᠍ᠴᠢ ᠪᠠᠭ᠍ᠰᠢ ᠨᠠᠷ ᠲᠤᠬᠠᠢ᠎ᠶᠢᠨ ᠲᠠᠯᠠᠪᠠᠢ᠎ᠳᠤ ᠪᠣᠯᠪᠠᠰᠤᠷᠠᠯ᠎ᠳᠤ ᠣᠷᠣᠯᠴᠠᠪᠠ᠃ ᠲᠠᠢᠯᠤᠮᠵᠢ ᠨᠢ ᠵᠣᠬᠢᠶᠠᠮᠠᠯ ᠤᠶᠤᠨ ᠴᠢᠳᠠᠪᠤᠷᠢ ᠵᠢᠨ ᠬᠥᠭᠵᠢᠯᠲᠡ᠎ᠶᠢᠨ ᠪᠠᠢᠳᠠᠯ᠂ ᠰᠤᠷᠭᠠᠨ ᠬᠥᠮᠦᠵᠢᠯ᠎ᠦᠨ ᠪᠥᠬᠥ ᠲᠠᠯᠠᠪᠤᠷ᠎ᠤᠨ ᠭᠦᠨᠵᠡᠭᠡᠢ ᠬᠡᠷᠡᠭᠯᠡᠯᠲᠡ᠂ ᠢᠷᠡᠭᠡᠳᠦᠢ᠎ᠶᠢᠨ ᠰᠤᠷᠭᠠᠨ ᠬᠥᠮᠦᠵᠢᠯ᠎ᠦᠨ ᠬᠥᠭᠵᠢᠯᠲᠡ᠎ᠶᠢᠨ ᠬᠠᠨᠳᠤᠰᠢ ᠵᠡᠷᠭᠡ ᠭᠤᠷᠪᠠᠨ ᠶᠡᠬᠡ ᠭᠣᠣᠯᠳᠠᠯᠭ᠎ᠠ᠎ᠲᠠᠢ ᠨᠢᠭ᠍ᠲᠠ ᠤᠶᠠᠯᠳᠤᠭᠤᠯᠤᠨ᠂ ᠣᠶᠤᠨᠴᠢ ᠮᠡᠷᠭᠡᠵᠢᠯ ᠬᠢᠭᠡᠳ ᠰᠤᠷᠭᠠᠨ ᠬᠥᠮᠦᠵᠢᠯ ᠵᠢᠭᠠᠨ ᠰᠤᠷᠭᠠᠯᠲᠠ᠎ᠶᠢᠨ ᠠᠭᠤᠰᠤᠯᠴᠠᠯ᠎ᠤᠨ ᠠᠷᠭ᠎ᠠ ᠵᠠᠮ᠎ᠢ ᠰᠢᠰᠲᠧᠮ᠎ᠲᠠᠢ ᠲᠣᠳᠣᠷᠬᠠᠢᠯᠠᠨ ᠲᠠᠢᠯᠪᠤᠷᠢᠯᠠᠵᠤ᠂ ᠪᠥᠬᠥ ᠬᠣᠲᠠ᠎ᠶᠢᠨ ᠰᠤᠷᠭᠠᠨ ᠬᠥᠮᠦᠵᠢᠯ᠎ᠦᠨ ᠲᠣᠭᠠᠴᠢᠯᠠᠯᠲᠠ᠎ᠳᠡᠢᠰᠢ ᠬᠡᠯᠪᠡᠷᠢ᠎ᠪᠠᠨ ᠬᠤᠪᠢᠷᠠᠭᠤᠯᠬᠤ ᠬᠢᠭᠡᠳ ᠬᠢᠴᠢᠶᠡᠯ᠎ᠦᠨ ᠲᠠᠩᠬᠢᠮ᠎ᠤᠨ ᠵᠢᠭᠠᠨ ᠰᠤᠷᠭᠠᠯᠲᠠ᠎ᠶᠢᠨ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠋᠎ᠢ ᠨᠡᠮᠡᠭᠳᠡᠭᠦᠯᠬᠦ᠎ᠳᠦ ᠣᠨᠣᠯ᠎ᠤᠨ ᠵᠢᠯᠣᠭᠣᠳᠤᠯᠭ᠎ᠠ ᠪᠠ ᠦᠢᠯᠡᠳᠦᠯᠭᠡ᠎ᠶᠢᠨ ᠲᠥᠰᠥᠯ ᠬᠠᠩᠭᠠᠭᠰᠠᠨ ᠪᠠᠢᠨ᠎ᠠ ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号