ᠡᠷᠲᠡᠨ᠎ᠦ ᠮᠣᠳᠣ᠌ ᠦᠨᠡᠳᠤ ᠮᠣᠳᠣᠨ᠎ᠤ ᠡᠬᠢ ᠪᠠᠶᠠᠯᠢᠭ᠋᠎ᠢ ᠨᠡᠢᠳᠡᠮ ᠪᠠᠢᠴᠠᠭᠠᠬᠤ ᠠᠵᠢᠯ ᠪᠥᠬᠥ ᠲᠠᠯ᠎ᠠ᠎ᠪᠠᠷ ᠡᠬᠢᠯᠡᠪᠡ
2026-04-22 10:10:31
ᠵᠣᠬᠢᠶᠠᠭ᠍ᠴᠢ᠄
ᠵᠠᠩ ᠬᠤᠢ ᠯᠢᠩ
ᠣᠩᠱᠢᠭ᠍ᠰᠠᠨ ᠣᠳᠠᠭ᠎ᠠ᠄
★★★☆☆

ᠣᠢᠷ᠎ᠠ᠎ᠳᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠢ ᠪᠠ ᠨᠤᠲᠤᠭ ᠪᠡᠯᠴᠢᠭᠡᠷ᠎ᠦᠨ ᠠᠵᠢᠯ᠎ᠤᠨ ᠶᠡᠷᠦᠩᠬᠡᠢ ᠥᠷᠲᠡᠭᠡ ᠬᠥᠬᠡᠬᠣᠲᠠ᠎ᠳᠤ ᠭᠤᠷᠪᠠᠳᠤᠭᠠᠷ ᠤᠳᠠᠭᠠᠨ᠎ᠤ ᠪᠥᠬᠥ ᠣᠷᠣᠨ᠎ᠤ ᠡᠷᠲᠡᠨ᠎ᠦ ᠮᠣᠳᠣ᠌ ᠦᠨᠡᠳᠤ ᠮᠣᠳᠣᠨ᠎ᠤ ᠡᠬᠢ ᠪᠠᠶᠠᠯᠢᠭ᠋᠎ᠢ ᠨᠡᠢᠳᠡᠮ ᠪᠠᠢᠴᠠᠭᠠᠬᠤ ᠪᠣᠯᠪᠠᠰᠤᠷᠠᠯ᠎ᠤᠨ ᠠᠩᠭᠢ᠎ᠶᠢ ᠵᠣᠬᠢᠶᠠᠨ ᠪᠠᠢᠭᠤᠯᠤᠨ ᠡᠷᠭᠢᠯᠡᠵᠦ᠂ ᠥᠪᠥᠷ ᠮᠣᠩᠭᠣᠯ᠎ᠤᠨ ᠭᠤᠷᠪᠠᠳᠤᠭᠠᠷ ᠤᠳᠠᠭᠠᠨ᠎ᠤ ᠡᠷᠲᠡᠨ᠎ᠦ ᠮᠣᠳᠣ᠌ ᠦᠨᠡᠳᠤ ᠮᠣᠳᠣᠨ᠎ᠤ ᠡᠬᠢ ᠪᠠᠶᠠᠯᠢᠭ᠋᠎ᠢ ᠨᠡᠢᠳᠡᠮ ᠪᠠᠢᠴᠠᠭᠠᠬᠤ ᠠᠵᠢᠯ᠎ᠢ ᠪᠥᠬᠥ ᠲᠠᠯ᠎ᠠ᠎ᠪᠠᠷ ᠡᠬᠢᠯᠡᠭᠦᠯᠪᠡ᠃ ᠲᠣᠰ ᠤᠳᠠᠭᠠᠨ᠎ᠤ ᠨᠡᠢᠳᠡᠮ ᠪᠠᠢᠴᠠᠭᠠᠯᠲᠠ᠎ᠶᠢᠨ ᠬᠡᠪᠴᠢᠶ᠎ᠡ ᠨᠢ ᠬᠣᠶᠠᠳᠤᠭᠠᠷ ᠤᠳᠠᠭᠠᠨ᠎ᠤ ᠡᠬᠢ ᠪᠠᠶᠠᠯᠢᠭ᠋᠎ᠤᠨ ᠨᠡᠢᠳᠡᠮ ᠪᠠᠢᠴᠠᠭᠠᠯᠲᠠ ᠲᠡᠭᠡᠷ᠎ᠠ ᠤᠯᠤᠰ᠎ᠤᠨ ᠴᠡᠴᠡᠷᠯᠢᠭ᠂ ᠪᠠᠢᠭᠠᠯᠢ᠎ᠶᠢᠨ ᠬᠠᠮᠠᠭᠠᠯᠠᠯᠲᠠ᠎ᠶᠢᠨ ᠣᠷᠣᠨ ᠵᠢᠴᠢ ᠪᠤᠰᠤᠳ ᠤᠯᠤᠰ᠎ᠤᠨ ᠥᠮᠴᠢᠯᠡᠯ᠎ᠦᠨ ᠰᠢᠭᠤᠢᠲᠤ ᠤᠷᠤᠨ ᠨᠡᠮᠡᠭᠳᠡᠪᠡ᠃

ᠡᠷᠲᠡᠨ᠎ᠦ ᠮᠣᠳᠣ᠌ ᠭᠡᠳᠡᠭ ᠨᠢ ᠮᠣᠳᠣᠨ᠎ᠤ ᠨᠠᠰᠤ ᠨᠢ 100 ᠵᠢᠯ᠎ᠡᠴᠡ ᠳᠡᠭᠡᠭᠰᠢᠬᠢ ᠮᠣᠳᠣ᠌᠎ᠶᠢ ᠵᠢᠭᠠᠵᠤ ᠪᠠᠢᠨ᠎ᠠ᠂ ᠡᠭᠦᠨ᠎ᠳᠦ ᠬᠥᠮᠥᠨ᠎ᠦ ᠬᠦᠴᠦ᠎ᠪᠡᠷ ᠪᠣᠢᠵᠢᠭᠤᠯᠤᠭᠰᠠᠨ᠂ ᠮᠣᠳᠣᠨ ᠮᠠᠲᠧᠷᠢᠶᠠᠯ ᠦᠢᠯᠡᠳᠪᠦᠷᠢᠯᠡᠬᠦ᠎ᠪᠡᠷ ᠭᠣᠣᠯ ᠵᠣᠷᠢᠯᠭ᠎ᠠ ᠪᠣᠯᠭᠠᠭᠰᠠᠨ ᠲᠠᠸᠠᠷ᠎ᠤᠨ ᠤᠢ᠎ᠶᠢᠨ ᠳᠣᠲᠣᠷᠠᠬᠢ ᠮᠣᠳᠣ᠌ ᠪᠠᠭᠲᠠᠬᠤ ᠤᠢᠭᠡᠢ; ᠦᠨᠡᠳᠤ ᠮᠣᠳᠣ᠌ ᠭᠡᠳᠡᠭ ᠨᠢ ᠲᠡᠦᠬᠡ᠂ ᠰᠣᠶᠣᠯ᠂ ᠰᠢᠨᠵᠢᠯᠡᠬᠦ ᠤᠬᠠᠭᠠᠨ᠂ ᠦᠵᠡᠮᠵᠢ᠎ᠶᠢᠨ ᠴᠢᠬᠤᠯᠠ ᠦᠨ᠎ᠡ ᠦᠷᠳᠡᠭ᠎ᠲᠠᠢ ᠪᠤᠶᠤ ᠴᠢᠬᠤᠯᠠ ᠳᠤᠷᠠᠰᠬᠠᠬᠤ ᠠᠴᠢ ᠬᠣᠯᠪᠣᠭᠳᠠᠯ᠎ᠲᠠᠢ ᠮᠣᠳᠣ᠌᠎ᠶᠢ ᠵᠢᠭᠠᠵᠤ ᠪᠠᠢᠨ᠎ᠠ᠃ ᠥᠪᠥᠷ ᠮᠣᠩᠭᠣᠯ᠎ᠤᠨ ᠡᠷᠲᠡᠨ᠎ᠦ ᠮᠣᠳᠣ᠌ ᠦᠨᠡᠳᠤ ᠮᠣᠳᠣᠨ᠎ᠤ ᠡᠬᠢ ᠪᠠᠶᠠᠯᠢᠭ᠋ ᠡᠯᠪᠡᠭ᠂ ᠲᠥᠷᠥᠯ ᠵᠦᠢᠯ ᠣᠯᠠᠨ ᠪᠠᠢᠵᠤ᠂ ᠪᠥᠬᠥ ᠣᠷᠣᠨ᠎ᠳᠤ ᠣᠲᠣ᠌ 4481 ᠰᠠᠭᠤᠷᠢ ᠲᠠᠷᠠᠬᠠᠢ ᠪᠤᠲᠠᠷᠬᠠᠢ ᠤᠷᠭᠤᠭᠰᠠᠨ ᠡᠷᠲᠡᠨ᠎ᠦ ᠮᠣᠳᠣ᠌ ᠦᠨᠡᠳᠤ ᠮᠣᠳᠣ᠌᠂ 169 ᠡᠷᠲᠡᠨ᠎ᠦ ᠮᠣᠳᠣᠨ᠎ᠤ ᠰᠦᠷᠦᠭᠵᠢᠯ᠎ᠲᠠᠢ᠃ ᠪᠥᠬᠥ ᠣᠷᠣᠨ᠎ᠤ ᠲᠠᠷᠠᠬᠠᠢ ᠪᠤᠲᠠᠷᠬᠠᠢ ᠤᠷᠭᠤᠭᠰᠠᠨ ᠡᠷᠲᠡᠨ᠎ᠦ ᠮᠣᠳᠣ᠌ ᠦᠨᠡᠳᠤ ᠮᠣᠳᠣᠨ᠎ᠤ ᠳᠣᠲᠣᠷ᠎ᠠ᠂ ᠨᠢᠭᠡᠳᠦᠭᠡᠷ ᠳᠡᠰ᠎ᠤᠨ ᠡᠷᠲᠡᠨ᠎ᠦ ᠮᠣᠳᠣ᠌ 125 ᠰᠠᠭᠤᠷᠢ᠂ ᠬᠣᠶᠠᠳᠤᠭᠠᠷ ᠳᠡᠰ᠎ᠤᠨ ᠡᠷᠲᠡᠨ᠎ᠦ ᠮᠣᠳᠣ᠌ 527 ᠰᠠᠭᠤᠷᠢ᠂ ᠭᠤᠷᠪᠠᠳᠤᠭᠠᠷ ᠳᠡᠰ᠎ᠤᠨ ᠡᠷᠲᠡᠨ᠎ᠦ ᠮᠣᠳᠣ᠌ 3815 ᠰᠠᠭᠤᠷᠢ᠂ ᠡᠷᠲᠡᠨ᠎ᠦ ᠮᠣᠳᠣ᠌ ᠦᠨᠡᠳᠤ ᠮᠣᠳᠣ᠌ 14 ᠰᠠᠭᠤᠷᠢ ᠪᠣᠶ᠃ ᠪᠥᠬᠥ ᠣᠷᠣᠨ᠎ᠤ ᠲᠠᠷᠠᠬᠠᠢ ᠪᠤᠲᠠᠷᠬᠠᠢ ᠤᠷᠭᠤᠭᠰᠠᠨ ᠡᠷᠲᠡᠨ᠎ᠦ ᠮᠣᠳᠣ᠌ ᠦᠨᠡᠳᠤ ᠮᠣᠳᠣ᠌᠎ᠶᠢᠨ ᠫᠠᠢᠰᠠ ᠡᠯᠭᠦᠭᠰᠡᠨ ᠨᠣᠷᠮ᠎ᠠ 97.59%᠎ᠳᠤ ᠬᠦᠷᠴᠦ᠂ ᠨᠢᠭᠡᠳᠦᠭᠡᠷ ᠳᠡᠰ᠎ᠤᠨ ᠡᠷᠲᠡᠨ᠎ᠦ ᠮᠣᠳᠣ᠌ ᠦᠨᠡᠳᠤ ᠮᠣᠳᠦ᠎ᠳᠦ 100%᠎ᠪᠠᠷ ᠫᠠᠢᠰᠠ ᠡᠯᠭᠦᠪᠡ᠃ ᠤᠯᠠᠭᠠᠨᠴᠠᠪ ᠬᠣᠲᠠ᠂ ᠰᠢᠯᠢ᠎ᠶᠢᠨ ᠭᠣᠣᠯ ᠠᠢᠮᠠᠭ᠂ ᠡᠷᠢᠶᠡᠨ ᠬᠣᠲᠠ᠂ ᠤᠯᠠᠭᠠᠨᠬᠠᠳᠠ ᠬᠣᠲᠠ ᠵᠡᠷᠭᠡ 4 ᠠᠢᠮᠠᠭ ᠬᠣᠲᠠ᠎ᠳᠤ 《ᠲᠠᠩ ᠰᠠᠭᠤᠷᠢ + ᠡᠷᠲᠡᠨ᠎ᠦ ᠮᠣᠳᠣᠨ᠎ᠤ ᠰᠦᠷᠦᠭᠵᠢᠯ》᠎ᠤᠨ ᠫᠠᠢᠰᠠ ᠡᠯᠭᠦᠭᠰᠡᠨ ᠨᠣᠷᠮ᠎ᠠ᠎ᠶᠢ ᠬᠣᠣᠰ 100%᠎ᠪᠠᠷ ᠪᠡᠶᠡᠯᠡᠭᠦᠯᠪᠡ ᠃

ᠲᠤᠰ ᠤᠳᠠᠭᠠᠨ᠎ᠤ ᠡᠷᠲᠡᠨ᠎ᠦ ᠮᠣᠳᠣ᠌ ᠦᠨᠡᠳᠤ ᠮᠣᠳᠣᠨ᠎ᠤ ᠡᠬᠢ ᠪᠠᠶᠠᠯᠢᠭ᠋᠎ᠤᠨ ᠨᠡᠢᠳᠡᠮ ᠪᠠᠢᠴᠠᠭᠠᠯᠲᠠ᠎ᠶᠢ ᠬᠣᠶᠠᠳᠤᠭᠠᠷ ᠤᠳᠠᠭᠠᠨ᠎ᠤ ᠡᠬᠢ ᠪᠠᠶᠠᠯᠢᠭ᠋᠎ᠤᠨ ᠨᠡᠢᠳᠡᠮ ᠪᠠᠢᠴᠠᠭᠠᠯᠲᠠ᠎ᠶᠢᠨ ᠠᠵᠢᠯ᠎ᠤᠨ ᠰᠠᠭᠤᠷᠢᠨ ᠳᠡᠭᠡᠷ᠎ᠡ᠂ 《ᠡᠷᠲᠡᠨ᠎ᠦ ᠮᠣᠳᠣ᠌ ᠦᠨᠡᠳᠤ ᠮᠣᠳᠣ᠌᠎ᠶᠢ ᠬᠠᠮᠠᠭᠠᠯᠠᠬᠤ ᠳᠦᠷᠢᠮ》᠎ᠢ ᠴᠢᠩᠭ᠎ᠠ ᠨᠠᠢᠳᠠᠪᠤᠷᠢᠵᠢᠭᠤᠯᠵᠤ᠂ ᠡᠬᠢ ᠪᠠᠶᠠᠯᠢᠭ᠋᠎ᠤᠨ ᠲᠠᠷᠬᠠᠯᠲᠠ᠂ ᠥᠰᠦᠯᠲᠡ᠎ᠶᠢᠨ ᠪᠠᠢᠳᠠᠯ᠂ ᠬᠠᠮᠠᠭᠠᠯᠠᠯᠲᠠ ᠬᠠᠮᠢᠶᠠᠷᠤᠯᠲᠠ ᠪᠠ ᠲᠡᠦᠬᠡ ᠰᠣᠶᠣᠯ ᠢᠷᠭᠡᠨᠰᠢᠯ ᠵᠡᠷᠭᠡ ᠪᠠᠢᠳᠠᠯ᠎ᠢ ᠤᠯᠠᠮ ᠨᠢᠭᠡ ᠠᠯᠬᠤᠮ ᠲᠣᠳᠣᠷᠬᠠᠢ ᠣᠢᠯᠠᠭᠠᠵᠤ᠂ ᠡᠷᠲᠡᠨ᠎ᠦ ᠮᠣᠳᠣ᠌ ᠦᠨᠡᠳᠤ ᠮᠣᠳᠣ᠌᠎ᠶᠢᠨ ᠡᠬᠢ ᠪᠠᠶᠠᠯᠢᠭ᠋᠎ᠤᠨ ᠬᠠᠮᠢᠶᠠᠷᠤᠯᠲᠠ᠎ᠶᠢᠨ ᠪᠥᠬᠥ ᠲᠠᠯ᠎ᠠ᠎ᠶᠢᠨ᠂ ᠣᠨᠣᠪᠴᠢᠲᠠᠶ ᠲᠣᠭ᠎ᠠ ᠪᠠᠷᠢᠮᠲᠠ᠎ᠶᠢᠨ ᠬᠥᠮᠥᠷᠭᠡ᠎ᠶᠢ ᠪᠣᠶ ᠪᠣᠯᠭᠠᠬᠤ᠎ᠶᠢᠨ ᠬᠠᠮᠲᠤ 《ᠨᠢᠭᠡ ᠮᠣᠳᠣ᠌᠎ᠳᠦ ᠨᠢᠭᠡ ᠪᠣᠳᠣᠯᠭ᠎ᠠ》᠂ 《ᠨᠢᠭᠡ ᠰᠦᠷᠦᠭᠵᠢᠯ᠎ᠳᠦ ᠨᠢᠭᠡ ᠪᠣᠳᠣᠯᠭ᠎ᠠ》 ᠵᠢᠨ ᠵᠠᠷᠴᠢᠮ ᠶᠣᠰᠣᠭᠠᠷ ᠰᠢᠨᠵᠢᠯᠡᠬᠦ ᠤᠬᠠᠭᠠᠨᠴᠢ ᠬᠠᠮᠠᠭᠠᠯᠠᠯᠲᠠ ᠬᠠᠮᠢᠶᠠᠷᠤᠯᠲᠠ᠎ᠶᠢ ᠦᠷᠭᠦᠯᠵᠢᠯᠡᠨ ᠠᠬᠢᠭᠤᠯᠵᠤ᠂ ᠡᠷᠲᠡᠨ᠎ᠦ ᠮᠣᠳᠣ᠌ ᠦᠨᠡᠳᠤ ᠮᠣᠳᠣ᠌᠎ᠶᠢ ᠥᠨᠳᠥᠷ ᠬᠢᠷᠢ ᠲᠦᠪᠰᠢᠨ᠎ᠢᠶᠡᠷ ᠬᠠᠮᠠᠭᠠᠯᠠᠬᠤ ᠪᠠ ᠴᠢᠨᠠᠷ ᠰᠠᠢᠲᠠᠢ ᠬᠥᠭᠵᠢᠭᠦᠯᠬᠦ᠎ᠶᠢ ᠠᠬᠢᠭᠤᠯᠬᠤ ᠪᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号