《ᠨᠠᠷᠠᠲᠤ ᠣᠨᠴᠠ ᠰᠢᠯᠢᠳᠡᠭ ᠰᠢᠨ᠎ᠡ》 ᠨᠡᠷᠡᠰ᠎ᠦᠨ ᠵᠢᠭ᠍ᠰᠠᠭᠠᠯᠲᠠ᠎ᠶᠢ ᠨᠡᠢᠲᠡᠯᠡᠪᠡ
2026-04-22 10:20:47
ᠵᠣᠬᠢᠶᠠᠭ᠍ᠴᠢ᠄
ᠯᠢ ᠭᠦᠸᠧ ᠫᠢᠩ
ᠣᠩᠱᠢᠭ᠍ᠰᠠᠨ ᠣᠳᠠᠭ᠎ᠠ᠄
★★★☆☆

ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶᠢᠨ ᠲᠣᠪᠴᠢᠶ᠎ᠠ᠎ᠠᠴᠠ ᠣᠢᠯᠠᠭᠠᠭᠰᠠᠨ ᠵᠢᠡᠷ᠂ ᠥᠪᠥᠷ ᠮᠣᠩᠭᠣᠯ 2025 ᠣᠨ᠎ᠤ 《ᠨᠠᠷᠠᠲᠤ ᠣᠨᠴᠠ ᠰᠢᠯᠢᠳᠡᠭ ᠰᠢᠨ᠎ᠡ》 ᠬᠤᠪᠢ᠎ᠶᠢᠨ ᠦᠢᠯᠡᠳᠪᠦᠷᠢ ᠬᠤᠳᠠᠯᠳᠤᠭᠠᠨ᠎ᠤ ᠡᠷᠦᠬᠡ᠎ᠶᠢᠨ ᠨᠡᠷᠡᠰ᠎ᠢ ᠨᠡᠢᠲᠡᠯᠡᠵᠦ᠂ 968 ᠡᠷᠦᠬᠡ ᠰᠣᠩᠭᠣᠭᠳᠠᠨ ᠣᠷᠤᠪᠡ᠂ ᠡᠳᠡᠭᠡᠷ ᠬᠤᠪᠢ᠎ᠶᠢᠨ ᠦᠢᠯᠡᠳᠪᠦᠷᠢ ᠬᠤᠳᠠᠯᠳᠤᠭᠠᠨ᠎ᠤ ᠡᠷᠦᠬᠡ ᠣᠷᠣᠨ ᠨᠤᠲᠤᠭ᠎ᠤᠨ ᠣᠨᠴᠠᠯᠢᠭ᠍ᠲᠤ ᠠᠵᠤ ᠦᠢᠯᠡᠰ ᠪᠠ ᠠᠷᠠᠳ᠎ᠤᠨ ᠵᠠᠩ ᠦᠶ᠋ᠯᠡ᠎ᠶᠢᠨ ᠰᠣᠶᠣᠯ᠎ᠤᠨ ᠠᠭᠤᠯᠬᠤᠨ᠎ᠢ ᠠᠴᠢᠶᠠᠯᠠᠵᠤ ᠪᠠᠢᠬᠤ ᠪᠡᠷ ᠪᠠᠷᠠᠬᠤ ᠦᠭᠡᠢ ᠪᠠᠰᠠ ᠬᠤᠪᠢ᠎ᠶᠢᠨ ᠠᠵᠤ ᠠᠬᠤᠢ᠎ᠶᠢᠨ ᠰᠢᠨ᠎ᠡ᠎ᠶᠢ ᠡᠭᠦᠳᠦᠨ ᠬᠥᠭᠵᠢᠬᠦ ᠠᠮᠢᠵᠢᠷᠠᠯ᠎ᠤᠨ ᠬᠦᠴᠦᠨ᠎ᠢ ᠢᠯᠡᠷᠡᠭᠦᠯᠪᠡ᠃

《ᠨᠠᠷᠠᠲᠤ ᠣᠨᠴᠠ ᠰᠢᠯᠢᠳᠡᠭ ᠰᠢᠨ᠎ᠡ》ᠬᠤᠪᠢ᠎ᠶᠢᠨ ᠦᠢᠯᠡᠳᠪᠦᠷᠢ ᠬᠤᠳᠠᠯᠳᠤᠭᠠᠨ᠎ᠤ ᠡᠷᠦᠬᠡ ᠪᠣᠯ ᠤᠯᠤᠰ᠎ᠤᠨ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶᠢᠨ ᠶᠡᠷᠦᠩᠬᠡᠢ ᠲᠣᠪᠴᠢᠶ᠎ᠠ᠎ᠶᠢᠨ ᠡᠭᠦᠳᠤᠨ ᠪᠠᠢᠭᠤᠯᠤᠭᠰᠠᠨ ᠡᠵᠡᠩᠨᠡᠯᠲᠡ᠎ᠶᠢᠨ ᠭᠣᠣᠯ ᠴᠣᠭᠴᠠ᠎ᠶᠢᠨ ᠲᠦᠷᠦᠯ ᠲᠡᠮᠳᠡᠭ ᠪᠤᠯᠤᠨ᠎ᠠ᠂ ᠦᠢᠯᠡᠳᠬᠦᠨ᠎ᠦᠢᠯᠡᠴᠢᠯᠡᠭᠡ ᠨᠢ ᠴᠢᠨᠠᠷ ᠰᠠᠢᠲᠠᠢ᠂ ᠣᠷᠣᠨ ᠨᠤᠲᠤᠭ᠎ᠤᠨ ᠣᠨᠴᠠᠯᠢᠭ᠋᠎ᠢᠶᠠᠷ ᠢᠯᠡ ᠲᠣᠳᠣ᠌᠂ ᠤᠯᠠᠮᠵᠢᠯᠠᠯᠲᠤ ᠤᠷ᠎ᠠ ᠮᠡᠷᠭᠡᠵᠢᠯ᠎ᠢ ᠤᠯᠠᠮᠵᠢᠯᠠᠨ ᠵᠠᠯᠭᠠᠮᠵᠢᠯᠠᠭᠰᠠᠨ᠂ ᠰᠢᠨ᠎ᠡ᠎ᠪᠡᠷ ᠬᠥᠭᠵᠢᠭᠰᠡᠨ ᠡᠵᠡᠩᠨᠡᠯᠲᠡ᠎ᠶᠢᠨ ᠬᠡᠯᠪᠡᠷᠢ ᠪᠠᠢᠳᠠᠯ᠎ᠢ ᠬᠥᠭᠵᠢᠭᠦᠯᠦᠭᠰᠡᠨ ᠬᠤᠪᠢ ᠎ᠶᠢᠨ ᠡᠵᠡᠩᠨᠡᠭᠴᠢ ᠎ᠶᠢ ᠭᠣᠣᠯᠳᠠᠯᠭ᠎ᠠ᠎ᠲᠠᠢ ᠪᠣᠢᠵᠢᠭᠤᠯᠤᠨ᠎ᠠ᠃

ᠰᠣᠩᠭᠣᠭᠳᠠᠭᠰᠠᠨ ᠬᠤᠪᠢ ᠶ᠋ᠢᠨ ᠦᠢᠯᠡᠳᠪᠦᠷᠢ ᠬᠤᠳᠠᠯᠳᠤᠭᠠᠨ᠎ᠤ ᠡᠷᠦᠬᠡ ᠨᠢ ᠠᠷᠠᠳ᠎ᠤᠨ ᠠᠮᠢᠳᠤᠷᠠᠯ᠎ᠤᠨ ᠤᠳᠤᠷᠢᠳᠤᠮᠵᠢ ᠨᠡᠩ ᠲᠣᠪᠣᠢᠮ᠎ᠠ᠂ ᠣᠨᠴᠠᠯᠢᠭ᠋ ᠰᠢᠨᠵᠢ ᠨᠡᠩ ᠢᠯᠡ ᠲᠣᠳᠣ᠌᠂ ᠡᠵᠡᠩᠨᠡᠯᠲᠡ ᠨᠢ ᠨᠠᠩ ᠵᠢᠷᠤᠮᠵᠢᠭᠤᠨ᠂ ᠢᠲᠡᠭᠡᠮᠵᠢ᠎ᠶᠢᠨ ᠪᠠᠢᠳᠠᠯ᠎ᠢᠶᠠᠷ ᠰᠠᠢᠨ ᠵᠡᠷᠭᠡ ᠤᠨᠴᠠᠯᠢᠭ ᠎ᠢ ᠢᠯᠡᠷᠡᠬᠦᠯᠵᠤ᠂ ᠶᠠᠰᠤ ᠴᠢᠨᠠᠷ᠎ᠤᠨ ᠠᠮᠤᠷ ᠲᠦᠪᠰᠢᠨ᠂ ᠦᠢᠯᠡᠴᠢᠯᠡᠭᠡᠨ᠎ᠦ ᠪᠠᠷᠢᠮᠵᠢᠶ᠎ᠠ᠎ᠶᠢᠨ ᠲᠠᠯ᠎ᠠ᠎ᠪᠠᠷ ᠵᠢᠱ᠌ᠢᠶ᠎ᠡ ᠦᠵᠡᠭᠦᠯᠬᠦ ᠦᠢᠯᠡᠳᠦᠯ᠎ᠢᠶᠡᠨ ᠪᠠᠳᠠᠷᠠᠭᠤᠯᠪᠠ᠃

ᠭᠠᠵᠠᠷ ᠣᠷᠣᠨ᠎ᠤ ᠲᠠᠷᠬᠠᠯᠲᠠ ᠠ᠋ᠴᠠ ᠦᠵᠡᠪᠡᠯ᠂ ᠡᠯ᠎ᠡ ᠠᠢᠮᠠᠭ ᠬᠣᠲᠠ ᠡᠴᠡ ᠴᠥᠮ ᠰᠣᠩᠭᠣᠭᠳᠠᠬᠰᠠᠨ ᠪᠠᠢᠨ᠎ᠠ᠂ ᠡᠭᠦᠨ᠎ᠳᠦ᠂ ᠤᠯᠠᠭᠠᠨᠬᠠᠳᠠ ᠬᠣᠲᠠ᠎ᠶᠢᠨ 116 ᠡᠷᠦᠬᠡ᠂ ᠠᠯᠠᠱᠠ ᠠᠢᠮᠠᠭ᠎ᠤᠨ 115 ᠡᠷᠦᠬᠡ ᠪᠠᠢᠵᠤ᠂ ᠰᠣᠩᠭᠣᠭᠳᠠᠭᠰᠠᠨ ᠲᠣᠭ᠎ᠠ ᠨᠢ ᠡᠮᠦᠨ᠎ᠡ ᠡᠨᠭᠨᠡᠭᠡ᠎ᠳᠦ ᠣᠷᠣᠪᠠ; ᠬᠥᠯᠥᠨ ᠪᠣᠶ᠋ᠢᠷ ᠬᠣᠲᠠ᠎ᠶᠢᠨ 113 ᠡᠷᠦᠬᠡ᠂ ᠲᠦᠩᠯᠢᠶᠣᠣ ᠬᠣᠲᠠ᠎ᠶᠢᠨ 92 ᠡᠷᠦᠬᠡ᠂ ᠬᠢᠩᠭᠠᠨ ᠠᠢᠮᠠᠭ᠎ᠤᠨ 92 ᠡᠷᠦᠬᠡ ᠰᠤᠨᠭᠭᠤᠭᠳᠠᠵᠤ᠂ ᠢᠳᠡᠭᠡᠨ ᠤᠮᠳᠠᠭᠠᠨ᠎ᠤ ᠦᠢᠯᠡᠴᠢᠯᠡᠭᠡ᠂ ᠣᠨᠴᠠᠯᠢᠭ᠍ᠲᠤ ᠡᠳ᠋ᠰᠢᠭᠦᠯᠭᠡ ᠵᠡᠷᠭᠡ ᠬᠦᠷᠢᠶᠡᠨ᠎ᠳᠦ ᠬᠢᠯᠠᠰ ᠴᠡᠭ᠎ᠲᠤᠪᠤᠢᠮ᠎ᠠ ᠪᠤᠢ᠃

ᠬᠤᠪᠢ᠎ᠶᠢᠨ ᠦᠢᠯᠡᠳᠪᠦᠷᠢ ᠬᠤᠳᠠᠯᠳᠤᠭᠠᠨ᠎ᠤ ᠡᠷᠦᠬᠡ ᠪᠣᠯ ᠠᠵᠤ ᠠᠬᠤᠢ᠎ᠶᠢᠨ ᠬᠥᠭᠵᠢᠯᠲᠡ᠎ᠶᠢᠨ ᠰᠢᠨ᠎ᠡ ᠬᠦᠴᠦᠨ ᠮᠥᠨ᠂ ᠠᠵᠢᠯ ᠣᠯᠭᠣᠯᠲᠠ᠎ᠶᠢ ᠲᠣᠭᠲᠠᠪᠤᠷᠢᠵᠢᠭᠤᠯᠬᠤ᠂ ᠰᠢᠨ᠎ᠡ᠎ᠶᠢ ᠡᠭᠦᠳᠬᠦ᠎ᠶᠢ ᠠᠬᠢᠭᠤᠯᠬᠤ᠂ ᠠᠷᠠᠳ᠎ᠲᠤ ᠲᠤᠰᠠᠯᠠᠬᠤ ᠵᠡᠷᠭᠡ ᠲᠠᠯ᠎ᠠ᠎ᠪᠠᠷ ᠴᠢᠬᠤᠯᠠ ᠦᠢᠯᠡᠳᠦᠯ᠎ᠲᠠᠢ ᠶᠤᠮ᠃ ᠥᠪᠥᠷ ᠮᠣᠩᠭᠣᠯ 《ᠨᠠᠷᠠᠲᠤ ᠣᠨᠴᠠ ᠰᠢᠯᠢᠳᠡᠭ ᠰᠢᠨ᠎ᠡ》᠎ᠶᠢ ᠮᠠᠭᠠᠳᠯᠠᠨ ᠲᠣᠭᠲᠠᠭᠠᠬᠤ ᠪᠠ ᠲᠠᠪᠴᠠᠩ ᠵᠢᠡᠷ ᠬᠤᠪᠢ᠎ᠶᠢᠨ ᠠᠵᠤ ᠠᠬᠤᠢ᠎ᠶᠢᠨ ᠬᠥᠭᠵᠢᠯᠲᠡ ᠳ᠋ᠤ ᠬᠦᠴᠦᠨ ᠤᠯᠭᠤᠬᠤ ᠵᠢ ᠤᠶᠠᠯᠳᠤᠭᠤᠯᠵᠤ᠂ ᠥᠪᠥᠷ ᠮᠣᠩᠭᠣᠯ᠎ᠤᠨ ᠠᠷᠠᠳ᠎ᠤᠨ ᠡᠵᠡᠩᠨᠡᠯᠲᠡ᠎ᠶᠢᠨ ᠠᠵᠤ ᠠᠬᠤᠢ᠎ᠶᠢᠨ ᠴᠢᠨᠠᠷ ᠰᠠᠢᠲᠠᠢ ᠬᠥᠭᠵᠢᠯᠲᠡ᠎ᠳᠦ ᠨᠠᠩ ᠴᠢᠩᠭ᠎ᠠ ᠬᠥᠳᠡᠯᠭᠡᠭᠴᠢ ᠡᠨᠧᠷᠭᠢ ᠨᠡᠮᠡᠷᠢᠯᠡᠬᠦ ᠪᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号