ᠶᠡᠬᠡ ᠳᠡᠭᠡᠳᠦ ᠰᠤᠷᠭᠠᠭᠤᠯᠢ᠎ᠳᠤ ᠰᠣᠷᠣᠭ᠍ᠴᠢ ᠡᠯᠰᠡᠬᠦ ᠰᠢᠯᠭᠠᠯᠲᠠ᠎ᠶᠢᠨ ᠰᠡᠳᠦᠪ ᠰᠢᠯᠭᠠᠯᠲᠠ᠎ᠶᠢᠨ ᠬᠠᠭᠤᠳᠠᠰᠤ᠎ᠶᠢᠨ ᠪᠥᠬᠥ ᠶᠠᠪᠤᠴᠠ᠎ᠶᠢᠨ ᠬᠠᠮᠢᠶᠠᠷᠤᠯᠲᠠ᠎ᠶᠢ ᠴᠢᠩᠳᠠᠯᠠᠨ᠎ᠠ
2026-04-22 15:29:04
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠰᠤᠷᠭᠠᠨ ᠬᠥᠮᠦᠵᠢᠯ᠎ᠦᠨ ᠶᠠᠮᠤᠨ 21᠎ᠦ ᠡᠳᠦᠷ ᠤᠯᠤᠰ᠎ᠤᠨ ᠰᠤᠷᠭᠠᠨ ᠬᠥᠮᠦᠵᠢᠯ᠎ᠦᠨ ᠨᠢᠭᠡᠳᠦᠯᠲᠡᠢ ᠰᠢᠯᠭᠠᠯᠲᠠ᠎ᠶᠢᠨ ᠠᠵᠢᠯ᠎ᠤᠨ ᠶᠠᠮᠤᠨ᠎ᠤ ᠬᠣᠭᠣᠷᠣᠨᠳᠣᠬᠢ ᠬᠠᠮᠲᠤᠷᠠᠭᠰᠠᠨ ᠬᠤᠷᠠᠯ᠎ᠤᠨ ᠪᠦᠷᠢᠯᠳᠦᠭᠦᠨ ᠨᠢᠭᠡᠴᠢ᠎ᠲᠠᠢ ᠬᠠᠮᠲᠤᠷᠠᠨ᠂ 2026 ᠣᠨ᠎ᠤ ᠪᠥᠬᠥ ᠤᠯᠤᠰ᠎ᠤᠨ ᠡᠩ᠎ᠦᠨ ᠶᠡᠬᠡ ᠳᠡᠭᠡᠳᠦ ᠰᠤᠷᠭᠠᠭᠤᠯᠢ ᠳ᠋ᠤ ᠰᠣᠷᠣᠭ᠍ᠴᠢ ᠡᠯᠰᠡᠬᠦ ᠰᠢᠯᠭᠠᠯᠲᠠ᠎ᠶᠢᠨ ᠠᠮᠤᠷ ᠲᠦᠪᠰᠢᠨ᠎ᠦ ᠠᠵᠢᠯ᠎ᠤᠨ ᠸᠢᠳᠢᠤ᠋ ᠬᠤᠷᠠᠯ᠎ᠢ ᠬᠤᠷᠠᠯᠳᠤᠭᠤᠯᠵᠤ᠂ ᠰᠢᠯᠭᠠᠯᠲᠠ᠎ᠶᠢᠨ ᠰᠡᠳᠦᠪ ᠰᠢᠯᠭᠠᠯᠲᠠ᠎ᠶᠢᠨ ᠬᠠᠭᠤᠳᠠᠰᠤ᠎ᠶᠢᠨ ᠪᠥᠬᠥ ᠶᠠᠪᠤᠴᠠ᠎ᠶᠢᠨ ᠬᠠᠮᠢᠶᠠᠷᠤᠯᠲᠠ᠎ᠶᠢ ᠴᠢᠩᠳᠠᠯᠠᠨ᠂ ᠰᠣᠨᠣᠰᠬᠤ ᠴᠢᠳᠠᠪᠤᠷᠢ᠎ᠶᠢᠨ ᠰᠢᠯᠭᠠᠯᠲᠠ᠎ᠶᠢᠨ ᠠᠮᠤᠷ ᠲᠦᠪᠰᠢᠨ᠎ᠦ ᠪᠠᠲᠤᠯᠠᠭ᠎ᠠ᠎ᠶᠢ ᠴᠢᠩᠭᠠᠳᠬᠠᠵᠤ᠂ ᠳᠡᠭᠡᠳᠦ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠢ ᠠᠰᠢᠭᠯᠠᠨ ᠬᠡᠮ ᠬᠢᠬᠦ᠎ᠶᠢ ᠰᠡᠷᠭᠡᠢᠯᠡᠨ ᠴᠣᠬᠢᠯᠲᠠ ᠥᠭᠴᠦ᠂ ᠬᠣᠯᠪᠣᠭᠳᠠᠯ ᠪᠦᠬᠦᠢ ᠥᠭᠡᠷᠡᠴᠢᠯᠡᠯᠲᠡ᠎ᠶᠢ ᠨᠠᠢᠳᠠᠪᠤᠷᠢᠵᠢᠭᠤᠯᠬᠤ᠎ᠶᠢ ᠲᠣᠭᠲᠠᠭᠤᠨ ᠵᠢᠠᠷ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃

ᠬᠤᠷᠠᠯ᠎ᠠᠴᠠ᠂ ᠶᠡᠬᠡ ᠳᠡᠭᠡᠳᠦ ᠰᠤᠷᠭᠠᠭᠤᠯᠢ᠎ᠳᠤ ᠰᠣᠷᠣᠭ᠍ᠴᠢ ᠡᠯᠰᠡᠬᠦ ᠨᠢᠭᠡᠳᠦᠯᠲᠡᠢ ᠰᠢᠯᠭᠠᠯᠲᠠ᠎ᠶᠢᠨ ᠵᠥᠪ ᠤᠳᠤᠷᠢᠳᠤᠮᠵᠢ᠎ᠶᠢ ᠪᠠᠲᠤ ᠡᠵᠡᠮᠳᠡᠵᠦ᠂ ᠰᠡᠳᠦᠪ ᠭᠠᠷᠭᠠᠬᠤ ᠵᠠᠷᠴᠢᠮ᠂ ᠰᠢᠯᠭᠠᠨ ᠪᠠᠢᠴᠠᠭᠠᠬᠤ ᠠᠭᠤᠯᠭ᠎ᠠ ᠵᠡᠷᠭᠡ ᠲᠠᠯ᠎ᠠ᠎ᠪᠠᠷ ᠦᠵᠡᠯ ᠰᠠᠨᠠᠭᠠᠨ᠎ᠤ ᠬᠥᠮᠦᠵᠢᠯ ᠪᠠ ᠥᠷᠲᠡᠭ᠎ᠢᠶᠡᠷ ᠬᠥᠲᠥᠯᠥᠨ ᠳᠠᠭᠠᠭᠤᠯᠬᠤ᠎ᠶᠢ ᠤᠯᠠᠮ ᠨᠢᠭᠡ ᠠᠯᠬᠤᠮ ᠴᠢᠩᠭᠠᠳᠬᠠᠬᠤ ᠬᠡᠷᠡᠭᠲᠡᠢ︔ᠶᠡᠬᠡ ᠳᠡᠭᠡᠳᠦ ᠰᠤᠷᠭᠠᠭᠤᠯᠢ᠎ᠳᠤ ᠰᠣᠷᠣᠭ᠍ᠴᠢ ᠡᠯᠰᠡᠬᠦ ᠨᠢᠭᠡᠳᠦᠯᠲᠡᠢ ᠰᠢᠯᠭᠠᠯᠲᠠ᠎ᠶᠢᠨ ᠲᠥᠪ ᠭᠣᠥᠯᠴᠢ ᠪᠠᠢᠬᠤ ᠬᠣᠷᠢᠭ᠎ᠠ ᠱᠤᠭᠤᠮ᠎ᠢ ᠪᠠᠲᠤ ᠡᠵᠡᠮᠳᠡᠵᠦ᠂ ᠲᠥᠪ ᠭᠣᠥᠯᠴᠢ ᠪᠠᠢᠬᠤ᠎ᠶᠢ ᠶᠡᠬᠡ ᠳᠡᠭᠡᠳᠦ ᠰᠤᠷᠭᠠᠭᠤᠯᠢ᠎ᠳᠤ ᠰᠣᠷᠣᠭ᠍ᠴᠢ ᠡᠯᠰᠡᠬᠦ ᠨᠢᠭᠡᠳᠦᠯᠲᠡᠢ ᠰᠢᠯᠭᠠᠯᠲᠠ᠎ᠶᠢᠨ ᠪᠥᠬᠥ ᠶᠠᠪᠤᠴᠠ ᠡᠯ᠎ᠡ ᠲᠠᠯ᠎ᠠ᠎ᠳᠤ ᠠᠭᠤᠰᠬᠠᠨ ᠣᠷᠣᠭᠤᠯᠵᠤ᠂ ᠡᠬᠢ ᠪᠠᠶᠠᠯᠢᠭ᠋᠎ᠤᠨ ᠤᠷᠢᠳᠠᠴᠢ ᠲᠣᠬᠢᠷᠠᠭᠤᠯᠤᠯᠲᠠ᠎ᠶᠢ ᠴᠢᠩᠭᠠᠳᠬᠠᠨ᠂ ᠰᠤᠷᠭᠠᠨ ᠬᠥᠮᠦᠵᠢᠯ᠎ᠦᠨ ᠲᠥᠪ ᠭᠣᠥᠯᠴᠢ᠎ᠶᠢ ᠬᠣᠬᠢᠷᠠᠭᠤᠯᠬᠤ᠎ᠶᠢ ᠴᠢᠩᠭ᠎ᠠ ᠰᠡᠷᠭᠡᠢᠯᠡᠨ᠎ᠡ︔ᠶᠡᠬᠡ ᠳᠡᠭᠡᠳᠦ ᠰᠤᠷᠭᠠᠭᠤᠯᠢ᠎ᠳᠤ ᠰᠣᠷᠣᠭ᠍ᠴᠢ ᠡᠯᠰᠡᠬᠦ ᠨᠢᠭᠡᠳᠦᠯᠲᠡᠢ ᠰᠢᠯᠭᠠᠯᠲᠠ᠎ᠶᠢᠨ ᠰᠢᠯᠢᠨ ᠰᠣᠩᠭᠣᠬᠤ ᠪᠠᠷᠢᠮᠵᠢᠶ᠎ᠠ᠎ᠶᠢ ᠪᠠᠲᠤ ᠡᠵᠡᠮᠳᠡᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠬᠥᠭᠵᠢᠯᠲᠡ᠂ ᠤᠯᠤᠰ᠎ᠤᠨ ᠪᠠᠢᠯᠳᠤᠬᠤ ᠪᠣᠳᠣᠯᠭ᠎ᠠ᠎ᠶᠢᠨ ᠬᠡᠷᠡᠭᠴᠡᠭᠡ᠎ᠳᠦ ᠠᠩᠬᠠᠷᠤᠯ᠎ᠢᠶᠠᠨ ᠲᠥᠪᠯᠡᠷᠡᠭᠦᠯᠦᠨ ᠰᠢᠯᠢᠨ ᠰᠣᠩᠭᠣᠬᠤ ᠠᠷᠭ᠎ᠠ ᠮᠠᠶᠢᠭ᠋᠎ᠤᠨ ᠲᠠᠯ᠎ᠠ᠎ᠪᠠᠷ ᠰᠢᠨ᠎ᠡ᠎ᠶᠢ ᠡᠭᠦᠳᠴᠦ᠂ ᠶᠡᠬᠡ ᠳᠡᠭᠡᠳᠦ ᠰᠤᠷᠭᠠᠭᠤᠯᠢ᠎ᠶᠢ ᠪᠦᠲᠦᠮᠵᠢᠲᠡᠶ ᠬᠥᠲᠥᠯᠥᠨ ᠵᠢᠯᠤᠭᠣᠳᠴᠤ ᠪᠠᠢᠭᠠᠳ ᠬᠢᠴᠢᠶᠡᠯ ᠲᠥᠷᠥᠯ ᠲᠤᠰᠬᠠᠢ ᠮᠡᠷᠭᠡᠵᠢᠯ᠎ᠦᠨ ᠪᠠᠢᠷᠢᠯᠠᠭᠤᠯᠤᠯᠲᠠ᠎ᠳᠤ ᠲᠣᠬᠢᠷᠠᠭᠤᠯᠤᠯᠲᠠ ᠬᠢᠯᠭᠡᠵᠦ᠂ ᠬᠢᠴᠢᠶᠡᠯ ᠲᠥᠷᠥᠯ ᠲᠤᠰᠬᠠᠢ ᠮᠡᠷᠭᠡᠵᠢᠯ᠎ᠦᠨ ᠠᠭᠤᠯᠤᠭᠳᠠᠬᠤᠨ᠎ᠢ ᠪᠠᠶᠠᠯᠢᠭ᠍ᠵᠢᠭᠤᠯᠵᠤ᠂ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠴᠢᠳᠠᠪᠤᠷᠢᠲᠠᠨ᠎ᠢ ᠨᠢᠭᠡ ᠴᠣᠭᠴᠠᠵᠢᠭᠤᠯᠤᠨ ᠬᠥᠭᠵᠢᠭᠦᠯᠬᠦ᠎ᠶᠢ ᠬᠥᠲᠥᠯᠥᠨ ᠳᠠᠭᠠᠭᠤᠯᠤᠨ᠎ᠠ ᠭᠡᠵᠦ ᠳᠤᠷᠠᠳᠴᠠᠢ᠃

ᠬᠤᠷᠠᠯ᠎ᠠᠴᠠ᠂ ᠰᠣᠷᠣᠭ᠍ᠴᠢ ᠡᠯᠰᠡᠬᠦ ᠠᠵᠢᠯ᠎ᠤᠨ ᠲᠦᠭᠰᠢᠭᠦᠷᠢᠲᠦ ᠴᠡᠭ᠂ ᠪᠠᠭᠤᠷᠠᠢ ᠭᠣᠭᠴᠣᠭ᠎ᠠ᠎ᠶᠢ ᠪᠥᠬᠥ ᠲᠠᠯ᠎ᠠ᠎ᠪᠠᠷ ᠵᠢᠭ᠍ᠰᠠᠭᠠᠨ ᠪᠠᠢᠴᠠᠭᠠᠵᠤ᠂ ᠴᠡᠭᠴᠡᠯᠡᠨ ᠰᠠᠢᠵᠢᠷᠠᠭᠤᠯᠵᠤ᠂ ᠤᠴᠢᠷ ᠶᠠᠪᠤᠳᠠᠯ᠎ᠤᠨ ᠡᠮᠦᠨᠡᠬᠢ ᠪᠠ ᠤᠴᠢᠷ ᠶᠠᠪᠤᠳᠠᠯ᠎ᠤᠨ ᠳᠠᠷᠠᠭᠠᠬᠢ ᠬᠢᠨᠠᠯᠲᠠ ᠬᠠᠮᠢᠶᠠᠷᠤᠯᠲᠠ᠎ᠶᠢ ᠴᠢᠩᠭᠠᠳᠬᠠᠨ᠂ ᠰᠣᠷᠣᠭ᠍ᠴᠢ ᠡᠯᠰᠡᠬᠦ ᠤᠬᠠᠭᠤᠯᠭ᠎ᠠ᠎ᠶᠢᠨ ᠠᠵᠢᠯ᠎ᠢ ᠦᠷᠭᠦᠯᠵᠢᠯᠡᠨ ᠴᠡᠭᠴᠡᠯᠡᠵᠦ᠂ ᠠᠰᠢᠭ᠋ ᠬᠠᠷᠠᠬᠤ᠂ ᠨᠢᠳᠤᠨ ᠡᠮᠦᠨᠡᠬᠢ ᠪᠠᠨ ᠬᠠᠷᠠᠬᠤ ᠬᠠᠨᠳᠤᠰᠢ᠎ᠶᠢ ᠦᠨᠡᠨ ᠬᠦ᠌ ᠬᠤᠪᠢᠷᠠᠭᠤᠯᠬᠤ ᠬᠡᠷᠡᠭᠲᠡᠢ︔ᠠᠮᠤᠷ ᠲᠦᠪᠰᠢᠨ᠂ ᠶᠠᠪᠤᠵᠤ ᠰᠠᠭᠤᠬᠤ᠂ ᠬᠣᠭᠣᠯᠠ ᠬᠣᠨᠣᠭ᠂ ᠡᠷᠡᠭᠦᠯ ᠬᠠᠮᠠᠭᠠᠯᠠᠯ ᠬᠢᠵᠢᠭ᠎ᠢ ᠰᠡᠷᠭᠡᠢᠯᠡᠬᠦ ᠵᠡᠷᠭᠡ ᠲᠠᠯ᠎ᠠ᠎ᠶᠢᠨ ᠶᠡᠷᠦᠩᠬᠡᠢᠯᠡᠭᠰᠡᠨ ᠦᠢᠯᠡᠴᠢᠯᠡᠭᠡᠨ᠎ᠦ ᠪᠠᠲᠤᠯᠠᠭ᠎ᠠ᠎ᠶᠢ ᠴᠢᠩᠭᠠᠳᠬᠠᠵᠤ᠂ ᠡᠷᠡᠮᠡᠯᠵᠡᠯ ᠲᠠᠭᠯᠠᠬᠤ ᠵᠢᠯᠣᠭᠣᠳᠤᠯᠭ᠎ᠠ᠎ᠶᠢᠨ ᠣᠯᠠᠨ ᠨᠡᠶ᠋ᠢᠲᠡ᠎ᠶᠢᠨ ᠦᠢᠯᠡᠴᠢᠯᠡᠭᠡ᠎ᠶᠢ ᠴᠢᠩᠭᠠᠳᠬᠠᠵᠤ᠂ 《ᠶᠡᠬᠡ ᠳᠡᠭᠡᠳᠦ ᠰᠤᠷᠭᠠᠭᠤᠯᠢ᠎ᠶᠢᠨ ᠰᠢᠯᠭᠠᠯᠲᠠ᠎ᠶᠢᠨ ᠤᠯᠠᠷᠢᠯ》᠎ᠤᠨ ᠰᠠᠢᠨ ᠰᠠᠢᠬᠠᠨ ᠶᠠᠷᠢᠶ᠎ᠠ ᠬᠡᠯᠡᠯᠴᠡᠭᠡᠨ᠎ᠦ ᠣᠷᠴᠢᠨ ᠨᠥᠬᠥᠴᠡᠯ᠎ᠢ ᠪᠣᠶ ᠪᠣᠯᠭᠠᠬᠤ ᠬᠡᠷᠡᠭᠲᠡᠢ ᠭᠡᠵᠦ ᠱᠠᠭᠠᠷᠳᠠᠵᠠᠢ᠃

ᠢᠷᠡᠯᠲᠡ᠄ ᠰᠢᠨᠬᠤᠸᠠ ᠬᠣᠷᠢᠶ᠎ᠠ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号