ᠠᠮᠤᠷ ᠲᠦᠪᠱᠢᠨ᠎ᠦ ᠲᠤᠰᠭᠠᠶ ᠰᠡᠳᠦᠪᠲᠦ ᠤᠬᠠᠭᠤᠯᠤᠨ ᠲᠠᠢᠯᠪᠤᠷᠢᠯᠠᠬᠤ ᠠᠵᠢᠯᠯᠠᠭ᠎ᠠ ᠥᠪᠥᠷ ᠮᠣᠩᠭᠣᠯ᠎ᠤᠨ ᠶᠡᠬᠡ ᠰᠤᠷᠭᠠᠭᠤᠯᠢ ᠳ᠋ᠸ᠋ ᠶᠠᠪᠤᠬᠳᠠᠯ᠎ᠠ
2026-04-23 10:40:10
ᠵᠣᠬᠢᠶᠠᠭ᠍ᠴᠢ᠄
ᠰᠢᠨᠡᠪᠢᠯᠢᠭ
ᠣᠩᠱᠢᠭ᠍ᠰᠠᠨ ᠣᠳᠠᠭ᠎ᠠ᠄
★★★☆☆

ᠣᠢᠷ᠎ᠠ᠎ᠳᠤ᠂ ᠠᠮᠤᠷ ᠲᠦᠪᠱᠢᠨ᠎ᠦ ᠲᠤᠰᠭᠠᠶ ᠰᠡᠳᠦᠪᠲᠦ ᠤᠬᠠᠭᠤᠯᠤᠨ ᠲᠠᠢᠯᠪᠤᠷᠢᠯᠠᠬᠤ ᠠᠵᠢᠯᠯᠠᠭ᠎ᠠ ᠥᠪᠥᠷ ᠮᠣᠩᠭᠣᠯ᠎ᠤᠨ ᠶᠡᠬᠡ ᠰᠤᠷᠭᠠᠭᠤᠯᠢ᠎ᠶ᠋ᠢᠨ ᠡᠮᠦᠨ᠎ᠡ ᠰᠤᠷᠭᠠᠭᠤᠯᠢ᠎ᠶ᠋ᠢᠨ ᠲᠣᠭᠣᠷᠢᠭ᠎ᠲᠤ ᠶᠠᠪᠤᠭ᠍ᠳᠠᠪᠠ᠃ 

ᠪᠥᠬᠥ᠌ ᠠᠷᠠᠳ᠎ᠤᠨ ᠤᠯᠤᠰ᠎ᠤᠨ ᠠᠮᠤᠷ ᠲᠦᠪᠱᠢᠨ᠎ᠦ ᠬᠥᠮᠦᠵᠢᠯ᠎ᠦᠨ ᠡᠳᠦᠷ᠎ᠢ ᠤᠭ᠍ᠲᠤᠵᠤ᠂ ᠰᠤᠷᠭᠠᠭᠤᠯᠢ᠎ᠶ᠋ᠢᠨ ᠬᠦᠷᠢᠶᠡᠨ᠎ᠦ ᠠᠮᠤᠷ ᠲᠦᠪᠱᠢᠨ᠎ᠦ ᠰᠡᠷᠭᠡᠢᠯᠡᠯᠲᠡ᠎ᠶ᠋ᠢᠨ ᠱᠤᠭᠤᠮ᠎ᠢ ᠪᠠᠲᠤ ᠴᠣᠭ᠍ᠴᠠᠯᠠᠬᠤ ᠵᠢᠨ ᠲᠤᠯᠠᠳᠠ᠂ ᠬᠦᠬᠡᠬᠤᠳᠠ ᠵᠢᠨ ᠢᠦᠢᠴᠢᠤᠸᠠᠨ ᠲᠣᠭᠣᠷᠢᠭ᠎ᠤᠨ ᠳᠣᠲᠣᠭᠠᠳᠤ᠎ᠶ᠋ᠢ ᠬᠠᠮᠠᠭᠠᠯᠠᠬᠤ ᠬᠤᠪᠢᠶᠠᠷᠢ ᠲᠣᠪᠴᠢᠶ᠎ᠠ ᠡᠴᠨ ᠨᠠᠷᠢᠨ ᠨᠢᠮᠪᠠᠶ ᠨᠢᠭᠡᠳᠦᠯᠲᠡᠶ ᠲᠥᠯᠥᠪᠵᠢᠭᠦᠯᠵᠦ᠍᠂ ᠨᠠᠷᠢᠯᠢᠬ ᠰᠠᠢᠬᠠᠨ ᠵᠣᠬᠢᠶᠠᠨ ᠪᠠᠢᠭᠤᠯᠵᠤ᠂ ᠥᠪᠥᠷ ᠮᠣᠩᠭᠣᠯ᠎ᠤᠨ ᠶᠡᠬᠡ ᠰᠤᠷᠭᠠᠭᠤᠯᠢ᠎ᠶ᠋ᠢᠨ ᠡᠮᠦᠨ᠎ᠡ ᠰᠤᠷᠭᠠᠭᠤᠯᠢ᠎ᠶ᠋ᠢᠨ ᠲᠣᠭᠣᠷᠢᠭ᠎ᠲᠤ ᠬᠦᠷᠴᠦ᠍ ᠲᠤᠰᠭᠠᠶ ᠰᠡᠳᠦᠪᠲᠦ ᠤᠬᠠᠭᠤᠯᠤᠨ ᠲᠠᠢᠯᠪᠤᠷᠢᠯᠠᠬᠤ ᠠᠵᠢᠯᠯᠠᠭ᠎ᠠ ᠦᠷᠨᠢᠬᠦᠯᠪᠡ᠃ 

ᠠᠵᠢᠯᠯᠠᠭ᠎ᠠ᠎ᠶ᠋ᠢᠨ ᠡᠬᠢᠨ᠎ᠦ ᠬᠤᠭᠤᠴᠠᠭᠠᠨ᠎ᠳᠤ᠂ ᠦᠪᠦᠷ ᠮᠤᠩᠭᠤᠯ ᠤ᠋ᠨ ᠶᠡᠬᠡ ᠰᠤᠷᠭᠠᠭᠤᠯᠢ ᠵᠢᠨ ᠴᠠᠬᠳᠠᠭᠠᠨ ᠤ᠋ ᠶᠠᠪᠤᠳᠠᠯ ᠤ᠋ᠨ ᠲᠠᠰᠤᠬ ᠡᠴᠨ ᠰᠠᠨᠠᠭᠠᠴᠢᠯᠠᠭ᠎ᠠ ᠡᠴᠨ᠎ᠪᠠᠨ ᠰᠤᠷᠭᠠᠭᠤᠯᠢ᠎ᠶ᠋ᠢᠨ ᠲᠠᠯ᠎ᠠ᠎ᠲᠠᠶ ᠵᠤᠯᠭᠠᠭᠤᠯᠤᠨ᠂ ᠤᠶᠤᠲᠠᠳ᠎ᠤᠨ ᠠᠮᠢᠳᠤᠷᠠᠯ ᠰᠤᠷᠤᠯᠴᠠᠯᠭ᠎ᠠ᠎ᠶ᠋ᠢᠨ ᠣᠨᠴᠠᠯᠢᠭ᠎ᠲᠠᠶ ᠤᠶᠠᠯᠳᠤᠭᠤᠯᠤᠨ᠂ ᠣᠳᠣᠬᠠᠨ᠎ᠤ ᠠᠶᠤᠯ ᠲᠦᠭ᠌ᠰᠢᠭᠦᠷᠢ᠎ᠶ᠋ᠢᠨ ᠪᠠᠢᠳᠠᠯ ᠪᠠ ᠰᠤᠷᠤᠭ᠍ᠴᠢᠳ᠎ᠤᠨ ᠠᠮᠠᠷᠬᠠᠨ ᠮᠡᠬᠡᠯᠡᠭ᠌ᠳᠡᠬᠦ᠌᠂ ᠠᠮᠠᠷᠬᠠᠨ ᠬᠠᠯᠳᠠᠯᠭ᠎ᠠ᠎ᠳᠤ ᠤᠴᠠᠷᠠᠬᠤ ᠪᠠᠭᠤᠷᠠᠶ ᠭᠣᠭ᠍ᠴᠣᠭ᠎ᠠ᠎ᠳᠤ ᠴᠢᠭ᠌ᠯᠡᠭᠦᠯᠦᠨ᠂ ᠤᠬᠠᠭᠤᠯᠤᠨ ᠲᠠᠢᠯᠪᠤᠷᠢᠯᠠᠬᠤ ᠲᠥᠰᠦᠯ᠎ᠢ ᠣᠨᠣᠪᠴᠢᠲᠠᠶ ᠲᠣᠭ᠍ᠲᠠᠭᠠᠵᠤ᠂ ᠮᠡᠬᠡᠯᠡᠯ᠎ᠢ ᠡᠰᠡᠷᠭᠦᠴᠡᠬᠦ᠌᠂ ᠬᠤᠤᠷᠲᠤ ᠡᠳ᠋᠎ᠢ ᠴᠠᠭᠠᠵᠠᠯᠠᠬᠤ᠂ ᠭᠠᠵᠢᠭᠤ ᠨᠣᠮᠯᠠᠯ᠎ᠢ ᠡᠰᠡᠷᠭᠦᠴᠡᠬᠦ᠌᠂ ᠰᠦᠯᠵᠢᠶᠡᠨ᠎ᠦ ᠠᠮᠤᠷ ᠲᠦᠪᠱᠢᠨ ᠵᠡᠷᠭᠡ ᠳᠥᠷᠪᠡᠨ ᠶᠡᠬᠡ ᠭᠤᠤᠯ ᠠᠭᠤᠯᠭ᠎ᠠ᠎ᠶ᠋ᠢᠨ ᠲᠣᠭᠣᠷᠢᠨ᠎ᠳᠤ᠂ ᠬᠢᠯᠪᠠᠷ ᠤᠢᠯᠠᠭᠠᠮᠵᠢᠳᠠᠢ ᠬᠡᠯᠡ ᠬᠡᠯᠡᠯᠬᠡ ᠪᠡᠷ ᠤᠬᠠᠭᠤᠯᠤᠨ ᠲᠠᠢᠯᠪᠤᠷᠢᠯᠠᠪᠠ᠃ 

ᠤᠬᠠᠭᠤᠯᠤᠨ ᠲᠠᠢᠯᠪᠤᠷᠢᠯᠠᠬᠤ ᠲᠤᠬᠠᠢ᠎ᠶ᠋ᠢᠨ ᠲᠠᠯᠠᠪᠠᠢ᠎ᠳᠤ᠂ ᠴᠠᠭ᠍ᠳᠠᠭ᠎ᠠ ᠨᠠᠷ ᠬᠢᠯᠪᠠᠷ ᠣᠢᠯᠠᠭᠠᠮᠵᠢᠲᠠᠢ ᠦᠭᠡ ᠬᠡᠯᠡ᠂ ᠦᠨᠡᠨ ᠪᠣᠳᠠᠲᠠᠢ ᠨᠡᠢᠲᠡᠯᠢᠭ ᠵᠢᠱ᠌ᠢᠢ᠎ᠡ᠎ᠪᠡᠷ ᠰᠤᠷᠤᠭ᠍ᠴᠢᠳ᠎ᠲᠤ ᠴᠠᠬᠢᠯᠭᠠᠨ ᠬᠣᠯᠪᠣᠭ᠎ᠠ ᠰᠦᠯᠵᠢᠶᠡᠨ᠎ᠦ ᠮᠡᠬᠡᠯᠡᠯ᠎ᠢ ᠰᠡᠷᠭᠡᠢᠯᠡᠬᠦ᠌᠂ ᠬᠣᠣᠷᠲᠤ ᠡᠳ᠋᠎ᠦᠨ ᠬᠣᠣᠷ ᠬᠥᠨᠥᠭᠡᠯ᠎ᠡᠴᠡ ᠵᠠᠢᠯᠠᠰᠭᠢᠬᠦ᠌᠂ ᠭᠠᠵᠢᠭᠤ ᠨᠣᠮᠯᠠᠯ᠎ᠢ ᠢᠯᠭᠠᠨ ᠲᠠᠨᠢᠬᠤ᠂ ᠰᠦᠯᠵᠢᠶᠡᠨ᠎ᠦ ᠠᠵᠢᠯᠯᠠᠭ᠎ᠠ᠎ᠶ᠋ᠢ ᠵᠢᠷᠤᠮᠵᠢᠭᠤᠯᠬᠤ ᠵᠡᠷᠭᠡ ᠮᠡᠳᠡᠯᠭᠡ᠎ᠶ᠋ᠢ ᠨᠠᠷᠢᠯᠢᠭ ᠲᠠᠢᠯᠪᠤᠷᠢᠯᠠᠵᠠᠢ᠃ 

ᠠᠮᠤᠷ ᠲᠦᠪᠱᠢᠨ᠎ᠦ ᠮᠡᠳᠡᠯᠭᠡ᠎ᠶ᠋ᠢᠨ ᠠᠰᠠᠭᠤᠯᠲᠠ ᠬᠠᠷᠢᠭᠤᠯᠲᠠ᠎ᠶ᠋ᠢᠨ ᠭᠣᠭ᠍ᠴᠣᠭ᠎ᠠ ᠨᠢ ᠪᠦᠬᠦ᠌ ᠶᠠᠪᠤᠴᠠ᠎ᠳᠤ ᠲᠤᠭᠤᠱᠢᠯᠠᠭ᠍ᠳᠠᠵᠤ᠂ ᠴᠠᠭ᠍ᠳᠠᠭ᠎ᠠ᠎ᠶ᠋ᠢᠨ ᠲᠤᠷᠠᠳᠤᠬᠰᠠᠨ ᠠᠰᠠᠭᠤᠳᠠᠯ ᠨᠢᠭᠡᠪᠦᠷᠢ ᠵᠢ ᠰᠤᠷᠤᠬᠴᠢᠳ ᠢᠳᠡᠪᠬᠢᠳᠡᠢ ᠶᠠᠷᠢᠯᠴᠠᠨ ᠭᠠᠷ ᠡᠷᠬᠦᠨ ᠠᠰᠠᠭᠤᠯᠳᠠ ᠵᠢ ᠬᠠᠷᠢᠭᠤᠯᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号