ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ᠌ ᠴᠣᠭᠴᠠᠯᠠᠬᠤ ᠤᠨᠤᠯ᠎ᠤᠨ ᠰᠤᠳᠤᠯᠭᠠᠨ᠎ᠤ ᠦᠷ᠎ᠡ ᠪᠦᠲᠦᠭᠡᠯ᠎ᠢ ᠳᠡᠯᠭᠡᠨ ᠦᠵᠡᠭᠦᠯᠵᠦ᠍ ᠰᠣᠯᠢᠯᠴᠠᠬᠤ ᠠᠵᠢᠯᠯᠠᠭ᠎ᠠ ᠶᠠᠪᠤᠬᠳᠠᠪᠠ
2026-04-23 16:32:23
ᠵᠣᠬᠢᠶᠠᠭ᠍ᠴᠢ᠄
ᠪᠤᠤ ᠢᠤᠢ ᠶᠢᠡᠭ
ᠣᠩᠱᠢᠭ᠍ᠰᠠᠨ ᠣᠳᠠᠭ᠎ᠠ᠄
★★★☆☆

4 ᠰᠠᠷ᠎ᠠ᠎ᠶᠢᠨ 15 ᠤ᠋ ᠡᠳᠦᠷ᠂ ᠬᠢᠩᠭᠠᠨ ᠠᠶ᠋ᠢᠮᠠᠭ᠎ᠤᠨ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ᠌ ᠴᠣᠭᠴᠠᠯᠠᠬᠤ ᠣᠨᠣᠯ᠎ᠤᠨ ᠰᠤᠳᠤᠯᠭᠠᠨ᠎ᠤ ᠦᠷ᠎ᠡ ᠪᠦᠲᠦᠭᠡᠯ᠎ᠢ ᠳᠡᠯᠭᠡᠨ ᠦᠵᠡᠭᠦᠯᠵᠦ᠍ ᠰᠣᠯᠢᠯᠴᠠᠬᠤ ᠠᠵᠢᠯᠯᠠᠭ᠎ᠠ ᠬᠢᠩᠭᠠᠨ ᠠᠶ᠋ᠢᠮᠠᠭ᠎ᠤᠨ ᠠᠵᠢᠯ ᠮᠡᠷᠭᠡᠵᠢᠯ᠎ᠦᠨ ᠶᠡᠬᠡ ᠰᠤᠷᠭᠠᠭᠤᠯᠢ᠎ᠳᠤ ᠶᠠᠪᠤᠭᠳᠠᠵᠠᠢ᠃ 

ᠠᠵᠢᠯᠯᠠᠭ᠎ᠠ᠎ᠨᠢ 《ᠣᠨᠣᠯ᠎ᠤᠨ ᠰᠢᠮᠡᠯᠢᠭ ᠬᠥᠷᠥᠰᠥ᠎ᠶᠢ ᠭᠦᠨ ᠬᠠᠭᠠᠯᠪᠤᠷᠢᠯᠠᠵᠤ᠂ ᠵᠢᠱ᠌ᠢᠶ᠎ᠡ ᠦᠵᠡᠭᠦᠯᠤᠨ ᠡᠭᠦᠳᠦᠨ ᠪᠠᠶ᠋ᠢᠭᠤᠯᠬᠤ ᠳ᠋ᠤ ᠬᠦᠴᠤᠨ ᠨᠡᠮᠡᠷᠢᠯᠡᠬᠦ》 ᠪᠠᠷ ᠭᠤᠤᠯ ᠰᠡᠳᠦᠪ ᠪᠣᠯᠭᠠᠵᠤ᠂ ᠣᠨᠣᠯ᠎ᠤᠨ ᠰᠤᠳᠤᠯᠭᠠᠨ᠎ᠤ ᠦᠷ᠎ᠡ ᠪᠦᠲᠦᠭᠡᠯ᠎ᠦᠨ ᠦᠵᠡᠭᠦᠯᠭᠡ᠂ ᠶᠠᠬᠡ ᠳᠤᠮᠳᠠᠳᠤ ᠪᠠᠭ᠎ᠠ ᠰᠤᠷᠭᠠᠭᠤᠯᠢ᠎ᠶᠢᠨ ᠦᠵᠡᠯ ᠰᠠᠨᠠᠭ᠎ᠠ ᠤᠯᠤᠰ ᠲᠥᠷᠥ᠎ᠶᠢᠨ ᠬᠢᠴᠢᠶᠡᠯ᠎ᠦᠨ ᠦᠵᠡᠭᠦᠯᠭᠡ᠂ ᠰᠢᠨ᠎ᠡ ᠨᠣᠮ᠎ᠢ ᠲᠠᠨᠢᠯᠴᠠᠭᠤᠯᠤᠨ ᠬᠠᠨᠳᠢᠪᠯᠠᠬᠤ᠂ ᠦᠷ᠎ᠡ ᠪᠦᠲᠦᠭᠡᠯ᠎ᠢ ᠰᠣᠯᠢᠯᠴᠠᠬᠤ ᠵᠡᠷᠭᠡ ᠭᠣᠭᠴᠣᠭ᠎ᠠ᠎ᠶᠢ ᠨᠠᠷᠢᠨ ᠨᠢᠮᠪᠠᠶ ᠲᠣᠬᠢᠷᠠᠭᠤᠯᠵᠤ᠂ ᠬᠢᠩᠭᠠᠨ ᠠᠶ᠋ᠢᠮᠠᠭ᠎ᠤᠨ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ᠌ ᠴᠣᠭᠴᠠᠯᠠᠬᠤ ᠣᠨᠣᠯ᠎ᠤᠨ ᠰᠤᠳᠤᠯᠭᠠᠨ ᠪᠣᠯᠤᠨ ᠦᠢᠯᠡᠲᠤᠯᠬᠡ᠎ᠶᠢᠨ ᠰᠢᠨ᠎ᠡ᠎ᠶᠢ ᠡᠭᠦᠳᠬᠦ᠌ ᠲᠠᠯ᠎ᠠ᠎ᠪᠠᠷ᠎ᠬᠢ ᠡᠯᠪᠡᠭ ᠦᠷ᠎ᠡ ᠪᠦᠲᠦᠭᠡᠯ᠎ᠢ ᠪᠥᠬᠥ᠌ ᠲᠠᠯ᠎ᠠ᠎ᠪᠠᠷ ᠢᠯᠡᠷᠡᠭᠦᠯᠪᠡ᠃

ᠠᠵᠢᠯᠯᠠᠭ᠎ᠠ᠎ᠶᠢᠨ ᠲᠤᠬᠠᠶ᠎ᠶᠢᠨ ᠲᠠᠯᠠᠪᠠᠶ᠎ᠳᠤ᠂ ᠶᠡᠬᠡ ᠳᠤᠮᠳᠠᠳᠤ ᠪᠠᠭ᠎ᠠ ᠰᠤᠷᠭᠠᠭᠤᠯᠢ᠎ᠶᠢᠨ ᠦᠵᠡᠯ ᠰᠠᠨᠠᠭ᠎ᠠ ᠤᠯᠤᠰ ᠲᠥᠷᠥ᠎ᠶᠢᠨ ᠬᠢᠴᠢᠶᠡᠯ᠎ᠢ ᠨᠢᠭᠡ ᠴᠣᠭᠴᠠᠵᠢᠭᠤᠯᠤᠭᠰᠠᠨ ᠵᠢᠭᠠᠨ ᠰᠤᠷᠭᠠᠯᠲᠠ᠎ᠶᠢ ᠠᠮᠢᠳᠤᠯᠢᠭ᠎ᠢᠶᠠᠷ ᠥᠷᠨᠢᠭᠦᠯᠵᠦ᠍᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠣᠶ᠋ᠢᠯᠠᠭᠠᠭᠳᠠᠬᠤᠨ ᠵᠢᠡᠷ ᠬᠥᠮᠦᠨ ᠢ᠋ ᠬᠥᠮᠦᠵᠢᠭᠦᠯᠬᠦ᠌ ᠪᠥᠬᠥ᠌ ᠶᠠᠪᠤᠴᠠ᠎ᠳᠤ ᠠᠭᠤᠰᠤᠯᠴᠠᠭᠤᠯᠬᠤ᠎ᠶᠢ ᠪᠦᠲᠦᠮᠵᠢᠲᠡᠶ ᠠᠬᠢᠭᠤᠯᠪᠠ᠃ ᠦᠷ᠎ᠡ ᠪᠦᠲᠦᠭᠡᠯ᠎ᠢ ᠰᠣᠯᠢᠯᠴᠠᠬᠤ ᠭᠣᠭᠴᠣᠭ᠎ᠠ᠎ᠳᠤ᠂ ᠡᠯ᠎ᠡ ᠭᠠᠵᠠᠷ ᠡᠯ᠎ᠡ ᠨᠢᠭᠡᠴᠢ᠎ᠶᠢᠨ ᠲᠥᠯᠥᠭᠡᠯᠡᠭᠴᠢᠳ ᠦᠢᠯᠡᠳᠦᠯᠭᠡ᠎ᠶᠢᠨ ᠲᠤᠷᠰᠢᠯᠭ᠎ᠠ᠎ᠪᠠᠨ ᠬᠤᠪᠢᠶᠠᠯᠴᠠᠵᠤ᠂ ᠤᠨᠤᠯ᠎ᠤᠨ ᠦᠷ᠎ᠡ ᠪᠦᠲᠦᠭᠡᠯ᠎ᠢ ᠪᠣᠳᠠᠲᠠᠢ᠎ᠳᠤ ᠨᠠᠶ᠋ᠢᠳᠠᠪᠤᠷᠢᠵᠢᠭᠤᠯᠬᠤ᠎ᠶᠢ ᠬᠠᠮᠲᠤ᠎ᠪᠠᠷ ᠠᠬᠢᠭᠤᠯᠤᠨ᠂ ᠬᠦᠴᠦᠷᠬᠡᠭ ᠶᠡᠬᠡ ᠤᠶᠤᠨ ᠰᠠᠨᠠᠭᠠᠨ᠎ᠤ ᠬᠥᠳᠡᠯᠭᠡᠬᠦ᠌ ᠬᠦᠴᠦᠨ ᠨᠡᠮᠡᠷᠢᠯᠡᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号