ᠤᠯᠠᠭᠠᠨᠴᠠᠪ ᠬᠤᠳᠠ ᠬᠥᠳᠡᠭᠡ ᠲᠣᠰᠭᠣᠨ ᠢ᠋ ᠬᠥᠭ᠌ᠵᠢᠭᠦᠯᠦᠨ ᠮᠠᠨᠳᠤᠭᠤᠯᠬᠤ ᠳ᠋ᠤ ᠴᠢᠳᠠᠪᠤᠷᠢᠲᠠᠨ ᠤ᠋ ᠲᠤᠯᠭᠠᠭᠤᠷᠢᠯᠠᠯ ᠬᠠᠩᠭᠠᠵᠦ ᠪᠤᠢ
2026-04-23 08:57:26
ᠵᠣᠬᠢᠶᠠᠭ᠍ᠴᠢ᠄
ᠵᠠᠩ ᠺᠦᠶ
ᠣᠩᠱᠢᠭ᠍ᠰᠠᠨ ᠣᠳᠠᠭ᠎ᠠ᠄
★★★☆☆

4 ᠰᠠᠷ᠎ᠠ ᠵᠢᠨ ᠡᠬᠢᠨ ᠤ᠋ ᠤᠯᠠᠭᠠᠨᠴᠠᠪ ᠤ᠋ᠨ ᠡᠬᠡ ᠭᠠᠵᠠᠷ ᠲᠤ᠌ ᠨᠢᠯᠬ᠎ᠠ ᠡᠪᠡᠰᠦ ᠰᠣᠶᠣᠭᠠᠯᠠᠨ᠎ᠠ᠃ ᠴᠠᠬᠠᠷ ᠪᠠᠷᠠᠭᠤᠨ ᠭᠠᠷᠤᠨ ᠡᠮᠦᠨᠡᠲᠦ ᠬᠣᠱᠢᠭᠤᠨ ᠤ᠋ ᠠᠨ ᠪᠦᠦ ᠵᠢᠶ ᠲᠠᠷᠢᠮᠠᠯ ᠤ᠋ᠨ ᠲᠤᠰᠭᠠᠶ ᠬᠣᠷᠱᠢᠶ᠎ᠠ ᠵᠢᠨ ᠴᠠᠷᠭᠠᠰᠤ ᠳᠠᠷᠢᠬᠤ ᠰᠠᠭᠤᠷᠢᠨ ᠳ᠋ᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ ᠣᠨᠴᠠ ᠲᠣᠮᠢᠯᠠᠭ᠍ᠴᠢ ᠫᠠᠨ ᠳ᠋ᠦᠩ ᠲᠠᠷᠢᠶᠠᠨ ᠳᠠᠯᠠᠩ ᠤ᠋ᠨ ᠬᠠᠵᠠᠭᠤ ᠳ᠋ᠤ᠂ ᠬᠥᠷᠥᠰᠥᠨ ᠤ᠋ ᠴᠢᠭᠢᠭ ᠤ᠋ᠨ ᠪᠠᠢᠳᠠᠯ ᠪᠠ ᠭᠠᠵᠠᠷ ᠤ᠋ᠨ ᠳᠤᠯᠠᠭᠠᠨ ᠢ᠋ ᠨᠠᠷᠢᠨ ᠪᠠᠢᠴᠠᠭᠠᠨ ᠦᠵᠡᠵᠦ᠂ ᠲᠠᠷᠢᠮᠠᠯ ᠤ᠋ᠨ ᠡᠷᠦᠬᠡ ᠨᠤᠭᠦᠳ ᠬᠠᠵᠠᠭᠤ ᠳ᠋ᠤ ᠨᠢ ᠬᠦᠷᠢᠶᠡᠯᠡᠵᠦ᠍᠂ ᠲᠡᠭᠦᠨ ᠤ᠋ ᠡᠨᠡ ᠵᠢᠯ ᠤ᠋ᠨ ᠲᠠᠷᠢᠬᠤ ᠲᠥᠯᠥᠪᠯᠡᠭᠡ ᠶ᠋ᠢ ᠴᠢᠬᠢ ᠲᠠᠯᠪᠢᠨ ᠰᠤᠨᠤᠰᠤᠨ᠎ᠠ᠃ 《ᠡᠨᠡ ᠬᠡᠰᠡᠭ ᠭᠠᠵᠠᠷ ᠬᠤᠵᠢᠷ ᠶᠡᠬᠡᠲᠡᠢ ᠪᠤᠯᠬᠤᠷ ᠬᠠᠪᠤᠷ ᠤ᠋ᠨ ᠡᠬᠢᠨ ᠵᠢᠡᠷ ᠪᠣᠷᠲᠣᠭᠣᠷ ᠣᠷᠣᠭᠤᠯᠬᠤ ᠳ᠋ᠤ ᠠᠮᠢᠳᠤ ᠪᠣᠳᠠᠰ ᠤ᠋ᠨ ᠪᠠᠺᠲ᠋ᠧᠷᠢ ᠵᠢᠨ ᠡᠮ ᠨᠡᠮᠡᠬᠦ ᠬᠡᠷᠡᠭᠲᠡᠢ᠂ ᠮᠠᠰᠢᠨ ᠵᠢᠡᠷ ᠬᠦᠷᠦᠰᠦ ᠶ᠋ᠢ ᠵᠦᠭᠡᠯᠡᠷᠡᠬᠦᠯᠬᠦ᠎ᠶᠠᠪᠤᠴᠠ ᠶ᠋ᠢ ᠴᠤ᠌ ᠤᠮᠳᠤᠭᠠᠢᠯᠠᠵᠤ ᠪᠣᠯᠬᠤ ᠥᠬᠡᠶ》 ᠭᠡᠵᠤ ᠫᠠᠨ ᠳ᠋ᠦᠩ ᠪᠡᠶ᠎ᠡ᠎ᠳᠡᠭᠡᠨ ᠠᠪᠴᠤ᠌ ᠶᠠᠪᠤᠭ᠎ᠠ ᠳᠡᠪᠲᠡᠷ ᠵᠢᠡᠨ ᠤᠷᠪᠠᠭᠤᠯᠵᠤ᠂ ᠨᠢᠳᠤᠨᠤᠨ ᠤ᠋ ᠱᠢᠷᠣᠶ ᠬᠡᠮᠵᠢᠭ᠌ᠰᠡᠨ ᠲᠣᠭ᠎ᠠ ᠪᠠᠷᠢᠮᠲᠠ᠎ᠲᠠᠶ ᠬᠠᠷᠢᠴᠠᠭᠤᠯᠵᠤ ᠪᠠᠢᠭᠠᠳ ᠨᠢᠭᠡ ᠨᠢᠭᠡ ᠪᠡᠷ ᠵᠠᠬᠢᠵᠤ ᠪᠠᠢᠯ᠎ᠠ᠃

ᠡᠨᠡ ᠪᠣᠯ ᠤᠯᠠᠭᠠᠨᠴᠠᠪ ᠬᠣᠲᠠ ᠵᠢᠨ ᠬᠥᠳᠡᠭᠡ ᠲᠣᠰᠭᠣᠨ ᠳ᠋ᠡᠬᠢ ᠡᠩ ᠤ᠋ᠨ ᠦᠵᠡᠭ᠌ᠳᠡᠯ ᠪᠣᠯᠬᠤ ᠪᠥᠭᠡᠳ ᠲᠤᠬᠠᠶ ᠵᠢᠨ ᠭᠠᠵᠠᠷ ᠤ᠋ᠨ ᠠᠵᠤ ᠦᠶ᠋ᠯᠡᠰ ᠢ᠋ ᠬᠥᠭ᠌ᠵᠢᠭᠦᠯᠵᠦ᠍᠂ ᠴᠢᠳᠠᠪᠤᠷᠢᠲᠠᠨ ᠵᠢᠡᠷ ᠬᠥᠳᠡᠭᠡ ᠲᠣᠰᠭᠣᠨ ᠢ᠋ ᠬᠥᠭ᠌ᠵᠢᠭᠦᠯᠦᠨ ᠮᠠᠨᠳᠤᠭᠤᠯᠬᠤ ᠳ᠋ᠤ ᠬᠦᠴᠦᠨ ᠨᠡᠮᠡᠷᠢᠯᠡᠭᠰᠡᠨ ᠠᠮᠢᠳᠤᠯᠢᠭ ᠬᠤᠷᠢᠶᠠᠩᠭᠤᠶ ᠳᠦᠷᠰᠦ ᠪᠣᠯᠤᠨ᠎ᠠ᠃ ᠤᠯᠠᠭᠠᠨᠴᠠᠪ ᠬᠣᠲᠠ 《ᠲᠦᠷᠦᠭᠦᠴᠢ ᠭᠠᠯᠠᠭᠤ ᠵᠢᠨ ᠢᠨᠵᠧᠨᠧᠷᠢᠩ》᠂ 《ᠪᠤᠴᠠᠬᠤ ᠭᠠᠯᠠᠭᠤ ᠵᠢᠨ ᠢᠨᠵᠧᠨᠧᠷᠢᠩ》 ᠢ᠋ ᠭᠦᠨᠵᠡᠭᠡᠶ ᠬᠡᠷᠡᠭ᠌ᠵᠢᠭᠦᠯᠵᠦ᠍᠂ ᠱᠢᠯᠢᠳᠡᠭ ᠢ᠋᠎ᠨᠢ ᠰᠣᠩᠭᠣᠨ ᠬᠦᠴᠦᠷᠬᠡᠭ ᠢ᠋᠎ᠨᠢ ᠲᠤᠬᠢᠷᠠᠭᠤᠯᠵᠤ ᠴᠢᠳᠠᠪᠤᠷᠢᠲᠠᠨ ᠢ᠋ ᠬᠦᠲᠦᠯᠦᠨ ᠳᠠᠭᠠᠭᠤᠯᠵᠤ᠂ ᠲᠤᠰᠭᠠᠶ ᠮᠡᠷᠭᠡᠵᠢᠯᠲᠡᠨ ᠴᠢᠳᠠᠪᠤᠷᠢᠲᠠᠨ ᠢ᠋ ᠰᠠᠢᠲᠤᠷ ᠬᠡᠷᠡᠭ᠌ᠯᠡᠬᠦ᠌ ᠪᠠ ᠠᠮᠢᠳᠤᠯᠢᠭ ᠬᠡᠷᠡᠭ᠌ᠯᠡᠬᠦ ᠳ᠋ᠤ ᠠᠩᠬᠠᠷᠤᠯ ᠵᠢᠡᠨ ᠲᠥᠪᠯᠡᠷᠡᠭᠦᠯᠤᠨ᠂ ᠲᠣᠰ ᠭᠠᠵᠠᠷ ᠣᠷᠣᠨ ᠤ᠋ ᠴᠢᠳᠠᠪᠤᠷᠢᠲᠠᠨ ᠢ᠋ ᠬᠥᠮᠦᠵᠢᠭᠦᠯᠬᠦ᠌ ᠭᠤᠷᠪᠠᠨ ᠶᠡᠬᠡ ᠴᠢᠭ᠌ᠯᠡᠯ ᠢ᠋ ᠠᠭᠤᠳᠠᠯᠤᠨ᠂ ᠡᠯ᠎ᠡ ᠲᠥᠷᠥᠯ ᠤ᠋ᠨ ᠴᠢᠳᠠᠪᠤᠷᠢᠲᠠᠨ ᠤ᠋ ᠦᠨᠳᠦᠰᠦᠨ ᠱᠠᠲᠤᠨ ᠳ᠋ᠤ ᠦᠨᠳᠦᠰᠦᠯᠡᠵᠦ᠍᠂ ᠬᠥᠳᠡᠭᠡ ᠲᠣᠰᠭᠣᠨ ᠳ᠋ᠤ ᠦᠶ᠋ᠯᠡᠴᠢᠯᠡᠬᠦ᠌ ᠶ᠋ᠢ ᠬᠥᠲᠥᠯᠥᠨ ᠵᠢᠯᠣᠭᠣᠳᠴᠤ᠌᠂ ᠬᠥᠳᠡᠭᠡ ᠲᠣᠰᠭᠣᠨ ᠢ᠋ ᠪᠥᠬᠥ᠌ ᠲᠠᠯ᠎ᠠ ᠪᠡᠷ ᠬᠥᠭ᠌ᠵᠢᠭᠦᠯᠦᠨ ᠮᠠᠨᠳᠤᠭᠤᠯᠬᠤ ᠳ᠋ᠤ ᠴᠢᠳᠠᠪᠤᠷᠢᠲᠠᠨ ᠤ᠋ ᠲᠤᠯᠭᠠᠭᠤᠷᠢᠯᠠᠯ ᠬᠠᠩᠭᠠᠪᠠ᠃

《ᠥᠪᠡᠷ ᠤ᠋ᠨ ᠰᠤᠷᠤᠭ᠍ᠰᠠᠨ ᠮᠡᠷᠭᠡᠵᠢᠯ ᠳᠠᠪᠠᠭᠤᠯᠢᠭ ᠲᠠᠯ᠎ᠠ ᠪᠡᠷ ᠵᠢᠡᠨ ᠲᠣᠰᠭᠣᠨ ᠤ᠋ ᠠᠷᠠᠳ ᠲᠤ᠌ ᠪᠣᠳᠠᠲᠤ ᠶᠠᠪᠤᠳᠠᠯ ᠬᠢᠵᠦ᠍᠂ ᠡᠨᠡ ᠬᠡᠰᠡᠭ ᠭᠠᠵᠠᠷ ᠱᠢᠷᠣᠢ ᠳ᠋ᠤ ᠬᠤᠪᠢ ᠨᠡᠮᠡᠷᠢ ᠦᠵᠡᠭᠦᠯᠬᠦ ᠪᠣᠯ ᠮᠢᠨᠦ᠍ ᠬᠠᠮᠤᠭ ᠤ᠋ᠨ ᠬᠢᠬᠦ᠌ ᠳᠤᠷᠠᠲᠠᠢ ᠶᠠᠪᠤᠳᠠᠯ ᠪᠣᠯᠤᠨ᠎ᠠ》 ᠭᠡᠵᠤ ᠶᠠᠷᠢᠬᠤ ᠵᠠᠩ ᠴᠢᠶᠠᠨ ᠤ᠋ ᠦᠭᠡ ᠶᠠᠷᠢᠶ᠎ᠠ ᠪᠣᠷᠣᠭ᠍ᠵᠢᠭᠤᠨ ᠪᠣᠯᠪᠠᠴᠤ᠌ ᠢᠲᠡᠭᠡᠯ ᠵᠤᠷᠢᠭ ᠵᠢᠡᠷ ᠳᠦᠭᠦᠷᠡᠩ ᠪᠠᠢᠯ᠎ᠠ᠃ 2023 ᠣᠨ ᠳ᠋ᠤ ᠤᠯᠠᠭᠠᠨᠴᠠᠪ ᠬᠤᠳᠠ ᠵᠢᠨ ᠮᠠᠯᠵᠢᠬᠤ ᠲᠠᠷᠢᠶᠠᠯᠠᠬᠤ ᠣᠷᠣᠨ ᠤ᠋ ᠦᠨᠳᠦᠰᠦᠨ ᠱᠠᠲᠤᠨ ᠤ᠋ ᠨᠠᠮ ᠤ᠋ᠨ ᠵᠣᠬᠢᠶᠠᠨ ᠪᠠᠢᠭᠤᠯᠤᠯᠲᠠ ᠵᠢᠨ ᠱᠦᠵᠢ ᠵᠢᠨ 《ᠲᠦᠷᠦᠭᠦᠴᠢ ᠭᠠᠯᠠᠭᠤ ᠵᠢᠨ ᠢᠨᠵᠧᠨᠧᠷᠢᠩ》 ᠤ᠋ᠨ ᠪᠡᠯᠡᠳᠭᠡᠯ ᠬᠦᠴᠦᠨ ᠵᠢᠡᠷ ᠰᠣᠩᠭᠣᠭ᠍ᠳᠠᠭ᠍ᠰᠠᠨ ᠵᠠᠩ ᠴᠢᠶᠠᠨ᠂ ᠵᠦᠸᠧᠽᠢ ᠱᠢᠶᠠᠨ ᠤ᠋ ᠳ᠋ᠠ ᠢᠦᠢ ᠱᠤ᠌ ᠱᠢᠶᠠᠩ ᠤ᠋ᠨ ᠯᠦ᠍ ᠼᠤᠤ ᠭᠸᠤ ᠲᠣᠰᠭᠣᠨ ᠤ᠋ ᠨᠠᠮ ᠤ᠋ᠨ ᠡᠭᠦᠷ ᠤ᠋ᠨ ᠱᠦᠵᠢ ᠵᠢᠨ ᠲᠤᠰᠠᠯᠠᠭ᠍ᠴᠢ ᠪᠠᠢᠭ᠍ᠰᠠᠨ ᠡᠴᠡ᠎ᠪᠠᠨ ᠨᠢᠭᠡᠨᠲᠡ ᠨᠠᠮ ᠤ᠋ᠨ ᠡᠭᠦᠷ ᠤ᠋ᠨ ᠳᠡᠳ᠋ ᠱᠦᠵᠢ ᠪᠣᠯᠵᠠᠢ᠃ 《ᠬᠥᠳᠡᠭᠡ ᠠᠵᠤ ᠠᠬᠤᠢ ᠶ᠋ᠢ ᠣᠢᠯᠠᠭᠠᠬᠤ᠂ ᠬᠥᠳᠡᠭᠡ ᠲᠣᠰᠭᠣᠨ ᠢ᠋ ᠬᠠᠢᠷᠠᠯᠠᠬᠤ᠂ ᠲᠠᠷᠢᠶᠠᠴᠢᠨ ᠢ᠋ ᠬᠠᠢᠷᠠᠯᠠᠬᠤ》᠂《ᠱᠢᠨ᠎ᠡ ᠲᠠᠷᠢᠶᠠᠴᠢᠨ》 ᠪᠣᠯᠤᠭ᠍ᠰᠠᠨ ᠤ᠋ ᠬᠤᠪᠢ ᠳ᠋ᠤ᠂ ᠲᠡᠭᠦᠨ ᠤ᠋ ᠬᠦᠷᠴᠦ᠍ ᠢᠷᠡᠭ᠌ᠰᠡᠨ ᠨᠢ ᠲᠣᠰᠭᠣᠨ ᠳ᠋ᠤ ᠱᠢᠨ᠎ᠡ ᠠᠮᠢᠵᠢᠷᠠᠯ ᠤ᠋ᠨ ᠬᠦᠴᠦᠨ ᠨᠡᠮᠡᠷᠢᠯᠡᠪᠡ᠃ ᠣᠳᠣᠬᠠᠨ ᠳ᠋ᠤ᠂ ᠪᠦᠬᠦ᠌ ᠬᠤᠳᠠ ᠳ᠋ᠤ ᠵᠠᠩ ᠴᠢᠶᠠᠨ ᠰᠢᠬ 180 《ᠲᠦᠷᠦᠬᠦᠴᠢ ᠭᠠᠯᠠᠭᠤ》 ᠵᠢᠨ ᠪᠡᠯᠡᠳᠭᠡᠯ ᠬᠦᠴᠦᠨ ᠬᠥᠳᠡᠭᠡ ᠲᠣᠰᠭᠣᠨ ᠢ᠋ ᠬᠥᠭ᠌ᠵᠢᠭᠦᠯᠦᠨ ᠮᠠᠨᠳᠤᠭᠤᠯᠬᠤ ᠡᠮᠦᠨ᠎ᠡ ᠹᠷᠣᠨᠲ ᠲᠤ᠌ ᠠᠵᠢᠯᠯᠠᠵᠤ ᠪᠤᠢ᠃

《ᠲᠦᠷᠦᠭᠦᠴᠢ ᠭᠠᠯᠠᠭᠤ ᠵᠢᠨ ᠢᠨᠵᠧᠨᠧᠷᠢᠩ》 ᠢ᠋ ᠬᠡᠷᠡᠭ᠌ᠵᠢᠭᠦᠯᠬᠦ᠌ ᠪᠡᠷ ᠳᠠᠮᠵᠢᠭᠤᠯᠤᠨ᠂ ᠶᠡᠷᠦᠩᠬᠡᠢᠯᠡᠭ᠌ᠰᠡᠨ ᠬᠡᠪ ᠴᠢᠨᠠᠷ ᠥᠨᠳᠥᠷ᠂ ᠬᠥᠭ᠌ᠵᠢᠯᠲᠡ ᠵᠢᠨ ᠳᠠᠯᠳᠠ ᠬᠦᠴᠦᠨ ᠶᠡᠬᠡ᠂ ᠠᠵᠢᠯ ᠤ᠋ᠨ ᠰᠡᠳᠭᠢᠴᠡ ᠲᠣᠳᠣᠷᠬᠠᠶ ᠭᠠᠴᠠᠭ᠎ᠠ ᠲᠣᠰᠭᠣᠨ ᠤ᠋ ᠨᠠᠮ ᠤ᠋ᠨ ᠵᠣᠬᠢᠶᠠᠨ ᠪᠠᠢᠭᠤᠯᠤᠯᠲᠠ ᠵᠢᠨ ᠱᠦᠵᠢ ᠵᠢᠨ ᠪᠡᠯᠡᠳᠭᠡᠯ ᠬᠦᠴᠦᠨ ᠢ᠋ ᠬᠥᠮᠦᠵᠢᠭᠦᠯᠦᠨ ᠱᠢᠯᠢᠨ ᠳᠡᠪᠱᠢᠭᠦᠯᠬᠦ᠌ ᠵᠢᠨ ᠬᠠᠮᠲᠤ᠂ ᠤᠯᠠᠭᠠᠨᠴᠠᠪ ᠬᠣᠲᠠ ᠪᠠᠰᠠ ᠡᠯ᠎ᠡ ᠬᠣᠱᠢᠭᠤ ᠱᠢᠶᠠᠨ ᠲᠣᠭᠣᠷᠢᠭ ᠤ᠋ᠨ 《ᠭᠠᠴᠠᠭ᠎ᠠ ᠲᠣᠰᠭᠣᠨ ᠤ᠋ ᠨᠠᠮ ᠤ᠋ᠨ ᠵᠣᠬᠢᠶᠠᠨ ᠪᠠᠢᠭᠤᠯᠤᠯᠲᠠ ᠵᠢᠨ ᠱᠦᠵᠢ ᠵᠢᠨ ᠪᠡᠯᠡᠳᠭᠡᠯ ᠬᠦᠴᠦᠨ ᠢ᠋ ᠬᠥᠮᠦᠵᠢᠭᠦᠯᠦᠨ ᠨᠥᠭᠡᠴᠡᠯᠡᠬᠦ᠌ ᠬᠣᠶᠠᠷ ᠵᠢᠯ ᠤ᠋ᠨ ᠲᠥᠯᠥᠪᠯᠡᠭᠡ ᠵᠢᠨ ᠬᠡᠷᠡᠭ᠌ᠵᠢᠭᠦᠯᠬᠦ᠌ ᠲᠥᠰᠦᠯ》 ᠲᠣᠭ᠍ᠲᠠᠭᠠᠬᠤ ᠶ᠋ᠢ ᠠᠬᠢᠭᠤᠯᠵᠤ᠂ ᠶᠡᠬᠡ ᠰᠤᠷᠭᠠᠭᠤᠯᠢ ᠲᠡᠭᠦᠰᠦᠭ᠌ᠰᠡᠳ ᠤ᠋ᠨ ᠨᠤᠲᠤᠭ᠎ᠲᠠᠭᠠᠨ ᠪᠤᠴᠠᠬᠤ᠂ ᠴᠢᠳᠠᠪᠤᠷᠢᠲᠠᠨ ᠤ᠋ ᠨᠤᠲᠤᠭ᠎ᠲᠠᠭᠠᠨ ᠪᠤᠴᠠᠬᠤ᠂ ᠬᠥᠯᠥᠰᠥᠨ ᠠᠵᠢᠯᠴᠢᠨ ᠤ᠋ ᠨᠤᠲᠤᠭ᠎ᠲᠠᠭᠠᠨ ᠪᠤᠴᠠᠬᠤ᠂ ᠠᠵᠤ ᠠᠬᠤᠢᠯᠠᠯᠲᠠᠨ ᠤ᠋ ᠨᠤᠲᠤᠭ᠎ᠲᠠᠭᠠᠨ ᠪᠤᠴᠠᠬᠤ ᠶ᠋ᠢ ᠬᠥᠲᠥᠯᠥᠨ ᠵᠢᠯᠣᠭᠣᠳᠴᠤ᠌᠂ ᠭᠠᠴᠠᠭ᠎ᠠ ᠲᠣᠰᠭᠣᠨ ᠤ᠋ ᠱᠠᠲᠤᠨ ᠤ᠋ ᠪᠡᠯᠡᠳᠭᠡᠯ ᠺᠠᠳ᠋ᠷ ᠢ᠋ ᠨᠡᠢᠲᠡ 2581 ᠬᠥᠮᠦᠨ ᠬᠥᠮᠦᠵᠢᠭᠦᠯᠤᠨ᠂ ᠨᠤᠲᠤᠭ ᠤ᠋ᠨ ᠴᠢᠳᠠᠪᠤᠷᠢᠲᠠᠨ ᠤ᠋ ᠱᠢᠨ᠎ᠡ 《ᠬᠥᠳᠡᠯᠭᠡᠭᠦᠷ》 ᠢ᠋ ᠬᠥᠭ᠌ᠵᠢᠭᠡᠪᠡ᠃

《ᠬᠥᠳᠡᠭᠡ ᠲᠣᠰᠭᠣᠨ ᠢ᠋ ᠬᠥᠭ᠌ᠵᠢᠭᠦᠯᠦᠨ ᠮᠠᠨᠳᠤᠭᠤᠯᠬᠤ ᠳ᠋ᠤ ᠱᠢᠨᠵᠢᠯᠡᠬᠦ᠌ ᠤᠬᠠᠭᠠᠨ ᠲᠸᠭ᠌ᠨᠢ᠌ᠡ᠋ ᠮᠡᠷᠭᠡᠵᠢᠯ ᠤ᠋ᠨ ᠲᠤᠯᠭᠠᠭᠤᠷᠢᠯᠠᠯ ᠴᠢᠬᠤᠯᠠᠲᠠᠢ᠂ ᠨᠡᠩ ᠴᠤ᠌ ᠵᠠᠯᠠᠭᠤᠴᠤᠳ ᠣᠷᠣᠯᠴᠠᠬᠤ ᠴᠢᠬᠤᠯᠠ ᠲᠠᠢ᠃ ᠪᠢ ᠳᠤᠷᠠᠲᠠᠶ᠎ᠠ ᠨᠢᠭᠡ ᠦᠷ᠎ᠡ ᠨᠢ ᠪᠣᠯᠵᠤ᠂ ᠡᠨᠡ ᠬᠡᠰᠡᠭ ᠭᠠᠵᠠᠷ ᠲᠤ᠌ ᠦᠨᠳᠦᠰᠦ ᠬᠠᠳᠭᠤᠨ ᠨᠠᠬᠢᠶᠠᠯᠠᠨ᠎ᠠ》 ᠭᠡᠵᠦ᠍ ᠤᠯᠠᠭᠠᠨᠴᠠᠪ ᠬᠤᠳᠠ ᠵᠢᠨ ᠲᠠᠷᠢᠶᠠᠯᠠᠩ ᠤᠢ ᠱᠢᠭᠤᠢ ᠵᠢᠨ ᠱᠢᠨᠵᠢᠯᠡᠬᠦ᠌ ᠤᠬᠠᠭᠠᠨ ᠤ᠋ ᠰᠤᠳᠤᠯᠭᠠᠨ ᠤ᠋ ᠬᠦᠷᠢᠶᠡᠯᠡᠩ ᠤ᠋ᠨ ᠶᠡᠷᠦᠩᠬᠡᠢᠯᠡᠭ᠌ᠰᠡᠨ ᠠᠯᠪᠠᠨ ᠬᠡᠷ ᠤ᠋ᠨ ᠰᠤᠳᠤᠯᠤᠭ᠍ᠴᠢ ᠱᠢᠤᠢ ᠵᠧᠨ ᠫᠸᠩ ᠬᠡᠯᠡᠪᠡ᠃ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠣᠨᠴᠠ ᠲᠣᠮᠢᠯᠠᠭ᠍ᠳᠠᠭ᠍ᠴᠢ ᠪᠣᠯᠤᠭ᠍ᠰᠠᠨ ᠤ᠋ ᠬᠤᠪᠢ ᠳ᠋ᠤ᠂ ᠲᠡᠷᠡ ᠤᠯᠠᠨ ᠵᠢᠯ ᠤ᠋ᠨ ᠴᠠᠭ ᠵᠠᠷᠤᠴᠠᠭᠤᠯᠵᠤ ᠲᠤᠬᠠᠢ ᠵᠢᠨ ᠭᠠᠵᠠᠷ ᠤ᠋ᠨ ᠡᠪᠡᠰᠦ ᠪᠣᠷᠳᠣᠭ᠎ᠠ ᠪᠣᠢᠵᠢᠭᠤᠯᠬᠤ ᠱᠢᠨᠵᠢᠯᠡᠬᠦ᠌ ᠤᠬᠠᠭᠠᠨ ᠤ᠋ ᠰᠤᠳᠤᠯᠭᠠᠨ ᠤ᠋ ᠬᠣᠭᠣᠰᠣᠨ ᠢ᠋ ᠨᠥᠬᠥᠪᠥᠷᠢᠯᠡᠨ᠂ ᠰᠣᠩᠭᠣᠨ ᠪᠣᠢᠵᠢᠭᠤᠯᠤᠭ᠍ᠰᠠᠨ 5 ᠴᠢᠨᠠᠷ ᠰᠠᠢᠲᠠᠢ ᠡᠪᠡᠰᠦ ᠪᠣᠷᠳᠣᠭ᠎ᠠ ᠵᠢᠨ ᠨᠣᠬᠠᠢ ᠵᠢᠨ ᠬᠣᠱᠢᠭᠤ ᠵᠢᠨ ᠡᠭᠦᠯᠳᠡᠷ ᠨᠢ ᠮᠠᠯᠴᠢᠨ ᠲᠠᠷᠢᠶᠠᠴᠢᠨ ᠤ᠋ ᠣᠷᠣᠯᠭ᠎ᠠ ᠶ᠋ᠢ ᠨᠡᠢ᠌ᠳᠡ 5000 ᠲᠦᠮᠡᠨ ᠲᠥᠭᠥᠷᠢᠭ ᠨᠡᠮᠡᠭ᠌ᠳᠡᠭᠦᠯᠪᠡ᠃ ᠲᠡᠷᠡ ᠪᠠᠰᠠ ᠬᠣᠶᠠᠷ ᠢᠵᠢ ᠪᠣᠬᠢᠷᠲᠤᠯ ᠥᠬᠡᠶ ᠳᠠᠷᠢᠵᠤ ᠲᠡᠵᠢᠭᠡᠬᠦ᠌ ᠡᠷᠬᠢᠯᠳᠡᠳᠤ ᠵᠠᠭ᠍ᠪᠤᠷ ᠢ᠋ ᠱᠢᠨ᠎ᠡ ᠪᠡᠷ ᠡᠭᠦᠳᠦᠨ ᠳᠤᠷᠠᠳᠴᠤ᠌᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ ᠬᠦᠴᠦᠨ ᠵᠢᠡᠷ ᠲᠠᠷᠢᠶᠠᠯᠠᠩ ᠤ᠋ᠨ ᠬᠠᠶᠠᠭ᠍ᠳᠠᠮᠠᠯ ᠪᠣᠳᠠᠰ ᠢ᠋ ᠱᠢᠶ᠋ᠳᠪᠦᠷᠢᠯᠡᠬᠦ᠌ ᠬᠦᠴᠢᠷ ᠠᠰᠠᠭᠤᠳᠠᠯ ᠢ᠋ ᠱᠢᠶ᠋ᠳᠪᠦᠷᠢᠯᠡᠪᠡ᠃ 《ᠱᠢᠤᠢ ᠳ᠋ᠣᠺᠲ᠋ᠣᠷ ᠤ᠋ᠨ ᠰᠤᠳᠤᠯᠤᠨ ᠦᠢᠯᠡᠳᠦᠭ᠌ᠰᠡᠨ 〈ᠬᠠᠭᠤᠷᠠᠢ ᠭᠠᠵᠠᠷ ᠤ᠋ᠨ ᠬᠣᠯᠢᠮᠠᠭ ᠠᠮᠤ ᠵᠢᠨ ᠲᠠᠷᠢᠮᠠᠯ — ᠦᠨᠳᠡᠭᠡᠯᠡᠬᠦ ᠲᠠᠬᠢᠶ᠎ᠠ ᠲᠡᠵᠢᠭᠡᠨ ᠦᠷᠡᠵᠢᠭᠦᠯᠬᠦ᠌ — ᠬᠠᠷ᠎ᠠ ᠤᠰᠤᠨ ᠰᠣᠨᠣ ᠬᠣᠷᠣᠬᠠᠢ ᠶ᠋ᠢ ᠣᠨᠳᠣᠣᠱᠢᠭᠤᠯᠬᠤ — ᠬᠣᠷᠣᠬᠠᠢ ᠵᠢᠨ ᠢᠯᠭᠠᠳᠠᠰᠤ ᠶ᠋ᠢ ᠲᠠᠷᠢᠶᠠᠨ ᠳ᠋ᠤ ᠡᠭᠡᠭᠦᠯᠬᠦ〉 ᠰᠡᠯᠭᠦᠨ ᠬᠠᠩᠭᠠᠬᠤ ᠵᠠᠭ᠍ᠪᠤᠷ ᠨᠢ ᠲᠠᠷᠢᠶᠠᠯᠠᠩ ᠤ᠋ᠨ ᠬᠠᠶᠠᠭ᠍ᠳᠠᠮᠠᠯ ᠪᠣᠳᠠᠰ ᠢ᠋ ᠡᠷᠳᠡᠨᠢ ᠪᠣᠯᠭᠠᠵᠤ᠂ ᠣᠷᠴᠢᠨ ᠲᠣᠭᠣᠷᠢᠨ ᠢ᠋ ᠬᠠᠮᠠᠭᠠᠯᠠᠬᠤ ᠪᠥᠭᠡᠳ ᠣᠷᠣᠯᠭ᠎ᠠ ᠶ᠋ᠢ ᠴᠤ᠌ ᠨᠡᠮᠡᠭ᠌ᠳᠡᠭᠦᠯᠪᠡ》 ᠭᠡᠵᠤ ᠲᠤᠬᠠᠢ ᠵᠢᠨ ᠭᠠᠵᠠᠷ ᠤ᠋ᠨ ᠨᠢᠭᠡᠨ ᠲᠡᠵᠢᠭᠡᠨ ᠦᠷᠡᠵᠢᠭᠦᠯᠬᠦ᠌ ᠡᠷᠦᠬᠡ ᠬᠡᠯᠡᠨ᠎ᠡ᠃

ᠤᠯᠠᠭᠠᠨᠴᠠᠪ ᠬᠤᠳᠠ ᠳ᠋ᠤ᠂ ᠱᠢᠤᠢ ᠵᠧᠨ ᠫᠸᠩ ᠰᠢᠭ ᠲᠠᠷᠢᠶᠠᠨ ᠭᠠᠵᠠᠷ ᠲᠤ᠌ ᠭᠦᠨᠵᠡᠭᠡᠢᠷᠡᠨ ᠱᠢᠨᠵᠢᠯᠡᠬᠦ᠌ ᠤᠬᠠᠭᠠᠨ ᠲᠸᠭ᠌ᠨᠢ᠌ᠡ᠋ ᠮᠡᠷᠭᠡᠵᠢᠯ ᠤ᠋ᠨ ᠦᠢᠯᠡᠴᠢᠯᠡᠭᠡ ᠥᠷᠨᠢᠭᠦᠯᠵᠦ᠍ ᠪᠠᠢᠭ᠎ᠠ ᠣᠨᠴᠠ ᠲᠣᠮᠢᠯᠠᠭ᠍ᠳᠠᠭ᠍ᠴᠢ ᠭᠠᠵᠠᠷ ᠪᠣᠯᠭᠠᠨ ᠳ᠋ᠤ ᠬᠠᠷᠠᠭ᠍ᠳᠠᠵᠤ᠂ ᠲᠡᠳᠡ ᠲᠤᠰᠠᠯᠠᠮᠵᠢ ᠬᠦᠷᠳᠡᠵᠦ᠍ ᠪᠠᠢᠭ᠎ᠠ ᠭᠠᠵᠠᠷ ᠤ᠋ᠨ ᠲᠠᠷᠢᠶᠠᠯᠠᠩ ᠮᠠᠯ ᠠᠵᠤ ᠠᠬᠤᠢ ᠵᠢᠨ ᠭᠣᠣᠯᠯᠠᠬᠤ ᠠᠵᠤ ᠦᠢᠯᠡᠰ ᠤ᠋ᠨ ᠲᠣᠭᠣᠷᠢᠨ ᠳ᠋ᠤ᠂ ᠱᠢᠨ᠎ᠡ ᠲᠦᠷᠦᠯ ᠵᠦᠢᠯ᠂ ᠱᠢᠨ᠎ᠡ ᠮᠡᠷᠭᠡᠵᠢᠯ ᠢ᠋ ᠣᠷᠣᠭᠤᠯᠤᠨ ᠠᠪᠴᠢᠷᠠᠵᠤ ᠳᠡᠯᠭᠡᠷᠡᠭᠦᠯᠦᠭ᠌ᠰᠡᠨ ᠪᠥᠭᠡᠳ ᠲᠤᠰ ᠭᠠᠵᠠᠷ ᠤ᠋ᠨ ᠲᠠᠷᠢᠶᠠᠯᠠᠩ ᠤ᠋ᠨ ᠮᠡᠷᠭᠡᠵᠢᠯ ᠤ᠋ᠨ ᠠᠵᠢᠯᠳᠠᠨ᠎ᠲᠠᠶ ᠬᠠᠪᠰᠤᠷᠤᠯᠴᠠᠭ᠎ᠠ ᠪᠠᠢᠭᠤᠯᠤᠨ ᠳᠡᠳᠭᠦᠵᠤ ᠬᠠᠪᠰᠤᠷᠤᠯᠴᠠᠵᠤ᠂ ᠲᠤᠰᠭᠠᠢ ᠰᠡᠳᠦᠪᠲᠦ ᠲᠠᠢᠯᠤᠮᠵᠢ ᠬᠢᠬᠦ᠌᠂ ᠲᠤᠬᠠᠢ ᠵᠢᠨ ᠲᠠᠯᠠᠪᠠᠢ ᠳ᠋ᠤ ᠲᠠᠢᠯᠤᠮᠵᠢ ᠬᠢᠬᠦ᠌ ᠵᠡᠷᠭᠡ ᠠᠷᠭ᠎ᠠ ᠬᠡᠯᠪᠡᠷᠢ ᠪᠡᠷ ᠳᠠᠮᠵᠢᠨ ᠨᠢᠭᠡ ᠪᠦᠯᠦᠭ《ᠤᠷᠤᠨ ᠨᠤᠲᠤᠭ ᠤ᠋ᠨ ᠲᠤᠰᠭᠠᠢ ᠮᠡᠷᠭᠡᠵᠢᠯᠲᠡᠨ》᠂ 《ᠲᠠᠷᠢᠶᠠᠨ ᠭᠠᠵᠠᠷ ᠤ᠋ᠨ ᠮᠡᠷᠭᠡᠵᠢᠯᠲᠡᠨ》 ᠢ᠋ ᠬᠥᠮᠦᠵᠢᠭᠦᠯᠪᠡ᠃ ᠣᠳᠣᠬᠠᠨ ᠪᠣᠯᠲᠠᠯ᠎ᠠ᠂ ᠪᠥᠬᠥ᠌ ᠬᠣᠲᠠ ᠳ᠋ᠤ ᠲᠠᠷᠢᠶᠠᠯᠠᠩ ᠮᠠᠯ ᠠᠵᠤ ᠠᠬᠤᠶ ᠵᠢᠨ ᠪᠣᠳᠠᠲᠤ ᠬᠡᠷᠡᠭ᠌ᠯᠡᠭᠡᠨ ᠤ᠋ ᠴᠢᠳᠠᠪᠤᠷᠢᠲᠠᠨ ᠢ᠋ ᠨᠡᠢᠲᠡ 1100 ᠭᠠᠷᠤᠶ ᠬᠥᠮᠦᠨ ᠤᠳᠠᠭ᠎ᠠ ᠪᠣᠯᠪᠠᠰᠤᠷᠠᠭᠤᠯᠵᠤ᠂ ᠬᠥᠳᠡᠭᠡ ᠲᠣᠰᠭᠣᠨ ᠢ᠋ ᠪᠥᠬᠥ᠌ ᠲᠠᠯ᠎ᠠ ᠪᠡᠷ ᠬᠥᠭ᠌ᠵᠢᠭᠦᠯᠦᠨ ᠮᠠᠨᠳᠤᠭᠤᠯᠬᠤ ᠶ᠋ᠢ ᠠᠬᠢᠭᠤᠯᠬᠤ ᠴᠢᠬᠤᠯᠠ ᠬᠦᠴᠦᠨ ᠪᠣᠯᠤᠭ᠍ᠰᠠᠨ ᠪᠠᠢᠨ᠎ᠠ᠃

《ᠨᠤᠲᠤᠭ᠎ᠲᠠᠭᠠᠨ ᠪᠤᠴᠠᠵᠤ ᠦᠢᠯᠡᠰ ᠪᠤᠰᠭᠠᠬᠤ ᠶ᠋ᠢ ᠰᠣᠩᠭᠣᠭ᠍ᠰᠠᠨ᠎ᠳᠠᠭᠠᠨ ᠮᠠᠰᠢ ᠪᠠᠶᠠᠷᠯᠠᠵᠤ ᠪᠠᠢᠨ᠎ᠠ᠂ ᠠᠷᠠᠳ ᠤ᠋ᠨ ᠰᠠᠭᠤᠴᠠ ᠵᠢᠨ ᠠᠵᠤ ᠦᠢᠯᠡᠰ ᠢ᠋ ᠪᠤᠵᠠᠭᠠᠢᠷᠠᠭᠤᠯᠤᠨ ᠬᠦᠴᠦᠷᠬᠡᠭ᠌ᠵᠢᠭᠦᠯᠬᠦ᠌ ᠨᠢ ᠨᠤᠲᠤᠭ ᠤ᠋ᠨ ᠵᠢᠡᠨ ᠲᠡᠳᠬᠦᠨ ᠳᠡᠮᠵᠢᠬᠦ᠌ ᠰᠠᠢ᠌ᠨ ᠲᠦᠷᠦ᠍ ᠵᠢᠨ ᠪᠤᠳᠤᠯᠭ᠎ᠠ ᠡᠴᠡ ᠰᠠᠯᠵᠤ ᠴᠢᠳᠠᠬᠤ ᠦᠭᠡᠢ》 ᠭᠡᠵᠤ ᠲᠠᠨ᠎ᠠ ᠮᠠᠰᠢ ᠣᠯᠠᠨ ᠨᠤᠲᠤᠭ᠎ᠲᠠᠭᠠᠨ ᠪᠤᠴᠠᠵᠤ ᠦᠶ᠋ᠯᠡᠰ ᠪᠤᠰᠬᠠᠭᠴᠢᠳ ᠤ᠋ᠨ ᠰᠡᠳᠭᠢᠯ ᠤ᠋ᠨ ᠦᠭᠡ ᠶ᠋ᠢ ᠬᠡᠯᠡᠵᠦ᠍ ᠭᠠᠷᠭᠠᠪᠠ᠃ ᠲᠡᠷᠡ ᠴᠠᠬᠠᠷ ᠪᠠᠷᠠᠭᠤᠨ ᠭᠠᠷᠤᠨ ᠬᠣᠢᠲᠤ ᠬᠣᠱᠢᠭᠤ ᠡᠴᠡ ᠭᠠᠷᠴᠤ᠌᠂ ᠶᠡᠬᠡ ᠬᠣᠲᠠ ᠳ᠋ᠤ ᠠᠵᠢᠯᠯᠠᠵᠤ ᠪᠠᠢᠬᠰᠠᠨ᠃ ᠲᠦᠷᠦᠭᠦᠦ ᠬᠡᠳᠦᠨ ᠵᠢᠯ᠂ ᠴᠠᠬᠠᠷ ᠪᠠᠷᠠᠭᠤᠨ ᠭᠠᠷᠤᠨ ᠬᠣᠢᠲᠤ ᠬᠣᠱᠢᠭᠤ ᠠᠷᠠᠳ ᠤ᠋ᠨ ᠰᠠᠭᠤᠴᠠ ᠵᠢᠨ ᠠᠵᠤ ᠦᠶ᠋ᠯᠡᠰ ᠤ᠋ᠨ ᠬᠥᠭ᠌ᠵᠢᠯᠲᠡ ᠶ᠋ᠢ ᠲᠡᠳᠬᠦᠬᠦ᠌ ᠣᠯᠠᠨ ᠵᠦᠶ᠋ᠯ ᠤ᠋ᠨ ᠠᠷᠭ᠎ᠠ ᠬᠡᠮᠵᠢᠶ᠎ᠡ ᠨᠡᠢᠲᠡᠯᠡᠵᠦ᠍᠂ ᠪᠠᠯᠠ ᠮᠥᠩᠭᠥ᠌᠂ ᠦᠶ᠋ᠯᠡᠴᠢᠯᠡᠭᠡ ᠵᠡᠷᠭᠡ ᠲᠠᠯ᠎ᠠ ᠪᠡᠷ ᠲᠥᠷᠥ ᠵᠢᠨ ᠪᠣᠳᠣᠯᠭ᠎ᠠ ᠵᠢᠨ ᠳᠡᠮᠵᠢᠯᠭᠡ ᠬᠠᠩᠭᠠᠭ᠍ᠰᠠᠨ ᠡᠴᠡ ᠲᠠᠨ᠎ᠠ ᠡᠷᠡᠰ ᠱᠢᠭᠤᠷᠬᠠᠶ ᠪᠡᠷ ᠨᠤᠲᠤᠭ᠎ᠲᠠᠭᠠᠨ ᠪᠤᠴᠠᠵᠤ ᠠᠳᠠᠯ ᠦᠶ᠋ᠯᠡᠰ ᠪᠤᠰᠬᠠᠬᠤ ᠶ᠋ᠢ ᠰᠣᠩᠭᠣᠭ᠍ᠰᠠᠨ ᠪᠠᠢᠨ᠎ᠠ᠃ ᠬᠡᠳᠦᠨ ᠵᠢᠯ ᠤ᠋ᠨ ᠴᠥᠬᠥᠷᠡᠰᠢ ᠦᠭᠡᠢ ᠴᠢᠷᠮᠠᠢᠯᠭ᠎ᠠ ᠪᠡᠷ ᠳᠠᠮᠵᠢᠨ᠂ ᠲᠡᠭᠦᠨ ᠤ᠋ ᠪᠠᠢᠭᠤᠯᠤᠭ᠍ᠰᠠᠨ ᠶᠦᠨ ᠳ᠋ᠦᠸᠸ ᠭᠠᠴᠠᠭ᠎ᠠ ᠲᠣᠰᠭᠣᠨ ᠤ᠋ ᠵᠢᠭᠤᠯᠴᠢᠯᠠᠯ ᠤ᠋ᠨ ᠬᠢᠵᠠᠭᠠᠷᠲᠤ ᠺᠣᠮᠫᠠᠨᠢ ᠨᠢᠭᠡᠨᠲᠡ 5 ᠠᠷᠠᠳ ᠤ᠋ᠨ ᠰᠠᠭᠤᠴᠠ᠎ᠲᠠᠶ ᠪᠤᠯᠵᠤ᠂ ᠵᠢᠯ ᠪᠦᠷᠢ ᠲᠤᠬᠠᠢ ᠵᠢᠨ ᠭᠠᠵᠠᠷ ᠤ᠋ᠨ ᠮᠠᠯᠴᠢᠨ ᠲᠠᠷᠢᠶᠠᠴᠢᠨ ᠳ᠋ᠤ 120 ᠲᠦᠮᠡᠨ ᠲᠥᠭᠥᠷᠢᠭ ᠤ᠋ᠨ ᠴᠠᠯᠢᠩ ᠬᠦᠯᠦᠰᠤ ᠤᠯᠭᠤᠨ᠂ ᠡᠷᠬᠢᠨ ᠲᠣᠭᠣᠷᠢᠨ ᠤ᠋ 300 ᠱᠢᠬᠠᠮ ᠮᠠᠯᠴᠢᠨ ᠲᠠᠷᠢᠶᠠᠴᠢᠨ ᠢ᠋ ᠳᠠᠢ᠌ᠴᠢᠯᠠᠨ ᠣᠷᠣᠯᠭ᠎ᠠ ᠶ᠋ᠢ ᠨᠢ ᠨᠡᠮᠡᠭ᠌ᠳᠡᠭᠦᠯᠪᠡ᠃

ᠲᠠᠨ᠎ᠠ ᠵᠢᠨ ᠳᠠᠭᠠᠭᠤᠯᠭ᠎ᠠ ᠳᠤᠤᠷ᠎ᠠ᠂ ᠵᠠᠷᠢᠮ ᠮᠠᠯᠴᠢᠨ ᠲᠠᠷᠢᠶᠠᠴᠢᠨ ᠪᠠᠰᠠ ᠥᠪᠡᠷ ᠤ᠋ᠨ ᠣᠷᠣᠨ ᠰᠠᠭᠤᠴᠠ᠎ᠪᠠᠨ ᠠᠱᠢᠭ᠍ᠯᠠ ᠠᠷᠠᠳ ᠤ᠋ᠨ ᠰᠠᠭᠤᠴᠠ ᠶ᠋ᠢ ᠨᠡᠭᠡᠭᠡᠨ ᠬᠥᠭ᠌ᠵᠢᠭᠦᠯᠬᠦ᠌ ᠰᠠᠨᠠᠭ᠎ᠠ ᠡᠭᠦᠰᠭᠡᠭᠰᠡᠨ ᠪᠤᠯᠪᠠᠴᠤ ᠲᠤᠷᠱᠢᠯᠭ᠎ᠠ ᠬᠤᠮᠰᠠ ᠪᠠᠢᠪᠠ᠃ ᠡᠨᠡ ᠬᠦ᠌ ᠪᠠᠢᠳᠠᠯ ᠳ᠋ᠤ ᠴᠢᠭᠯᠡᠭᠦᠯᠦᠨ᠂ ᠲᠠᠨ᠎ᠠ ᠠᠷᠠᠳ ᠤ᠋ᠨ ᠰᠠᠭᠤᠴᠠ ᠵᠢᠨ ᠣᠷᠣᠯᠠᠨ ᠡᠵᠡᠩᠨᠡᠬᠦ᠌ ᠵᠠᠭ᠍ᠪᠤᠷ ᠭᠠᠷᠭᠠᠵᠤ᠂ ᠠᠳᠠᠯ ᠦᠶ᠋ᠯᠡᠰ ᠪᠤᠰᠬᠠᠬᠤ ᠰᠠᠨᠠᠭ᠎ᠠ᠎ᠲᠠᠶ ᠮᠠᠯᠴᠢᠨ ᠲᠠᠷᠢᠶᠠᠴᠢᠨ ᠳ᠋ᠤ ᠵᠢᠷᠤᠭ ᠲᠥᠯᠥᠪᠯᠡᠭᠡ᠂ ᠡᠵᠡᠩᠨᠡᠯᠲᠡ ᠪᠠ ᠤᠬᠠᠭᠤᠯᠭ᠎ᠠ ᠵᠢᠨ ᠳᠡᠮᠵᠢᠯᠭᠡ ᠬᠠᠩᠭᠠᠨ᠂ ᠲᠡᠳᠡᠨ ᠢ᠋ ᠬᠠᠪᠰᠤᠷᠤᠨ ᠬᠦᠴᠢᠷ ᠠᠰᠠᠭᠤᠳᠠᠯ ᠢ᠋ ᠨᠢ ᠱᠢᠶ᠋ᠳᠪᠦᠷᠢᠯᠡᠵᠦ᠍ ᠥᠭ᠌ᠴᠡᠶ᠃ ᠲᠡᠷᠡ ᠪᠠᠰᠠ 《ᠱᠢᠯᠢ ᠱᠢᠶᠠᠨ ᠹᠸᠩ》 ᠪᠣᠯᠤᠨ 《2100 ᠮᠧᠲ᠋ᠷ》 ᠭᠡᠬᠦ᠌ ᠬᠤᠶᠠᠷ ᠲᠠᠷᠢᠶᠠᠯᠠᠩ ᠮᠠᠯ ᠠᠵᠤ ᠠᠬᠤᠶ ᠵᠢᠨ ᠪᠦᠲᠦᠭᠡᠭ᠌ᠳᠡᠬᠦᠨ ᠤ᠋ ᠨᠠᠷᠠᠲᠤ ᠲᠡᠮᠳᠡᠭ ᠢ᠋ ᠳᠠᠩᠰᠠᠯᠠᠭᠤᠯᠵᠤ᠂ ᠮᠠᠯᠴᠢᠨ ᠲᠠᠷᠢᠶᠠᠴᠢᠨ ᠤ᠋ ᠠᠩᠬᠠᠨ ᠤ᠋ ᠱᠠᠲᠤᠨ ᠤ᠋ ᠲᠠᠷᠢᠶᠠᠯᠠᠩ ᠮᠠᠯ ᠠᠵᠤ ᠠᠬᠤᠶ ᠵᠢᠨ ᠪᠦᠲᠦᠭᠡᠭ᠌ᠳᠡᠬᠦᠨ ᠢ᠋ ᠲᠠᠰ ᠳᠡᠪᠱᠢᠭᠦᠯᠦᠨ ᠪᠣᠭᠣᠳᠠᠯᠯᠠᠬᠤ ᠪᠠ ᠲᠥᠷᠥᠯ ᠲᠡᠮᠳᠡᠭ᠌ᠵᠢᠭᠦᠯᠦᠨ ᠳᠡᠯᠭᠡᠷᠡᠭᠦᠯᠵᠦ᠍᠂ ᠣᠯᠠᠨ ᠢ᠋ ᠬᠠᠪᠰᠤᠷᠤᠨ ᠠᠱᠢᠭ ᠣᠷᠣᠯᠭ᠎ᠠ ᠶ᠋ᠢ᠎ᠨᠢ ᠨᠡᠮᠡᠭ᠌ᠳᠡᠭᠦᠯᠦᠭᠰᠡᠨ ᠪᠠᠢᠨ᠎ᠠ᠃

ᠡᠳᠦᠭᠡ᠂ ᠤᠯᠠᠮ ᠡᠴᠡ ᠤᠯᠠᠨ ᠴᠢᠳᠠᠪᠤᠷᠢᠲᠠᠨ ᠤᠯᠠᠭᠠᠨᠴᠠᠪ ᠬᠤᠳᠠ ᠵᠢᠨ ᠬᠥᠳᠡᠭᠡ ᠲᠣᠰᠭᠣᠨ ᠳ᠋ᠤ ᠦᠨᠳᠦᠰᠦᠯᠡᠵᠦ᠍᠂ ᠠᠵᠤ ᠦᠢᠯᠡᠰ ᠤ᠋ᠨ ᠬᠥᠭ᠌ᠵᠢᠯᠲᠡ ᠶ᠋ᠢ ᠠᠬᠢᠭᠤᠯᠬᠤ᠂ ᠤᠯᠠᠨ ᠲᠦᠮᠡᠨ ᠤ᠋ ᠣᠷᠣᠯᠭ᠎ᠠ ᠶ᠋ᠢ ᠨᠡᠮᠡᠭ᠌ᠳᠡᠭᠦᠯᠬᠦ᠌ ᠶ᠋ᠢ ᠳᠠᠢᠴᠢᠯᠠᠬᠤ ᠪᠡᠯᠡᠳᠭᠡᠯ ᠬᠦᠴᠦᠨ ᠪᠣᠯᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号