ᠦᠭᠡᠷᠡᠴᠢᠯᠡᠯᠳᠠ ᠵᠢ ᠬᠦᠨᠵᠡᠭᠡᠢᠷᠠᠬᠦᠯᠤᠨ ᠰᠢᠨ᠎ᠠ ᠵᠢ ᠡᠬᠦᠳᠴᠤ ᠨᠠᠷᠢᠯᠢᠭ ᠤᠨᠤᠴᠠᠳᠠᠢ ᠦᠢᠯᠡᠴᠢᠯᠡᠨ ᠠᠵᠤ ᠠᠬᠤᠢᠯᠠᠯ ᠳ᠋ᠤ ᠠᠰᠢᠭ ᠬᠦᠷᠳᠡᠭᠡᠨ᠎ᠠ
ᠣᠢᠷ᠎ᠠ᠎ᠳᠤ᠂ ᠬᠥᠬᠡᠬᠣᠲᠠ᠎ᠶ᠋ᠢᠨ ᠭᠤᠤᠯᠳᠠᠯᠭ᠎ᠠ᠎ᠲᠠᠶ ᠠᠵᠤ ᠦᠶ᠋ᠯᠡᠳᠪᠦᠷᠢ᠎ᠶ᠋ᠢᠨ ᠲᠥᠷᠥᠯ ᠵᠦᠶ᠋ᠯ ᠪᠤᠯᠬᠤ ᠥᠪᠥᠷ ᠮᠣᠩᠭᠣᠯ᠎ᠤᠨ ᠵᠢᠩ ᠹᠸᠩ ᠠᠮᠢᠳᠤ ᠪᠣᠳᠠᠰ᠎ᠤᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠬᠢᠵᠠᠭᠠᠷᠲᠤ ᠺᠣᠮᠫᠠᠨᠢ᠎ᠶ᠋ᠢᠨ ᠥᠨᠳᠥᠷ ᠢᠳᠡᠪᠬᠢᠲᠦ ᠴᠢᠨᠠᠷᠳᠠᠢ ᠢᠯᠵᠢᠮᠡᠭ ᠬᠦᠴᠢᠯ᠎ᠦᠨ ᠱᠢᠷᠢᠰ ᠦᠶ᠋ᠯᠡᠳᠬᠦᠨ᠎ᠦ ᠨᠢᠭᠡᠳᠦᠭᠡᠷ ᠬᠤᠭᠤᠴᠠᠭᠠᠨ᠎ᠤ ᠦᠶ᠋ᠯᠡᠳᠪᠦᠷᠢᠯᠡᠯ᠎ᠦᠨ ᠲᠥᠷᠥᠯ ᠵᠦᠶ᠋ᠯ ᠨᠢ ᠬᠡᠷᠡᠭᠯᠡᠬᠦ ᠭᠠᠵᠠᠷ ᠰᠢᠷᠦᠢ ᠵᠢ ᠤᠯᠤᠬᠰᠠᠨ᠎ᠡᠴᠡ ᠠᠪᠤᠭᠠᠳ ᠢᠨᠵᠧᠨᠧᠷᠢᠩ᠎ᠦᠨ ᠲᠥᠯᠥᠪᠵᠢᠭᠦᠯᠭᠡ᠎ᠶ᠋ᠢᠨ ᠵᠥᠪᠱᠢᠶᠡᠷᠡᠯ᠎ᠦᠨ ᠦᠨᠡᠮᠯᠡᠯ᠎ᠦᠨ ᠭᠠᠷᠳᠠᠮ᠎ᠢ ᠪᠡᠶᠡᠯᠡᠭᠦᠯᠲᠠᠯᠠ ᠵᠥᠪᠬᠡᠨ 1 ᠡᠳᠦᠷ ᠬᠡᠷᠡᠭ᠌ᠯᠡᠵᠦ᠍᠂ ᠵᠢᠱ᠌ᠢᠭ᠌ᠰᠡᠨᠴᠠᠭ ᠡᠴᠡ 2 ᠰᠠᠷ᠎ᠠ ᠱᠢᠬᠠᠮ ᠤᠷᠢᠳᠴᠢᠯᠠᠭ᠍ᠰᠠᠨ ᠪᠠᠢᠨ᠎ᠠ᠃
ᠬᠥᠬᠡᠬᠣᠲᠠ᠎ᠶ᠋ᠢᠨ ᠵᠠᠰᠠᠭ ᠵᠠᠬᠢᠷᠭᠠᠨ᠎ᠤ ᠬᠢᠨᠠᠨ ᠵᠥᠪᠱᠢᠶᠡᠷᠡᠬᠦ ᠪᠠ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠲᠣᠪᠴᠢᠶ᠎ᠠ᠎ᠶ᠋ᠢᠨ ᠬᠣᠯᠪᠣᠭ᠍ᠳᠠᠯ ᠪᠥᠬᠥᠶ ᠬᠠᠷᠢᠭᠤᠴᠠᠯᠭᠠᠲᠠᠨ᠄ 《ᠲᠣᠰ ᠲᠥᠷᠥᠯ ᠵᠦᠶ᠋ᠯ᠎ᠳᠦ 100 ᠮᠥ᠍ ᠭᠠᠵᠠᠷ ᠰᠢᠷᠦᠢ ᠬᠡᠷᠡᠭ᠌ᠯᠡᠬᠦ᠌᠎ᠪᠡᠷ ᠲᠥᠯᠥᠪᠯᠡᠵᠦ᠍ ᠪᠠᠢᠨ᠎ᠠ᠂ ᠠᠱᠢᠭ᠍ᠯᠠᠯᠲᠠ᠎ᠳᠤ ᠤᠷᠤᠭ᠍ᠰᠠᠨ᠎ᠤ ᠳᠠᠷᠠᠭ᠎ᠠ ᠵᠢᠱ᠌ᠢᠯᠲᠡ᠎ᠪᠡᠷ ᠵᠢᠯ᠎ᠳᠦ 5 ᠲᠦᠮᠡᠨ ᠲᠣᠨ ᠥᠨᠳᠥᠷ ᠢᠳᠡᠪᠬᠢᠲᠦ ᠴᠢᠨᠠᠷᠲᠠᠶ ᠢᠯᠵᠢᠮᠡᠭ ᠬᠦᠴᠢᠯ ᠦᠶ᠋ᠯᠡᠳᠪᠦᠷᠢᠯᠡᠬᠦ᠌ ᠪᠣᠯᠤᠨ᠎ᠠ᠃ ᠬᠥᠬᠡᠬᠣᠲᠠ ᠨᠠᠷᠢᠯᠢᠭ ᠣᠨᠣᠴᠠᠲᠠᠶ ᠦᠶ᠋ᠯᠡᠴᠢᠯᠡᠭᠡ᠎ᠪᠡᠷ ᠳᠠᠮᠵᠢᠨ᠂ 〈ᠨᠢᠭᠡ ᠲᠥᠷᠥᠯ ᠵᠦᠶ᠋ᠯ᠎ᠳᠦ ᠨᠢᠭᠡ ᠢᠵᠢ ᠲᠥᠰᠦᠯ ᠭᠠᠷᠭᠠᠬᠤ᠂ ᠲᠤᠰᠭᠠᠶ ᠬᠥᠮᠦᠨ ᠳᠠᠭᠠᠵᠤ ᠬᠠᠷᠢᠭᠤᠴᠠᠬᠤ〉 ᠶ᠋ᠢ ᠪᠡᠶᠡᠯᠡᠭᠦᠯᠵᠦ᠍᠂ ᠨᠠᠷᠢᠯᠢᠭ ᠣᠨᠣᠴᠠᠲᠠᠶ ᠦᠶ᠋ᠯᠡᠴᠢᠯᠡᠭᠡ᠎ᠪᠡᠷ ᠲᠥᠷᠥᠯ ᠵᠦᠶ᠋ᠯ᠎ᠢ ᠬᠢᠨᠠᠨ ᠵᠥᠪᠱᠢᠶᠡᠷᠡᠬᠦ᠌᠎ᠶ᠋ᠢᠨ ᠲᠦᠭ᠌ᠵᠢᠷᠡᠯᠴᠡᠭ ᠢ᠋ ᠠᠷᠢᠯᠭᠠᠵᠤ᠂ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡ᠎ᠶ᠋ᠢᠨ 〈ᠰᠠᠨᠠᠭᠠᠴᠢᠯᠠᠭᠠᠲᠤ ᠪᠤᠰᠤ᠎ᠪᠠᠷ ᠬᠢᠨᠠᠨ ᠵᠥᠪᠱᠢᠶᠡᠷᠡᠬᠦ᠌〉 ᠪᠠᠢᠬᠰᠠᠨ ᠡᠴᠡ 〈ᠰᠠᠨᠠᠭᠠᠴᠢᠯᠠᠭ᠎ᠠ᠎ᠡᠴᠡ᠎ᠪᠠᠨ ᠦᠶ᠋ᠯᠡᠴᠢᠯᠡᠬᠦ᠌〉 ᠳᠠᠢᠰᠢ ᠬᠡᠯᠪᠡᠷᠢ᠎ᠪᠡᠨ ᠬᠤᠪᠢᠷᠠᠭᠤᠯᠬᠤ᠎ᠶ᠋ᠢ ᠠᠬᠢᠭᠤᠯᠵᠤ᠂ ᠠᠵᠤ ᠠᠬᠤᠢᠯᠠᠯ᠎ᠳᠤ ᠲᠦᠷᠭᠡᠨ ᠬᠢᠨᠠᠨ ᠵᠥᠪᠱᠢᠶᠡᠷᠡᠬᠦ᠌ ᠵᠠᠮ᠎ᠢ ᠨᠡᠭᠡᠭᠡᠨ ᠥᠭ᠌ᠴᠦ᠂ ᠬᠢᠨᠠᠨ ᠵᠥᠪᠱᠢᠶᠡᠷᠡᠬᠦ᠌ ᠬᠦᠴᠢᠷ ᠠᠰᠠᠭᠤᠳᠠᠯ᠎ᠢ ᠱᠢᠶ᠋ᠳᠪᠦᠷᠢᠯᠡᠵᠠᠢ》 ᠭᠡᠵᠤ ᠲᠠᠨᠢᠯᠴᠠᠭᠤᠯᠪᠠ᠃
ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ ᠪᠣᠯ ᠠᠵᠤ ᠠᠬᠤᠢᠯᠠᠯ᠎ᠤᠨ ᠣᠷᠣᠱᠢᠨ ᠲᠣᠭ᠍ᠲᠠᠨᠢᠵᠤ ᠬᠥᠭ᠌ᠵᠢᠬᠦ᠌ ᠬᠥᠷᠥᠰᠥ᠍ ᠱᠢᠷᠣᠶ ᠮᠥᠨ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠠ ᠵᠠᠰᠠᠭ᠎ᠤᠨ ᠣᠷᠳᠣᠨ ᠢᠮᠠᠭ᠍ᠲᠠ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠱᠢᠯᠢᠳᠡᠭ᠌ᠵᠢᠭᠦᠯᠬᠦ᠌᠎ᠶ᠋ᠢ 《ᠠᠮᠢᠨ ᠰᠤᠳᠠᠰᠤ ᠢᠨᠵᠧᠨᠧᠷᠢᠩ》 ᠪᠣᠯᠭᠠᠨ ᠠᠳᠬᠤᠬᠤ᠎ᠶ᠋ᠢᠨ ᠵᠡᠷᠭᠡ ᠪᠡᠷ 2026 ᠣᠨ᠎ᠢ ᠪᠥᠬᠥ᠌ ᠣᠷᠣᠨ᠎ᠤ 《ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠦᠨ ᠶᠠᠰᠤ ᠴᠢᠨᠠᠷ᠎ᠢ ᠳᠡᠭᠡᠭ᠌ᠰᠢᠯᠡᠭᠦᠯᠬᠦ᠌ ᠣᠨ》 ᠵᠢᠡᠷ ᠲᠣᠭ᠍ᠲᠠᠭᠠᠪᠠ᠃ 2026 ᠣᠨ᠎ᠤ 1 ᠰᠠᠷ᠎ᠠ᠎ᠶ᠋ᠢᠨ 1᠎ᠤ᠋ ᠡᠳᠦᠷ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠶ᠎ᠶ᠋ᠢᠨ ᠬᠥᠭ᠌ᠵᠢᠯᠲᠡ᠎ᠶ᠋ᠢ ᠠᠬᠢᠭᠤᠯᠬᠤ ᠲᠦᠷᠢᠮ》 ᠢ᠋ ᠵᠢᠩᠬᠢᠨᠢ᠎ᠪᠡᠷ ᠬᠡᠷᠡᠭ᠌ᠵᠢᠭᠦᠯᠪᠡ᠂ ᠡᠨᠡ ᠨᠢ ᠥᠪᠥᠷ ᠮᠣᠩᠭᠣᠯ᠎ᠤᠨ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠶ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠪᠠ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠱᠢᠯᠢᠳᠡᠭ᠌ᠵᠢᠭᠦᠯᠬᠦ᠌ ᠠᠵᠢᠯ ᠬᠠᠤᠯᠢ ᠪᠡᠷ ᠵᠠᠰᠠᠬᠤ ᠵᠠᠮ᠎ᠳᠤ ᠤᠷᠤᠭ᠍ᠰᠠᠨ᠎ᠢ ᠬᠠᠷᠠᠭᠤᠯᠵᠤ ᠪᠠᠢᠨ᠎ᠠ᠃ 2026 ᠣᠨ᠎ᠤ ᠥᠪᠡᠷᠲᠡᠭᠡᠨ ᠵᠠᠰᠠᠬᠤ ᠣᠷᠣᠨ᠎ᠤ 《ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ》 ᠳ᠋ᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠤᠯᠠᠮ ᠨᠢᠭᠡ ᠠᠯᠬᠤᠮ ᠱᠢᠯᠢᠳᠡᠭ᠌ᠵᠢᠭᠦᠯᠤᠨᠠ ᠭᠡᠵᠦ᠍ ᠳᠤᠷᠠᠳᠪᠠ᠃
2026 ᠣᠨ᠎ᠤ 2 ᠰᠠᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷᠴᠢᠯᠡᠭ᠌ᠰᠡᠨ ᠬᠠᠤᠯᠢᠵᠢᠭ᠍ᠰᠠᠨ ᠳᠡᠯᠡᠬᠡᠢᠵᠢᠭ᠌ᠰᠡᠨ ᠲᠡᠷᠢᠭᠦᠨ ᠵᠡᠷᠭᠡ᠎ᠶ᠋ᠢᠨ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠲᠦᠷᠭᠡᠳᠭᠡᠨ ᠪᠣᠶ ᠪᠣᠯᠭᠠᠬᠤ ᠬᠡᠷᠡᠭ᠌ᠵᠢᠭᠦᠯᠬᠦ᠌ ᠲᠥᠰᠦᠯ》 ᠢ᠋ ᠳᠠᠷᠤᠮᠠᠯᠯᠠᠨ ᠲᠠᠷᠬᠠᠭᠠᠵᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠦᠨ 《ᠠᠵᠢᠯ᠎ᠢ ᠬᠠᠷᠰᠢᠯᠠᠬᠤ ᠦᠬᠡᠢ ᠪᠠᠷ ᠬᠢᠨᠠᠨ ᠬᠡᠮᠵᠢᠬᠦ᠌》 ᠱᠢᠰᠲ᠋ᠧᠮ᠎ᠢ ᠪᠠᠢᠭᠤᠯᠬᠤ᠂ 《ᠺᠣᠳ᠋ ᠱᠢᠷᠪᠢᠵᠦ᠍ ᠠᠵᠤ ᠠᠬᠤᠢᠯᠠᠯ᠎ᠳᠤ ᠣᠷᠣᠭᠤᠯᠬᠤ》᠂ 《ᠶᠡᠷᠦᠩᠬᠡᠢᠯᠡᠨ ᠨᠢᠭᠡ ᠤᠳᠠᠭ᠎ᠠ ᠪᠠᠢᠴᠠᠭᠠᠬᠤ》 ᠵᠡᠷᠭᠡ ᠦᠶ᠋ᠯᠡᠴᠢᠯᠡᠭᠡᠨ᠎ᠦ ᠬᠢᠨᠠᠯᠲᠠ ᠬᠠᠮᠢᠶᠠᠷᠤᠯᠲᠠ᠎ᠶ᠋ᠢᠨ ᠱᠢᠨ᠎ᠡ᠎ᠶ᠋ᠢ ᠡᠭᠦᠳᠬᠦ᠌ ᠠᠷᠭ᠎ᠠ ᠬᠡᠮᠵᠢᠶ᠎ᠡ᠎ᠶ᠋ᠢ ᠲᠣᠳᠣᠷᠬᠠᠢᠯᠠᠪᠠ᠃
《〈ᠠᠵᠢᠯ᠎ᠢ ᠬᠠᠷᠰᠢᠯᠠᠬᠤ ᠦᠬᠡᠢ ᠪᠠᠷ ᠬᠢᠨᠠᠨ ᠬᠡᠮᠵᠢᠬᠦ᠌〉 ᠪᠠᠷ ᠵᠢᠯᠣᠭᠣᠳᠤᠮᠵᠢ ᠪᠣᠯᠭᠠᠵᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ 〈ᠲᠥᠷᠥ᠎ᠶ᠋ᠢᠨ ᠪᠣᠳᠣᠯᠭ᠎ᠠ᠎ᠪᠠᠷ ᠬᠥᠲᠥᠯᠥᠨ ᠳᠠᠭᠠᠭᠤᠯᠬᠤ〉 ᠡᠴᠡ 〈ᠬᠠᠤᠯᠢ᠎ᠪᠠᠷ ᠵᠠᠰᠠᠬᠤ ᠪᠡᠷ ᠬᠠᠮᠠᠭᠠᠯᠠᠯᠳᠠ ᠪᠤᠯᠭᠠᠬᠤ〉 ᠳᠠᠢᠰᠢ ᠠᠬᠢᠭᠤᠯᠵᠤ᠂ ᠠᠵᠤ ᠠᠬᠤᠢᠯᠠᠯ᠎ᠤᠨ ᠬᠢᠨ ᠥᠪᠥᠷ ᠮᠣᠩᠭᠣᠯ᠎ᠳᠤ ᠪᠠᠯᠠ ᠣᠷᠣᠭᠤᠯᠪᠠᠯ ᠨᠠᠩ ᠣᠯᠠᠨ ᠠᠱᠢᠭ ᠤᠯᠵᠠ ᠣᠯᠵᠤ᠂ ᠬᠥᠭ᠌ᠵᠢᠡ ᠪᠤᠵᠠᠭᠠᠢᠷᠠᠬᠤ ᠳ᠋ᠤ ᠨᠠᠩ ᠶᠡᠬᠡ ᠣᠷᠣᠨ ᠵᠠᠶ᠎ᠲᠠᠶ ᠪᠣᠯᠭᠠᠨ᠎ᠠ᠃ ᠥᠪᠡᠷᠲᠡᠭᠡᠨ ᠵᠠᠰᠠᠬᠤ ᠣᠷᠣᠨ᠎ᠤ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ᠎ᠦᠨ ᠬᠤᠯᠪᠤᠬᠳᠠᠯ ᠪᠥᠬᠥᠶ ᠬᠠᠷᠢᠭᠤᠴᠠᠯᠭᠠᠲᠠᠨ᠂ 《ᠠᠵᠢᠯ᠎ᠢ ᠬᠠᠷᠰᠢᠯᠠᠬᠤ ᠦᠬᠡᠢ ᠪᠠᠷ ᠬᠢᠨᠠᠨ ᠬᠡᠮᠵᠢᠬᠦ᠌》 ᠳ᠋ᠤ ᠭᠤᠷᠪᠠᠨ ᠦᠨᠳᠦᠰᠦᠨ ᠴᠢᠨᠠᠷᠲᠠᠶ ᠬᠤᠪᠢᠷᠠᠯᠲᠠ᠎ᠶ᠋ᠢ ᠪᠡᠶᠡᠯᠡᠭᠦᠯᠪᠡ᠄ 《ᠣᠷᠣᠨ ᠨᠤᠲᠤᠭ ᠲᠠᠭ᠍ᠯᠠᠨ ᠮᠡᠳᠡᠭᠦᠯᠵᠤ》 ᠪᠠᠢᠬᠰᠠᠨ ᠡᠴᠡ 《ᠲᠣᠭ᠎ᠠ ᠪᠠᠷᠢᠮᠲᠠ᠎ᠶ᠋ᠢ ᠱᠢᠭᠤᠳ ᠲᠠᠨᠢᠯᠴᠠᠭᠤᠯᠬᠤ》 ᠪᠣᠯᠭᠠᠨ ᠬᠤᠪᠢᠷᠠᠭᠤᠯᠵᠤ᠂ 70% ᠶ᠋ᠢᠨ ᠲᠣᠭ᠎ᠠ ᠪᠠᠷᠢᠮᠲᠠ᠎ᠶ᠋ᠢ ᠣᠷᠣᠨ᠎ᠤ ᠱᠢᠭᠤᠳ ᠬᠠᠷᠢᠶ᠎ᠠ ᠰᠠᠯᠠᠭ᠎ᠠ ᠮᠥᠴᠢᠷ ᠡᠴᠡ ᠱᠢᠭᠤᠳ ᠲᠠᠨᠢᠯᠴᠠᠭᠤᠯᠤᠨ ᠬᠦᠷᠭᠡᠵᠦ᠍᠂ ᠬᠣᠱᠢᠭᠤ ᠱᠢᠶᠠᠨ ᠲᠠᠭ᠍ᠯᠠᠨ ᠮᠡᠳᠡᠭᠦᠯᠬᠦ᠌ ᠥᠬᠡᠶ᠂ ᠠᠵᠤ ᠠᠬᠤᠢᠯᠠᠯ ᠪᠠ ᠣᠯᠠᠨ ᠲᠦᠮᠡᠨ᠎ᠢ 《ᠬᠠᠷᠱᠢᠯᠠᠬᠤ ᠥᠬᠡᠶ》 ᠵᠢ ᠪᠡᠶᠡᠯᠡᠬᠦᠯᠵᠤ᠂ ᠦᠨᠳᠦᠰᠦᠨ ᠱᠠᠲᠤᠨ᠎ᠤ ᠳᠠᠷᠤᠭᠠᠰᠤ᠎ᠶ᠋ᠢ ᠦᠨᠡᠨ ᠬᠦ᠌ ᠬᠥᠩᠭᠡᠷᠡᠭᠦᠯᠪᠡ; 《ᠬᠤᠪᠢ ᠥᠭ᠌ᠴᠦ ᠳ᠋ᠤᠭᠠᠷ᠎ᠢ ᠵᠢᠭ᠍ᠰᠠᠭᠠᠬᠤ》 ᠡᠴᠡ 《ᠣᠨᠢᠨ ᠳᠡᠭᠡᠷ᠎ᠡ᠎ᠨᠢ ᠦᠶ᠋ᠯᠡᠴᠢᠯᠡᠬᠦ᠌》 ᠳᠠᠢᠰᠢ ᠱᠢᠯᠵᠢᠵᠦ᠍᠂ ᠠᠰᠠᠭᠤᠳᠠᠯ᠎ᠤᠨ ᠨᠠᠷᠢᠨ ᠲᠠᠨᠭᠰᠠ᠎ᠶ᠋ᠢᠨ ᠬᠡᠯᠪᠡᠷᠢ᠎ᠪᠡᠷ ᠠᠢᠮᠠᠭ ᠬᠣᠲᠠ᠂ ᠬᠣᠱᠢᠭᠤ ᠱᠢᠶᠠᠨ᠎ᠳᠤ ᠳᠤᠲᠠᠭᠤᠳᠠᠯ᠎ᠢ ᠨᠢ ᠬᠠᠷᠢᠭᠤ ᠲᠤᠰᠭᠠᠵᠤ᠂ ᠲᠡᠷᠢᠭᠦᠨ᠎ᠦ ᠭᠠᠵᠠᠷ ᠣᠷᠣᠨ᠎ᠤ ᠲᠤᠷᠱᠢᠯᠭ᠎ᠠ ᠪᠠ ᠠᠷᠭ᠎ᠠ ᠪᠠᠷᠢᠯ᠎ᠢ ᠲᠠᠨᠢᠯᠴᠠᠭᠤᠯᠪᠠ; 《ᠣᠨ᠎ᠤ ᠦᠨᠡᠯᠡᠯᠲᠡ》 ᠡᠴᠡ 《ᠪᠠᠢᠩᠭᠤ ᠵᠢᠨ ᠬᠢᠨᠠᠨ ᠬᠡᠮᠵᠢᠯᠲᠡ》 ᠲᠡᠢᠰᠢ ᠱᠢᠯᠵᠢᠵᠦ᠍᠂ ᠠᠰᠠᠭᠤᠳᠠᠯ᠎ᠢ ᠬᠥᠳᠡᠯᠦᠩᠭᠦᠢ ᠪᠡᠷ ᠢᠯᠡᠷᠡᠭᠦᠯᠵᠦ᠍᠂ ᠴᠠᠭ ᠲᠤᠬᠠᠢᠳᠤᠨᠢ ᠴᠡᠭ᠌ᠴᠡᠯᠡᠨ ᠰᠠᠢᠵᠢᠷᠠᠭᠤᠯᠬᠤ᠎ᠶ᠋ᠢ ᠠᠬᠢᠭᠤᠯᠵᠤ᠂ ᠬᠢᠨᠠᠨ ᠬᠡᠮᠵᠢᠯᠲᠡ᠎ᠶ᠋ᠢ ᠦᠨᠡᠨ ᠬᠦ᠌ ᠥᠭᠡᠷᠡᠴᠢᠯᠡᠯᠲᠡ᠎ᠶ᠋ᠢ ᠵᠢᠯᠤᠭᠤᠳᠬᠤ 《ᠳᠣᠬᠢᠭᠤᠷ》 ᠪᠣᠯᠭᠠᠪᠠ᠃
ᠣᠷᠳᠣᠰ ᠬᠣᠲᠠ᠎ᠶ᠋ᠢᠨ ᠳ᠋ᠦᠩᠱᠧᠩ ᠲᠣᠭᠣᠷᠢᠭ 《ᠳᠡᠯᠭᠡᠭᠦᠷ ᠨᠡᠭᠡᠭᠡᠬᠦ᠌ ᠲᠤᠰᠠᠯᠠᠭ᠍ᠴᠢ》 ᠲᠠᠪᠴᠠᠩ᠎ᠢ ᠪᠠᠢᠭᠤᠯᠵᠤ᠂ ᠦᠶ᠋ᠯᠡᠰ ᠪᠤᠰᠬᠠᠬᠴᠢᠳ᠎ᠲᠤ ᠰᠦᠶ᠋ᠳᠭᠡᠯ ᠬᠤᠷᠢᠶᠠᠬᠤ ᠥᠬᠡᠶ᠎ᠪᠡᠷ ᠬᠥᠮᠦᠨ ᠠᠮᠠ᠎ᠶ᠋ᠢᠨ ᠲᠠᠷᠬᠠᠯᠲᠠ᠂ ᠠᠵᠢᠯ ᠲᠥᠷᠥᠯ᠎ᠦᠨ ᠦᠶᠡᠯᠡᠯ᠎ᠤᠨ ᠬᠤᠭᠤᠴᠠᠭ᠎ᠠ᠂ ᠬᠤᠳᠠᠯᠳᠤᠭᠠᠨ᠎ᠤ ᠲᠣᠭᠣᠷᠢᠭ᠎ᠤᠨ ᠵᠠᠳᠠᠯᠤᠯᠲᠠ ᠵᠡᠷᠭᠡ ᠲᠣᠭ᠎ᠠ ᠪᠠᠷᠢᠮᠲᠠ᠎ᠶ᠋ᠢᠨ ᠦᠶ᠋ᠯᠡᠴᠢᠯᠡᠭᠡ ᠵᠢᠴᠢ AI ᠪᠡᠷ ᠨᠡᠷ᠎ᠡ ᠥᠭ᠌ᠬᠦ᠂ ᠭᠠᠵᠠᠷ᠎ᠤᠨ ᠵᠢᠷᠤᠭ᠎ᠤᠨ ᠬᠠᠶᠢᠭ ᠰᠣᠩᠭᠣᠬᠤ ᠵᠡᠷᠭᠡ ᠦᠶ᠋ᠯᠡᠴᠢᠯᠡᠭᠡ ᠬᠠᠩᠭᠠᠵᠤ᠂ ᠣᠳᠣᠬᠠᠨ᠎ᠳᠤ ᠨᠢᠭᠡᠨᠲᠡ ᠰᠦᠶ᠋ᠳᠭᠡᠯ ᠬᠤᠷᠢᠶᠠᠬᠤ ᠥᠬᠡᠶ᠎ᠪᠡᠷ 1638 ᠬᠤᠪᠢ ᠪᠠᠢᠴᠠᠭᠠᠨ ᠰᠤᠳᠤᠯᠤᠯᠲᠠ᠎ᠶ᠋ᠢᠨ ᠮᠡᠳᠡᠭᠦᠯᠦᠯᠲᠡ ᠶᠢ ᠭᠠᠷᠭᠠᠵᠤ ᠦᠭᠴᠠᠢ᠃
ᠣᠷᠳᠣᠰ ᠬᠣᠲᠠ᠎ᠶ᠋ᠢᠨ ᠣᠷᠣᠨ ᠰᠠᠭᠤᠴᠠ ᠪᠠ ᠬᠣᠲᠠ ᠬᠥᠳᠡᠭᠡ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠲᠣᠪᠴᠢᠶ᠎ᠠ ᠪᠠᠰᠠ ᠤᠯᠤᠰ᠎ᠤᠨ ᠲᠥᠷᠥ᠎ᠶ᠋ᠢᠨ ᠪᠣᠳᠣᠯᠭ᠎ᠠ᠎ᠪᠠᠷ ᠦᠨᠳᠦᠰᠦᠯᠡᠯ ᠪᠣᠯᠭᠠᠵᠤ᠂ 《ᠨᠢᠭᠡ ᠺᠣᠳ᠋ᠵᠢᠡᠷ ᠬᠣᠯᠪᠣᠵᠤ᠂ ᠪᠥᠬᠥ᠌ ᠬᠡᠯᠬᠢᠶ᠎ᠡ᠎ᠪᠡᠷ ᠡᠵᠡᠮᠳᠡᠵᠦ᠍ ᠪᠣᠯᠬᠤ》 ᠬᠠᠮᠢᠶᠠᠷᠤᠯᠲᠠ᠎ᠶ᠋ᠢᠨ ᠵᠠᠭ᠍ᠪᠤᠷ᠎ᠤᠨ ᠱᠢᠨ᠎ᠡ᠎ᠶ᠋ᠢ ᠡᠭᠦᠳᠴᠤ᠂ 32 ᠣᠷᠣᠨ ᠪᠠᠢᠷᠢ᠎ᠶ᠋ᠢᠨ ᠪᠠᠷᠢᠮᠵᠢᠶᠠᠵᠢᠭ᠍ᠰᠠᠨ ᠪᠠᠷᠢᠯᠭ᠎ᠠ᠎ᠶ᠋ᠢᠨ ᠲᠠᠩ ᠴᠣᠭ᠍ᠴᠠ᠎ᠶ᠋ᠢᠨ ᠨᠣᠮᠧᠷ᠎ᠢᠶᠡᠷ ᠭᠤᠤᠯ ᠪᠣᠯᠭᠠᠵᠤ᠂ ᠲᠥᠷᠥᠯ ᠵᠦᠶ᠋ᠯ᠎ᠦᠨ ᠨᠠᠶ᠋ᠮᠠᠨ ᠶᠡᠬᠡ ᠭᠤᠤᠯ ᠭᠣᠭ᠍ᠴᠣᠭ᠎ᠠ᠎ᠶ᠋ᠢ ᠲᠤᠭᠤᠰᠢᠯᠠᠭᠤᠯᠵᠤ᠂ 16 ᠰᠠᠯᠠᠭ᠎ᠠ ᠮᠥᠴᠢᠷ᠎ᠦᠨ ᠱᠢᠰᠲ᠋ᠧᠮ᠎ᠢ ᠬᠥᠨᠳᠡᠯᠡᠨ᠎ᠢᠶᠡᠷ ᠨᠡᠪᠲᠡᠷᠡᠭᠦᠯᠵᠦ᠍᠂ ᠬᠣᠲᠠ ᠬᠣᠱᠢᠭᠤᠨ᠎ᠤ ᠬᠣᠶᠠᠷ ᠳᠡᠰ᠎ᠤᠨ ᠲᠠᠪᠴᠠᠩ᠎ᠢ ᠭᠤᠯᠳᠤ᠎ᠪᠠᠷ ᠨᠡᠪᠲᠡᠷᠡᠭᠦᠯᠵᠦ᠍᠂ ᠲᠣᠭ᠎ᠠ ᠪᠠᠷᠢᠮᠲᠠ᠎ᠶ᠋ᠢ ᠴᠠᠭ ᠲᠤᠬᠠᠶ᠎ᠳᠤᠨᠢ ᠬᠠᠮᠲᠤ᠎ᠪᠠᠷ ᠡᠳ᠋ᠯᠡᠬᠦ ᠪᠠ ᠪᠥᠬᠥ᠌ ᠦᠶᠡᠯᠡᠯ᠎ᠦᠨ ᠬᠤᠭᠤᠴᠠᠭᠠᠨ᠎ᠳᠤ ᠴᠤᠭ᠍ᠯᠠᠭᠤᠯᠤᠨ ᠨᠡᠢᠯᠡᠭᠦᠯᠬᠦ᠌᠎ᠶ᠋ᠢ ᠪᠡᠶᠡᠯᠡᠭᠦᠯᠵᠦ᠍᠂ 《ᠨᠢᠭᠡ ᠺᠣᠳ᠋ᠵᠢᠡᠷ ᠬᠣᠯᠪᠣᠵᠤ᠂ ᠪᠥᠬᠥ᠌ ᠬᠡᠯᠬᠢᠶ᠎ᠡ᠎ᠪᠡᠷ ᠡᠵᠡᠮᠳᠡᠵᠦ᠍ ᠪᠣᠯᠬᠤ》 ᠲᠣᠭᠠᠴᠢᠯᠠᠭ᠍ᠰᠠᠨ ᠵᠠᠰᠠᠯᠲᠠ᠎ᠶ᠋ᠢᠨ ᠱᠢᠰᠲ᠋ᠧᠮ᠎ᠢ ᠪᠠᠢᠭᠤᠯᠵᠤ᠂ ᠢᠨᠵᠧᠨᠧᠷᠢᠩ᠎ᠦᠨ ᠪᠥᠲᠥᠭᠡᠨ ᠪᠠᠢᠭᠤᠯᠤᠯᠲᠠ᠎ᠶ᠋ᠢᠨ ᠬᠦᠷᠢᠶᠡᠨ᠎ᠳᠡᠬᠢ 《ᠬᠢᠨᠠᠨ ᠵᠥᠪᠱᠢᠶᠡᠷᠡᠬᠦ᠌᠎ᠨᠢ ᠶᠠᠷᠱᠢᠭ᠍ᠲᠠᠶ᠂ ᠲᠣᠭ᠎ᠠ ᠪᠠᠷᠢᠮᠲᠠ ᠲᠦᠭ᠌ᠵᠢᠷᠡᠬᠦ᠌᠂ ᠬᠢᠨᠠᠯᠲᠠ ᠬᠠᠮᠢᠶᠠᠷᠤᠯᠲᠠ ᠲᠠᠷᠠᠬᠠᠢ ᠪᠤᠳᠠᠷᠬᠠᠢ ᠪᠠᠢᠬᠤ》 ᠲᠤᠳᠠᠭᠤᠳᠠᠯ᠎ᠢ ᠱᠢᠶ᠋ᠳᠪᠦᠷᠢᠯᠡᠪᠡ᠃
ᠱᠢᠯᠢ᠎ᠶ᠋ᠢᠨ ᠭᠤᠤᠯ ᠠᠢᠮᠠᠭ 《ᠦᠨᠡᠯᠡᠨ ᠲᠣᠭ᠍ᠲᠠᠭᠠᠬᠤ᠎ᠶ᠋ᠢ ᠰᠠᠯᠭᠠᠬᠤ》 ᠥᠭᠡᠷᠡᠴᠢᠯᠡᠯᠲᠡ᠎ᠶ᠋ᠢ ᠬᠡᠷᠡᠭ᠌ᠵᠢᠭᠦᠯᠵᠦ᠍᠂ ᠲᠥᠷᠥᠯ ᠵᠦᠶ᠋ᠯ᠎ᠦᠨ ᠡᠮᠦᠨᠡᠬᠢ ᠬᠤᠭᠤᠴᠠᠭᠠᠨ᠎ᠤ ᠦᠶᠡᠯᠡᠯ᠎ᠦᠨ ᠬᠤᠭᠤᠴᠠᠭ᠎ᠠ᠎ᠶ᠋ᠢ 20% ᠪᠠᠷ ᠪᠣᠭᠣᠨᠢᠰᠭᠠᠨ᠂ ᠠᠵᠤ ᠠᠬᠤᠢᠯᠠᠯ᠎ᠤᠨ ᠳᠠᠭᠠᠭᠠᠴᠢᠯᠠᠯᠲᠠ ᠬᠦᠯᠢᠶᠡᠬᠦ᠌ ᠥᠪᠡᠷ᠎ᠦᠨ ᠥᠷᠲᠡᠭ᠎ᠢ 15% ᠡᠴᠡ ᠳᠡᠭᠡᠭ᠌ᠰᠢ᠎ᠪᠡᠷ ᠪᠠᠭᠤᠷᠠᠭᠤᠯᠪᠠ᠃
᠁
ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠱᠢᠯᠢᠳᠡᠭ᠌ᠵᠢᠭᠦᠯᠵᠦ᠍᠂ ᠬᠥᠭ᠌ᠵᠢᠯᠲᠡ᠎ᠶ᠋ᠢᠨ ᠱᠢᠮᠡᠯᠢᠭ ᠬᠥᠷᠥᠰᠥ᠎ᠶ᠋ᠢ ᠵᠤᠵᠠᠭᠠᠳᠭᠠᠨ᠎ᠠ᠃ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠦᠨ 《ᠠᠵᠢᠯ᠎ᠢ ᠬᠠᠷᠰᠢᠯᠠᠬᠤ ᠦᠬᠡᠢ ᠪᠠᠷ ᠬᠢᠨᠠᠨ ᠬᠡᠮᠵᠢᠬᠦ᠌》 ᠱᠢᠰᠲ᠋ᠧᠮ᠎ᠢ ᠪᠠᠢᠭᠤᠯᠬᠤ ᠵᠡᠷᠭᠡ ᠱᠢᠨ᠎ᠡ᠎ᠶ᠋ᠢ ᠡᠭᠦᠳᠦᠭᠰᠡᠨ ᠠᠷᠭ᠎ᠠ ᠬᠡᠮᠵᠢᠶ᠎ᠡ᠎ᠪᠡᠷ ᠳᠠᠮᠵᠢᠨ᠂ ᠠᠵᠤ ᠠᠬᠤᠢᠯᠠᠯ᠎ᠳᠤ ᠠᠱᠢᠭ ᠬᠦᠷᠲᠡᠭᠡᠬᠦ᠌ ᠲᠥᠷᠥ᠎ᠶ᠋ᠢᠨ ᠪᠣᠳᠣᠯᠭ᠎ᠠ᠎ᠶ᠋ᠢ ᠨᠠᠷᠢᠯᠢᠭ ᠣᠨᠣᠴᠠᠲᠠᠶ᠎ᠪᠠᠷ ᠨᠠᠢᠳᠠᠪᠤᠷᠢᠵᠢᠭᠤᠯᠵᠤ᠂ ᠡᠵᠡᠩᠨᠡᠯᠲᠡ᠎ᠶ᠋ᠢᠨ ᠭᠤᠤᠯ ᠴᠣᠭ᠍ᠴᠠ᠎ᠳᠤ ᠥᠨᠳᠥᠷ ᠪᠦᠲᠦᠮᠵᠢᠲᠡᠶ ᠪᠥᠭᠡᠳ ᠳᠥᠭᠥᠮ᠂ ᠬᠠᠯᠠᠭᠤᠨ ᠳᠤᠯᠠᠭᠠᠨ ᠪᠥᠭᠡᠳ ᠲᠦᠷᠬᠡᠨ ᠪᠠᠢᠬᠤ ᠲᠥᠷᠥᠭ᠌ᠳᠡᠯ ᠣᠯᠭᠣᠪᠠ᠃
《ᠠᠵᠢᠯ ᠶᠠᠪᠤᠳᠠᠯ ᠭᠦᠢᠴᠡᠳᠭᠡᠬᠦ᠌᠎ᠳᠡᠭᠡᠨ ᠤᠷᠤᠭ᠍ᠰᠢᠲᠠᠢ ᠪᠠᠢᠬᠤ ᠭᠡᠳᠡᠭ ᠨᠢ ᠵᠠᠰᠠᠭ᠎ᠤᠨ ᠶᠠᠪᠤᠳᠠᠯ᠎ᠤᠨ ᠦᠢᠯᠡᠴᠢᠯᠡᠭᠡ᠎ᠶ᠋ᠢ ᠦᠷᠭᠦᠯᠵᠢᠯᠡᠨ ᠱᠢᠯᠢᠳᠡᠭ᠌ᠵᠢᠭᠦᠯᠵᠦ᠍᠂ ᠠᠵᠤ ᠠᠬᠤᠢᠯᠠᠯ᠎ᠢ ᠨᠠᠭᠠᠰᠢ ᠴᠠᠭᠠᠰᠢ ᠳᠤᠲᠠᠭᠤ ᠭᠦᠶᠦᠯᠭᠡᠵᠦ᠍᠂ ᠳᠤᠲᠠᠭᠤ ᠵᠣᠭᠣᠰ ᠵᠠᠷᠤᠴᠠᠭᠤᠯᠬᠤ᠎ᠶ᠋ᠢ ᠬᠡᠯᠡᠵᠦ᠍ ᠪᠠᠢᠨ᠎ᠠ》᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠶ᠎ᠶ᠋ᠢᠨ ᠬᠥᠭ᠌ᠵᠢᠯᠲᠡ᠎ᠶ᠋ᠢᠨ ᠦᠶ᠋ᠯᠡᠴᠢᠯᠡᠭᠡᠨ᠎ᠦ ᠲᠣᠪᠴᠢᠶ᠎ᠠ᠎ᠶ᠋ᠢᠨ ᠬᠣᠯᠪᠣᠭ᠍ᠳᠠᠯ ᠪᠥᠬᠥᠶ ᠬᠠᠷᠢᠭᠤᠴᠠᠯᠭᠠᠲᠠᠨ᠂ 《ᠪᠢᠳᠡ 〈ᠰᠦᠯᠵᠢᠶᠡᠨ ᠳᠡᠭᠡᠷᠡᠬᠢ + ᠪᠤᠳᠠᠳᠤ ᠴᠤᠭᠴᠠ〉 ᠶ᠋ᠢ ᠤᠶᠠᠯᠳᠤᠭᠤᠯᠤᠭ᠍ᠰᠠᠨ ᠬᠦᠰᠡᠯ ᠱᠠᠭᠠᠷᠳᠠᠯᠭ᠎ᠠ᠎ᠶ᠋ᠢ ᠭᠥᠯᠢᠶᠡᠨ ᠠᠪᠴᠤ᠌ ᠱᠢᠶ᠋ᠳᠪᠦᠷᠢᠯᠡᠬᠦ᠌ ᠱᠢᠰᠲ᠋ᠧᠮ᠎ᠢ ᠪᠠᠢᠭᠤᠯᠪᠠ᠃ ᠪᠤᠳᠠᠳᠤ ᠴᠤᠭᠴᠠᠳᠤ ᠭᠤᠤᠯᠳᠠᠯᠭ᠎ᠠ᠎ᠲᠠᠶ ᠠᠷᠠᠳ᠎ᠤᠨ ᠡᠵᠡᠨᠭᠨᠡᠯᠲᠡ᠎ᠶᠢᠨ ᠠᠵᠤ ᠠᠬᠤᠢᠯᠠᠯ᠎ᠲᠠᠶ ᠱᠢᠭᠤᠳ ᠬᠠᠷᠢᠯᠴᠠᠵᠤ ᠦᠶ᠋ᠯᠡᠴᠢᠯᠡᠬᠦ᠌ ᠠᠵᠢᠯ᠎ᠤᠨ ᠲᠣᠭ᠍ᠲᠠᠴᠠ᠎ᠶ᠋ᠢ ᠪᠠᠢᠭᠤᠯᠵᠤ᠂ ᠭᠤᠤᠯᠳᠠᠯᠭ᠎ᠠ᠎ᠲᠠᠶ ᠠᠵᠤ ᠠᠬᠤᠢᠯᠠᠯ᠎ᠢ 〈ᠲᠤᠰᠭᠠᠶ ᠬᠥᠮᠦᠨ ᠬᠠᠮᠢᠶᠠᠷᠴᠤ〉᠂ 〈ᠮᠦᠷᠳᠡᠵᠤ ᠲᠠᠭᠠᠬᠤ ᠤᠳᠤᠷᠢᠳᠤᠯᠭ᠎ᠠ ᠲᠠᠢ〉 ᠪᠣᠯᠭᠠᠨ᠎ᠠ᠃ ᠰᠦᠯᠵᠢᠶᠡᠨ ᠳᠡᠭᠡᠷ᠎ᠡ 〈ᠮᠸᠩ ᠴᠢ ᠲᠦᠩ〉 ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠶ᠎ᠶ᠋ᠢᠨ ᠶᠡᠷᠦᠩᠬᠡᠢᠯᠡᠭ᠌ᠰᠡᠨ ᠦᠶ᠋ᠯᠡᠴᠢᠯᠡᠭᠡᠨ᠎ᠦ ᠲᠠᠪᠴᠠᠩ᠎ᠳᠤ ᠲᠦᠱᠢᠭ᠌ᠯᠡᠨ᠂ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢ ᠵᠢᠨ ᠡᠵᠡᠩᠨᠡᠯᠳᠠ ᠵᠢᠨ ᠭᠤᠤᠯ ᠴᠣᠭ᠍ᠴᠠ᠎ᠳᠤ ᠬᠠᠨᠳᠤᠭᠤᠯᠤᠨ ᠠᠰᠠᠭᠤᠳᠠᠯ᠎ᠢ ᠭᠥᠯᠢᠶᠡᠨ ᠠᠪᠴᠤ᠌ ᠱᠢᠶ᠋ᠳᠪᠦᠷᠢᠯᠡᠨ᠎ᠠ᠂ ᠠᠵᠤ ᠠᠬᠤᠢᠯᠠᠯ ᠬᠦᠴᠢᠷᠳᠡᠯ᠎ᠳᠦ ᠲᠤᠯᠭᠠᠷᠠᠪᠠᠯ ᠭᠠᠷ ᠤᠲᠠᠰᠤᠨ ᠳᠡᠭᠡᠷ᠎ᠡ᠎ᠪᠡᠨ ᠲᠤᠰᠭᠠᠵᠤ ᠪᠣᠯᠤᠨ᠎ᠠ᠃ ᠡᠨᠡ ᠵᠢᠯ᠂ ᠪᠢᠳᠡ 〈ᠨᠢᠭᠡ ᠶᠠᠪᠤᠳᠠᠯ᠎ᠢ ᠥᠨᠳᠥᠷ ᠪᠦᠲᠦᠮᠵᠢᠲᠡᠶ᠎ᠪᠡᠷ ᠭᠦᠶ᠋ᠴᠡᠳᠭᠡᠬᠦ᠌〉 ᠶ᠋ᠢ ᠨᠠᠩ ᠣᠯᠠᠨ ᠬᠦᠷᠢᠶ᠎ᠡ ᠴᠠᠷᠠᠭ᠎ᠠ ᠳᠠᠢᠰᠢ ᠤᠷᠲᠤᠳᠭᠠᠬᠤ᠎ᠶ᠋ᠢ ᠭᠤᠤᠯᠳᠠᠯᠭ᠎ᠠ᠎ᠲᠠᠶ ᠠᠬᠢᠭᠤᠯᠵᠤ᠂ ᠪᠠᠷᠢᠯᠭ᠎ᠠ᠎ᠶ᠋ᠢᠨ ᠪᠥᠲᠥᠭᠡᠨ ᠪᠠᠢᠭᠤᠯᠤᠯᠲᠠ᠂ ᠠᠵᠤ ᠠᠬᠤᠢᠯᠠᠯ ᠡᠷᠭᠢᠯᠡᠨ ᠪᠠᠢᠭᠤᠯᠬᠤ᠂ ᠲᠥᠷᠥᠯ ᠵᠦᠶ᠋ᠯ᠎ᠢ ᠬᠢᠨᠠᠨ ᠵᠥᠪᠱᠢᠶᠡᠷᠡᠬᠦ᠌ ᠵᠡᠷᠭᠡ ᠭᠤᠤᠯᠳᠠᠯᠭ᠎ᠠ᠎ᠲᠠᠶ ᠲᠠᠯ᠎ᠠ᠎ᠳᠤ ᠱᠢᠪᠲᠤᠯᠤᠯᠲᠠ ᠭᠠᠷᠭᠠᠬᠤ᠎ᠪᠠᠷ ᠴᠢᠷᠮᠠᠢᠨ᠎ᠠ᠃ ᠡᠭᠦᠨ᠎ᠦ ᠬᠠᠮᠲᠤ 〈ᠵᠣᠬᠢᠶᠠᠮᠠᠯ ᠣᠶᠤᠨ ᠴᠢᠳᠠᠪᠤᠷᠢ + ᠵᠠᠰᠠᠭ᠎ᠤᠨ ᠶᠠᠪᠤᠳᠠᠯ〉᠎ᠤ᠋ᠨ ᠬᠡᠷᠡᠭ᠌ᠯᠡᠭᠡᠨ᠎ᠦ ᠪᠠᠢᠳᠠᠯ᠎ᠢ ᠰᠦᠪᠡᠭ᠌ᠴᠢᠯᠡᠵᠦ᠍᠂ ᠲᠣᠭ᠎ᠠ ᠪᠠᠷᠢᠮᠲᠠ᠎ᠶ᠋ᠢ ᠢᠯᠡᠭᠦᠬᠡᠨ ᠭᠦᠶᠦᠯᠭᠡᠵᠦ᠍᠂ ᠠᠵᠤ ᠠᠬᠤᠢᠯᠠᠯ᠎ᠢ ᠳᠤᠲᠠᠭᠤ ᠭᠦᠶᠦᠯᠭᠡᠨᠠ》 ᠭᠡᠵᠤ ᠲᠠᠨᠢᠯᠴᠠᠭᠤᠯᠪᠠ᠃
2025 ᠣᠨ᠎ᠳᠤ᠂ ᠥᠪᠥᠷ ᠮᠣᠩᠭᠣᠯ 1.5 ᠳ᠋ᠦᠩᠱᠢᠭᠤᠷ ᠲᠥᠭᠥᠷᠢᠭ᠎ᠦᠨ ᠰᠤᠳᠤᠯᠤᠨ ᠨᠡᠭᠡᠭᠡᠬᠦ᠌ ᠱᠠᠩᠨᠠᠯ ᠨᠥᠬᠥᠪᠥᠷᠢ᠎ᠶ᠋ᠢᠨ ᠪᠠᠯᠠ ᠮᠥᠩᠭᠥ᠌ ᠵᠢ ᠲᠣᠬᠢᠷᠠᠭᠤᠯᠵᠤ ᠠᠵᠤ ᠠᠬᠤᠢᠯᠠᠯ᠎ᠤᠨ ᠱᠢᠨ᠎ᠡ᠎ᠶ᠋ᠢ ᠡᠭᠦᠳᠬᠦ᠌ ᠠᠮᠢᠵᠢᠷᠠᠯ᠎ᠤᠨ ᠬᠦᠴᠦᠨ᠎ᠢ ᠬᠥᠭ᠌ᠵᠢᠭᠡᠬᠦ᠌᠎ᠳᠦ ᠬᠡᠷᠡᠭ᠌ᠯᠡᠪᠡ᠃ ᠡᠨᠡ ᠵᠢᠯ᠂ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠲᠤᠰᠭᠠᠶ ᠪᠠᠯᠠ ᠮᠥᠩᠭᠥ᠌ ᠵᠢ ᠳᠠᠬᠢᠨ᠎ᠢᠶᠠᠷ ᠨᠡᠮᠡᠭ᠌ᠳᠡᠬᠦᠯᠵᠦ᠍᠂ ᠠᠵᠤ ᠦᠶ᠋ᠯᠡᠰ᠎ᠦᠨ ᠰᠠᠭᠤᠷᠢ ᠮᠥᠩᠭᠥ᠎ᠶ᠋ᠢᠨ ᠳᠤᠤᠷ᠎ᠠ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠬᠤᠪᠢᠶᠠᠷᠢ ᠰᠠᠭᠤᠷᠢ ᠮᠥᠩᠭᠥ᠌ ᠵᠢ ᠪᠠᠢᠭᠤᠯᠵᠤ᠂ ᠮᠥᠩᠭᠥᠨ ᠭᠦᠶ᠋ᠯᠭᠡᠭᠡᠨ᠎ᠦ ᠪᠠᠢᠭᠤᠯᠤᠮᠵᠢ᠎ᠶ᠋ᠢ ᠬᠥᠲᠥᠯᠥᠨ ᠵᠢᠯᠣᠭᠣᠳᠴᠤ᠌ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠵᠢᠭᠡᠯᠡᠯᠭᠡ᠂ ᠦᠷ᠎ᠡ ᠪᠦᠲᠦᠭᠡᠯ᠎ᠢ ᠤᠨᠳᠤᠤᠰᠢᠭᠤᠯᠬᠤ ᠵᠢᠭᠡᠯᠡᠯᠭᠡ ᠵᠡᠷᠭᠡ ᠦᠶ᠋ᠯᠡᠳᠬᠦᠨ᠎ᠢ ᠨᠡᠭᠡᠭᠡᠨ ᠬᠥᠭ᠌ᠵᠢᠭᠦᠯᠵᠦ᠍᠂ ᠨᠠᠩ ᠣᠯᠠᠨ ᠠᠵᠤ ᠠᠬᠤᠢᠯᠠᠯ᠎ᠢ ᠳᠤᠷᠠᠲᠠᠶ᠎ᠠ ᠱᠢᠨ᠎ᠡ᠎ᠶ᠋ᠢ ᠡᠭᠦᠳᠬᠦ᠌᠂ ᠵᠣᠷᠢᠭ᠍ᠲᠠᠶ᠎ᠪᠠᠷ ᠱᠢᠨ᠎ᠡ᠎ᠶ᠋ᠢ ᠡᠭᠦᠳᠬᠦ᠌᠂ ᠴᠢᠳᠠᠮᠠᠭᠠᠶ᠎ᠪᠠᠷ ᠱᠢᠨ᠎ᠡ᠎ᠶ᠋ᠢ ᠡᠭᠦᠳᠬᠦ᠌ ᠵᠢ ᠠᠬᠢᠭᠤᠯᠪᠠ᠃ ᠡᠭᠦᠨ᠎ᠦ ᠬᠠᠮᠲᠤ᠂ ᠠᠷᠠᠳ᠎ᠤᠨ ᠡᠵᠡᠨᠭᠨᠡᠯᠲᠡ᠎ᠶᠢᠨ ᠠᠵᠤ ᠠᠬᠤᠢᠯᠠᠯ᠎ᠤᠨ ᠥᠪᠡᠷᠲᠡᠭᠡᠨ ᠵᠠᠰᠠᠬᠤ ᠣᠷᠣᠨ᠎ᠤ ᠴᠢᠬᠤᠯᠠ ᠶᠡᠬᠡ ᠵᠢᠱ᠌ᠢᠶ᠎ᠡ ᠦᠵᠡᠭᠦᠯᠬᠦ᠌ ᠢᠨᠵᠧᠨᠧᠷᠢᠩ᠂ ᠭᠤᠤᠯᠳᠠᠯᠭ᠎ᠠ᠎ᠲᠠᠶ ᠰᠤᠳᠤᠯᠤᠨ ᠨᠡᠭᠡᠭᠡᠬᠦ᠌ ᠲᠥᠯᠥᠪᠯᠡᠭᠡ᠎ᠶ᠋ᠢ ᠲᠦᠷᠦᠭᠦᠯᠡᠨ ᠬᠡᠷᠡᠭ᠌ᠵᠢᠭᠦᠯᠬᠦ᠌᠎ᠶ᠋ᠢ ᠵᠣᠷᠢᠭ᠍ᠵᠢᠭᠤᠯᠵᠤ᠂ ᠵᠠᠩᠭᠢᠯᠠᠭ᠎ᠠ᠎ᠶ᠋ᠢᠨ ᠨᠡᠢᠲᠡᠯᠢᠭ ᠴᠢᠨᠠᠷᠲᠠᠶ ᠮᠡᠷᠭᠡᠵᠢᠯ ᠵᠢᠴᠢ ᠠᠩᠬᠠᠨ᠎ᠤ ᠰᠠᠭᠤᠷᠢ (ᠢᠵᠢ) ᠲᠣᠨᠣᠭ ᠲᠥᠬᠥᠭᠡᠷᠦᠮᠵᠢ᠎ᠶ᠋ᠢ ᠰᠤᠳᠤᠯᠤᠨ ᠨᠡᠭᠡᠭᠡᠬᠦ᠌ ᠪᠠ ᠳᠡᠯᠭᠡᠷᠡᠭᠦᠯᠦᠨ ᠬᠡᠷᠡᠭ᠌ᠯᠡᠬᠦ᠌᠎ᠶ᠋ᠢ ᠳᠡᠮᠵᠢᠨ᠎ᠡ᠃
ᠡᠯ᠎ᠡ ᠭᠠᠵᠠᠷ᠎ᠤᠨ᠎ᠬᠢᠨ ᠬᠤᠳᠠᠯᠳᠤᠭ᠎ᠠ ᠡᠷᠬᠢᠯᠡᠬᠦ᠌ ᠣᠷᠴᠢᠨ ᠨᠦᠬᠦᠴᠡᠯ᠎ᠢ ᠱᠢᠯᠢᠳᠡᠭ᠌ᠵᠢᠭᠦᠯᠬᠦ᠌ ᠣᠯᠠᠨ ᠵᠦᠶ᠋ᠯ᠎ᠦᠨ 《ᠬᠠᠮ ᠠᠷᠭ᠎ᠠ ᠬᠡᠮᠵᠢᠶ᠎ᠡ》᠎ᠶ᠋ᠢ ᠨᠡᠢᠳᠡᠯᠡᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ 《1571》 ᠠᠵᠢᠯ᠎ᠤᠨ ᠪᠠᠢᠷᠢᠯᠠᠭᠤᠯᠤᠯᠲᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠠᠵᠤ ᠠᠬᠤᠢᠯᠠᠯ᠎ᠤᠨ ᠥᠪᠥᠷ ᠮᠣᠩᠭᠣᠯ᠎ᠳᠤ ᠠᠵᠢᠯ ᠶᠠᠪᠤᠳᠠᠯ ᠭᠦᠶ᠋ᠴᠡᠳᠭᠡᠬᠦ᠌᠎ᠳᠦ ᠤᠷᠤᠭ᠍ᠰᠢᠲᠠᠶ᠂ ᠪᠠᠯᠠ ᠣᠷᠣᠭᠤᠯᠤᠯᠲᠠ ᠬᠢᠬᠦ᠌᠎ᠳᠦ ᠰᠠᠨᠠᠭ᠎ᠠ ᠠᠮᠤᠷ᠂ ᠡᠵᠡᠩᠨᠡᠯᠲᠡ᠎ᠨᠢ ᠲᠠᠭᠠᠯᠠᠮᠵᠢᠲᠠᠶ᠂ ᠬᠥᠭ᠌ᠵᠢᠯᠲᠡ᠎ᠨᠢ ᠰᠠᠢᠨ ᠪᠠᠢᠬᠤ᠎ᠶ᠋ᠢ ᠪᠡᠶᠡᠯᠡᠭᠦᠯᠪᠡ᠃ ᠪᠦᠷᠢᠳᠭᠡᠯ᠎ᠳᠦ ᠢᠯᠡᠷᠡᠭᠦᠯᠦᠭ᠌ᠰᠡᠨ᠎ᠢᠶᠡᠷ᠄ 2026 ᠣᠨ᠎ᠤ 2 ᠰᠠᠷ᠎ᠠ᠎ᠶ᠋ᠢᠨ ᠡᠴᠦᠰ ᠪᠣᠯᠲᠠᠯ᠎ᠠ᠂ ᠪᠥᠬᠥ᠌ ᠣᠷᠣᠨ᠎ᠤ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠶ᠎ᠶ᠋ᠢᠨ ᠡᠵᠡᠩᠨᠡᠯᠲᠡ᠎ᠶ᠋ᠢᠨ ᠭᠤᠤᠯ ᠴᠣᠭ᠍ᠴᠠ᠎ᠶ᠋ᠢᠨ ᠶᠡᠷᠦᠩᠬᠡᠶ ᠬᠡᠮᠵᠢᠶ᠎ᠡ (ᠬᠤᠪᠢ᠎ᠶ᠋ᠢᠨ ᠡᠵᠡᠩᠨᠡᠯᠲᠡ᠎ᠶ᠋ᠢᠨ ᠠᠵᠤ ᠠᠬᠤᠢᠯᠠᠯ᠂ ᠦᠶ᠋ᠯᠡᠳᠪᠦᠷᠢ ᠬᠤᠳᠠᠯᠳᠤᠭᠠᠨ᠎ᠤ ᠬᠤᠪᠢ ᠡᠷᠦᠬᠡ) 290.69 ᠲᠦᠮᠡᠨ ᠡᠷᠦᠬᠡ᠎ᠳᠦ ᠬᠦᠷᠴᠦ᠍᠂ ᠠᠳᠠᠯᠢ ᠬᠤᠭᠤᠴᠠᠭᠠᠨ᠎ᠤ᠎ᠬᠢ᠎ᠡᠴᠡ 5.17% ᠪᠠᠷ ᠨᠡᠮᠡᠭ᠌ᠳᠡᠵᠦ᠍᠂ ᠪᠥᠬᠥ᠌ ᠡᠵᠡᠩᠨᠡᠯᠲᠡ᠎ᠶ᠋ᠢᠨ ᠭᠤᠤᠯ ᠴᠣᠭ᠍ᠴᠠ᠎ᠶ᠋ᠢᠨ 94.99%᠎ᠶ᠋ᠢ ᠡᠵᠡᠯᠡᠪᠡ; 2026 ᠣᠨ᠎ᠤ 1— 2 ᠰᠠᠷ᠎ᠠ᠎ᠳᠤ᠂ ᠪᠥᠬᠥ᠌ ᠣᠷᠣᠨ᠎ᠳᠤ ᠱᠢᠨ᠎ᠡ᠎ᠪᠡᠷ ᠪᠠᠢᠭᠤᠯᠤᠭ᠍ᠰᠠᠨ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠶ᠎ᠶ᠋ᠢᠨ ᠭᠤᠤᠯ ᠴᠣᠭ᠍ᠴᠠ 5.4 ᠲᠦᠮᠡᠨ ᠡᠷᠦᠬᠡ ᠪᠠᠢᠵᠤ᠂ ᠠᠳᠠᠯᠢ ᠬᠤᠭᠤᠴᠠᠭᠠᠨ᠎ᠤ᠎ᠬᠢ᠎ᠡᠴᠡ 4.57% ᠪᠡᠷ ᠨᠡᠮᠡᠭ᠌ᠳᠡᠵᠦ᠍᠂ ᠱᠢᠨ᠎ᠡ᠎ᠪᠡᠷ ᠪᠠᠢᠭᠤᠯᠤᠭ᠍ᠰᠠᠨ ᠡᠵᠡᠩᠨᠡᠯᠲᠡ᠎ᠶ᠋ᠢᠨ ᠭᠤᠤᠯ ᠴᠣᠭ᠍ᠴᠠ᠎ᠶ᠋ᠢᠨ 96.31%᠎ᠶ᠋ᠢ ᠡᠵᠡᠯᠡᠪᠡ᠃
ᠥᠪᠡᠷᠲᠡᠭᠡᠨ ᠵᠠᠰᠠᠬᠤ ᠣᠷᠣᠨ᠎ᠤ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ᠎ᠦᠨ ᠬᠤᠯᠪᠤᠭᠳᠠᠯ ᠪᠥᠬᠥᠶ ᠬᠠᠷᠢᠭᠤᠴᠠᠯᠭᠠᠲᠠᠨ᠄《ᠬᠤᠳᠠᠯᠳᠤᠭ᠎ᠠ ᠡᠷᠬᠢᠯᠡᠬᠦ᠌ ᠣᠷᠴᠢᠨ ᠨᠦᠬᠦᠴᠡᠯ ᠨᠢ ᠶᠡᠬᠡ ᠵᠣᠭᠣᠰ ᠵᠠᠷᠤᠴᠠᠭᠤᠯᠬᠤ ᠴᠢᠬᠤᠯᠠ ᠦᠭᠡᠢ᠂ ᠭᠡᠪᠡᠴᠦ᠍ ᠰᠠᠢᠨ ᠬᠤᠳᠠᠯᠳᠤᠭ᠎ᠠ ᠡᠷᠬᠢᠯᠡᠬᠦ᠌ ᠣᠷᠴᠢᠨ ᠨᠦᠬᠦᠴᠡᠯ ᠶᠡᠬᠡ ᠦᠨ᠎ᠡ ᠦᠷᠳᠡᠭ ᠲᠠᠢ᠃ ᠡᠨᠡ ᠵᠢᠯ᠂ ᠪᠢᠳᠡ ᠵᠠᠬ᠎ᠠ ᠳᠡᠯᠭᠡᠭᠦᠷᠴᠢᠯᠡᠭᠰᠡᠨ᠂ ᠬᠠᠤᠯᠢᠵᠢᠭᠰᠡᠨ᠂ ᠳᠡᠯᠡᠬᠡᠢᠴᠢᠯᠡᠭᠰᠡᠨ ᠭᠤᠷᠪᠠᠨ ᠲᠠᠯ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ 〈ᠠᠵᠢᠯ᠎ᠢ ᠬᠠᠷᠰᠢᠯᠠᠬᠤ ᠦᠬᠡᠢ ᠪᠠᠷ ᠬᠢᠨᠠᠨ ᠬᠡᠮᠵᠢᠬᠦ᠌〉 ᠪᠠᠷ ᠵᠢᠯᠣᠭᠣᠳᠤᠮᠵᠢ ᠪᠣᠯᠭᠠᠵᠤ᠂ 〈ᠭᠤᠷᠪᠠᠨ ᠶᠡᠬᠡ ᠪᠣᠭᠣᠮᠲᠠ ᠱᠢᠪᠲᠤᠯᠬᠤ ᠠᠵᠢᠯᠯᠠᠭ᠎ᠠ〉᠎ᠶ᠋ᠢ ᠭᠤᠤᠯᠳᠠᠯᠭ᠎ᠠ᠎ᠲᠠᠶ ᠬᠡᠷᠡᠭ᠌ᠵᠢᠭᠦᠯᠦᠨ᠎ᠡ᠂ ᠲᠤᠬᠠᠢᠯᠠᠪᠠᠯ ᠲᠥᠷᠥ᠎ᠶ᠋ᠢᠨ ᠪᠣᠳᠣᠯᠭ᠎ᠠ᠎ᠶ᠋ᠢᠨ ᠬᠠᠩᠭᠠᠯᠭ᠎ᠠ᠎ᠶ᠋ᠢᠨ ᠦᠷ᠎ᠡ ᠠᠱᠢᠭ᠎ᠢ ᠨᠡᠮᠡᠭ᠌ᠳᠡᠭᠦᠯᠬᠦ᠌ ᠪᠣᠭᠣᠮᠲᠠ ᠱᠢᠪᠲᠤᠯᠬᠤ᠂ ᠠᠵᠤ ᠠᠬᠤᠢᠯᠠᠯ᠎ᠳᠤ ᠬᠣᠯᠪᠣᠭ᠍ᠳᠠᠭ᠍ᠰᠠᠨ ᠪᠠᠢᠴᠠᠭᠠᠯᠲᠠ᠎ᠶ᠋ᠢᠨ ᠪᠣᠭᠣᠮᠲᠠ ᠱᠢᠪᠲᠤᠯᠬᠤ᠎ᠶ᠋ᠢ ᠵᠢᠷᠤᠮᠵᠢᠭᠤᠯᠬᠤ᠂ ᠠᠵᠤ ᠦᠶ᠋ᠯᠡᠰ᠎ᠦᠨ ᠣᠷᠴᠢᠨ ᠲᠣᠭᠣᠷᠢᠨ᠎ᠢ ᠨᠠᠷᠢᠯᠢᠭ ᠤᠨᠤᠴᠠᠲᠠᠢ᠎ᠪᠠᠷ ᠪᠣᠭᠣᠮᠲᠠ ᠱᠢᠪᠲᠤᠯᠵᠤ᠂ ᠠᠵᠤ ᠠᠬᠤᠢᠯᠠᠯ᠎ᠤᠨ ᠥᠪᠥᠷ ᠮᠣᠩᠭᠣᠯ᠎ᠳᠤ ᠪᠠᠯᠠ ᠣᠷᠣᠭᠤᠯᠵᠤ ᠨᠠᠩ ᠣᠯᠠᠨ ᠠᠱᠢᠭ ᠤᠷᠤᠯᠭ᠎ᠠ ᠣᠯᠵᠤ᠂ ᠨᠠᠩ ᠶᠡᠬᠡ ᠬᠥᠭ᠌ᠵᠢᠯᠲᠡ᠎ᠶ᠋ᠢᠨ ᠣᠷᠣᠨ ᠵᠠᠶ᠎ᠲᠠᠶ ᠪᠣᠯᠭᠠᠨ᠎ᠠ》 ᠭᠡᠪᠡ᠃
ᠥᠪᠥᠷ ᠮᠣᠩᠭᠣᠯ᠎ᠤᠨ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠶ ᠨᠢ ᠲᠠᠰᠤᠷᠠᠯᠲᠠ ᠥᠬᠡᠶ ᠱᠢᠯᠢᠳᠡᠭ᠌ᠵᠢᠵᠦ᠍ ᠪᠠᠢᠭ᠎ᠠ ᠣᠷᠴᠢᠨ ᠨᠦᠬᠦᠴᠡᠯ ᠲᠤᠤᠷ᠎ᠠ ᠲᠠᠰᠤᠷᠠᠯᠳᠠ ᠦᠬᠡᠢ ᠬᠦᠭᠵᠢᠨ ᠪᠤᠵᠠᠭᠠᠢᠷᠠᠵᠤ ᠪᠤᠢ᠃ 《ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ᠎ᠦᠨ ᠶᠠᠰᠤ ᠴᠢᠨᠠᠷ᠎ᠢ ᠳᠡᠭᠡᠭ᠌ᠰᠢᠯᠡᠭᠦᠯᠬᠦ᠌ ᠣᠨ》 ᠤ᠋ ᠠᠵᠢᠯᠯᠠᠭ᠎ᠠ᠎ᠶ᠋ᠢᠨ ᠭᠦᠨᠵᠡᠭᠡᠢᠷᠡᠨ ᠠᠬᠢᠬᠤ᠎ᠶ᠋ᠢ ᠳᠠᠭᠠᠯᠳᠤᠨ᠂ ᠥᠪᠥᠷ ᠮᠣᠩᠭᠣᠯ᠎ᠤᠨ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢ᠎ᠶ᠋ᠢᠨ ᠴᠢᠨᠠᠷ ᠰᠠᠢᠲᠠᠢ ᠬᠥᠭ᠌ᠵᠢᠯᠲᠡ᠎ᠶ᠋ᠢᠨ ᠠᠯᠬᠤᠭ᠎ᠠ ᠨᠡᠩ ᠢᠳᠡᠯᠢᠭ ᠬᠦᠴᠦᠲᠡᠢ ᠪᠣᠯᠬᠤ ᠶᠤᠮ᠃