ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠬᠤᠷᠠᠯ ᠬᠤᠷᠠᠯᠳᠤᠭᠤᠯᠪᠠ
2026-04-23 08:56:47
ᠵᠣᠬᠢᠶᠠᠭ᠍ᠴᠢ᠄
ᠰᠦᠩ ᠱᠤᠸᠠᠩ
ᠣᠩᠱᠢᠭ᠍ᠰᠠᠨ ᠣᠳᠠᠭ᠎ᠠ᠄
★★★☆☆

ᠪᠤᠤ ᠭᠠᠩ ᠬᠤᠷᠠᠯ ᠢ᠋ ᠡᠷᠬᠢᠯᠡᠵᠠᠢ


4 ᠰᠠᠷ᠎ᠠ᠎ᠶᠢᠨ 21 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠪᠠᠢᠩᠭᠤ᠎ᠶᠢᠨ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠦᠨ ᠦᠢᠯᠡᠴᠢᠯᠡᠭᠡᠨ᠎ᠦ ᠦᠢᠯᠡᠰ᠎ᠦᠨ ᠬᠥᠭᠵᠢᠯᠲᠡ᠎ᠶᠢᠨ ᠲᠤᠬᠠᠢ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠵᠤ᠂ ᠲᠦᠷᠦᠬᠦᠦ ᠤᠯᠠᠷᠢᠯ᠎ᠤᠨ ᠠᠵᠤ ᠠᠬᠤᠢ᠎ᠶᠢᠨ ᠡᠷᠭᠢᠯᠲᠡ᠎ᠶᠢᠨ ᠪᠠᠢᠳᠠᠯ᠎ᠢ ᠰᠤᠳᠤᠯᠤᠨ ᠵᠠᠳᠠᠯᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭᠴᠢ ᠪᠦᠦ ᠭᠠᠩ ᠬᠤᠷᠠᠯ᠎ᠢ ᠡᠷᠭᠢᠯᠡᠵᠡᠶ᠃

ᠬᠤᠷᠠᠯ᠎ᠡᠴᠡ᠂ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ ᠪᠣᠯᠣᠨ ᠪᠥᠬᠥ ᠤᠯᠤᠰ᠎ᠤᠨ ᠦᠢᠯᠡᠴᠢᠯᠡᠭᠡᠨ᠎ᠦ ᠦᠢᠯᠡᠰ᠎ᠦᠨ ᠶᠡᠬᠡ ᠬᠤᠷᠠᠯ᠎ᠤᠨ ᠵᠣᠷᠢᠭ᠋ ᠰᠠᠨᠠᠭ᠎ᠠ᠎ᠶᠢ ᠨᠠᠷᠢᠨ ᠬᠢᠨᠠᠮᠠᠭᠠᠢ ᠲᠤᠭᠤᠰᠢᠯᠠᠭᠤᠯᠵᠤ᠂ ᠦᠢᠯᠡᠴᠢᠯᠡᠭᠡᠨ᠎ᠦ ᠦᠢᠯᠡᠰ᠎ᠦᠨ ᠬᠠᠩᠭᠠᠯᠭ᠎ᠠ ᠵᠢᠨ ᠴᠢᠳᠠᠪᠤᠷᠢ᠎ᠶᠢ ᠥᠷᠭᠡᠳᠬᠡᠨ ᠶᠠᠰᠤ ᠴᠢᠨᠠᠷ᠎ᠢ ᠳᠡᠭᠡᠭᠰᠢᠯᠡᠭᠦᠯᠬᠦ ᠠᠵᠢᠯᠯᠠᠭ᠎ᠠ᠎ᠶᠢ ᠭᠦᠨᠵᠡᠭᠡᠢ ᠬᠡᠷᠡᠭᠵᠢᠭᠦᠯᠵᠦ᠂ ᠦᠢᠯᠡᠳᠪᠦᠷᠢᠯᠡᠯ᠎ᠦᠨ ᠴᠢᠨᠠᠷᠲᠠᠢ ᠦᠢᠯᠡᠴᠢᠯᠡᠭᠡᠨ᠎ᠦ ᠦᠢᠯᠡᠰ᠎ᠢ ᠲᠤᠰᠬᠠᠢᠵᠢᠭᠤᠯᠬᠤ ᠪᠠ ᠥᠷᠲᠡᠭ᠎ᠦᠨ ᠬᠡᠯᠬᠢᠶ᠎ᠡ᠎ᠶᠢᠨ ᠳᠡᠭᠡᠳᠦ ᠲᠦᠪᠰᠢᠨ ᠲᠡᠢᠰᠢ ᠤᠷᠲᠤᠳᠬᠠᠬᠤ᠎ᠶᠢ ᠠᠬᠢᠭᠤᠯᠵᠤ᠂ ᠠᠵᠤ ᠠᠬᠤᠢᠯᠠᠯ᠎ᠤᠨ ᠦᠢᠯᠡᠳᠪᠦᠷᠢᠯᠡᠯ ᠡᠵᠡᠩᠨᠡᠯᠲᠡ᠎ᠶᠢᠨ ᠠᠵᠢᠯᠯᠠᠭ᠎ᠠ᠎ᠳᠤ ᠥᠨᠳᠥᠷ ᠪᠦᠲᠦᠮᠵᠢᠲᠡᠶ ᠦᠢᠯᠡᠴᠢᠯᠡᠭᠡ ᠬᠠᠩᠭᠠᠬᠤ ᠬᠡᠷᠡᠭᠲᠡᠢ; ᠠᠮᠢᠳᠤᠷᠠᠯ᠎ᠤᠨ ᠴᠢᠨᠠᠷᠲᠠᠢ ᠦᠢᠯᠡᠴᠢᠯᠡᠭᠡᠨ᠎ᠦ ᠦᠢᠯᠡᠰ᠎ᠦᠨ ᠴᠢᠨᠠᠷ ᠰᠠᠢᠲᠠᠢ ᠣᠯᠠᠨ ᠶᠠᠩᠵᠤ᠎ᠶᠢᠨ ᠳᠦᠭᠦᠮ ᠦᠵᠡᠬᠦᠯᠬᠦ ᠮᠠᠶᠢᠭ᠎ᠤᠨ ᠬᠥᠭᠵᠢᠯᠲᠡ᠎ᠶᠢ ᠠᠬᠢᠭᠤᠯᠵᠤ᠂ ᠣᠯᠠᠨ ᠲᠦᠮᠡᠨ᠎ᠦ ᠬᠡᠷᠡᠭᠯᠡᠭᠡ᠎ᠶᠢᠨ ᠰᠢᠨ᠎ᠡ ᠣᠨᠴᠠᠯᠢᠭ᠋᠂ ᠰᠢᠨ᠎ᠡ ᠬᠡᠷᠡᠭᠴᠡᠭᠡ᠎ᠳᠤ ᠲᠠᠰᠤᠷᠠᠯᠲᠠ ᠦᠭᠡᠢ ᠵᠣᠬᠢᠴᠠᠭᠤᠯᠬᠤ ᠬᠡᠷᠡᠭᠳᠠᠢ ᠭᠡᠵᠤ ᠴᠢᠬᠤᠯᠠᠴᠢᠯᠠᠵᠠᠢ᠃

ᠬᠤᠷᠠᠯ᠎ᠡᠴᠡ᠂ ᠪᠦᠬᠦ ᠵᠢᠯ᠎ᠦᠨ ᠬᠠᠷᠠᠯᠲᠠ ᠳ᠋ᠤ ᠠᠩᠬᠠᠷᠤᠯ ᠵᠢᠡᠨ ᠲᠦᠪᠯᠡᠷᠡᠭᠦᠯᠵᠤ᠂ ᠠᠵᠤ ᠦᠢᠯᠡᠰ ᠬᠤᠪᠢᠶᠠᠨ ᠬᠦᠷᠢᠶ᠎ᠡ ᠴᠠᠷᠠᠭ᠎ᠠ ᠬᠤᠪᠢᠶᠠᠨ ᠠᠵᠤ ᠠᠬᠤᠢ᠎ᠶᠢᠨ ᠡᠷᠭᠢᠯᠲᠡ ᠵᠢᠨ ᠳᠤᠮᠳᠠᠬᠢ ᠠᠰᠠᠭᠤᠳᠠᠯ ᠪᠣᠯᠣᠨ ᠠᠵᠤ ᠠᠬᠤᠢᠯᠠᠯ᠎ᠳᠤ ᠲᠤᠯᠭᠠᠷᠠᠵᠤ ᠪᠠᠢᠭ᠎ᠠ ᠬᠦᠴᠢᠷᠳᠡᠯ᠎ᠢ ᠡᠷᠢᠵᠦ᠂ ᠬᠠᠨᠳᠤᠯᠭᠠᠳᠤ ᠴᠢᠨᠠᠷᠲᠠᠢ ᠰᠠᠢᠵᠢᠷᠠᠭᠤᠯᠬᠤ ᠠᠷᠭ᠎ᠠ ᠬᠡᠮᠵᠢᠶ᠎ᠡ᠎ᠶᠢ ᠳᠤᠷᠠᠳᠬᠤ ᠬᠡᠷᠡᠭᠲᠡᠢ᠃ ᠢᠲᠡᠭᠡᠯ ᠵᠣᠷᠢᠭ᠋᠎ᠢᠶᠠᠨ ᠪᠠᠲᠤᠳᠬᠠᠨ᠂ ᠡᠷᠡᠮᠡᠬᠡᠢᠯᠡᠨ ᠴᠢᠷᠮᠠᠢᠵᠤ᠂ ᠠᠵᠤ ᠠᠬᠤᠢᠯᠠᠯ᠎ᠢ ᠦᠨᠡᠨ ᠰᠡᠳᠬᠢᠯ᠎ᠡᠴᠡ᠎ᠪᠡᠨ ᠬᠠᠪᠰᠤᠷᠤᠨ᠂ ᠦᠨᠳᠦᠰᠦᠨ ᠱᠠᠲᠤ᠎ᠶᠢ ᠬᠠᠪᠰᠤᠷᠤᠨ ᠠᠰᠠᠭᠤᠳᠠᠯ᠎ᠢ ᠨᠢ ᠰᠢᠢᠳᠪᠦᠷᠢᠯᠡᠵᠦ᠂ ᠠᠵᠤ ᠦᠢᠯᠡᠳᠪᠦᠷᠢ᠎ᠶᠢᠨ ᠦᠨᠳᠦᠰᠦᠨ ᠪᠠᠢᠳᠠᠯ᠎ᠢ ᠪᠦᠬᠦ ᠬᠦᠴᠦᠨ᠎ᠢᠶᠡᠷ᠎ᠢᠶᠡᠨ ᠲᠣᠭᠲᠠᠪᠤᠷᠢᠵᠢᠭᠤᠯᠵᠤ᠂ ᠦᠢᠯᠡᠴᠢᠯᠡᠭᠡᠨ᠎ᠦ ᠦᠢᠯᠡᠰ᠎ᠦᠨ ᠬᠠᠩᠭᠠᠯᠭ᠎ᠠ ᠵᠢᠨ ᠴᠢᠳᠠᠪᠤᠷᠢ ᠵᠢ ᠥᠷᠭᠡᠳᠬᠡᠨ ᠶᠠᠰᠤ ᠴᠢᠨᠠᠷ ᠢ᠋ ᠳᠡᠭᠡᠭᠰᠢᠯᠡᠭᠦᠯᠬᠦ᠎ᠶᠢ ᠠᠬᠢᠭᠤᠯᠬᠤ ᠬᠡᠷᠡᠭᠲᠡᠢ᠃ ᠴᠢᠬᠤᠯᠠ ᠶᠡᠬᠡ ᠲᠦᠷᠦᠯ ᠵᠦᠢᠯ ᠢ᠋ ᠬᠠᠮᠳᠤᠷᠠᠨ ᠬᠢᠨᠠᠵᠤ ᠬᠠᠮᠳᠤᠷᠠᠨ ᠵᠥᠪᠰᠢᠶᠡᠷᠡᠬᠦ ᠲᠣᠭᠲᠡᠴᠡ᠎ᠶᠢ ᠰᠠᠢᠲᠤᠷ ᠠᠰᠢᠭ᠍ᠯᠠᠵᠤ᠂ ᠲᠤᠰᠬᠠᠢ ᠲᠦᠷᠦᠯ᠎ᠦᠨ ᠵᠢᠭᠡᠯᠡᠯᠭᠡ᠎ᠶᠢᠨ ᠲᠡᠮᠳᠡᠭᠳᠤ ᠵᠢᠨ ᠲᠦᠷᠦᠯ ᠵᠦᠢᠯ᠎ᠢ ᠨᠥᠭᠡᠴᠡᠯᠡᠬᠦ ᠶᠠᠰᠤ ᠴᠢᠨᠠᠷ᠎ᠢ ᠳᠡᠭᠡᠭᠰᠢᠯᠡᠭᠦᠯᠵᠦ᠂ ᠡᠯᠡᠰᠦᠨ ᠴᠦᠯ ᠭᠤᠪᠢ ᠴᠦᠯᠯᠡᠷᠬᠡᠭ ᠭᠠᠵᠠᠷ ᠤ᠋ᠨ ᠲᠣᠮᠣ᠌ ᠰᠠᠭᠤᠷᠢᠨ᠂ ᠳ᠋ᠠᠢᠲ᠋ᠠ ᠵᠢᠨ ᠲᠥᠪ᠂ ᠤᠰᠤᠲᠥ᠋ᠷᠥᠭᠴᠢ ᠡᠨᠧᠷᠭᠢ ᠵᠢ ᠨᠦᠬᠡᠴᠡᠯᠡᠬᠦ᠂ ᠵᠠᠮ ᠬᠠᠷᠢᠯᠴᠠᠭᠠᠨ᠎ᠤ ᠰᠠᠭᠤᠷᠢ ᠲᠥᠬᠦᠭᠡᠷᠦᠮᠵᠢ ᠵᠡᠷᠭᠡ ᠴᠢᠬᠤᠯᠠ ᠶᠡᠬᠡ ᠲᠦᠷᠦᠯ ᠵᠦᠢᠯ᠎ᠦᠨ ᠪᠦᠲᠦᠭᠡᠨ ᠪᠠᠢᠭᠤᠯᠤᠯᠲᠠ᠎ᠶᠢ ᠲᠦᠷᠭᠡᠳᠬᠡᠬᠦ ᠬᠡᠷᠡᠭᠲᠡᠢ᠃ ᠴᠢᠯᠦᠭᠡᠲᠦ ᠠᠷᠠᠯᠵᠢᠶᠠᠨ᠎ᠤ ᠲᠤᠷᠰᠢᠯᠲᠠ᠎ᠶᠢᠨ ᠣᠷᠣᠨ᠎ᠤ ᠪᠡᠶ᠎ᠡ᠎ᠪᠡᠨ ᠳᠠᠭᠠᠭᠠᠵᠤ ᠰᠢᠨ᠎ᠡ᠎ᠶᠢ ᠡᠭᠦᠳᠬᠦ᠎ᠶᠢ ᠲᠦᠷᠭᠡᠳᠬᠡᠵᠦ᠂ ᠶᠡᠷᠦᠩᠬᠡᠢᠯᠡᠭᠰᠡᠨ ᠭᠠᠢᠯᠢ ᠪᠠᠲᠤᠯᠠᠬᠤ ᠣᠷᠣᠨ᠂ ᠵᠠᠬ᠎ᠠ᠎ᠶᠢᠨ ᠠᠷᠠᠯᠵᠢᠶᠠᠨ᠎ᠤ ᠣᠷᠣᠨ᠂ ᠬᠢᠯᠢ᠎ᠶᠢᠨ ᠬᠠᠮᠲᠤᠷᠠᠯᠴᠠᠭᠠᠨ᠎ᠤ ᠣᠷᠣᠨ ᠵᠡᠷᠭᠡ᠎ᠶᠢᠨ ᠠᠷᠠᠯᠵᠢᠶᠠᠴᠢᠨ ᠤᠷᠢᠬᠤ ᠴᠢᠳᠠᠪᠤᠷᠢ᠎ᠶᠢ ᠳᠡᠭᠡᠭᠰᠢᠯᠡᠭᠦᠯᠵᠦ᠂ ᠥᠨᠳᠥᠷ ᠲᠦᠪᠰᠢᠨ ᠪᠦᠬᠦᠢ ᠭᠠᠳᠠᠭᠠᠳᠤ ᠠᠷᠠᠯᠵᠢᠶ᠎ᠠ᠎ᠳᠤ ᠰᠢᠨ᠎ᠡ ᠬᠥᠳᠡᠯᠭᠡᠬᠦ ᠡᠨᠧᠷᠭᠢ ᠨᠡᠮᠡᠷᠢᠯᠡᠬᠦ ᠬᠡᠷᠡᠭᠲᠡᠢ᠃ ᠬᠥᠭᠵᠢᠯᠲᠡ ᠪᠠ ᠠᠮᠤᠷ ᠲᠦᠪᠰᠢᠨ᠎ᠢ ᠨᠢᠭᠡᠳᠦᠯᠲᠡᠢ ᠲᠥᠯᠥᠪᠵᠢᠭᠦᠯᠵᠦ᠂ ᠡᠨᠳᠡᠯ᠎ᠡᠴᠡ ᠭᠦᠨᠵᠡᠭᠡᠢ ᠰᠤᠷᠭᠠᠮᠵᠢ ᠠᠪᠴᠤ᠂ ᠨᠢᠭᠡ᠎ᠡᠴᠡ ᠨᠥᠭᠥᠭᠡ᠎ᠶᠢ ᠵᠦᠢᠴᠢᠯᠡᠨ ᠮᠡᠳᠡᠵᠦ ᠠᠶᠤᠯᠭᠦᠢ ᠦᠢᠯᠡᠳᠪᠦᠷᠢᠯᠡᠯ᠎ᠦᠨ ᠬᠢᠨᠠᠯᠲᠠ ᠬᠠᠮᠢᠶᠠᠷᠤᠯᠲᠠ᠎ᠶᠢ ᠭᠦᠨᠵᠡᠭᠡᠢᠷᠡᠭᠦᠯᠵᠦ᠂ ᠡᠳ᠋᠎ᠦᠨ ᠵᠠᠰᠠᠭ᠂ ᠮᠥᠩᠭᠥᠨ ᠭᠦᠢᠯᠭᠡᠭᠡ ᠵᠡᠷᠭᠡ ᠬᠦᠷᠢᠶᠡᠨ᠎ᠦ ᠠᠶᠤᠯ ᠲᠦᠭᠰᠢᠭᠦᠷᠢ᠎ᠶᠢ ᠰᠡᠷᠭᠡᠢᠯᠡᠨ ᠠᠷᠢᠯᠭᠠᠵᠤ᠂ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠠᠰᠠᠭᠤᠳᠠᠯ᠎ᠢ ᠴᠡᠭᠴᠡᠯᠡᠨ ᠰᠠᠢᠵᠢᠷᠠᠭᠤᠯᠬᠤ᠎ᠶᠢ ᠰᠠᠢᠲᠤᠷ ᠠᠳᠬᠤᠵᠤ᠂ ᠰᠢᠰᠲᠧᠮ᠎ᠦᠨ ᠴᠢᠨᠠᠷᠲᠠᠢ ᠠᠶᠤᠯ ᠲᠦᠭᠰᠢᠭᠦᠷᠢ ᠡᠭᠦᠰᠬᠦ ᠦᠭᠡᠢ ᠪᠠᠢᠬᠤ ᠬᠣᠷᠢᠭ᠎ᠠ ᠱᠤᠭᠤᠮ᠎ᠢ ᠪᠠᠲᠤ ᠰᠠᠬᠢᠬᠤ ᠬᠡᠷᠡᠭᠲᠡᠢ ᠭᠡᠵᠤ ᠴᠢᠬᠤᠯᠠᠴᠢᠯᠠᠵᠠᠢ᠃

ᠬᠤᠷᠠᠯ᠎ᠡᠴᠡ 《ᠳᠠᠬᠢᠨ ᠶᠠᠳᠠᠭᠤᠷᠠᠬᠤ᠎ᠶᠢ ᠰᠡᠷᠭᠡᠢᠯᠡᠬᠦ ᠪᠠᠢᠩᠭᠤᠵᠢᠭ᠍ᠰᠠᠨ ᠲᠣᠭᠲᠡᠴᠡ᠎ᠶᠢ ᠨᠢᠭᠡᠳᠦᠯᠲᠡᠢ ᠲᠥᠯᠥᠪᠵᠢᠭᠦᠯᠦᠨ ᠪᠠᠢᠭᠤᠯᠵᠤ ᠬᠥᠳᠡᠭᠡ ᠲᠣᠰᠬᠣᠨ᠎ᠢ ᠪᠥᠬᠥ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ᠎ᠶᠢ ᠠᠬᠢᠭᠤᠯᠬᠤ ᠲᠤᠬᠠᠢ ᠬᠡᠷᠡᠭᠵᠢᠭᠦᠯᠬᠦ ᠰᠠᠨᠠᠯ》᠂《ᠴᠢᠯᠦᠭᠡᠲᠦ ᠠᠷᠠᠯᠵᠢᠶᠠᠨ᠎ᠤ ᠲᠤᠷᠰᠢᠯᠲᠠ᠎ᠶᠢᠨ ᠣᠷᠣᠨ᠎ᠤ ᠪᠦᠲᠦᠭᠡᠨ ᠪᠠᠢᠭᠤᠯᠤᠯᠲᠠ᠎ᠪᠠᠷ ᠬᠦᠳᠤᠯᠦᠮᠵᠢ ᠪᠤᠯᠭᠠᠵᠤ ᠤᠯᠤᠰ᠎ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠡᠬᠢᠯᠡᠯᠲᠡ᠎ᠶᠢ ᠴᠢᠨᠠᠷ ᠰᠠᠢᠲᠠᠢ ᠪᠦᠲᠦᠭᠡᠨ ᠪᠠᠶ᠋ᠢᠭᠤᠯᠬᠤ ᠲᠤᠬᠠᠢ ᠬᠡᠷᠡᠭᠵᠢᠭᠦᠯᠬᠦ ᠰᠠᠨᠠᠯ》᠂ ᠥᠪᠡᠷᠲᠡᠭᠡᠨ ᠵᠠᠰᠠᠬᠤ ᠣᠷᠣᠨ᠎ᠤ 《ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠰᠦᠷᠳᠡᠭᠦᠯᠬᠦ ᠦᠵᠡᠯ᠎ᠢ ᠡᠰᠡᠷᠭᠦᠴᠡᠬᠦ ᠬᠠᠤᠯᠢ》 ᠵᠢ ᠬᠡᠷᠡᠭᠵᠢᠭᠦᠯᠬᠦ ᠠᠷᠭ᠎ᠠ(ᠲᠥᠰᠥᠯ)᠂ 《ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠪᠠᠭ᠍ᠰᠢ᠎ᠶᠢᠨ ᠬᠠᠤᠯᠢ》 ᠵᠢ ᠬᠡᠷᠡᠭᠵᠢᠭᠦᠯᠬᠦ ᠠᠷᠭ᠎ᠠ (ᠵᠠᠰᠠᠪᠤᠷᠢ ᠣᠷᠣᠭᠤᠯᠬᠤ ᠲᠥᠰᠥᠯ) ᠵᠢ ᠰᠤᠳᠤᠯᠪᠠ᠃

ᠬᠤᠷᠠᠯ᠎ᠡᠴᠡ ᠪᠠᠰᠠ ᠪᠤᠰᠤᠳ ᠵᠦᠢᠯ᠎ᠢ ᠰᠤᠳᠤᠯᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号