ᠵᠢᠵᠢᠭᠬᠡᠨ ᠤᠷᠢᠶᠠᠮᠠᠭ ᠵᠠᠮᠠᠭ ᠨᠢ ᠪᠤᠬᠢᠷᠲᠤᠯ ᠦᠭᠡᠢ ᠲᠣᠮᠣ᠌ ᠠᠵᠤ ᠦᠢᠯᠡᠰ ᠢ᠋ ᠪᠦᠲᠦᠭᠡᠨᠡᠮ
2026-04-23 10:42:49
ᠵᠣᠬᠢᠶᠠᠭ᠍ᠴᠢ᠄
ᠬᠤᠤ ᠰᠢᠤᠸᠠᠢ ᠯᠢᠶᠠᠨ
ᠣᠩᠱᠢᠭ᠍ᠰᠠᠨ ᠣᠳᠠᠭ᠎ᠠ᠄
★★★☆☆

ᠤᠷᠢᠬᠠᠨ ᠰᠠᠯᠬᠢ ᠥᠷᠭᠡᠨ ᠠᠭᠤᠳᠠᠮ ᠣᠲᠣᠭ᠎ᠤᠨ ᠡᠬᠡ ᠭᠠᠵᠠᠷ᠎ᠢ ᠢᠯᠪᠢᠵᠦ᠂ ᠣᠷᠳᠣᠰ ᠬᠣᠲᠠ᠎ᠶᠢᠨ ᠣᠲᠣᠭ ᠬᠣᠰᠢᠭᠤᠨ᠎ᠤ ᠤᠷᠢᠶᠠᠮᠠᠭ ᠵᠠᠮᠠᠭ᠎ᠤᠨ ᠠᠵᠤ ᠦᠢᠯᠡᠰ᠎ᠦᠨ ᠬᠦᠷᠢᠶᠡᠯᠡᠩ᠎ᠦᠨ 4000 ᠭᠠᠷᠤᠢ ᠪᠠᠷᠢᠮᠵᠢᠶᠠᠵᠢᠭᠤᠯᠤᠭᠰᠠᠨ ᠲᠡᠵᠢᠭᠡᠨ ᠦᠷᠡᠵᠢᠭᠦᠯᠬᠦ ᠬᠦᠯᠡᠮᠵᠢ᠎ᠳᠦ᠂ ᠪᠥᠭᠡᠮ ᠪᠥᠭᠡᠮ ᠭᠦᠨ ᠨᠤᠭᠤᠭᠠᠨ ᠦᠨᠭᠭᠡ᠎ᠵᠢᠨ ᠤᠷᠢᠶᠠᠮᠠᠭ ᠵᠠᠮᠠᠭ ᠳᠠᠪᠤᠰᠤ ᠬᠤᠵᠢᠷ ᠶᠡᠬᠡᠲᠡᠢ ᠪᠣᠢᠵᠢᠭᠤᠯᠬᠤ ᠲᠠᠲᠠᠭᠠᠯ᠎ᠳᠤ ᠡᠷᠭᠢᠯᠳᠦᠵᠦ᠂ ᠨᠡᠷᠡᠨ᠎ᠦ ᠬᠡᠷᠡᠯ᠎ᠦᠨ 《ᠤᠬᠢᠶᠠᠯ》᠎ᠢ᠋ ᠭᠦᠢᠴᠡᠳ ᠭᠥᠯᠢᠶᠡᠨ ᠠᠪᠴᠤ᠂ ᠬᠡᠷᠡᠯ᠎ᠤᠨ᠎ᠨᠡᠢᠯᠡᠯᠭᠡ᠎ᠵᠢᠨ ᠦᠢᠯᠡᠳᠦᠯ ᠳᠣᠣᠷ᠎ᠠ ᠢᠳᠡᠷᠡᠭᠦᠨ᠎ᠢᠶᠡᠷ ᠦᠰᠦᠨ ᠪᠣᠢᠵᠢᠨ᠎ᠡ᠃

《ᠲᠡᠵᠢᠭᠡᠨ ᠦᠷᠡᠵᠢᠭᠦᠯᠬᠦ ᠬᠦᠯᠡᠮᠵᠢ ᠨᠢᠭᠡᠪᠦᠷᠢ᠎ᠳᠤ ᠴᠥᠮ ᠭᠠᠵᠠᠷ ᠳᠣᠣᠷᠠᠬᠢ ᠬᠣᠭᠣᠯᠠᠢ ᠳᠡᠪᠢᠰᠴᠦ᠂ ᠦᠢᠯᠡᠳᠪᠦᠷᠢᠯᠡᠯ᠎ᠦᠨ ᠲᠠᠰᠤᠭ ᠲᠠᠢ ᠵᠠᠯᠭᠠᠯᠳᠤᠵᠤ᠂ ᠲᠡᠭᠦᠵᠦ ᠬᠤᠷᠢᠶᠠᠬᠤ ᠪᠠᠷᠢᠮᠵᠢᠶ᠎ᠠ᠎ᠳᠤ ᠭᠦᠷᠦᠭᠰᠡᠨ ᠤᠷᠢᠶᠠᠮᠠᠭ ᠵᠠᠮᠠᠭ᠎ᠢ ᠬᠣᠭᠣᠯᠠᠢ᠎ᠪᠠᠷ ᠳᠠᠮᠵᠢᠨ ᠦᠢᠯᠡᠳᠪᠦᠷᠢᠯᠡᠯ᠎ᠦᠨ ᠲᠠᠰᠤᠭ᠎ᠲᠤ ᠲᠡᠳᠡᠨ ᠣᠷᠣᠭᠤᠯᠵᠤ᠂ ᠱᠦᠭᠦᠬᠦ᠂ ᠤᠬᠢᠶᠠᠬᠤ᠂ ᠬᠠᠳᠠᠭᠠᠬᠤ ᠵᠡᠷᠭᠡ ᠶᠠᠪᠤᠴᠠ᠎ᠶᠢ ᠥᠩᠭᠡᠷᠡᠭᠡᠭᠰᠡᠨ᠎ᠦ ᠳᠠᠷᠠᠭ᠎ᠠ ᠤᠷᠢᠶᠠᠮᠠᠭ ᠵᠠᠮᠠᠭ᠎ᠤᠨ ᠨᠤᠨᠳᠠᠭ᠂ ᠤᠷᠢᠶᠠᠮᠠᠭ ᠵᠠᠮᠠᠭ᠎ᠤᠨ ᠢᠯᠲᠠᠰᠤ᠂ ᠤᠷᠢᠶᠠᠮᠠᠭ ᠵᠠᠮᠠᠭ᠎ᠤᠨ ᠣᠯᠠᠨ ᠫᠧᠪᠲ᠋ᠢᠳ᠋᠎ᠤᠨ ᠢᠯᠲᠠᠰᠤ᠂ ᠵᠠᠮᠠᠭ᠎ᠤᠨ ᠬᠥᠬᠡ ᠤᠭᠤᠷᠠᠭ ᠵᠡᠷᠭᠡ ᠦᠢᠯᠡᠳᠬᠦᠨ ᠪᠣᠯᠭᠠᠨ ᠪᠣᠯᠪᠠᠰᠤᠷᠠᠭᠤᠯᠵᠤ᠂ ᠤᠯᠤᠰ᠎ᠤᠨ ᠳᠣᠲᠣᠭᠠᠳᠤ ᠭᠠᠳᠠᠭᠠᠳᠤ᠎ᠶᠢᠨ ᠵᠠᠬ᠎ᠠ ᠳᠡᠯᠭᠡᠭᠦᠷ᠎ᠲᠦ ᠪᠣᠷᠣᠯᠠᠭᠤᠯᠳᠠᠭ》᠃ 4 ᠰᠠᠷ᠎ᠠ᠎ᠶᠢᠨ 14᠎ᠤ᠋ ᠡᠳᠦᠷ᠂ ᠣᠲᠣᠭ ᠬᠣᠰᠢᠭᠤᠨ᠎ᠤ ᠤᠷᠢᠶᠠᠮᠠᠭ ᠵᠠᠮᠠᠭ᠎ᠤᠨ ᠠᠵᠤ ᠦᠢᠯᠡᠰ᠎ᠦᠨ ᠬᠦᠷᠢᠶᠡᠯᠡᠩ᠎ᠦᠨ ᠡᠯ᠎ᠡ ᠤᠷᠢᠶᠠᠮᠠᠭ ᠵᠠᠮᠠᠭ ᠲᠡᠵᠢᠭᠡᠨ ᠦᠷᠡᠵᠢᠭᠦᠯᠬᠦ ᠦᠢᠯᠡᠳᠪᠦᠷᠢᠯᠡᠯ᠎ᠦᠨ ᠠᠵᠤ ᠠᠬᠤᠢᠯᠠᠯ ᠤ᠋ᠳ ᠤᠷᠢᠶᠠᠮᠠᠭ ᠵᠠᠮᠠᠭ ᠲᠡᠭᠦᠵᠦ ᠬᠤᠷᠢᠶᠠᠬᠤ ᠬᠤᠭᠤᠴᠠᠭ᠎ᠠ᠎ᠪᠠᠨ ᠡᠬᠢᠯᠡᠭᠦᠯᠪᠡ᠂ ᠣᠷᠳᠣᠰ ᠬᠣᠲᠠ᠎ᠶᠢᠨ ᠵᠢᠶᠠ ᠯᠢ ᠤᠷᠢᠶᠠᠮᠠᠭ ᠵᠠᠮᠠᠭ᠎ᠤᠨ ᠬᠢᠵᠠᠭᠠᠷᠲᠤ ᠺᠣᠮᠫᠠᠨᠢ᠎ᠶᠢᠨ ᠬᠡᠷᠡᠭ ᠮᠡᠳᠡᠭᠴᠢᠳ᠎ᠦᠨ ᠳᠠᠷᠤᠭ᠎ᠠ ᠴᠢᠶᠣᠤ ᠵᠠᠨ ᠱᠠᠨ ᠺᠣᠮᠫᠠᠨᠢ᠎ᠶᠢᠨ ᠲᠡᠵᠢᠭᠡᠨ ᠦᠷᠡᠵᠢᠭᠦᠯᠬᠦ ᠬᠦᠯᠡᠮᠵᠢ᠎ᠶᠢᠨ ᠡᠮᠦᠨ᠎ᠡ ᠵᠣᠭᠰᠣᠵᠤ᠂ 《ᠡᠨᠳᠡᠬᠢ ᠤᠷᠢᠶᠠᠮᠠᠭ ᠵᠠᠮᠠᠭ᠎ᠢ ᠵᠢᠯ ᠪᠦᠷᠢ᠎ᠶᠢᠨ 4 ᠰᠠᠷ᠎ᠠ᠎ᠶᠢᠨ ᠳᠤᠮᠳᠠᠴᠢ᠎ᠡᠴᠡ ᠡᠬᠢᠯᠡᠨ ᠬᠤᠷᠢᠶᠠᠵᠤ᠂ ᠳᠥᠷᠪᠡᠨ ᠡᠳᠦᠷ᠎ᠲᠦ ᠨᠢᠭᠡ ᠤᠳᠠᠭ᠎ᠠ ᠲᠡᠭᠦᠵᠦ᠂ 11 ᠰᠠᠷ᠎ᠠ ᠪᠣᠯᠲᠠᠯ᠎ᠠ ᠦᠷᠭᠦᠯᠵᠢᠯᠡᠨ᠎ᠠ᠃ ᠪᠢᠳᠡᠨ᠎ᠦ ᠦᠢᠯᠡᠳᠭᠦᠨ᠎ᠦ ᠬᠠᠩᠭᠠᠯᠭ᠎ᠠ ᠨᠢ ᠬᠡᠷᠡᠭᠴᠡᠭᠡ᠎ᠳᠡᠭᠡᠨ ᠬᠦᠷᠬᠦ ᠦᠭᠡᠢ᠂ ᠡᠨᠡ ᠵᠢᠯ᠎ᠦᠨ ᠨᠢᠭᠡᠳᠦᠭᠡᠷ ᠤᠯᠠᠷᠢᠯ᠎ᠤᠨ ᠦᠢᠯᠡᠳᠬᠦᠨ᠎ᠦ ᠥᠷᠲᠡᠭ ᠨᠢᠭᠡᠨᠲᠡ 800 ᠭᠠᠷᠤᠢ ᠲᠦᠮᠡᠨ ᠲᠥᠭᠥᠷᠢᠭ᠎ᠲᠦ ᠬᠦᠷᠴᠦ᠂ ᠭᠠᠳᠠᠭᠠᠳᠤ᠎ᠶᠢᠨ ᠵᠠᠬᠢᠶᠠᠯᠠᠭ᠎ᠠ᠎ᠶᠢᠨ ᠬᠠᠭᠤᠳᠠᠰᠤ ᠨᠢᠭᠡᠨᠲᠡ 6 ᠰᠠᠷ᠎ᠠ ᠪᠣᠯᠲᠠᠯ᠎ᠠ ᠲᠤᠬᠢᠷᠠᠯᠴᠠᠵᠤ᠂ ᠣᠳᠣᠬᠠᠨ᠎ᠳᠤ ᠺᠣᠮᠫᠠᠨᠢ ᠶᠠᠭ ᠪᠥᠬᠥ  ᠬᠥᠴᠤᠨ ᠵᠢᠨᠷ ᠦᠢᠯᠡᠳᠪᠦᠷᠢᠯᠡᠵᠦ ᠪᠠᠢᠨ᠎ᠠ》 ᠭᠡᠵᠦ ᠴᠢᠷᠠᠢ ᠳᠦᠭᠦᠷᠡᠩ ᠣᠮᠣᠭ᠍ᠰᠢᠯ᠎ᠲᠠᠢ ᠬᠡᠯᠡᠪᠡ᠃

ᠬᠦᠷᠢᠶᠡᠯᠡᠩ ᠲᠣᠭᠣᠷᠢᠭ᠋᠎ᠤᠨ ᠨᠥᠭᠥᠭᠡ ᠲᠠᠯ᠎ᠠ᠎ᠳᠤ᠂ ᠠᠳᠠᠯᠢᠬᠠᠨ ᠠᠵᠢᠯ ᠲᠥᠷᠥᠯ᠎ᠦᠨ ᠳᠠᠭᠠᠭᠤᠯᠤᠭ᠍ᠴᠢ ᠪᠣᠯᠬᠤ ᠥᠪᠥᠷ ᠮᠣᠩᠭᠣᠯ᠎ᠤᠨ ᠽᠠᠢ ᠬᠤᠢ ᠱᠸᠤ ᠠᠮᠢᠳᠤ ᠪᠣᠳᠠᠰ᠎ᠤᠨ ᠢᠨᠵᠧᠨᠧᠷᠢᠩ᠎ᠦᠨ ᠬᠢᠵᠠᠭᠠᠷᠲᠤ ᠺᠣᠮᠫᠠᠨᠢ᠎ᠵᠢᠨ ᠬᠥᠮᠥᠷᠭᠡ᠎ᠳᠦ ᠣᠯᠠᠨ ᠵᠦᠢᠯ᠎ᠦᠨ ᠠᠮᠤᠷ ᠲᠦᠪᠰᠢᠨ᠎ᠦ ᠰᠢᠯᠭᠠᠨ ᠪᠠᠢᠴᠠᠭᠠᠯᠲᠠ᠎ᠶᠢ ᠥᠩᠭᠡᠷᠡᠭᠦᠯᠦᠭᠰᠡᠨ ᠤᠷᠢᠶᠠᠮᠠᠭ ᠵᠠᠮᠠᠭ᠎ᠤᠨ ᠨᠤᠨᠳᠠᠭ᠂ ᠤᠷᠢᠶᠠᠮᠠᠭ ᠵᠠᠮᠠᠭ᠎ᠤᠨ ᠢᠯᠲᠠᠰᠤ ᠵᠡᠷᠭᠡ ᠦᠢᠯᠡᠳᠭᠦᠨ᠎ᠢ ᠨᠢᠭᠡᠨᠲᠡ ᠬᠡᠷᠡᠭᠯᠡᠭᠴᠢ᠎ᠶᠢᠨ ᠬᠡᠷᠡᠭᠴᠡᠭᠡ ᠶᠣᠰᠣᠭᠠᠷ ᠲᠥᠷᠥᠯ ᠬᠤᠪᠢᠶᠠᠨ ᠪᠣᠭᠣᠳᠠᠯᠯᠠᠵᠤ᠂ ᠭᠠᠳᠠᠭᠰᠢ ᠶᠠᠪᠤᠭᠤᠯᠬᠤ᠎ᠶᠢ ᠬᠦᠯᠢᠶᠡᠵᠦ ᠪᠠᠢᠨ᠎ᠠ᠃

《ᠡᠨᠡ ᠪᠣᠯ ᠮᠠᠨ᠎ᠤ ᠬᠠᠮᠤᠭ᠎ᠤᠨ ᠰᠢᠨ᠎ᠡ ᠨᠢᠭᠡ ᠪᠦᠯᠦᠭ 2 ᠲᠣᠨ᠎ᠤ ᠤᠷᠢᠶᠠᠮᠠᠭ ᠵᠠᠮᠠᠭ᠎ᠤᠨ ᠨᠤᠨᠳᠠᠭ᠎ᠤᠨ ᠵᠠᠬᠢᠶᠠᠯᠠᠭ᠎ᠠ᠎ᠶᠢᠨ ᠬᠠᠭᠤᠳᠠᠰᠤ ᠮᠥᠨ᠂ ᠤᠳᠠᠯ ᠦᠭᠡᠢ ᠪᠧᠯᠭᠢ᠎ᠳᠦ ᠭᠠᠷᠭᠠᠬᠤ ᠭᠡᠵᠦ ᠪᠠᠢᠨ᠎ᠠ》᠃ ᠥᠪᠥᠷ ᠮᠣᠩᠭᠣᠯ᠎ᠤᠨ ᠽᠠᠢ ᠬᠤᠢ ᠱᠸᠤ ᠠᠮᠢᠳᠤ ᠪᠣᠳᠠᠰ᠎ᠤᠨ ᠢᠨᠵᠧᠨᠧᠷᠢᠩ᠎ᠦᠨ ᠬᠢᠵᠠᠭᠠᠷᠲᠤ ᠺᠣᠮᠫᠠᠨᠢ᠎ᠶᠢᠨ ᠶᠡᠷᠦᠩᠬᠡᠢ ᠳᠠᠭᠠᠭᠠᠮᠠᠯ ᠰᠤ᠌ ᠶᠦᠩ ᠨᠢᠩ ᠬᠥᠮᠥᠷᠭᠡ᠎ᠳᠦ ᠪᠠᠭᠯᠠᠵᠤ ᠲᠠᠯᠪᠢᠭ᠍ᠰᠠᠨ ᠦᠢᠯᠡᠳᠬᠦᠨ᠎ᠢᠶᠡᠨ ᠵᠢᠭᠠᠵᠤ ᠰᠤᠷᠪᠤᠯᠵᠢᠯᠠᠭ᠍ᠴᠢ᠎ᠳᠤ᠂ ᠺᠣᠮᠫᠠᠨᠢ ᠵᠢᠯ ᠪᠦᠷᠢ 1500 ᠲᠣᠨ ᠣᠷᠴᠢᠮ᠎ᠤᠨ ᠤᠷᠢᠶᠠᠮᠠᠭ ᠵᠠᠮᠠᠭ᠎ᠤᠨ ᠦᠢᠯᠡᠳᠭᠦᠨ᠎ᠢ ᠥᠪᠡᠷ᠎ᠢᠶᠡᠨ ᠦᠢᠯᠡᠳᠪᠦᠷᠢᠯᠡᠵᠦ᠂ 80%᠎ᠡᠴᠡ ᠳᠡᠭᠡᠭᠰᠢᠬᠢ᠎ᠶᠢ ᠨᠢ ᠴᠥᠮ ᠭᠠᠳᠠᠭᠠᠳᠤ᠎ᠳᠤ ᠭᠠᠷᠭᠠᠵᠤ᠂ ᠵᠢᠯ᠎ᠦᠨ ᠦᠢᠯᠡᠳᠬᠦᠨ᠎ᠦ ᠥᠷᠲᠡᠭ ᠨᠢ ᠪᠠᠷᠤᠭ  ᠳ᠋ᠦᠩᠰᠢᠭᠤᠷ ᠲᠥᠭᠥᠷᠢᠭ᠎ᠲᠦ ᠬᠦᠷᠴᠦ ᠪᠠᠢᠨ᠎ᠠ ᠭᠡᠵᠦ ᠲᠠᠨᠢᠯᠴᠠᠭᠤᠯᠪᠠ᠃

ᠨᠢᠭᠡᠨ ᠵᠢᠵᠢᠭᠬᠡᠨ ᠤᠷᠢᠶᠠᠮᠠᠭ ᠵᠠᠮᠠᠭ ᠦᠵᠡᠬᠦ᠎ᠳᠦ ᠶᠠᠯᠢᠮ ᠦᠭᠡᠢ ᠪᠣᠯᠪᠠᠴᠤ ᠤᠳᠤᠭ ᠬᠣᠰᠢᠭᠤᠨ᠎ᠤ ᠬᠤᠵᠢᠷᠯᠢᠭ᠋ ᠭᠠᠵᠠᠷ᠎ᠲᠦ ᠤᠷᠭᠤᠨ ᠪᠣᠢᠵᠢᠵᠤ᠂ ᠣᠳᠣᠬᠢᠴᠢᠯᠠᠭᠰᠠᠨ ᠪᠣᠬᠢᠷᠲᠤᠯ ᠦᠭᠡᠢ ᠲᠠᠷᠢᠶᠠᠯᠠᠩ᠎ᠤᠨ ᠠᠵᠤ ᠦᠢᠯᠡᠰ᠎ᠦᠨ ᠬᠡᠯᠬᠢᠶ᠎ᠡ᠎ᠶᠢ ᠬᠣᠯᠪᠣᠵᠤ ᠪᠠᠢᠳᠠᠭ᠃ ᠠᠵᠤ ᠦᠢᠯᠡᠰ᠎ᠦᠨ ᠬᠥᠭᠵᠢᠯᠲᠡ᠎ᠶᠢᠨ ᠬᠠᠨᠳᠤᠰᠢ᠎ᠶᠢ ᠦᠨᠳᠦᠰᠦᠯᠡᠪᠡᠯ᠂ ᠢᠷᠡᠭᠡᠳᠦᠢ᠎ᠶᠢᠨ 5 ᠎ᠡᠴᠡ 10 ᠵᠢᠯ᠎ᠳᠦ᠂ ᠣᠲᠣᠭ ᠬᠣᠰᠢᠭᠤᠨ᠎ᠤ ᠤᠷᠢᠶᠠᠮᠠᠭ ᠵᠠᠮᠠᠭ᠎ᠤᠨ ᠠᠵᠤ ᠦᠢᠯᠡᠰ ᠨᠢ ᠣᠷᠣᠨ ᠨᠤᠲᠤᠭ᠎ᠤᠨ ᠠᠵᠤ ᠠᠬᠤᠢ᠎ᠶᠢᠨ ᠬᠡᠯᠪᠡᠷᠢ᠎ᠪᠡᠨ ᠬᠤᠪᠢᠷᠠᠭᠤᠯᠬᠤ᠎ᠶᠢ ᠳᠠᠢᠴᠢᠯᠠᠬᠤ᠂ ᠠᠷᠠᠳ ᠢᠷᠭᠡᠳ᠎ᠦᠨ ᠡᠷᠡᠭᠦᠯ ᠮᠡᠨᠳᠦ᠎ᠳᠦ ᠦᠢᠯᠡᠴᠢᠯᠡᠬᠦ᠂ ᠳᠡᠯᠡᠬᠡᠢ᠎ᠶᠢᠨ ᠵᠠᠬ᠎ᠠ ᠳᠡᠯᠭᠡᠭᠦᠷ᠎ᠲᠦ ᠣᠷᠣᠬᠤ ᠵᠠᠭᠤᠨ ᠳ᠋ᠦᠩᠰᠢᠭᠤᠷ ᠲᠠᠰ᠎ᠤᠨ ᠪᠣᠬᠢᠷᠲᠤᠯ ᠦᠭᠡᠢ ᠠᠵᠤ ᠦᠢᠯᠡᠰ ᠪᠣᠯᠬᠤ ᠪᠣᠯᠣᠨ᠎ᠠ᠃

ᠬᠡᠷᠬᠢᠨ ᠪᠣᠬᠢᠷᠲᠤᠯ ᠦᠭᠡᠢ ᠠᠵᠤ ᠦᠢᠯᠡᠰ᠎ᠦᠨ ᠰᠢᠨ᠎ᠡ ᠳᠠᠯᠠᠢ ᠵᠦᠭ ᠤᠷᠤᠭᠰᠢᠯᠠᠬᠤ ᠪᠤᠢ? ᠤᠲᠤᠭ ᠬᠣᠰᠢᠭᠤ ᠤᠲᠤ᠎ᠶᠢᠨ ᠪᠠᠢᠭ᠎ᠠ ᠰᠠᠭᠤᠷᠢ᠂ ᠬᠥᠭᠵᠢᠯᠲᠡ᠎ᠶᠢᠨ ᠵᠠᠮ᠂ ᠥᠪᠡᠷᠮᠢᠴᠡ ᠡᠬᠢ ᠪᠠᠶᠠᠯᠢᠭ᠋᠎ᠤᠨ ᠳᠠᠪᠠᠭᠤᠯᠢᠭ᠋ ᠪᠣᠯᠣᠨ 20 ᠭᠠᠷᠤᠢ ᠵᠢᠯ᠎ᠦᠨ ᠠᠵᠤ ᠦᠢᠯᠡᠰ᠎ᠲᠠᠢ ᠪᠠᠨ ᠤᠶᠠᠯᠳᠤᠭᠤᠯᠤᠨ ᠬᠠᠷᠢᠭᠤᠯᠲᠠ ᠥᠭᠴᠡᠢ᠃

ᠤᠷᠢᠶᠠᠮᠠᠭ ᠵᠠᠮᠠᠭ ᠨᠢ ᠪᠢᠴᠢᠯ ᠵᠠᠮᠠᠭ᠎ᠲᠤ ᠬᠠᠷᠢᠶᠠᠯᠠᠭᠳᠠᠵᠤ᠂ ᠨᠢᠳᠦᠨ᠎ᠳᠤ ᠶᠡᠷᠦ᠎ᠳᠡᠭᠡᠨ ᠦᠵᠡᠭᠳᠡᠬᠦ ᠦᠭᠡᠢ᠂ ᠮᠢᠺᠷᠣᠰᠺᠣᠫ᠎ᠤᠨ ᠳᠣᠣᠷ᠎ᠠ ᠠᠵᠢᠭ᠍ᠯᠠᠪᠠᠯ ᠤᠷᠢᠶᠠᠮᠠᠭ ᠬᠡᠯᠪᠡᠷᠢ ᠪᠣᠯᠣᠨ᠎ᠠ᠂ ᠡᠢᠮᠦ᠎ᠡᠴᠡ ᠢᠩᠭᠢᠵᠦ ᠨᠡᠷᠡᠯᠡᠪᠡ᠃ ᠣᠳᠣ᠌᠎ᠡᠴᠡ ᠨᠢᠭᠡᠨᠲᠡ 35 ᠳ᠋ᠦᠩᠰᠢᠭᠤᠷ ᠵᠢᠯ᠎ᠦᠨ ᠲᠡᠦᠬᠡ᠎ᠲᠠᠢ ᠪᠣᠯᠤᠭᠰᠠᠨ ᠡᠨᠡ ᠬᠦ᠌ ᠡᠷᠲᠡᠨ᠎ᠦ ᠳᠦᠷᠰᠦ᠎ᠳᠦ ᠴᠢᠨᠠᠷ ᠰᠠᠢᠲᠠᠢ ᠤᠭᠤᠷᠠᠭ᠂ ᠸᠢᠲ᠋ᠠᠮᠢᠨ᠂ ᠡᠷᠦᠳᠡᠰᠦ ᠵᠡᠷᠭᠡ ᠣᠯᠠᠨ ᠵᠦᠢᠯ᠎ᠦᠨ ᠢᠳᠡᠪᠬᠢ ᠪᠣᠳᠠᠰ ᠡᠯᠪᠡᠭ ᠠᠭᠤᠯᠤᠭᠳᠠᠵᠤ᠂ ᠰᠢᠮ᠎ᠡ ᠲᠡᠵᠢᠭᠡᠯ ᠡᠷᠡᠭᠦᠯ ᠮᠡᠨᠳᠦ᠎ᠶᠢ ᠬᠠᠮᠠᠭᠠᠯᠠᠬᠤ ᠲᠤᠢᠯ᠎ᠤᠨ ᠥᠨᠳᠥᠷ ᠦᠨ᠎ᠡ ᠥᠷᠲᠡᠭ᠎ᠲᠠᠢ ᠶᠤᠮ᠃ ᠤᠮᠠᠷᠠᠲᠤ ᠥᠷᠭᠡᠷᠢᠭ᠎ᠦᠨ 38° ᠎ᠤ᠋ᠨ ᠤᠲᠤᠭ ᠬᠣᠰᠢᠭᠤᠨ᠎ᠤ ᠪᠦᠬᠦ ᠵᠢᠯ᠎ᠦᠨ ᠨᠡᠷᠡᠨ᠎ᠦ ᠲᠤᠰᠤᠯᠲᠠ ᠨᠢ 3000 ᠴᠠᠭ᠎ᠢ ᠳᠠᠪᠠᠵᠤ᠂ ᠡᠳᠦᠷ ᠰᠥᠨᠢ᠎ᠶᠢᠨ ᠳᠤᠯᠠᠭᠠᠨ᠎ᠤ ᠵᠥᠷᠢᠶ᠎ᠡ ᠶᠡᠬᠡ ᠪᠠᠢᠵᠤ᠂ ᠴᠠᠭᠠᠨᠨᠠᠭᠤᠷ᠎ᠤᠨ ᠲᠠᠪᠤᠰᠤ ᠶᠡᠬᠡᠲᠡᠢ ᠬᠤᠵᠢᠷ ᠶᠡᠬᠡᠲᠡᠢ ᠣᠷᠴᠢᠨ ᠲᠣᠭᠣᠷᠢᠨ ᠨᠢ ᠤᠷᠢᠶᠠᠮᠠᠭ ᠵᠠᠮᠠᠭ᠎ᠤᠨ ᠤᠷᠭᠤᠯᠲᠠ᠎ᠳᠤ ᠮᠠᠰᠢ ᠰᠠᠢᠨ ᠨᠥᠬᠥᠴᠡᠯ ᠬᠠᠩᠭᠠᠪᠠ᠃

ᠡᠬᠢ ᠪᠠᠶᠠᠯᠢᠭ᠋᠎ᠤᠨ ᠳᠠᠪᠠᠭᠤᠯᠢᠭ᠋᠎ᠲᠠᠭᠠᠨ ᠲᠦᠰᠢᠭᠯᠡᠨ ᠤᠷᠢᠶᠠᠮᠠᠭ ᠵᠠᠮᠠᠭ᠎ᠤᠨ ᠠᠵᠤ ᠦᠢᠯᠡᠰ᠎ᠢ ᠬᠥᠭᠵᠢᠭᠦᠯᠬᠦ᠎ᠶᠢᠨ ᠲᠥᠯᠥᠭᠡ᠂ 2003 ᠣᠨ᠎ᠳᠤ ᠣᠲᠣᠭ ᠬᠣᠰᠢᠭᠤ ᠤᠷᠢᠶᠠᠮᠠᠭ ᠵᠠᠮᠠᠭ᠎ᠤᠨ ᠠᠵᠤ ᠦᠢᠯᠡᠰ᠎ᠢ ᠰᠦᠪᠡᠭᠴᠢᠯᠡᠨ ᠡᠬᠢᠯᠡᠭᠦᠯᠵᠦ᠂ 2009 ᠣᠨ᠎ᠳᠤ ᠪᠥᠬᠥ ᠪᠥᠮᠪᠥᠷᠴᠡᠭ᠎ᠦᠨ ᠬᠠᠮᠤᠭ᠎ᠤᠨ ᠲᠣᠮᠣ᠌ ᠤᠷᠢᠶᠠᠮᠠᠭ ᠵᠠᠮᠠᠭ᠎ᠤᠨ ᠦᠢᠯᠡᠳᠪᠦᠷᠢᠯᠡᠯ᠎ᠦᠨ ᠰᠠᠭᠤᠷᠢᠨ — ᠣᠲᠣᠭ ᠬᠣᠰᠢᠭᠤᠨ ᠤ᠋ ᠤᠷᠢᠶᠠᠮᠠᠭ ᠵᠠᠮᠠᠭ᠎ᠤᠨ ᠠᠵᠤ ᠦᠢᠯᠡᠰ ᠤ᠋ᠨ ᠬᠦᠷᠢᠶᠡᠯᠡᠩ ᠲᠣᠭᠣᠷᠢᠭ᠋ ᠢ᠋ ᠪᠠᠢᠭᠤᠯᠪᠠ᠃ ᠣᠳᠣᠬᠠᠨ᠎ᠳᠤ ᠬᠦᠷᠢᠶᠡᠯᠡᠩ ᠲᠣᠭᠣᠷᠢᠭ᠋᠎ᠲᠤ 4993 ᠪᠠᠷᠢᠮᠵᠢᠶᠠᠵᠢᠭ᠍ᠰᠠᠨ ᠲᠡᠵᠢᠭᠡᠨ ᠦᠷᠡᠵᠢᠭᠦᠯᠬᠦ ᠬᠦᠯᠡᠮᠵᠢ᠎ᠲᠠᠢ᠂ ᠵᠢᠯ᠎ᠳᠡᠭᠡᠨ ᠴᠢᠨᠠᠷ ᠰᠠᠢᠲᠠᠢ ᠤᠷᠢᠶᠠᠮᠠᠭ ᠵᠠᠮᠠᠭ᠎ᠤᠨ ᠨᠤᠨᠳᠠᠭ ᠢ᠋ 5200 ᠭᠠᠷᠤᠢ ᠲᠣᠨ ᠦᠢᠯᠡᠳᠪᠦᠷᠢᠯᠡᠵᠦ᠂ ᠪᠦᠬᠦ ᠤᠯᠤᠰ᠎ᠤᠨ ᠶᠡᠷᠦᠩᠬᠡᠢ ᠭᠠᠷᠤᠯᠲᠠ᠎ᠶᠢᠨ 50% ᠶ᠋ᠢ ᠡᠵᠡᠯᠡᠵᠦ᠂ ᠳᠡᠯᠡᠬᠡᠢ᠎ᠶᠢᠨ ᠶᠡᠷᠦᠩᠬᠡᠢ ᠭᠠᠷᠤᠯᠲᠠ᠎ᠶᠢᠨ 40% ᠶ᠋ᠢ ᠡᠵᠡᠯᠡᠵᠦ᠂ 《ᠳᠡᠯᠡᠬᠡᠢ᠎ᠶᠢᠨ ᠵᠠᠮᠠᠭ᠎ᠤᠨ ᠲᠥᠪ》 ᠬᠡᠮᠡᠭᠳᠡᠵᠦ ᠪᠤᠢ᠃ ᠦᠢᠯᠡᠳᠬᠦᠨ ᠨᠢ ᠤᠷᠢᠶᠠᠮᠠᠭ ᠵᠠᠮᠠᠭ᠎ᠤᠨ ᠨᠤᠨᠳᠠᠭ᠂ ᠤᠷᠢᠶᠠᠮᠠᠭ ᠵᠠᠮᠠᠭ᠎ᠤᠨ ᠢᠯᠲᠠᠰᠤ᠂ ᠵᠠᠮᠠᠭ᠎ᠤᠨ ᠬᠥᠬᠡ ᠤᠭᠤᠷᠠᠭ᠂ ᠡᠷᠡᠭᠦᠯᠵᠢᠯ᠎ᠦᠨ ᠢᠳᠡᠭᠡᠨ᠂ ᠭᠣᠶᠣᠯᠠᠯ᠎ᠤᠨ ᠡᠳ᠋ ᠵᠡᠷᠭᠡ 20 ᠭᠠᠷᠤᠢ ᠲᠥᠷᠥᠯ ᠵᠦᠢᠯ᠎ᠢ ᠬᠠᠮᠤᠷᠴᠤ᠂ 40 ᠭᠠᠷᠤᠢ ᠤᠯᠤᠰ ᠪᠠ ᠭᠠᠵᠠᠷ ᠣᠷᠣᠨ᠎ᠳᠤ ᠪᠣᠷᠣᠯᠠᠭᠤᠯᠤᠭᠳᠠᠵᠤ᠂ ᠭᠠᠳᠠᠭᠠᠳᠤ᠎ᠳᠤ ᠭᠠᠷᠭᠠᠬᠤ ᠬᠡᠮᠵᠢᠶ᠎ᠡ ᠨᠢ ᠭᠠᠷᠤᠯᠲᠠ᠎ᠶᠢᠨ ᠬᠡᠮᠵᠢᠶ᠎ᠡ᠎ᠶᠢᠨ 80 %᠎ᠡᠴᠡ ᠳᠡᠭᠡᠭᠰᠢᠬᠢ᠎ᠶᠢ ᠡᠵᠡᠯᠡᠵᠦ᠂ ᠵᠢᠯ᠎ᠦᠨ ᠦᠢᠯᠡᠳᠬᠦᠨ᠎ᠦ ᠥᠷᠲᠡᠭ ᠨᠢ 5.3 ᠳ᠋ᠦᠩᠰᠢᠭᠤᠷ ᠲᠥᠭᠥᠷᠢᠭ᠎ᠢ ᠳᠠᠪᠠᠵᠠᠢ᠃ 2025 ᠣᠨ᠎ᠳᠤ᠂ 《ᠣᠲᠣᠭ᠎ᠤᠨ ᠤᠷᠢᠶᠠᠮᠠᠭ ᠵᠠᠮᠠᠭ》 ᠤᠯᠤᠰ᠎ᠤᠨ ᠭᠠᠵᠠᠷ ᠵᠦᠢ᠎ᠶᠢᠨ ᠢᠯᠡᠷᠬᠡᠢᠯᠡᠯᠳᠤ ᠲᠠᠸᠠᠷ᠎ᠤᠨ ᠲᠡᠮᠳᠡᠭ᠎ᠤᠨ ᠭᠡᠷᠡᠴᠢᠯᠡᠯ᠎ᠢ ᠣᠯᠵᠤ᠂ ᠭᠠᠵᠠᠷ ᠵᠦᠢ᠎ᠶᠢᠨ ᠢᠯᠡᠷᠬᠡᠢᠯᠡᠯᠳᠤ ᠦᠢᠯᠡᠳᠬᠦᠨ ᠬᠢᠭᠡᠳ ᠲᠠᠸᠠᠷ᠎ᠤᠨ ᠲᠡᠮᠳᠡᠭ᠎ᠤ᠋ᠨ ᠭᠡᠷᠡᠴᠢᠯᠡᠯ᠎ᠤᠨ 《ᠬᠤᠤᠰ ᠬᠠᠮᠠᠭᠠᠯᠠᠯᠳᠠ》 ᠵᠢ ᠪᠡᠶᠡᠯᠡᠭᠦᠯᠵᠦ᠂ ᠲᠥᠷᠥᠯ ᠲᠡᠮᠳᠡᠭ᠎ᠤᠨ ᠥᠷᠲᠡᠭ ᠨᠢ 5.68 ᠳ᠋ᠦᠩᠰᠢᠭᠤᠷ ᠲᠥᠭᠥᠷᠢᠭ᠎ᠲᠦ ᠬᠥᠷᠪᠡ᠃

ᠠᠵᠤ ᠦᠢᠯᠡᠰ᠎ᠦᠨ ᠥᠷᠨᠢᠩᠭᠦᠢ ᠬᠥᠭᠵᠢᠯᠲᠡ ᠨᠢ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ 《ᠲᠡᠮᠵᠢᠯᠭᠡ》 ᠡᠴᠡ ᠰᠠᠯᠵᠤ ᠴᠢᠳᠠᠬᠤ ᠦᠭᠡᠢ ᠶᠤᠮ᠃ 2023 ᠣᠨ᠎ᠳᠤ᠂ ᠣᠲᠣᠭ ᠬᠣᠰᠢᠭᠤ ᠪᠣᠯᠣᠨ ᠵᠧᠵᠢᠶᠠᠩ ᠶᠡᠬᠡ ᠰᠤᠷᠭᠠᠭᠤᠯᠢ ᠬᠠᠮᠲᠤᠷᠠᠨ ᠠᠮᠢᠳᠤ ᠪᠣᠳᠠᠰ᠎ᠤᠨ ᠡᠮ ᠡᠮᠨᠡᠯᠭᠡ᠎ᠶᠢᠨ ᠬᠠᠮᠲᠤᠷᠠᠭᠰᠠᠨ ᠰᠤᠳᠤᠯᠭᠠᠨ᠎ᠤ ᠲᠥᠪ ᠪᠠᠢᠭᠤᠯᠵᠤ᠂ ᠤᠷᠢᠶᠠᠮᠠᠭ ᠵᠠᠮᠠᠭ᠎ᠤᠨ ᠭᠠᠳᠠᠷ ᠰᠢᠭᠦᠷᠡᠳᠡᠰᠦ᠎ᠶᠢᠨ ᠬᠡᠲᠦ ᠴᠡᠪᠡᠷ ᠰᠢᠩᠭᠡᠨ᠂ ᠨᠠᠨᠦᠮᠧᠲᠷ ᠤᠷᠢᠶᠠᠮᠠᠭ ᠵᠠᠮᠠᠭ᠎ᠤᠨ ᠨᠢᠳᠤᠨ ᠳ᠋ᠤ ᠲᠤᠰᠤᠭᠠᠬᠤ ᠰᠢᠩᠭᠡᠨ᠂ ᠤᠷᠢᠶᠠᠮᠠᠭ ᠵᠠᠮᠠᠭ᠎ᠤᠨ ᠠᠰᠢᠭ᠍ᠲᠤ ᠪᠠᠺᠲᠸᠷᠢ᠎ᠶᠢᠨ ᠨᠤᠨᠳᠠᠭ ᠵᠡᠷᠭᠡ ᠳᠡᠭᠡᠳᠦ ᠲᠠᠰ᠎ᠤᠨ ᠦᠢᠯᠡᠳᠬᠦᠨ᠎ᠢ ᠰᠤᠳᠤᠯᠤᠨ ᠨᠡᠭᠡᠭᠡᠵᠦ᠂ ᠨᠡᠶ᠋ᠢᠲᠡ 11 ᠵᠦᠢᠯ᠎ᠦᠨ ᠤᠯᠤᠰ᠎ᠤᠨ ᠡᠭᠦᠳᠦᠨ ᠪᠦᠲᠦᠭᠡᠯᠲᠡ᠎ᠶᠢᠨ ᠲᠤᠰᠬᠠᠢ ᠠᠰᠢᠭ᠋ ᠪᠠ 1 ᠵᠦᠢᠯ᠎ᠦᠨ ᠶᠠᠫᠤᠨ᠎ᠤ ᠲᠤᠰᠬᠠᠢ ᠠᠰᠢᠭ᠋᠎ᠢ ᠣᠯᠵᠤ᠂ ᠠᠵᠤ ᠦᠢᠯᠡᠰ᠎ᠦᠨ ᠲᠦᠭᠦᠬᠡᠢ ᠮᠠᠲᠧᠷᠢᠶᠠᠯ ᠭᠠᠷᠭᠠᠵᠤ ᠪᠠᠢᠭᠰᠠᠨ᠎ᠡᠴᠡ᠎ᠪᠠᠨ ᠠᠮᠢᠳᠤ ᠪᠣᠳᠠᠰ᠎ᠤᠨ ᠡᠮ ᠡᠮᠨᠡᠯᠭᠡ᠂ ᠳᠡᠭᠡᠳᠦ ᠲᠠᠰ᠎ᠤᠨ ᠡᠷᠡᠭᠦᠯ ᠢᠳᠡᠭᠡᠨ᠎ᠦ ᠬᠦᠷᠢᠶ᠎ᠡ ᠳᠠᠢᠰᠢ ᠳᠠᠪᠠᠯᠲᠠ ᠬᠢᠬᠦ᠎ᠶᠢ ᠠᠬᠢᠭᠤᠯᠵᠤ᠂ ᠰᠠᠭᠤᠷᠢ ᠰᠤᠳᠤᠯᠭᠠᠨ᠎ᠡᠴᠡ ᠠᠵᠤ ᠦᠢᠯᠡᠰ᠎ᠦᠨ ᠬᠤᠪᠢᠷᠠᠭᠤᠯᠤᠯᠲᠠ ᠬᠦᠷᠲᠡᠯᠡᠬᠢ ᠪᠥᠬᠥ ᠬᠡᠯᠬᠢᠶᠡᠨ᠎ᠦ ᠰᠢᠨ᠎ᠡ᠎ᠶᠢ ᠡᠭᠦᠳᠬᠦ ᠰᠢᠰᠲᠧᠮ᠎ᠢ ᠪᠠᠢᠭᠤᠯᠪᠠ᠃

《ᠪᠢᠳᠡ ᠨᠢᠭᠡᠨᠲᠡ ᠤᠷᠢᠶᠠᠮᠠᠭ ᠵᠠᠮᠠᠭ᠎ᠤᠨ ᠠᠵᠢᠯ ᠲᠥᠷᠥᠯ᠎ᠦᠨ ᠪᠠᠷᠢᠮᠵᠢᠶ᠎ᠠ ᠲᠣᠭᠲᠠᠭᠠᠬᠤ ᠡᠷᠬᠡ ᠪᠠ ᠦᠨ᠎ᠡ ᠬᠠᠩᠰᠢ᠎ᠶᠢᠨ ᠦᠭᠡ ᠬᠡᠯᠡᠬᠦ ᠡᠷᠬᠡ᠎ᠲᠠᠢ ᠪᠣᠯᠵᠤ᠂ ᠶᠠᠭ ᠠᠭᠠᠵᠢᠮ᠎ᠢᠶᠠᠷ ᠪᠢᠴᠢᠯ ᠵᠠᠮᠠᠭ᠎ᠤᠨ ᠲᠡᠵᠢᠭᠡᠪᠦᠷᠢ᠎ᠶᠢᠨ ᠬᠦᠷᠢᠶᠡᠨ᠎ᠦ ᠨᠠᠷᠢᠨ ᠬᠤᠪᠢᠶᠠᠷᠢᠲᠤ ᠤᠷᠤᠯᠳᠤᠭᠠᠨ᠎ᠤ ᠵᠠᠮ᠎ᠢ ᠨᠠᠷᠢᠯᠢᠭ᠍ᠵᠢᠭᠤᠯᠵᠤ᠂ ᠲᠤᠰᠬᠠᠢᠵᠢᠭᠤᠯᠵᠤ᠂ ᠪᠤᠵᠠᠭᠠᠢᠷᠠᠭᠤᠯᠵᠤ᠂ ᠬᠦᠴᠦᠷᠬᠡᠭᠵᠢᠭᠦᠯᠵᠦ ᠪᠠᠢᠨ᠎ᠠ᠂ ᠡᠨᠡ ᠬᠦ᠌ ᠠᠵᠤ ᠦᠢᠯᠡᠰ᠎ᠦᠨ ᠢᠷᠡᠭᠡᠳᠦᠢ ᠮᠠᠰᠢ ᠰᠠᠷᠠᠭᠤᠯ ᠠᠭᠤᠳᠠᠮ ᠪᠠᠢᠨ᠎ᠠ》 ᠭᠡᠵᠦ ᠣᠲᠣᠭ ᠬᠣᠰᠢᠭᠤᠨ᠎ᠤ ᠤᠷᠢᠶᠠᠮᠠᠭ ᠵᠠᠮᠠᠭ᠎ᠤᠨ ᠠᠵᠢᠯ ᠲᠥᠷᠥᠯ᠎ᠦᠨ ᠨᠡᠢᠭᠡᠮᠯᠢᠭ᠎ᠦᠨ ᠨᠠᠷᠢᠨ ᠪᠢᠴᠢᠭ᠎ᠦᠨ ᠳᠠᠷᠤᠭ᠎ᠠ ᠪᠠᠢᠭᠰᠠᠨ ᠰᠤ᠌ ᠶᠦᠩ ᠨᠢᠩ ᠢᠷᠡᠭᠡᠳᠦᠢ᠎ᠶᠢᠨ ᠬᠥᠭᠵᠢᠯᠲᠡ᠎ᠳᠦ ᠢᠲᠡᠭᠡᠯ ᠳᠦᠭᠦᠷᠡᠩ ᠬᠡᠯᠡᠪᠡ᠃

20 ᠭᠠᠷᠤᠢ ᠵᠢᠯ᠎ᠦᠨ ᠲᠤᠷᠰᠢ᠂ ᠣᠲᠣᠭ ᠬᠣᠰᠢᠭᠤᠨ᠎ᠤ ᠤᠷᠢᠶᠠᠮᠠᠭ ᠵᠠᠮᠠᠭ᠎ᠤᠨ ᠠᠵᠤ ᠦᠢᠯᠡᠰ ᠨᠢ ᠲᠤᠬᠠᠢ᠎ᠶᠢᠨ ᠭᠠᠵᠠᠷ᠎ᠤᠨ ᠠᠵᠤ ᠠᠬᠤᠢ᠎ᠶᠢᠨ ᠬᠥᠭᠵᠢᠯᠲᠡ ᠪᠣᠯᠣᠨ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠳᠤ ᠠᠯᠤᠰ ᠬᠡᠲᠦ᠎ᠶᠢᠨ ᠨᠥᠯᠥᠭᠡ ᠦᠵᠡᠭᠦᠯᠵᠡᠢ᠃ ᠤᠷᠢᠶᠠᠮᠠᠭ ᠵᠠᠮᠠᠭ᠎ᠤᠨ ᠠᠵᠤ ᠦᠢᠯᠡᠰ ᠨᠢ ᠨᠢᠭᠡᠨᠲᠡ ᠲᠤᠬᠠᠢ᠎ᠶᠢᠨ ᠭᠠᠵᠠᠷ᠎ᠤᠨ ᠣᠨᠴᠠᠯᠢᠭ᠍ᠲᠤ ᠲᠤᠯᠭᠠᠭᠤᠷᠢ ᠠᠵᠤ ᠦᠢᠯᠡᠰ ᠪᠣᠯᠵᠤ᠂ ᠠᠵᠤ ᠦᠢᠯᠡᠰ᠎ᠦᠨ ᠬᠡᠪᠴᠢᠶᠡᠵᠢᠭᠰᠡᠨ ᠬᠥᠭᠵᠢᠯᠲᠡ ᠨᠢ ᠲᠡᠵᠢᠭᠡᠨ ᠦᠷᠡᠵᠢᠭᠦᠯᠬᠦ᠂ ᠡᠳ᠋ᠰᠢᠭᠦᠯᠬᠦ᠂ ᠪᠠᠷᠠᠭᠠᠨ᠎ᠤ ᠭᠦᠢᠯᠭᠡᠭᠡ᠂ ᠡᠯᠧᠺᠲᠷᠣᠨ ᠬᠤᠳᠠᠯᠳᠤᠭ᠎ᠠ᠂ ᠰᠣᠶᠣᠯ ᠵᠢᠭᠤᠯᠴᠢᠯᠠᠯ ᠵᠡᠷᠭᠡ ᠪᠥᠬᠥ ᠬᠡᠯᠬᠢᠶ᠎ᠡ᠎ᠶᠢᠨ ᠬᠥᠭᠵᠢᠯᠲᠡ᠎ᠶᠢ ᠳᠠᠶ᠋ᠢᠴᠢᠯᠠᠵᠤ᠂ ᠤᠯᠠᠮᠵᠢᠯᠠᠯᠲᠤ ᠎ᠲᠠᠷᠢᠶᠠᠯᠠᠩ ᠮᠠᠯ ᠠᠵᠤ ᠠᠬᠤᠢ᠎ᠵᠢ ᠥᠨᠳᠥᠷ ᠪᠦᠲᠦᠮᠵᠢᠲᠡᠶ ᠣᠨᠴᠠᠯᠢᠭ᠍ᠲᠤ ᠣᠲᠣ᠌ ᠦᠶ᠎ᠡ᠎ᠶᠢᠨ ᠲᠠᠷᠢᠶᠠᠯᠠᠩ ᠮᠠᠯ ᠠᠵᠤ ᠠᠬᠤᠢ ᠳᠠᠢᠰᠢ ᠬᠤᠪᠢᠷᠠᠭᠤᠯᠬᠤ᠎ᠶᠢ ᠠᠬᠢᠭᠤᠯᠪᠠ᠃ ᠡᠨᠡ ᠬᠦ᠌ ᠠᠮᠢ ᠠᠬᠤᠢ ᠳ᠋ᠦ ᠨᠥᠬᠥᠷᠰᠡᠭ ᠬᠡᠯᠪᠡᠷᠢ᠎ᠶᠢᠨ ᠪᠣᠬᠢᠷᠲᠤᠯ ᠦᠭᠡᠢ ᠠᠵᠤ ᠦᠢᠯᠡᠰ᠎ᠦᠨ ᠬᠥᠭᠵᠢᠯᠲᠡ ᠨᠢ ᠡᠬᠢ ᠪᠠᠶᠠᠯᠢᠭ᠋᠎ᠤᠨ ᠬᠡᠯᠪᠡᠷᠢ᠎ᠶᠢᠨ ᠭᠠᠵᠠᠷ ᠣᠷᠣᠨ᠎ᠤ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭᠴᠢᠳᠤ ᠲᠡᠢᠰᠢ ᠬᠡᠯᠪᠡᠷᠢ᠎ᠪᠡᠨ ᠬᠤᠪᠢᠷᠠᠭᠤᠯᠬᠤ ᠳ᠋ᠤ ᠲᠣᠯᠢ ᠪᠣᠯᠵᠤ᠂ ᠬᠤᠰᠢᠭᠤ ᠰᠢᠶᠠᠨ᠎ᠤ ᠠᠵᠤ ᠠᠬᠤᠢ᠎ᠶᠢᠨ ᠴᠢᠨᠠᠷ ᠰᠠᠢᠲᠠᠢ ᠬᠥᠭᠵᠢᠯᠲᠡ᠎ᠳᠦ ᠤᠳᠠᠭᠠᠨ ᠳᠠᠭᠠᠭᠠᠮᠠᠭᠠᠢ ᠬᠥᠳᠡᠯᠭᠡᠬᠦ ᠬᠦᠴᠦᠨ ᠨᠡᠮᠡᠷᠢᠯᠡᠪᠡ᠃


ᠰᠤᠷᠪᠤᠯᠵᠢᠯᠠᠭ᠍ᠴᠢ᠎ᠶᠢᠨ ᠡᠪᠦᠷ ᠲᠡᠮᠳᠡᠭᠯᠡᠯ

ᠲᠦᠷᠦᠭᠦᠬᠡᠨ᠂ 51 ᠳ᠋ᠤᠭᠡᠷ ᠬᠤᠭᠤᠴᠠᠭᠠᠨ᠎ᠤ ᠵᠧᠨᠧᠸᠠ᠎ᠶᠢᠨ ᠣᠯᠠᠨ ᠤᠯᠤᠰ᠎ᠤᠨ ᠡᠭᠦᠳᠦᠯᠲᠡ᠎ᠶᠢᠨ ᠦᠵᠡᠰᠬᠦᠯᠡᠩ᠎ᠦᠨ ᠦᠷ᠎ᠡ ᠳ᠋ᠦᠩ᠎ᠢ ᠨᠡᠢᠲᠡᠯᠡᠵᠦ᠂ ᠵᠧᠵᠢᠶᠠᠩ ᠶᠡᠬᠡ ᠰᠤᠷᠭᠠᠭᠤᠯᠢ — ᠣᠷᠳᠣᠰ ᠬᠣᠲᠠ᠎ᠶᠢᠨ ᠣᠲᠣᠭ ᠬᠣᠰᠢᠭᠤᠨ᠎ᠤ ᠠᠮᠢᠳᠤ ᠪᠣᠳᠠᠰ᠎ᠤᠨ ᠡᠮ ᠡᠮᠨᠡᠯᠭᠡ᠎ᠶᠢᠨ ᠬᠠᠮᠲᠤᠷᠠᠭᠰᠠᠨ ᠰᠤᠳᠤᠯᠭᠠᠨ᠎ᠤ ᠲᠥᠪ᠎ᠦᠨ ᠡᠷᠬᠢᠯᠡᠭᠴᠢ ᠵᠧᠦ ᠮᠢᠨ ᠫᠷᠤᠹᠧᠰᠰᠤᠷ᠎ᠤᠨ ᠪᠦᠯᠬᠦᠮ᠎ᠦᠨ ᠣᠷᠣᠯᠴᠠᠭᠰᠠᠨ ᠬᠣᠶᠠᠷ ᠲᠥᠷᠥᠯ ᠵᠦᠢᠯ ᠨᠢ ᠲᠣᠰ ᠲᠣᠰ ᠠᠯᠲᠠᠨ ᠱᠠᠩᠨᠠᠯ ᠪᠠ ᠮᠥᠩᠭᠥᠨ ᠱᠠᠩᠨᠠᠯ ᠭᠥᠷᠳᠡᠵᠦ᠂ ᠣᠲᠣᠭ ᠬᠣᠰᠢᠭᠤᠨ᠎ᠤ ᠬᠤᠰᠢᠭᠤᠷᠠᠯ ᠤᠷᠢᠶᠠᠮᠠᠭ ᠵᠠᠮᠠᠭ᠎ᠤᠨ ᠠᠮᠢᠳᠤ ᠪᠣᠳᠠᠰ᠎ᠤᠨ ᠡᠮ ᠡᠮᠨᠡᠯᠭᠡ᠎ᠶᠢᠨ ᠬᠦᠷᠢᠶᠡᠨ᠎ᠳᠡᠬᠢ ᠰᠢᠨ᠎ᠡ᠎ᠶᠢ ᠡᠭᠦᠳᠬᠦ ᠪᠣᠳᠠᠲᠤ ᠬᠦᠴᠦᠨ ᠨᠢ ᠣᠯᠠᠨ ᠤᠯᠤᠰ᠎ᠤᠨ ᠡᠷᠬᠡ ᠰᠦᠷᠲᠦ ᠵᠥᠪᠰᠢᠶᠡᠷᠡᠯ᠎ᠢ ᠣᠯᠣᠭᠰᠠᠨ᠎ᠢ ᠬᠠᠷᠠᠭᠤᠯᠪᠠ᠃

ᠠᠮᠢᠳᠤ ᠪᠣᠳᠠᠰ᠎ᠤᠨ ᠡᠮ ᠡᠮᠨᠡᠯᠭᠡ᠎ᠶᠢᠨ ᠬᠦᠷᠢᠶᠡᠨ᠎ᠳᠦ ᠂ ᠣᠲᠣᠭ ᠬᠣᠰᠢᠭᠤᠨ᠎ᠤ ᠤᠷᠢᠶᠠᠮᠠᠭ ᠵᠠᠮᠠᠭ᠎ᠤᠨ ᠠᠵᠤ ᠦᠢᠯᠡᠰ ᠨᠢ ᠨᠢᠭᠡᠨᠲᠡ ᠲᠤᠬᠠᠢ᠎ᠶᠢᠨ ᠭᠠᠵᠠᠷ᠎ᠤᠨ ᠣᠨᠴᠠᠯᠢᠭ᠍ᠲᠤ ᠲᠤᠯᠭᠠᠭᠤᠷᠢ ᠠᠵᠤ ᠦᠢᠯᠡᠰ ᠪᠣᠯᠵᠤ᠂ ᠤᠷᠢᠶᠠᠮᠠᠭ ᠵᠠᠮᠠᠭ᠎ᠤᠨ ᠲᠦᠷᠦᠯ ᠲᠡᠮᠳᠡᠭ ᠨᠢ ᠳᠡᠯᠡᠬᠡᠢ᠎ᠳᠦ ᠠᠯᠳᠠᠷᠰᠢᠭᠰᠠᠨ ᠵᠢᠡᠷ ᠪᠠᠷᠠᠬᠤ ᠦᠭᠡᠢ ᠣᠲᠣᠭ ᠬᠣᠰᠢᠭᠤ ᠪᠠᠰᠠ 《ᠳᠡᠯᠡᠬᠡᠢ᠎ᠶᠢᠨ ᠵᠠᠮᠠᠭ᠎ᠤᠨ ᠬᠣᠲᠠ》 ᠬᠡᠮᠡᠭᠳᠡᠭᠰᠡᠨ ᠪᠠᠢᠨ᠎ᠠ᠃ ᠣᠲᠣᠭ ᠬᠣᠰᠢᠭᠤ ᠨᠢ ᠤᠷᠢᠶᠠᠮᠠᠭ ᠵᠠᠮᠠᠭ᠎ᠤᠨ ᠠᠵᠤ ᠦᠢᠯᠡᠰ᠎ᠦᠨ ᠬᠥᠭᠵᠢᠯᠲᠡ᠎ᠶᠢ ᠬᠡᠷᠬᠢᠨ ᠣᠷᠣᠨ ᠨᠤᠲᠤᠭ᠎ᠤᠨ ᠠᠵᠤ ᠠᠬᠤᠢ᠎ᠶᠢᠨ ᠬᠡᠯᠪᠡᠷᠢ᠎ᠶᠢ ᠬᠤᠪᠢᠷᠠᠭᠤᠯᠬᠤ᠎ᠶᠢ ᠠᠬᠢᠭᠤᠯᠬᠤ᠂ ᠠᠷᠠᠳ ᠢᠷᠭᠡᠳ᠎ᠦᠨ ᠡᠷᠡᠭᠦᠯ ᠮᠡᠨᠳᠦ᠎ᠳᠦ ᠦᠢᠯᠡᠴᠢᠯᠡᠬᠦ ᠪᠣᠬᠢᠷᠲᠤᠯ ᠦᠭᠡᠢ ᠠᠵᠤ ᠦᠢᠯᠡᠰ ᠪᠣᠯᠭᠠᠭᠰᠠᠨ ᠪᠣᠶ? ᠡᠨᠡ ᠬᠦ᠌ ᠰᠣᠨᠢᠭᠤᠴᠢ ᠰᠡᠳᠬᠢᠯ ᠵᠢᠡᠷ ᠪᠢ ᠣᠲᠣᠭ ᠬᠣᠰᠢᠭᠤᠨ᠎ᠳᠤ ᠬᠦᠷᠴᠦ᠂ ᠡᠨᠡ ᠬᠦ᠌ ᠠᠮᠢ ᠠᠬᠤᠢ᠎ᠳ᠋ᠦ ᠨᠥᠬᠥᠷᠰᠡᠭ ᠬᠡᠯᠪᠡᠷᠢ᠎ᠶᠢᠨ ᠪᠣᠬᠢᠷᠲᠤᠯ ᠦᠭᠡᠢ ᠠᠵᠤ ᠦᠢᠯᠡᠰ᠎ᠲᠦ ᠭᠦᠨᠵᠡᠭᠡᠢ ᠪᠠᠢᠴᠠᠭᠠᠨ ᠰᠤᠳᠤᠯᠤᠯᠲᠠ ᠬᠢᠵᠦ᠂ ᠰᠣᠷᠪᠤᠯᠵᠢᠯᠠᠭ᠎ᠠ ᠠᠪᠴᠤ᠂ ᠠᠵᠤ ᠦᠢᠯᠡᠰ᠎ᠦᠨ ᠬᠥᠭᠵᠢᠯᠲᠡ᠎ᠶᠢᠨ ᠢᠷᠡᠭᠡᠳᠦᠢ᠎ᠶᠢ ᠰᠦᠪᠡᠭᠴᠢᠯᠡᠪᠡ᠃

ᠰᠣᠷᠪᠤᠯᠵᠢᠯᠠᠭ᠎ᠠ᠎ᠶᠢᠨ ᠳᠤᠮᠳᠠ ᠣᠯᠵᠤ ᠮᠡᠳᠡᠭᠰᠡᠨ᠎ᠢᠶᠡᠷ᠂ 20 ᠭᠠᠷᠤᠢ ᠵᠢᠯ᠎ᠦᠨ ᠠᠵᠤ ᠦᠢᠯᠡᠰ᠎ᠦᠨ ᠬᠦᠨᠵᠡᠭᠡᠢ ᠰᠤᠳᠤᠯᠤᠨ ᠠᠵᠢᠯᠯᠠᠬᠤ᠎ᠪᠠᠷ ᠳᠡᠮᠵᠢᠨ᠂ ᠣᠲᠣᠭ ᠬᠣᠰᠢᠭᠤ ᠨᠢᠭᠡᠨᠲᠡ ᠤᠷᠢᠶᠠᠮᠠᠭ ᠵᠠᠮᠠᠭ᠎ᠤᠨ ᠠᠵᠤ ᠦᠢᠯᠡᠰ᠎ᠦᠨ ᠬᠥᠭᠵᠢᠯᠲᠡ᠎ᠶᠢ ᠲᠠᠩ ᠭᠠᠭᠴᠠ ᠲᠦᠭᠦᠬᠡᠢ ᠮᠠᠲᠧᠷᠢᠶᠠᠯ᠎ᠤᠨ ᠭᠠᠷᠭᠠᠯᠲᠠ᠎ᠡᠴᠡ ᠢᠳᠡᠭᠡᠨ᠂ ᠲᠡᠵᠢᠭᠡᠯ ᠪᠣᠷᠳᠣᠭ᠎ᠠ ᠪᠠ ᠠᠮᠢᠳᠤ ᠪᠣᠳᠠᠰ᠎ᠤᠨ ᠡᠮ ᠡᠮᠨᠡᠯᠭᠡ᠎ᠶᠢᠨ ᠪᠥᠬᠥ ᠠᠵᠤ ᠦᠢᠯᠡᠰ᠎ᠦᠨ ᠬᠡᠯᠬᠢᠶ᠎ᠡ᠎ᠶᠢᠨ ᠪᠠᠢᠷᠢᠰᠢᠭᠤᠯᠤᠯᠲᠠ ᠪᠣᠯᠭᠠᠵᠤ᠂ ᠣᠲᠣᠭ ᠬᠣᠰᠢᠭᠤ ᠴᠤ᠌ ᠪᠥᠬᠥ ᠪᠥᠮᠪᠥᠷᠴᠡᠭ᠎ᠦᠨ ᠤᠷᠢᠶᠠᠮᠠᠭ ᠵᠠᠮᠠᠭ᠎ᠤᠨ ᠴᠢᠬᠤᠯᠠ ᠭᠠᠷᠤᠯᠲᠠ᠎ᠶᠢᠨ ᠣᠷᠣᠨ ᠪᠠ ᠲᠦᠭᠦᠬᠡᠢ ᠮᠠᠲᠧᠷᠢᠶᠠᠯ᠎ᠤᠨ ᠬᠠᠩᠭᠠᠯᠭ᠎ᠠ᠎ᠶᠢᠨ ᠰᠠᠭᠤᠷᠢᠨ ᠪᠣᠯᠵᠤ᠂ 《ᠳᠡᠯᠡᠬᠡᠢ᠎ᠶᠢᠨ ᠵᠠᠮᠠᠭ᠎ᠤᠨ ᠬᠤᠳᠠ》 ᠵᠢᠨ ᠠᠵᠤ ᠦᠢᠯᠡᠰ᠎ᠦᠨ ᠨᠡᠷ᠎ᠡ ᠤᠯᠠᠮ ᠮᠠᠨᠳᠤᠪᠠ᠃ ᠡᠨᠡ ᠨᠢ ᠲᠠᠷᠢᠶᠠᠯᠠᠩ᠎ᠤᠨ ᠣᠳᠣᠬᠢᠴᠢᠯᠠᠯᠲᠠ᠎ᠶᠢᠨ ᠬᠡᠪ ᠳᠠᠭᠤᠷᠢᠶᠠᠯ ᠪᠣᠯᠬᠤ᠎ᠪᠠᠷ ᠪᠠᠷᠠᠬᠤ ᠦᠭᠡᠢ ᠨᠡᠩ ᠴᠤ᠌ 《ᠨᠣᠮᠢᠨ ᠤᠰᠤ ᠬᠦᠬᠡᠮᠳᠦᠭ ᠠᠭᠤᠯᠠ ᠪᠣᠯ ᠠᠯᠳᠠᠨ ᠠᠭᠤᠯᠠ ᠮᠦᠩᠭᠦᠨ ᠬᠠᠢᠷᠬᠠᠨ ᠮᠦᠨ》 ᠭᠡᠬᠦ ᠣᠢᠯᠠᠭᠠᠭᠳᠠᠬᠤᠨ᠎ᠤ ᠴᠦᠯᠯᠡᠷᠭᠡᠭᠵᠢᠭᠰᠡᠨ ᠭᠠᠵᠠᠷ ᠣᠷᠣᠨ᠎ᠳᠠᠬᠢ ᠠᠮᠢᠳᠤᠯᠢᠭ᠋ ᠦᠢᠯᠡᠳᠦᠯᠭᠡ ᠪᠣᠯᠣᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号