2026 ᠳᠤᠮᠳᠠᠳᠤ ᠤᠯᠤᠰ (ᠬᠥᠬᠡᠬᠣᠲᠠ) ᠤ᠋ᠨ ᠲᠣᠭ᠍ᠯᠠᠯᠲᠠ ᠶ᠋ᠢᠨ ᠠᠷᠠᠯᠵᠢᠶᠠᠨ ᠤ᠋ ᠴᠤᠭ᠍ᠯᠠᠭᠠᠨ ᠤ᠋ ᠭᠤᠤᠯ ᠰᠡᠳᠦᠪᠲᠦ ᠦᠵᠡᠭᠦᠯᠭᠡ ᠬᠦᠭᠵᠢᠶᠡᠨᠳᠠᠢ ᠶᠠᠪᠤᠭᠳᠠᠵᠤ ᠪᠠᠢᠨ᠎ᠠ
2026-04-23 16:13:13
ᠵᠣᠬᠢᠶᠠᠭ᠍ᠴᠢ᠄
ᠬᠦᠭᠵᠢᠯᠳᠦ
ᠣᠩᠱᠢᠭ᠍ᠰᠠᠨ ᠣᠳᠠᠭ᠎ᠠ᠄
★★★☆☆

2026 ᠳᠤᠮᠳᠠᠳᠤ ᠤᠯᠤᠰ (ᠬᠥᠬᠡᠬᠣᠲᠠ) ᠤ᠋ᠨ ᠲᠣᠭ᠍ᠯᠠᠯᠲᠠ ᠶ᠋ᠢᠨ ᠠᠷᠠᠯᠵᠢᠶᠠᠨ ᠤ᠋ ᠴᠤᠭ᠍ᠯᠠᠭᠠᠨ ᠥᠪᠥᠷ ᠮᠣᠩᠭᠣᠯ ᠤ᠋ᠨ ᠣᠯᠠᠨ ᠤᠯᠤᠰ ᠤ᠋ᠨ ᠬᠤᠷᠠᠯ ᠦᠵᠡᠰᠭᠦᠯᠡᠩ ᠤ᠋ᠨ ᠲᠥᠪ ᠲᠦ᠍ ᠬᠦᠭᠵᠢᠶᠡᠨᠳᠡᠢ ᠦᠷᠬᠦᠯᠵᠢᠯᠡᠵᠦ᠂ ᠣᠯᠠᠨ ᠡᠱᠢᠲᠦ ᠭᠤᠤᠯ ᠰᠡᠳᠦᠪᠲᠦ ᠦᠵᠡᠭᠦᠯᠭᠡ ᠶ᠋ᠢᠨ ᠲᠣᠭᠣᠷᠢᠭ ᠲᠦ᠍ ᠪᠥᠬᠥ᠌ ᠤᠯᠤᠰ ᠤ᠋ᠨ ᠲᠣᠭ᠍ᠯᠠᠯᠲᠠ ᠶ᠋ᠢᠨ ᠤᠷᠠᠯᠢᠭ ᠤ᠋ᠨ ᠠᠵᠤ ᠦᠶ᠋ᠯᠡᠰ ᠤ᠋ᠨ ᠬᠡᠯᠬᠢᠶ᠎ᠡ ᠶ᠋ᠢᠨ ᠴᠢᠨᠠᠷ ᠰᠠᠢᠲᠠᠶ ᠡᠬᠢ ᠪᠠᠶᠠᠯᠢᠭ ᠢ᠋ ᠬᠤᠷᠠᠮᠳᠤᠭᠤᠯᠤᠨ᠂ ᠠᠵᠢᠯ ᠲᠥᠷᠥᠯ ᠤ᠋ᠨ ᠰᠣᠯᠢᠯᠴᠠᠭ᠎ᠠ ᠬᠠᠮᠲᠤᠷᠠᠯᠴᠠᠭ᠎ᠠ ᠳ᠋ᠦ ᠥᠨᠳᠥᠷ ᠪᠦᠲᠦᠮᠵᠢᠲᠡᠶ ᠲᠠᠪᠴᠠᠩ ᠪᠠᠢᠭᠤᠯᠵᠤ᠂ 《ᠲᠣᠭ᠍ᠯᠠᠯᠲᠠ ᠤᠷᠠᠯᠢᠭ + ᠰᠣᠶᠣᠯ ᠵᠢᠭᠤᠯᠴᠢᠯᠠᠯ》 ᠤ᠋ᠨ ᠭᠦᠨᠵᠡᠭᠡᠶ ᠠᠭᠤᠰᠤᠯᠴᠠᠨ ᠬᠥᠭ᠌ᠵᠢᠬᠦ᠌ ᠳ᠋ᠤ ᠬᠦᠴᠦᠨ ᠨᠡᠮᠡᠷᠢᠯᠡᠨ᠎ᠠ᠃

ᠲᠦᠮᠡ ᠭᠠᠷᠤᠶ ᠲᠡᠭ᠌ᠰᠢ ᠳᠥᠷᠪᠡᠯᠵᠢᠨ ᠮᠧᠲ᠋ᠷ ᠳᠠᠯᠠᠪᠠᠢ ᠲᠠᠢ ᠭᠤᠤᠯ ᠰᠡᠳᠦᠪᠲᠦ ᠦᠵᠡᠭᠦᠯᠭᠡ ᠶ᠋ᠢᠨ ᠲᠣᠭᠣᠷᠢᠭ ᠲᠦ᠍ ᠤᠳᠭ᠎ᠠ ᠤᠷᠠᠯᠢᠭ ᠤ᠋ᠨ ᠬᠦᠷᠢᠶᠡᠯᠡᠩ ᠪᠦᠯᠬᠦᠮ ᠤ᠋ᠨ ᠦᠵᠡᠬᠦᠯᠬᠡ᠂ ᠲᠢᠶᠠᠲ᠋ᠷ ᠤ᠋ᠨ ᠦᠵᠡᠬᠦᠯᠬᠡ᠂ ᠳᠠᠢᠰᠠᠨ ᠤ᠋ ᠤᠷᠠᠯᠢᠭ ᠤ᠋ᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤ᠋ᠨ ᠦᠵᠡᠬᠦᠯᠬᠡ᠂ ᠲᠣᠭ᠍ᠯᠠᠯᠲᠠ ᠶ᠋ᠢᠨ ᠦᠶ᠋ᠯᠡᠴᠢᠯᠡᠭᠡᠨ ᠤ᠋ ᠦᠵᠡᠬᠦᠯᠬᠡ᠂ ᠥᠪᠥᠷ ᠮᠣᠩᠭᠣᠯ ᠤ᠋ᠨ ᠰᠣᠶᠣᠯ ᠵᠢᠭᠤᠯᠴᠢᠯᠠᠯ ᠤ᠋ᠨ ᠲᠣᠭ᠍ᠯᠠᠯᠲᠠ ᠶ᠋ᠢᠨ ᠤᠨᠴᠠᠯᠢᠬ᠍ᠳᠤ ᠦᠵᠡᠬᠦᠯᠬᠡ ᠵᠡᠷᠭᠡ 5 ᠶᠡᠬᠡ ᠭᠤᠤᠯ ᠰᠡᠳᠦᠪᠲᠦ ᠦᠵᠡᠭᠦᠯᠭᠡ ᠶ᠋ᠢᠨ ᠲᠣᠭᠣᠷᠢᠭ ᠭᠠᠷᠭᠠᠨ 600 ᠭᠠᠷᠤᠶ ᠪᠠᠷᠢᠮᠵᠢᠶᠠᠲᠤ ᠦᠵᠡᠭᠦᠯᠭᠡ ᠶ᠋ᠢᠨ ᠪᠠᠢᠷᠢ ᠲᠣᠬᠢᠷᠠᠭᠤᠯᠵᠤ᠂ ᠪᠥᠬᠥ᠌ ᠤᠯᠤᠰ ᠤ᠋ᠨ ᠲᠣᠭ᠍ᠯᠠᠯᠲᠠ ᠶ᠋ᠢᠨ ᠠᠵᠢᠯ ᠲᠦᠷᠦᠯ ᠤ᠋ᠨ ᠬᠡᠳᠦᠨ ᠮᠢᠩᠭᠠᠨ ᠪᠠᠢᠭᠤᠯᠤᠮᠵᠢ ᠦᠵᠡᠭᠦᠯᠭᠡ ᠳ᠋ᠤ ᠣᠷᠣᠯᠴᠠᠵᠠᠢ᠃

ᠤᠳᠭ᠎ᠠ ᠤᠷᠠᠯᠢᠭ ᠤ᠋ᠨ ᠬᠦᠷᠢᠶᠡᠯᠡᠩ ᠪᠦᠯᠬᠦᠮ ᠤ᠋ᠨ ᠦᠵᠡᠬᠦᠯᠬᠡ ᠳ᠋ᠤ ᠪᠥᠬᠥ᠌ ᠤᠯᠤᠰ ᠤ᠋ᠨ ᠡᠯ᠎ᠡ ᠭᠠᠵᠠᠷ ᠤ᠋ᠨ ᠤᠯᠤᠰ ᠤ᠋ᠨ ᠥᠮᠴᠢᠯᠡᠯᠲᠦ ᠤᠷᠠᠨ ᠰᠠᠢᠬᠠᠨ ᠤ᠋ ᠬᠦᠷᠢᠶᠡᠯᠡᠩ ᠪᠦᠯᠬᠦᠮ᠂ ᠠᠷᠠᠳ ᠡᠴᠡ ᠡᠵᠡᠩᠨᠡᠭ᠌ᠰᠡᠨ ᠲᠣᠭ᠍ᠯᠠᠯᠲᠠ ᠶ᠋ᠢᠨ ᠪᠦᠯᠬᠦᠮ ᠤ᠋ᠨ ᠰᠣᠳᠣᠨ ᠵᠦᠴᠦᠭᠡ ᠪᠣᠯᠤᠨ ᠵᠣᠬᠢᠶᠠᠨ ᠪᠦᠲᠦᠭᠡᠯᠭᠡ ᠶ᠋ᠢᠨ ᠦᠷ᠎ᠡ ᠪᠦᠲᠦᠭᠡᠯ᠂ ᠪᠥᠵᠢᠭ᠌ᠲᠦ ᠵᠦᠴᠦᠭᠡ᠂ ᠶᠠᠷᠢᠶᠠᠲᠤ ᠵᠦᠴᠦᠭᠡ᠂ ᠳᠠᠭᠤᠤ ᠬᠥᠭ᠌ᠵᠢᠮᠲᠦ ᠵᠦᠴᠦᠭᠡ᠂ ᠬᠡᠦᠬᠡᠳ ᠤ᠋ᠨ ᠵᠦᠴᠦᠭᠡ ᠵᠡᠷᠭᠡ ᠡᠯ᠎ᠡ ᠲᠥᠷᠥᠯ ᠤ᠋ᠨ ᠲᠠᠢᠰᠠᠨ ᠤ᠋ ᠤᠷᠠᠯᠢᠭ ᠤ᠋ᠨ ᠪᠦᠲᠦᠭᠡᠯ ᠢ᠋ ᠲᠥᠪᠯᠡᠷᠡᠭᠦᠯᠦᠨ ᠳᠡᠯᠭᠡᠨ ᠦᠵᠡᠭᠦᠯᠵᠦ᠍᠂ ᠤᠯᠤᠰ ᠤ᠋ᠨ ᠳᠣᠲᠣᠭᠠᠳᠤ ᠶ᠋ᠢᠨ ᠲᠠᠢᠰᠠᠨ ᠤ᠋ ᠤᠷᠠᠯᠢᠭ ᠤ᠋ᠨ ᠵᠣᠬᠢᠶᠠᠨ ᠪᠦᠲᠦᠭᠡᠯᠭᠡ ᠶ᠋ᠢᠨ ᠣᠯᠠᠨ ᠡᠱᠢᠲᠦ ᠳᠦᠷᠰᠦ ᠪᠠᠢᠳᠠᠯ ᠪᠣᠯᠤᠨ ᠱᠢᠨ᠎ᠡ ᠵᠢ ᠡᠭᠦᠳᠬᠦ᠌ ᠪᠣᠳᠠᠲᠤ ᠬᠦᠴᠦᠨ ᠢ᠋ ᠪᠥᠬᠥ᠌ ᠲᠠᠯ᠎ᠠ ᠪᠠᠷ ᠢᠯᠡᠷᠡᠭᠦᠯᠪᠡ᠃ ᠲᠢᠶᠠᠲᠷ ᠤ᠋ᠨ ᠦᠵᠡᠭᠦᠯᠭᠡ ᠨᠢ ᠪᠦᠬᠦ᠌ ᠤᠯᠤᠰ ᠤ᠋ᠨ ᠭᠣᠣᠯ ᠤᠷᠤᠰᠭᠠᠯ ᠤ᠋ᠨ ᠲᠢᠶᠠᠲᠷ ᠤ᠋ᠨ ᠡᠵᠡᠩᠨᠡᠯᠲᠡ ᠶ᠋ᠢᠨ ᠪᠠᠢᠭᠤᠯᠤᠮᠵᠢ ᠵᠢ ᠨᠢᠭ᠍ᠲᠠᠷᠠᠭᠤᠯᠵᠤ᠂ ᠲᠢᠶᠠᠲᠷ ᠤ᠋ᠨ ᠡᠵᠡᠩᠨᠡᠯᠲᠡ ᠶ᠋ᠢᠨ ᠵᠠᠭ᠍ᠪᠤᠷ᠂ ᠲᠠᠯᠠᠪᠤᠷ ᠭᠠᠵᠠᠷ ᠤ᠋ᠨ ᠡᠬᠢ ᠪᠠᠶᠠᠯᠢᠭ ᠪᠣᠯᠤᠨ ᠬᠠᠮᠲᠤᠷᠠᠯᠴᠠᠭᠠᠨ ᠤ᠋ ᠬᠡᠷᠡᠭ᠌ᠴᠡᠭᠡ ᠵᠢ ᠳᠡᠯᠭᠡᠨ ᠦᠵᠡᠭᠦᠯᠵᠦ᠍᠂ ᠵᠦᠴᠦᠭᠡ ᠪᠣᠯᠤᠨ ᠲᠣᠭ᠍ᠯᠠᠯᠲᠠ ᠶ᠋ᠢᠨ ᠲᠠᠯᠠᠪᠤᠷ ᠭᠠᠵᠠᠷ ᠢ᠋ ᠣᠨᠣᠴᠠᠲᠠᠢ ᠵᠣᠯᠭᠠᠭᠤᠯᠬᠤ ᠬᠥᠭᠥᠷᠭᠡ ᠵᠢ ᠪᠠᠢᠭᠤᠯᠪᠠ᠃ ᠳᠠᠢᠰᠠᠨ ᠤ᠋ ᠤᠷᠠᠯᠢᠭ ᠤ᠋ᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤ᠋ᠨ ᠦᠵᠡᠬᠦᠯᠬᠡ ᠳ᠋ᠤ ᠲᠣᠭ᠍ᠯᠠᠯᠲᠠ ᠶ᠋ᠢᠨ ᠤᠷᠠᠯᠢᠭ ᠤ᠋ᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ ᠬᠣᠱᠢᠭᠤᠷᠠᠯ ᠬᠥᠭ᠌ᠵᠢᠯᠲᠡ ᠳ᠋ᠤ ᠠᠩᠬᠠᠷᠤᠯ ᠢ᠋ᠶ᠋ᠠᠨ ᠲᠥᠪᠯᠡᠷᠡᠭᠦᠯᠵᠦ᠍᠂ ᠲᠠᠢᠰᠠᠨ ᠤ᠋ ᠬᠡᠷᠡᠯᠳᠦᠬᠦᠯᠬᠡ᠂ ᠲᠠᠭᠤᠨ ᠤ᠋ ᠲᠥᠬᠥᠭᠡᠷᠦᠮᠵᠢ᠂ ᠤᠶᠤᠨᠲᠤ ᠳᠠᠢᠰᠠᠨ ᠵᠠᠰᠠᠯ ᠤ᠋ᠨ ᠲᠣᠨᠣᠭ᠍ᠯᠠᠯ᠂ ᠲᠣᠭᠠᠴᠢᠯᠠᠭ᠍ᠰᠠᠨ ᠲᠣᠭ᠍ᠯᠠᠯᠲᠠ ᠶ᠋ᠢᠨ ᠤᠷ᠎ᠠ ᠮᠡᠷᠭᠡᠵᠢᠯ ᠵᠡᠷᠭᠡ ᠲᠣᠨᠣᠭ ᠲᠥᠬᠥᠭᠡᠷᠦᠮᠵᠢ ᠵᠢ ᠲᠥᠪᠯᠡᠷᠡᠭᠦᠯᠦᠨ ᠳᠡᠯᠭᠡᠨ ᠦᠵᠡᠭᠦᠯᠵᠤ ᠪᠤᠢ᠃ ᠲᠣᠭ᠍ᠯᠠᠯᠲᠠ ᠶ᠋ᠢᠨ ᠦᠢᠯᠡᠴᠢᠯᠡᠭᠡᠨ ᠤ᠋ ᠦᠵᠡᠭᠦᠯᠭᠡ ᠨᠢ ᠪᠢᠯᠧᠲ ᠤ᠋ᠨ ᠶᠠᠪᠤᠳᠠᠯ ᠤ᠋ᠨ ᠲᠠᠪᠴᠠᠩ᠂ ᠲᠣᠭ᠍ᠯᠠᠯᠲᠠ ᠶ᠋ᠢᠨ ᠵᠠᠭᠤᠴᠢ᠂ ᠰᠣᠶᠣᠯ ᠵᠢᠭᠤᠯᠴᠢᠯᠠᠯ ᠤ᠋ᠨ ᠤᠬᠠᠭᠠᠯᠠᠯ ᠵᠡᠷᠭᠡ ᠢᠵᠢ ᠪᠦᠷᠢᠳᠦᠭ᠌ᠰᠡᠨ ᠦᠢᠯᠡᠴᠢᠯᠡᠭᠡᠨ ᠤ᠋ ᠪᠠᠢᠭᠤᠯᠤᠮᠵᠢ ᠵᠢ ᠬᠠᠮᠤᠷᠴᠤ᠌᠂ ᠪᠦᠬᠦ᠌ ᠬᠡᠯᠬᠢᠶ᠎ᠡ ᠶ᠋ᠢᠨ ᠲᠣᠭ᠍ᠯᠠᠯᠲᠠ ᠶ᠋ᠢᠨ ᠤᠷᠠᠯᠢᠭ ᠤ᠋ᠨ ᠦᠢᠯᠡᠴᠢᠯᠡᠭᠡᠨ ᠤ᠋ ᠱᠢᠰᠲ᠋ᠧᠮ ᠢ᠋ ᠪᠠᠢᠭᠤᠯᠪᠠ᠃ ᠥᠪᠥᠷ ᠮᠣᠩᠭᠣᠯ ᠤ᠋ᠨ ᠰᠣᠶᠣᠯ ᠵᠢᠭᠤᠯᠴᠢᠯᠠᠯ ᠤ᠋ᠨ ᠲᠣᠭ᠍ᠯᠠᠯᠲᠠ ᠶ᠋ᠢᠨ ᠤᠨᠴᠠᠯᠢᠬ᠍ᠳᠤ ᠦᠵᠡᠭᠦᠯᠭᠡ ᠳ᠋ᠤ 《ᠵᠤᠤ ᠵᠢᠶᠦ᠋ᠨ》᠂ 《ᠦᠵᠡᠭᠳᠡᠯ》 ᠵᠡᠷᠭᠡ ᠰᠣᠳᠣᠨ ᠵᠦᠴᠦᠭᠡ ᠵᠢᠴᠢ ᠲᠠᠯ᠎ᠠ ᠨᠤᠲᠤᠭ ᠤ᠋ᠨ ᠵᠠᠩ ᠦᠢᠯᠡ ᠶ᠋ᠢᠨ ᠠᠭᠤᠰᠤᠯᠴᠠᠭ᠍ᠰᠠᠨ ᠲᠣᠭ᠍ᠯᠠᠯᠲᠠ᠂ ᠪᠣᠳᠠᠰ ᠤ᠋ᠨ ᠪᠤᠰᠤ ᠰᠣᠶᠣᠯ ᠤ᠋ᠨ ᠥᠪ ᠤ᠋ᠨ ᠲᠣᠭ᠍ᠯᠠᠯᠲᠠ ᠶ᠋ᠢᠨ ᠲᠦᠷᠦᠯ ᠵᠦᠢᠯ ᠢ᠋ ᠭᠣᠣᠯᠳᠠᠯᠭ᠎ᠠ ᠲᠠᠶ ᠳᠡᠯᠭᠡᠨ ᠦᠵᠡᠭᠦᠯᠵᠦ᠍᠂ ᠣᠷᠣᠨ ᠨᠤᠲᠤᠭ ᠤ᠋ᠨ ᠤᠨᠴᠠᠯᠢᠬ᠍ᠳᠤ ᠲᠣᠭ᠍ᠯᠠᠯᠲᠠ ᠶ᠋ᠢᠨ ᠪᠦᠬᠦ᠌ ᠤᠯᠤᠰ ᠤ᠋ᠨ ᠵᠠᠬ᠎ᠠ ᠳᠡᠯᠭᠡᠭᠦᠷ ᠲᠦ᠍ ᠭᠠᠷᠬᠤ ᠵᠢ ᠠᠬᠢᠭᠤᠯᠵᠤ ᠪᠠᠢᠨ᠎ᠠ᠃

ᠬᠥᠬᠡᠬᠣᠲᠠ ᠶ᠋ᠢᠨ ᠰᠣᠶᠣᠯ ᠵᠢᠭᠤᠯᠴᠢᠯᠠᠯ ᠤ᠋ᠨ ᠪᠠᠯᠠ ᠣᠷᠣᠭᠤᠯᠤᠯᠲᠠ ᠶ᠋ᠢᠨ ᠪᠦᠯᠦᠭ᠌ᠯᠡᠯ ᠤ᠋ᠨ ᠬᠠᠮᠢᠶ᠎ᠠ ᠪᠥᠬᠥᠶ ᠬᠠᠷᠢᠭᠤᠴᠠᠯᠭᠠᠲᠠᠨ ᠤ᠋ ᠲᠠᠨᠢᠯᠴᠠᠭᠤᠯᠤᠭᠰᠠᠨ ᠢ᠋ᠶ᠋ᠡᠷ᠂ ᠲᠣᠰ ᠤᠳᠠᠭ᠎ᠠ ᠵᠢᠨ ᠭᠤᠤᠯ ᠰᠡᠳᠦᠪᠲᠦ ᠦᠵᠡᠭᠦᠯᠭᠡ ᠨᠢ ᠠᠵᠢᠯ ᠲᠥᠷᠥᠯ ᠤ᠋ᠨ ᠬᠥᠭ᠌ᠵᠢᠯᠲᠡ ᠶ᠋ᠢᠨ ᠬᠡᠷᠡᠭ᠌ᠴᠡᠭᠡ ᠳ᠋ᠤ ᠰᠠᠭᠤᠷᠢᠯᠠᠨ ᠲᠤᠰᠭᠠᠶ ᠮᠡᠷᠭᠡᠵᠢᠯ ᠤ᠋ᠨ ᠴᠢᠨᠠᠷ ᠪᠠ ᠣᠷᠣᠨ ᠪᠦᠰᠡᠳᠦ ᠴᠢᠨᠠᠷ ᠢ᠋ ᠬᠠᠷᠠᠭᠠᠯᠵᠠᠵᠤ᠂ ᠣᠯᠠᠨ ᠡᠱᠢᠵᠢᠬᠦᠯᠦᠨ ᠳᠡᠯᠭᠡᠨ ᠦᠵᠡᠭᠦᠯᠬᠦ᠌᠂ ᠨᠢᠭᠤᠷᠲᠠᠨ ᠶᠠᠷᠢᠯᠴᠠᠬᠤ ᠪᠠᠷ ᠳᠠᠮᠵᠢᠨ ᠱᠢᠯᠢᠳᠡᠭ ᠲᠣᠭ᠍ᠯᠠᠯᠲᠠ ᠶ᠋ᠢᠨ ᠲᠥᠷᠥᠯ ᠵᠦᠶ᠋ᠯ ᠢ᠋ ᠨᠠᠢᠳᠠᠪᠤᠷᠢᠵᠢᠭᠤᠯᠬᠤ ᠪᠠ ᠰᠣᠶᠣᠯ ᠵᠢᠭᠤᠯᠴᠢᠯᠠᠯ ᠤ᠋ᠨ ᠡᠬᠢ ᠪᠠᠶᠠᠯᠢᠭ ᠢ᠋ ᠡᠮᠬᠢᠯᠡᠨ ᠨᠡᠢᠯᠡᠭᠦᠯᠬᠦ᠌ ᠵᠢ ᠠᠬᠢᠭᠤᠯᠪᠠ᠃ ᠠᠷᠠᠯᠵᠢᠶᠠᠨ ᠤ᠋ ᠴᠤᠭᠯᠠᠭᠠᠨ ᠤ᠋ ᠬᠤᠭᠤᠴᠠᠭᠠᠨ ᠳ᠋ᠦ ᠪᠠᠰᠠ ᠡᠬᠢ ᠪᠠᠶᠠᠯᠢᠭ ᠢ᠋ ᠵᠣᠯᠭᠠᠭᠤᠯᠬᠤ ᠬᠤᠷᠠᠯ ᠢ᠋ ᠣᠯᠠᠨ ᠲᠠᠯᠠᠪᠤᠷ ᠡᠷᠭᠢᠯᠡᠨ᠂ ᠠᠷᠠᠯᠵᠢᠶᠠᠨ ᠤ᠋ ᠴᠤᠭᠯᠠᠭᠠᠨ ᠳ᠋ᠤ ᠣᠷᠣᠯᠴᠠᠭ᠍ᠰᠠᠨ ᠠᠵᠤ ᠠᠬᠤᠢᠯᠠᠯ ᠤ᠋ᠨ ᠬᠠᠮᠲᠤᠷᠠᠯᠴᠠᠭ᠎ᠠ ᠵᠢ ᠠᠬᠢᠭᠤᠯᠵᠤ᠂ ᠬᠥᠬᠡᠬᠣᠲᠠ ᠴᠢᠨᠠᠭ᠍ᠰᠢᠯᠠᠪᠠᠯ ᠪᠥᠬᠥ᠌ ᠤᠯᠤᠰ ᠤ᠋ᠨ ᠲᠣᠭ᠍ᠯᠠᠯᠲᠠ ᠶ᠋ᠢᠨ ᠠᠵᠢᠯ ᠲᠥᠷᠥᠯ ᠤ᠋ᠨ ᠴᠢᠨᠠᠷ ᠰᠠᠢᠲᠠᠶ ᠬᠥᠭ᠌ᠵᠢᠯᠲᠡ ᠳ᠋ᠤ ᠱᠢᠨ᠎ᠡ ᠬᠥᠳᠡᠯᠭᠡᠬᠦ᠌ ᠡᠨᠧᠷᠭᠢ ᠨᠡᠮᠡᠷᠢᠯᠡᠬᠦ ᠵᠢᠨ ᠬᠠᠮᠳᠤ ᠤᠳᠠᠯ ᠥᠬᠡᠶ ᠬᠦᠷᠴᠦ᠍ ᠢᠷᠡᠬᠦ᠌ 《5·1》 ᠤ᠋ ᠠᠮᠠᠷᠠᠯᠳᠠ ᠵᠢᠨ ᠬᠤᠭᠤᠴᠠᠭᠠᠨ ᠤ᠋ ᠰᠣᠶᠣᠯ ᠵᠢᠭᠤᠯᠴᠢᠯᠠᠯ ᠤ᠋ᠨ ᠬᠡᠷᠡᠭ᠌ᠯᠡᠭᠡ ᠵᠢᠨ ᠬᠠᠯᠠᠭᠤᠨ ᠥᠷᠨᠢᠯᠲᠡ ᠵᠢ ᠪᠣᠶ ᠪᠣᠯᠭᠠᠬᠤ ᠵᠢ ᠠᠬᠢᠭᠤᠯᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号