139 ᠳ᠋ᠤᠭᠡᠷ ᠬᠤᠭᠤᠴᠠᠭᠠᠨ᠎ᠤ ᠭᠤᠸᠠᠩᠵᠧᠦ᠍᠎ᠶ᠋ᠢᠨ ᠠᠷᠠᠯᠵᠢᠶᠠᠨ᠎ᠤ ᠴᠤᠭ᠍ᠯᠠᠭᠠᠨ᠎ᠤ ᠨᠢᠭᠡᠳᠦᠭᠡᠷ ᠬᠤᠭᠤᠴᠠᠭᠠᠨ᠎ᠤ ᠪᠤᠳᠠᠳᠤ ᠴᠤᠬᠴᠠ ᠵᠢᠨ ᠦᠵᠡᠰᠭᠦᠯᠡᠩ 19 ᠤ᠋ ᠡᠳᠦᠷ ᠲᠡᠭᠦᠰᠪᠡ᠃ ᠰᠤᠷᠪᠤᠯᠵᠢᠯᠠᠭ᠍ᠴᠢ ᠳᠤᠮᠳᠠᠳᠤ ᠤᠯᠤᠰ᠎ᠤᠨ ᠭᠠᠳᠠᠭᠠᠳᠤ ᠠᠷᠠᠯᠵᠢᠶᠠᠨ᠎ᠤ ᠲᠥᠪ᠎ᠡᠴᠡ ᠣᠢᠯᠠᠭᠠᠭ᠍ᠰᠠᠨ᠎ᠢᠶᠠᠷ᠂ 19 ᠤ᠋ ᠡᠳᠦᠷ᠎ᠦᠨ 17 ᠴᠠᠭ ᠪᠣᠯᠲᠠᠯ᠎ᠠ᠂ ᠨᠡᠢᠲᠡ 216 ᠤᠯᠤᠰ ᠪᠠ ᠭᠠᠵᠠᠷ ᠣᠷᠣᠨ᠎ᠡᠴᠡ ᠢᠷᠡᠭ᠌ᠰᠡᠨ 16.7 ᠲᠦᠮᠡᠨ ᠬᠢᠯᠢ᠎ᠶ᠋ᠢᠨ ᠭᠠᠳᠠᠨᠠᠬᠢ ᠬᠤᠳᠠᠯᠳᠤᠨ ᠠᠪᠬᠤ ᠠᠷᠠᠯᠵᠢᠶᠠᠴᠢᠨ ᠦᠵᠡᠰᠬᠦᠯᠡᠩ ᠳ᠋ᠤ ᠣᠷᠣᠯᠴᠠᠵᠤ᠂ ᠳᠡᠭᠡᠷ᠎ᠡ ᠬᠤᠭᠤᠴᠠᠭᠠᠨ᠎ᠤ ᠠᠳᠠᠯᠢ ᠬᠤᠭᠤᠴᠠᠭᠠᠨ᠎ᠤ᠎ᠬᠢ᠎ᠡᠴᠡ 5.9% ᠪᠠᠷ ᠨᠡᠮᠡᠭ᠌ᠳᠡᠵᠦ᠍᠂ ᠦᠵᠡᠰᠬᠦᠯᠡᠩ᠎ᠳᠤ ᠣᠷᠣᠯᠴᠠᠭ᠍ᠰᠠᠨ ᠬᠥᠮᠦᠨ᠎ᠦ ᠲᠣᠭ᠎ᠠ᠎ᠨᠢ ᠥᠩᠭᠡᠷᠡᠭ᠌ᠰᠡᠨᠦᠬᠢᠡᠴᠡ ᠳᠠᠪᠠᠵᠤ᠂ ᠮᠠᠨ᠎ᠤ ᠤᠯᠤᠰ᠎ᠤᠨ ᠭᠠᠳᠠᠭᠠᠳᠤ ᠠᠷᠠᠯᠵᠢᠶᠠᠨ᠎ᠤ ᠤᠶᠠᠨ ᠬᠠᠲᠠᠨ ᠴᠢᠨᠠᠷ ᠪᠠ ᠠᠮᠢᠵᠢᠷᠠᠯ᠎ᠤᠨ ᠬᠦᠴᠦᠨ᠎ᠢ ᠭᠦᠶ᠋ᠴᠡᠳ ᠢᠯᠡᠷᠡᠭᠦᠯᠪᠡ᠃
139 ᠳ᠋ᠤᠭᠡᠷ ᠬᠤᠭᠤᠴᠠᠭᠠᠨ᠎ᠤ ᠭᠤᠸᠠᠩᠵᠧᠦ᠍᠎ᠶ᠋ᠢᠨ ᠠᠷᠠᠯᠵᠢᠶᠠᠨ᠎ᠤ ᠴᠤᠭ᠍ᠯᠠᠭᠠᠨ᠎ᠤ ᠨᠢᠭᠡᠳᠦᠭᠡᠷ ᠬᠤᠭᠤᠴᠠᠭᠠᠨ᠎ᠤ ᠪᠤᠳᠠᠳᠤ ᠴᠤᠬᠴᠠ ᠵᠢᠨ ᠦᠵᠡᠰᠭᠦᠯᠡᠩ ᠨᠢ 《ᠲᠡᠷᠢᠭᠦᠨ᠎ᠦ ᠦᠶ᠋ᠯᠡᠳᠭᠡᠯ》 ᠵᠢᠡᠷ ᠭᠤᠤᠯ ᠰᠡᠳᠦᠪ ᠪᠣᠯᠭᠠᠵᠤ᠂ ᠦᠵᠡᠭᠦᠯᠭᠡ᠎ᠶ᠋ᠢᠨ ᠲᠣᠭ᠎ᠠ 2.5 ᠲᠦᠮᠡ᠎ᠶ᠋ᠢ ᠳᠠᠪᠠᠵᠤ᠂ ᠦᠵᠡᠰᠭᠦᠯᠡᠩᠳᠦ ᠣᠷᠣᠯᠴᠠᠭ᠍ᠰᠠᠨ ᠠᠵᠤ ᠠᠬᠤᠢᠯᠠᠯ 1.2 ᠲᠦᠮᠡ᠎ᠶ᠋ᠢ ᠳᠠᠪᠠᠪᠠ᠃ ᠭᠤᠷᠪᠠᠨ᠎ᠤ ᠨᠢᠭᠡ᠎ᠡᠴᠡ ᠳᠡᠭᠡᠭ᠌ᠰᠢᠬᠢ ᠦᠵᠡᠰᠬᠦᠯᠡᠩᠳᠦ ᠣᠷᠣᠯᠴᠠᠭ᠍ᠰᠠᠨ ᠠᠵᠤ ᠠᠬᠤᠢᠯᠠᠯ ᠪᠦᠲᠦᠭᠡᠭ᠌ᠳᠡᠬᠦᠨ᠎ᠢᠶᠡᠨ ᠬᠤᠳᠠᠯᠳᠤᠵᠤ ᠪᠠᠢᠭ᠍ᠰᠠᠨ᠎ᠡᠴᠡ᠎ᠪᠠᠨ ᠭᠠᠳᠠᠭᠠᠳᠤ ᠭᠠᠷᠭᠠᠯᠲᠠ᠎ᠶ᠋ᠢᠨ 《ᠦᠢᠯᠡᠳᠬᠦᠨ + ᠦᠢᠯᠡᠴᠢᠯᠡᠭᠡ》 ᠲᠡᠢᠰᠢ ᠬᠡᠯᠪᠡᠷᠢ᠎ᠪᠡᠨ ᠬᠤᠪᠢᠷᠠᠭᠤᠯᠵᠤ᠂ ᠱᠢᠰᠲ᠋ᠧᠮ᠎ᠲᠡᠶ ᠱᠢᠢᠳᠪᠦᠷᠢᠯᠡᠬᠦ᠌ ᠲᠥᠰᠦᠯ᠎ᠦᠨ ᠬᠠᠩᠭᠠᠭ᠍ᠴᠢ ᠪᠣᠯᠪᠠ᠃
ᠲᠤᠰ ᠬᠤᠭᠤᠴᠠᠭᠠᠨ᠎ᠤ ᠭᠤᠸᠠᠩᠵᠧᠦ᠍᠎ᠶ᠋ᠢᠨ ᠠᠷᠠᠯᠵᠢᠶᠠᠨ᠎ᠤ ᠴᠤᠭ᠍ᠯᠠᠭᠠᠨ ᠭᠤᠷᠪᠠᠨ ᠬᠤᠭᠤᠴᠠᠭ᠎ᠠ ᠬᠤᠪᠢᠶᠠᠨ ᠭᠤᠸᠠᠩᠵᠧᠦ᠍᠎ᠳᠦ ᠶᠠᠪᠤᠭ᠍ᠳᠠᠵᠤ᠂ 5 ᠰᠠᠷ᠎ᠠ᠎ᠶ᠋ᠢᠨ 5 ᠤ᠋ ᠡᠳᠦᠷ ᠪᠣᠯᠲᠠᠯ᠎ᠠ ᠶᠠᠪᠤᠭ᠍ᠳᠠᠨ᠎ᠠ᠃ ᠡᠭᠦᠨ᠎ᠳᠦ ᠬᠣᠶᠠᠳᠤᠭᠠᠷ ᠬᠤᠭᠤᠴᠠᠭᠠᠨ᠎ᠤ ᠪᠤᠳᠠᠳᠤ ᠴᠤᠬᠴᠠ ᠵᠢᠨ ᠦᠵᠡᠰᠬᠦᠯᠡᠩ᠎ᠨᠢ 《ᠴᠢᠨᠠᠷ ᠰᠠᠢᠲᠠᠶ ᠬᠡᠷ᠎ᠦᠨ ᠡᠳ᠋ᠯᠡᠯ ᠬᠡᠷᠡᠭ᠌ᠰᠡᠯ》 ᠵᠢᠡᠷ ᠭᠤᠤᠯ ᠰᠡᠳᠦᠪ ᠪᠣᠯᠭᠠᠵᠤ᠂ 4 ᠰᠠᠷ᠎ᠠ᠎ᠶ᠋ᠢᠨ 23 ᠡᠴᠡ 27 ᠤ᠋ ᠡᠳᠦᠷ ᠪᠣᠯᠲᠠᠯ᠎ᠠ ᠶᠠᠪᠤᠭ᠍ᠳᠠᠨ᠎ᠠ᠂ ᠲᠠᠪᠤᠨ ᠡᠳᠦᠷ᠎ᠦᠨ ᠦᠵᠡᠰᠬᠦᠯᠡᠩ ᠤ᠋ᠨ ᠬᠤᠭᠤᠴᠠᠭᠠᠨ᠎ᠳᠤ ᠪᠠᠷᠢᠯᠭ᠎ᠠ᠎ᠶ᠋ᠢᠨ ᠮᠠᠲ᠋ᠧᠷᠢᠶᠠᠯ ᠵᠢᠴᠢ ᠬᠡᠷ᠎ᠦᠨ ᠬᠡᠷᠡᠭ᠌ᠰᠡᠯ᠂ ᠬᠡᠷ ᠪᠦᠯᠢ᠎ᠶ᠋ᠢᠨ ᠬᠡᠷᠡᠭ᠌ᠰᠡᠯ᠂ ᠪᠡᠯᠡᠭ ᠰᠡᠯᠲᠡ ᠵᠢᠴᠢ ᠵᠠᠰᠠᠯ ᠴᠢᠮᠡᠭ᠌ᠯᠡᠯ᠎ᠦᠨ ᠡᠳ᠋ ᠵᠡᠷᠭᠡ᠎ᠶᠢ ᠲᠥᠪᠯᠡᠷᠡᠭᠦᠯᠦᠨ ᠳᠡᠯᠭᠡᠨ ᠦᠵᠡᠭᠦᠯᠬᠦ᠌ ᠪᠣᠯᠤᠨ᠎ᠠ᠃
ᠢᠷᠠᠯᠳᠠ᠄ ᠰᠢᠨᠬᠤᠸᠠ ᠬᠤᠷᠢᠶ᠎ᠠ