ᠲᠦᠷᠦᠬᠦᠤ ᠤᠯᠠᠷᠢᠯ ᠳ᠋ᠤ ᠳᠤᠮᠳᠠᠳᠤ ᠤᠯᠤᠰ ᠤ᠋ᠨ ᠲᠡᠮᠦᠷ ᠵᠠᠮ ᠤ᠋ᠨ ᠬᠥᠬᠡᠬᠣᠲᠠ ᠲᠤᠪᠴᠢᠶᠠᠨ ᠤ᠋ ᠪᠦᠯᠦᠭ᠌ᠯᠡᠯ ᠤ᠋ᠨ ᠬᠢᠵᠠᠭᠠᠷᠲᠤ ᠺᠣᠮᠫᠠᠨᠢ ᠢ᠋ᠢᠨ ᠠᠶᠠᠨᠴᠢᠳ ᠤ᠋ᠨ ᠵᠦᠭᠡᠭᠡᠪᠦᠷᠢ ᠢ᠋ᠢᠨ ᠬᠡᠮᠵᠢᠶ᠎ᠠ 1028.7 ᠲᠦᠮᠡᠨ ᠬᠥᠮᠦᠨ ᠤᠳᠠᠭ᠎ᠠ ᠳ᠋ᠤ ᠬᠦᠷᠴᠦ᠍᠂ ᠨᠢᠳᠤᠨᠤᠨ ᠤ᠋ ᠠᠳᠠᠯᠢ ᠬᠤᠭᠤᠴᠠᠭᠠᠨ ᠤ᠋ ᠬᠢ ᠡᠴᠡ 9.2% ᠢ᠋ᠢᠡᠷ ᠨᠡᠮᠡᠭ᠌ᠳᠡᠨ᠂ ᠪᠠᠷᠠᠭᠠᠨ ᠤ᠋ ᠲᠡᠭᠡᠭᠡᠪᠦᠷᠢ ᠢ᠋ᠢᠨ ᠬᠡᠮᠵᠢᠶ᠎ᠡ 6586 ᠲᠦᠮᠡᠨ ᠲᠣᠨ ᠳ᠋ᠤ ᠬᠦᠷᠴᠦ᠍᠂ ᠨᠢᠳᠤᠨᠤᠨ ᠤ᠋ ᠠᠳᠠᠯᠢ ᠬᠤᠭᠤᠴᠠᠭᠠᠨ ᠤ᠋ ᠬᠢ ᠡᠴᠡ 0.3% ᠪᠡᠷ ᠨᠡᠮᠡᠭ᠌ᠳᠡᠵᠦ᠍᠂ ᠠᠶᠠᠨᠴᠢᠳ ᠤ᠋ᠨ ᠵᠦᠭᠡᠭᠡᠪᠦᠷᠢ ᠢ᠋ᠢᠨ ᠬᠡᠮᠵᠢᠶ᠎ᠠ ᠪᠠ ᠪᠠᠷᠠᠭᠠᠨ ᠤ᠋ ᠲᠡᠭᠡᠭᠡᠪᠦᠷᠢ ᠢ᠋ᠢᠨ ᠬᠡᠮᠵᠢᠶ᠎ᠡ ᠨᠢ ᠴᠥᠮ ᠱᠢᠨ᠎ᠡ ᠲᠡᠮᠳᠡᠭ᠌ᠯᠡᠯ ᠢ᠋ ᠡᠭᠦᠳᠴᠠᠢ᠃
ᠤᠯᠤᠰ ᠤ᠋ᠨ ᠲᠡᠮᠦᠷ ᠵᠠᠮ ᠤ᠋ᠨ ᠬᠥᠬᠡᠬᠣᠲᠠ ᠲᠣᠪᠴᠢᠶ᠎ᠠ ᠲᠡᠭᠡᠭᠡᠪᠦᠷᠢ ᠢ᠋ᠢᠨ ᠬᠦᠴᠦᠨ ᠤ᠋ ᠪᠠᠲᠤᠯᠠᠭ᠎ᠠ ᠢ᠋ᠢ ᠳᠡᠭᠡᠭ᠌ᠰᠢᠯᠡᠭᠦᠯᠬᠦ᠌ ᠲᠠᠯ᠎ᠠ ᠪᠡᠷ᠂ ᠠᠶᠠᠨᠴᠢᠳ ᠤ᠋ᠨ ᠤᠷᠤᠰᠭᠠᠯ ᠢ᠋ ᠬᠥᠳᠡᠯᠦᠩᠭᠦᠶ ᠪᠡᠷ ᠰᠤᠳᠤᠯᠤᠨ ᠮᠠᠭᠠᠳᠯᠠᠵᠤ᠂ ᠲᠡᠭᠡᠭᠡᠪᠦᠷᠢ ᠢ᠋ᠢᠨ ᠴᠢᠳᠠᠪᠤᠷᠢ ᠢ᠋ᠢᠨ ᠲᠣᠬᠢᠷᠠᠭᠤᠯᠤᠯᠲᠠ ᠢ᠋ᠢ ᠱᠢᠯᠢᠳᠡᠭ᠌ᠵᠢᠭᠦᠯᠦᠨ᠂ 《ᠨᠢᠭᠡ ᠡᠳᠦᠷ ᠨᠢᠭᠡ ᠵᠢᠷᠤᠭ》 ᠤ᠋ᠨ ᠵᠠᠭ᠍ᠪᠤᠷ ᠢ᠋ ᠬᠡᠷᠡᠭ᠌ᠵᠢᠭᠦᠯᠵᠦ᠍᠂ ᠣᠷᠭᠢᠯ ᠱᠤᠭᠤᠮ ᠤ᠋ᠨ ᠠᠶᠠᠯᠠᠯ ᠤ᠋ᠨ ᠵᠢᠷᠤᠭ ᠢ᠋ ᠡᠬᠢᠯᠡᠭᠦᠯᠬᠦ᠌᠂ ᠰᠥᠨᠢ ᠢ᠋ᠢᠨ ᠲᠦᠷᠭᠡᠨ ᠤ᠋ ᠭᠠᠯᠲᠤ ᠲᠡᠷᠭᠡ ᠢ᠋ᠢ ᠨᠡᠮᠡᠬᠦ᠂ ᠲᠦᠷ ᠴᠠᠭ ᠤ᠋ᠨ ᠠᠶᠠᠨᠴᠢᠳ ᠤ᠋ᠨ ᠭᠠᠯᠲᠤ ᠲᠡᠷᠭᠡ ᠢ᠋ᠢ ᠨᠡᠮᠡᠬᠦ᠂ ᠬᠦᠳᠡᠯᠭᠡᠬᠦ ᠬᠥᠴᠦᠨᠳᠤ ᠭᠠᠯᠲᠤ ᠲᠡᠷᠭᠡ ᠢ᠋ᠢ ᠨᠡᠮᠡᠨ ᠬᠣᠯᠪᠣᠬᠤ ᠵᠡᠷᠭᠡ ᠠᠷᠭ᠎ᠠ ᠬᠡᠮᠵᠢᠶ᠎ᠠ ᠪᠡᠷ ᠳᠠᠮᠵᠢᠨ ᠠᠶᠠᠨᠴᠢᠳ ᠤ᠋ᠨ ᠠᠶᠠᠯᠠᠯ ᠤ᠋ᠨ ᠬᠡᠷᠡᠭ᠌ᠴᠡᠭᠡ ᠢ᠋ᠢ ᠬᠠᠮᠤᠭ ᠤ᠋ᠨ ᠶᠡᠬᠡ ᠬᠡᠮᠵᠢᠶ᠎ᠡ ᠪᠡᠷ ᠬᠠᠩᠭᠠᠪᠠ; ᠠᠶᠠᠨᠴᠢᠳ ᠤ᠋ᠨ ᠲᠡᠭᠡᠭᠡᠪᠦᠷᠢ ᠢ᠋ᠢᠨ ᠦᠶ᠋ᠯᠡᠴᠢᠯᠡᠭᠡ ᠢ᠋ᠢ ᠲᠠᠰ ᠳᠡᠪᠱᠢᠭᠦᠯᠬᠦ᠌ ᠲᠠᠯ᠎ᠠ ᠪᠡᠷ᠂ 11 ᠬᠤᠤᠰ 《ᠡᠶ᠎ᠡ ᠵᠣᠬᠢᠴᠠᠯ》 ᠨᠡᠷᠡᠮᠵᠢᠲᠦ ᠬᠦᠳᠡᠯᠭᠡᠭᠦ ᠬᠦᠴᠦᠨᠲᠤ ᠭᠠᠯᠲᠤ ᠲᠡᠷᠭᠡ ᠢ᠋ᠢ ᠲᠠᠰ ᠳᠡᠪᠱᠢᠭᠦᠯᠦᠬᠡᠳ CR400 BFG ᠬᠡᠯᠪᠡᠷᠢ ᠢ᠋ᠢᠨ 《ᠰᠡᠷᠭᠦᠨ ᠮᠠᠨᠳᠤᠯᠲᠠ》 ᠬᠦᠳᠡᠯᠭᠡᠬᠦ ᠬᠦᠴᠦᠨᠲᠤ ᠭᠠᠯᠲᠤ ᠲᠡᠷᠭᠡ ᠪᠣᠯᠭᠠᠪᠠ᠃ ᠪᠠᠰᠠ ᠬᠥᠬᠡᠬᠣᠲᠠ ᠥᠷᠲᠡᠭᠡ ᠪᠠ ᠬᠥᠬᠡᠬᠣᠲᠠ ᠵᠡᠭᠦᠨ ᠥᠷᠲᠡᠭᠡ ᠳ᠋ᠤ 《ᠬᠥᠩᠭᠡᠨ ᠠᠴᠢᠶᠠᠲᠤ ᠠᠶᠠᠯᠠᠯ》 ᠤ᠋ᠨ ᠦᠶ᠋ᠯᠡᠴᠢᠯᠡᠭᠡ ᠭᠠᠷᠭᠠᠵᠤ᠂ ᠬᠥᠬᠡᠬᠣᠲᠠ ᠵᠡᠭᠦᠨ ᠥᠷᠲᠡᠭᠡ ᠪᠤᠯᠤᠨ ᠪᠤᠭᠤᠲᠤ ᠥᠷᠲᠡᠭᠡ ᠳ᠋ᠤ ᠲᠦᠷᠭᠡᠨ ᠤ᠋ ᠲᠡᠮᠦᠷ ᠵᠠᠮ ᠤ᠋ᠨ ᠡᠩᠬᠦᠷᠡᠶ ᠠᠮᠢᠲᠠᠨ ᠢ᠋ ᠨᠠᠢᠳᠠᠨ ᠲᠡᠭᠡᠭᠡᠪᠦᠷᠢᠯᠡᠬᠦ᠌ ᠦᠶ᠋ᠯᠡᠴᠢᠯᠡᠭᠡ ᠬᠠᠡᠭᠭᠠᠪᠠ᠃
ᠤᠯᠤᠰ ᠤ᠋ᠨ ᠲᠡᠮᠦᠷ ᠵᠠᠮ ᠤ᠋ᠨ ᠬᠥᠬᠡᠬᠣᠲᠠ ᠲᠣᠪᠴᠢᠶ᠎ᠠ ᠡᠨᠧᠷᠭᠢ ᠢ᠋ᠢᠨ ᠲᠡᠭᠡᠭᠡᠪᠦᠷᠢ ᠢ᠋ᠢ ᠠᠮᠤᠷ ᠲᠦᠪᠱᠢᠨ ᠰᠠᠭᠠᠳ ᠥᠬᠡᠶ ᠨᠡᠪᠲᠡᠷᠡᠬᠦᠯᠬᠦ ᠢ᠋ᠢᠨ ᠲᠥᠯᠥᠭᠡ ᠲᠠᠡᠭᠱᠠᠨ — ᠪᠤᠭᠤᠲᠤ ᠬᠦᠷᠬᠦ ᠱᠤᠭᠤᠮ᠂ ᠵᠢᠨᠢᠡᠭ — ᠲᠦᠡᠭᠯᠢᠶᠤᠤ ᠬᠦᠷᠬᠦ ᠱᠤᠭᠤᠮ ᠵᠡᠷᠭᠡ ᠪᠠᠷᠠᠭᠠᠨ ᠤ᠋ ᠲᠡᠭᠡᠭᠡᠪᠦᠷᠢ ᠢ᠋ᠢᠨ ᠭᠤᠤᠯ ᠨᠡᠪᠲᠡᠷᠡᠯ ᠵᠠᠮ ᠤ᠋ᠨ ᠦᠶ᠋ᠯᠡᠳᠦᠯ ᠢ᠋ ᠭᠦᠶ᠋ᠴᠡᠳ ᠪᠠᠳᠠᠷᠠᠭᠤᠯᠵᠤ᠂ ᠭᠤᠤᠯ ᠬᠦᠶ᠋ᠰᠦ ᠢ᠋ᠢᠨ ᠴᠢᠳᠠᠪᠤᠷᠢ ᠢ᠋ᠢ ᠵᠦᠶ ᠵᠣᠬᠢᠰᠲᠠᠶ ᠬᠤᠪᠢᠶᠠᠷᠢᠯᠠᠨ᠂ ᠠᠵᠢᠯ ᠤ᠋ᠨ ᠶᠠᠪᠤᠴᠠ ᠢ᠋ᠢ ᠱᠢᠯᠢᠳᠡᠭ᠌ᠵᠢᠭᠦᠯᠵᠤ᠂ ᠳᠠᠮᠵᠢᠭᠤᠯᠬᠤ ᠴᠠᠭ ᠢ᠋ ᠪᠣᠭᠣᠨᠢᠰᠭᠠᠨ᠂ ᠨᠡᠭᠦᠷᠡᠰᠦ ᠢ᠋ᠢ ᠲᠦᠷᠭᠡᠨ ᠲᠡᠭᠡᠭᠡᠪᠦᠷᠢᠯᠡᠬᠦ᠌ ᠢ᠋ᠢ ᠦᠨᠡᠨ ᠬᠦ᠌ ᠪᠠᠲᠤᠯᠠᠪᠠ᠃ ᠤᠯᠤᠰ ᠤ᠋ᠨ ᠡᠨᠧᠷᠭᠢ ᠢ᠋ᠢᠨ ᠰᠠᠭᠤᠷᠢᠨ ᠤ᠋ ᠪᠠᠢᠷᠢ ᠲᠣᠭ᠍ᠲᠠᠭᠠᠯᠲᠠ ᠳ᠋ᠤ ᠰᠠᠭᠤᠷᠢᠯᠠᠨ ᠣᠷᠣᠨᠠᠴᠠ ᠭᠠᠷᠭᠠᠬᠤ 《ᠴᠡᠭ ᠡᠴᠡ ᠴᠡᠭ ᠬᠥᠷᠬᠥ᠌》 ᠨᠡᠭᠦᠷᠡᠰᠦᠨ ᠤ᠋ ᠲᠠᠬᠡᠬᠡᠪᠤᠷᠢ ᠵᠢᠨ 14 ᠲᠥᠷᠥᠯ ᠵᠦᠶ᠋ᠯ ᠢ᠋ ᠬᠡᠷᠡᠭ᠌ᠵᠢᠭᠦᠯᠵᠦ᠍᠂ ᠨᠡᠢᠲᠡ 4711 ᠲᠦᠮᠡᠨ ᠲᠣᠨ ᠨᠡᠭᠦᠷᠡᠰᠦ ᠵᠦᠭᠡᠭᠡᠪᠦᠷᠢᠯᠡᠵᠤ᠂ ᠵᠡᠭᠦᠨ ᠬᠣᠢᠲᠤ ᠣᠷᠣᠨ᠂ ᠤᠮᠠᠷᠠᠲᠤ ᠣᠷᠣᠨ ᠪᠠ ᠡᠮᠦᠨᠡᠲᠦ ᠣᠷᠣᠨ ᠤ᠋ ᠡᠨᠧᠷᠭᠢ ᠢ᠋ᠢᠨ ᠬᠡᠷᠡᠭ᠌ᠴᠡᠭᠡ ᠢ᠋ᠢ ᠪᠦᠲᠦᠮᠵᠢᠲᠡᠶ ᠪᠠᠲᠤᠯᠠᠵᠠᠢ᠃