ᠪᠦᠬᠦ ᠤᠯᠤᠰ ᠤ᠋ᠨ ᠲᠠᠷᠢᠶᠠᠯᠠᠬᠤ ᠤᠷᠤᠨ ᠤ᠋ ᠴᠠᠷᠴᠠᠬᠠᠢ ᠵᠢ ᠬᠢᠨᠠᠨ ᠬᠡᠮᠵᠢᠵᠤ ᠰᠡᠷᠭᠡᠢᠯᠡᠨ ᠡᠵᠡᠮᠳᠡᠬᠦ ᠮᠡᠷᠭᠡᠵᠢᠯ ᠤ᠋ᠨ ᠪᠤᠯᠪᠠᠰᠤᠷᠠᠯ ᠤ᠋ᠨ ᠠᠡᠭᠬᠢ ᠬᠦᠬᠡᠬᠤᠲᠠ ᠳ᠋ᠦ ᠶᠠᠪᠤᠭᠳᠠᠪᠠ
2026-04-23 09:15:47
ᠵᠣᠬᠢᠶᠠᠭ᠍ᠴᠢ᠄
ᠼᠠᠢ ᠬᠤᠡᠭ
ᠣᠩᠱᠢᠭ᠍ᠰᠠᠨ ᠣᠳᠠᠭ᠎ᠠ᠄
★★★☆☆

 ᠰᠤᠷᠪᠤᠯᠵᠢᠯᠠᠬᠴᠢ ᠦᠪᠤᠷ ᠮᠤᠩᠭᠤᠯ ᠤ᠋ᠨ ᠦᠪᠡᠷᠲᠡᠭᠡᠨ ᠵᠠᠰᠠᠬᠤ ᠤᠷᠤᠨ ᠤ᠋ ᠲᠠᠷᠢᠶᠠᠯᠠᠡᠭ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ᠋ ᠲᠢᠡᠭᠬᠢᠮ ᠡᠴᠡ ᠤᠢᠯᠠᠭᠠᠭᠰᠠᠨ ᠶ᠋ᠢᠡᠷ᠂ ᠪᠦᠬᠦ ᠤᠯᠤᠰ ᠤ᠋ᠨ ᠲᠠᠷᠢᠶᠠᠯᠠᠬᠤ ᠤᠷᠤᠨ ᠤ᠋ ᠴᠠᠷᠴᠠᠬᠠᠢ ᠵᠢ ᠬᠢᠨᠠᠨ ᠬᠡᠮᠵᠢᠵᠤ ᠰᠡᠷᠭᠡᠢᠯᠡᠨ ᠡᠵᠡᠮᠳᠡᠬᠦ ᠮᠡᠷᠭᠡᠵᠢᠯ ᠤ᠋ᠨ ᠪᠤᠯᠪᠠᠰᠤᠷᠠᠯ ᠤ᠋ᠨ ᠠᠡᠭᠬᠢ ᠲᠦᠷᠦᠭᠦᠬᠡᠨ ᠬᠦᠬᠡᠬᠤᠲᠠ ᠳ᠋ᠦ ᠶᠠᠪᠤᠭᠳᠠᠵᠤ᠂ ᠪᠦᠬᠦ ᠤᠯᠤᠰ ᠤ᠋ᠨ 18 ᠮᠤᠵᠢ (ᠤᠷᠤᠨ᠂ ᠬᠤᠲᠠ) ᠶ᠋ᠢᠨ ᠤᠷᠭᠤᠮᠠᠯ ᠤ᠋ᠨ ᠬᠠᠮᠠᠭᠠᠯᠠᠯᠲᠠ ᠶ᠋ᠢᠨ ᠪᠠᠢᠭᠤᠯᠤᠮᠵᠢ ᠶ᠋ᠢᠨ ᠴᠠᠷᠴᠠᠬᠠᠢ ᠵᠢ ᠬᠢᠨᠠᠨ ᠬᠡᠮᠵᠢᠵᠤ ᠰᠡᠷᠭᠡᠢᠯᠡᠨ ᠡᠵᠡᠮᠳᠡᠬᠦ ᠠᠵᠢᠯ ᠤ᠋ᠨ ᠬᠠᠷᠢᠭᠤᠴᠠᠯᠭᠠᠲᠠᠨ ᠵᠢᠴᠢ ᠮᠡᠷᠭᠡᠵᠢᠯ ᠤ᠋ᠨ ᠭᠤᠤᠯᠯᠠᠬᠤ ᠬᠦᠴᠦᠨ ᠨᠡᠢᠲᠡ 30 ᠭᠠᠷᠤᠢ ᠬᠦᠮᠦᠨ ᠪᠤᠯᠪᠠᠰᠤᠷᠠᠯ ᠳ᠋ᠦ ᠤᠷᠤᠯᠴᠠᠪᠠ᠃

ᠲᠣᠰ ᠤᠳᠠᠭ᠎ᠠ ᠵᠢᠨ ᠪᠣᠯᠪᠠᠰᠤᠷᠠᠯ ᠨᠢ 《ᠲᠤᠬᠠᠶ ᠶ᠋ᠢᠨ ᠲᠠᠯᠠᠪᠤᠷ ᠲᠦ᠍ ᠲᠣᠭᠣᠷᠢᠨ ᠦᠵᠡᠬᠦ᠌ + ᠲᠤᠰᠭᠠᠶ ᠮᠡᠷᠭᠡᠵᠢᠯᠲᠡᠨ ᠬᠢᠴᠢᠶᠡᠯ ᠣᠷᠣᠬᠤ + ᠮᠡᠷᠭᠡᠵᠢᠯ ᠤ᠋ᠨ ᠰᠣᠯᠢᠯᠴᠠᠭ᠎ᠠ + ᠬᠠᠨᠳᠤᠰᠢ ᠶ᠋ᠢᠨ ᠵᠥᠪᠳᠡᠯᠴᠡᠭᠡ ᠬᠢᠬᠦ᠌》 ᠣᠯᠠᠨ ᠡᠱᠢᠲᠦ ᠪᠣᠯᠪᠠᠰᠤᠷᠠᠯ ᠤ᠋ᠨ ᠵᠠᠭ᠍ᠪᠤᠷ ᠢ᠋ ᠠᠪᠴᠤ᠌᠂ ᠠᠭᠤᠯᠭ᠎ᠠ ᠪᠠᠷ ᠪᠠᠶᠠᠯᠢᠭ᠂ ᠬᠠᠨᠳᠤᠯᠭᠠᠲᠤ ᠴᠢᠨᠠᠷ ᠵᠢᠡᠷ ᠴᠢᠩᠭ᠎ᠠ ᠪᠠᠢᠵᠤ᠂ ᠮᠠᠰᠢ ᠰᠠᠢᠨ ᠦᠷ᠎ᠡ ᠪᠦᠲᠦᠮᠵᠢ ᠣᠯᠵᠠᠶ᠃ ᠪᠣᠯᠪᠠᠰᠤᠷᠠᠯ ᠳ᠋ᠤ ᠣᠷᠣᠯᠴᠠᠭ᠍ᠰᠠᠳ ᠬᠥᠬᠡᠬᠣᠲᠠ ᠶ᠋ᠢᠨ ᠦᠴᠦᠸᠠᠨ ᠱᠢᠶᠠᠨ ᠳ᠋ᠤ ᠬᠦᠷᠴᠦ᠍ ᠴᠠᠷᠴᠠᠬᠠᠶ ᠶ᠋ᠢᠨ ᠦᠷᠡᠵᠢᠨ ᠲᠥᠯᠵᠢᠬᠦ᠌ ᠤᠷᠴᠢᠨ ᠢ᠋ ᠲᠤᠬᠠᠶ ᠶ᠋ᠢᠨ ᠭᠠᠵᠠᠷ ᠲᠤᠨᠢ ᠪᠠᠢᠴᠠᠭᠠᠨ ᠦᠵᠡᠵᠦ᠍᠂ ᠲᠠᠷᠢᠶᠠᠨ ᠭᠠᠵᠠᠷ ᠤ᠋ᠨ ᠴᠠᠷᠴᠠᠬᠠᠶ ᠶ᠋ᠢᠨ ᠠᠮᠢᠳᠤ ᠪᠣᠳᠠᠰ ᠢ᠋ ᠰᠡᠷᠭᠡᠢᠯᠡᠨ ᠵᠠᠰᠠᠬᠤ ᠮᠡᠷᠭᠡᠵᠢᠯ ᠤ᠋ᠨ ᠪᠦᠲᠦᠭᠡᠭ᠌ᠳᠡᠬᠦᠨ ᠢ᠋ ᠲᠣᠭᠣᠷᠢᠨ ᠦᠵᠡᠪᠡ᠃ ᠲᠤᠬᠠᠶ ᠶ᠋ᠢᠨ ᠭᠠᠵᠠᠷ ᠲᠤᠨᠢ ᠠᠵᠢᠯᠯᠠᠬᠤ᠂ ᠲᠤᠬᠠᠶ ᠶ᠋ᠢᠨ ᠲᠠᠯᠠᠪᠠᠶ ᠳ᠋ᠤ ᠲᠠᠢᠯᠪᠤᠷᠢᠯᠠᠬᠤ ᠪᠠᠷ ᠳᠡᠮᠵᠢᠨ ᠪᠣᠯᠪᠠᠰᠤᠷᠠᠯ ᠳ᠋ᠤ ᠣᠷᠣᠯᠴᠠᠭ᠍ᠰᠠᠳ ᠲᠠᠷᠢᠶᠠᠨ ᠭᠠᠵᠠᠷ ᠲᠦ᠍ ᠴᠠᠷᠴᠠᠬᠠᠢ ᠵᠢᠨ ᠥᠨᠳᠡᠭᠡ ᠵᠢ ᠪᠠᠢᠴᠠᠭᠠᠬᠤ᠂ ᠬᠥᠳᠡᠯᠦᠩᠭᠦᠶ ᠪᠠᠢᠴᠠᠭᠠᠯᠲᠠ ᠬᠢᠬᠦ᠌ ᠪᠠ ᠪᠣᠬᠢᠷᠲᠤᠯ ᠥᠬᠡᠶ ᠪᠡᠷ ᠰᠡᠷᠭᠡᠢᠯᠡᠨ ᠡᠵᠡᠮᠳᠡᠬᠦ᠌ ᠮᠡᠷᠭᠡᠵᠢᠯ ᠤ᠋ᠨ ᠬᠡᠷᠡᠭ᠌ᠯᠡᠯᠲᠡ ᠵᠡᠷᠭᠡ ᠪᠣᠳᠠᠲᠠᠶ ᠠᠵᠢᠯᠯᠠᠬᠤ ᠤᠷ᠎ᠠ ᠴᠢᠳᠠᠪᠤᠷᠢ ᠶ᠋ᠢ ᠤᠯᠠᠮ ᠨᠢᠭᠡ ᠠᠯᠬᠤᠮ ᠡᠵᠡᠮᠱᠢᠪᠡ᠃

ᠳᠤᠮᠳᠠᠳᠤ ᠤᠯᠤᠰ ᠤ᠋ᠨ ᠱᠢᠨᠵᠢᠯᠡᠬᠦ᠌ ᠤᠬᠠᠭᠠᠨ ᠤ᠋ ᠬᠦᠷᠢᠶᠡᠯᠡᠩ᠂ ᠱᠠᠨᠳᠦ᠋ᠩ ᠤ᠋ᠨ ᠲᠠᠷᠢᠶᠠᠯᠠᠩ ᠤ᠋ᠨ ᠱᠢᠨᠵᠢᠯᠡᠬᠦ᠌ ᠤᠬᠠᠭᠠᠨ ᠤ᠋ ᠬᠦᠷᠢᠶᠡᠯᠡᠩ᠂ ᠾᠧᠨᠠᠨ ᠶᠡᠬᠡ ᠰᠤᠷᠭᠠᠭᠤᠯᠢ᠂ ᠱᠢᠨᠵᠢᠶᠠᠩ ᠤ᠋ᠨ ᠪᠠᠭ᠍ᠰᠢ ᠶ᠋ᠢᠨ ᠶᠡᠬᠡ ᠰᠤᠷᠭᠠᠭᠤᠯᠢ᠂ ᠱᠠᠨᠳᠦ᠋ᠩ ᠮᠤᠵᠢ ᠶ᠋ᠢᠨ ᠪᠢᠨᠵᠸᠤ ᠬᠣᠲᠠ ᠶ᠋ᠢᠨ ᠲᠠᠷᠢᠶᠠᠯᠠᠩ ᠤ᠋ᠨ ᠮᠡᠷᠭᠡᠵᠢᠯ ᠢ᠋ ᠳᠡᠯᠭᠡᠷᠡᠭᠦᠯᠬᠦ᠌ ᠲᠥᠪ ᠵᠡᠷᠭᠡ ᠱᠢᠨᠵᠢᠯᠡᠬᠦ᠌ ᠤᠬᠠᠭᠠᠨ ᠤ᠋ ᠰᠤᠳᠤᠯᠭᠠᠨ᠂ ᠳᠡᠯᠭᠡᠷᠡᠭᠦᠯᠬᠦ᠌ ᠨᠢᠭᠡᠴᠢ ᠪᠠ ᠶᠡᠬᠡ ᠳᠡᠭᠡᠳᠦ ᠰᠤᠷᠭᠠᠭᠤᠯᠢ ᠶ᠋ᠢᠨ ᠲᠤᠰᠭᠠᠶ ᠮᠡᠷᠭᠡᠵᠢᠯᠲᠡᠨ ᠲᠣᠰ ᠲᠣᠰ ᠪᠥᠬᠥ᠌ ᠪᠥᠮᠪᠥᠷᠴᠡᠭ ᠤ᠋ᠨ ᠴᠠᠷᠴᠠᠬᠠᠶ ᠡᠭᠦᠰᠭᠦ ᠬᠠᠨᠳᠤᠰᠢ᠂ ᠠᠮᠢᠳᠤ ᠪᠣᠳᠠᠰ ᠤ᠋ᠨ ᠰᠡᠷᠭᠡᠢᠯᠡᠨ ᠡᠵᠡᠮᠳᠡᠬᠦ᠌ ᠮᠡᠷᠭᠡᠵᠢᠯ᠂ ᠬᠢᠨᠠᠨ ᠬᠡᠮᠵᠢᠵᠦ᠍ ᠪᠠᠢᠴᠠᠭᠠᠬᠤ ᠪᠣᠳᠠᠲᠠᠶ ᠠᠵᠢᠯᠯᠠᠭ᠎ᠠ᠂ ᠲᠥᠷᠥᠯ ᠵᠦᠶ᠋ᠯ ᠤ᠋ᠨ ᠣᠨᠴᠠᠯᠢᠭ ᠱᠢᠨᠵᠢ ᠵᠢ ᠢᠯᠭᠠᠨ ᠲᠠᠨᠢᠬᠤ᠂ ᠦᠷᠡᠵᠢᠯ ᠤ᠋ᠨ ᠠᠮᠢᠳᠤ ᠪᠣᠳᠠᠰ ᠤ᠋ᠨ ᠤᠬᠠᠭᠠᠨ ᠤ᠋ ᠲᠣᠭ᠍ᠲᠠᠴᠠ ᠵᠡᠷᠭᠡ ᠭᠤᠤᠯᠳᠠᠯᠭ᠎ᠠ ᠲᠠᠶ ᠠᠭᠤᠯᠭ᠎ᠠ ᠶ᠋ᠢᠨ ᠲᠣᠭᠣᠷᠢᠨ ᠳ᠋ᠤ ᠲᠤᠰᠭᠠᠶ ᠰᠡᠳᠦᠪᠲᠦ ᠮᠡᠳᠡᠭᠦᠯᠦᠯᠲᠡ ᠬᠢᠪᠠ᠃ ᠡᠭᠦᠨ ᠤ᠋ ᠬᠠᠮᠲᠤ᠂ ᠬᠠᠮᠢᠶ᠎ᠠ ᠪᠥᠬᠥᠶ ᠠᠵᠤ ᠠᠬᠤᠢᠯᠠᠯ ᠴᠠᠷᠴᠠᠬᠠᠶ ᠶ᠋ᠢ ᠬᠢᠨᠠᠨ ᠬᠡᠮᠵᠢᠬᠦ᠌ ᠲᠥᠬᠥᠭᠡᠷᠦᠮᠵᠢ ᠪᠠ ᠪᠢᠴᠢᠯ ᠰᠫᠣᠷᠲᠤ ᠬᠣᠷᠣᠬᠠᠶ ᠶ᠋ᠢᠨ ᠬᠡᠷᠡᠭ᠌ᠯᠡᠭᠡᠨ ᠤ᠋ ᠮᠡᠷᠭᠡᠵᠢᠯ ᠤ᠋ᠨ ᠲᠤᠬᠠᠢ ᠰᠣᠯᠢᠯᠴᠠᠵᠤ᠂ ᠪᠣᠯᠪᠠᠰᠤᠷᠠᠯ ᠳ᠋ᠤ ᠣᠷᠣᠯᠴᠠᠭ᠍ᠰᠠᠳ ᠡᠯ᠎ᠡ ᠭᠠᠵᠠᠷ ᠤ᠋ᠨ ᠴᠠᠷᠴᠠᠬᠠᠶ ᠶ᠋ᠢ ᠬᠢᠨᠠᠨ ᠬᠡᠮᠵᠢᠵᠦ᠍ ᠰᠡᠷᠭᠡᠢᠯᠡᠨ ᠡᠵᠡᠮᠳᠡᠭ᠌ᠰᠡᠨ ᠲᠤᠷᠱᠢᠯᠭ᠎ᠠ ᠪᠠᠨ ᠬᠤᠪᠢᠶᠠᠯᠴᠠᠭ᠍ᠰᠠᠨ ᠪᠥᠭᠡᠳ 2026 ᠣᠨ ᠤ᠋ ᠪᠥᠬᠥ᠌ ᠤᠯᠤᠰ ᠤ᠋ᠨ ᠴᠠᠷᠴᠠᠬᠠᠶ ᠶ᠋ᠢᠨ ᠡᠭᠦᠰᠭᠦ ᠬᠠᠨᠳᠤᠰᠢ ᠶ᠋ᠢ ᠬᠠᠮᠲᠤ ᠪᠠᠷ ᠵᠥᠪᠳᠡᠯᠴᠡᠵᠤ ᠰᠤᠳᠤᠯᠤᠨ ᠮᠠᠭᠠᠳᠯᠠᠵᠠᠶ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号