ᠦᠪᠦᠷ ᠮᠤᠩᠭᠤᠯ ᠤ᠋ᠨ ᠦᠪᠡᠷᠲᠡᠭᠡᠨ ᠵᠠᠰᠠᠬᠤ ᠤᠷᠤᠨ ᠤ᠋ ᠲᠠᠷᠢᠶᠠᠯᠠᠡᠭ ᠮᠠᠯ ᠠᠵᠤ ᠠᠬᠤᠢ ᠪᠡ ᠬᠦᠳᠡᠭᠡ ᠲᠤᠰᠬᠤᠨ ᠮᠠᠯᠵᠢᠬᠤ ᠤᠷᠤᠨ ᠤ᠋ ᠲᠢᠡᠭᠬᠢᠮ ᠡᠴᠡ ᠤᠢᠯᠠᠭᠠᠭᠰᠠᠨ ᠶ᠋ᠢᠡᠷ᠂ ᠦᠪᠦᠷ ᠮᠤᠡᠭᠭᠤᠯ ᠤ᠋ᠨ ᠳᠤᠮᠳᠠᠳᠤ ᠤᠷᠤᠨ (ᠵᠸᠩᠵᠸᠦ) ᠤ᠋ ᠬᠠᠮᠲᠤ ᠪᠡᠷ ᠡᠳ᠋ᠯᠡᠬᠦ ᠤᠷᠢᠳᠴᠢᠯᠠᠨ ᠨᠦᠬᠡᠴᠡᠯᠡᠬᠦ ᠬᠦᠮᠦᠷᠭᠡ ᠠᠰᠢᠭᠯᠠᠯᠲᠠ ᠳ᠋ᠦ ᠤᠷᠤᠭᠰᠠᠨ ᠤ᠋ ᠳᠠᠷᠠᠭ᠎ᠠ ᠬᠦᠮᠦᠷᠭᠡ ᠶ᠋ᠢᠨ ᠪᠦᠳᠦᠬᠡᠭᠳᠡᠬᠦᠨ ᠢ᠋ 24 ᠴᠠᠭ ᠤ᠋ᠨ ᠳᠤᠲᠤᠷ᠎ᠡ ᠳᠤᠮᠳᠠᠳᠤ ᠤᠷᠤᠨ ᠤ᠋ 50 ᠭᠤᠤᠯ ᠪᠤᠯᠬᠤ ᠬᠤᠲᠠ ᠳ᠋ᠦ ᠬᠦᠷᠭᠡᠨ ᠦᠭᠴᠦ ᠲᠠᠢᠯᠬᠦ ᠪᠤᠯᠵᠤ᠂ ᠮᠠᠨ ᠤ᠋ ᠤᠷᠤᠨ ᠤ᠋ ᠴᠢᠨᠠᠷ ᠰᠠᠢᠳᠠᠢ ᠮᠠᠯ ᠤ᠋ᠨ ᠠᠰᠢᠭ ᠰᠢᠮ᠎ᠠ ᠲᠠᠷᠢᠶᠠᠯᠠᠩ ᠤ᠋ᠨ ᠪᠦᠳᠦᠬᠡᠭᠳᠡᠬᠦᠨ ᠢ᠋ ᠡᠮᠦᠨ᠎ᠡ ᠤᠷᠤᠨ ᠳ᠋ᠦ ᠪᠤᠷᠤᠯᠠᠭᠤᠯᠬᠤ ᠡᠳ᠋ ᠪᠠᠷᠠᠭᠠᠨ ᠤ᠋ ᠭᠦᠢᠯᠭᠡᠭᠡ ᠶ᠋ᠢᠨ ᠲᠦᠷᠭᠡᠨ ᠤ᠋ ᠵᠠᠮ ᠢ᠋ ᠨᠡᠪᠲᠡᠷᠡᠭᠦᠯᠪᠡ᠃
ᠦᠪᠦᠷ ᠮᠤᠡᠭᠭᠤᠯ ᠤ᠋ᠨ ᠳᠤᠮᠳᠠᠳᠤ ᠤᠷᠤᠨ (ᠵᠸᠩᠵᠸᠦ) ᠤ᠋ ᠬᠠᠮᠲᠤ ᠪᠡᠷ ᠡᠳ᠋ᠯᠡᠬᠦ ᠤᠷᠢᠳᠴᠢᠯᠠᠨ ᠨᠦᠬᠡᠴᠡᠯᠡᠬᠦ ᠬᠦᠮᠦᠷᠭᠡ ᠠᠰᠢᠭᠯᠠᠯᠲᠠ ᠳ᠋ᠦ ᠤᠷᠤᠭᠰᠠᠨ 5 ᠰᠠᠷ᠎ᠠ ᠶ᠋ᠢᠨ ᠬᠤᠭᠤᠴᠠᠭᠠᠨ ᠳ᠋ᠦ᠂ ᠮᠠᠨ ᠤ᠋ ᠤᠷᠤᠨ ᠤ᠋ ᠴᠢᠨᠠᠷ ᠰᠠᠢᠲᠠᠶ ᠮᠠᠯ ᠤ᠋ᠨ ᠠᠱᠢᠭ ᠱᠢᠮ᠎ᠡ ᠲᠠᠷᠢᠶᠠᠯᠠᠩ ᠤ᠋ᠨ ᠪᠦᠲᠦᠭᠡᠭ᠌ᠳᠡᠬᠦᠨ ᠤ᠋ ᠬᠠᠩᠭᠠᠯᠭ᠎ᠠ ᠵᠢᠨ ᠬᠡᠯᠬᠢᠶ᠎ᠡ ᠵᠢᠨ ᠦᠷ᠎ᠡ ᠪᠦᠲᠦᠮᠵᠢ ᠪᠠ ᠲᠦᠷᠦᠯ ᠲᠡᠮᠳᠡᠭ ᠤ᠋ᠨ ᠥᠷᠢᠰᠥᠯᠳᠦᠬᠦ᠌ ᠬᠦᠴᠦᠨ ᠢ᠋ ᠪᠦᠲᠦᠮᠵᠢᠲᠡᠶ ᠳᠡᠭᠡᠭᠰᠢᠯᠡᠭᠦᠯᠵᠦ᠂ 《ᠡᠳ᠋ ᠪᠠᠷᠠᠭᠠᠨ ᠤ᠋ ᠭᠦᠶ᠋ᠯᠭᠡᠭᠡ ᠵᠢᠨ ᠥᠪᠡᠷ ᠤ᠋ᠨ ᠥᠷᠲᠡᠭ ᠥᠨᠳᠥᠷ᠂ ᠲᠣᠬᠢᠷᠠᠭᠤᠯᠤᠨ ᠬᠦᠷᠭᠡᠬᠦ᠌ ᠴᠠᠭ ᠤᠳᠠᠭᠠᠨ ᠦᠷ᠎ᠡ ᠪᠦᠲᠦᠮᠵᠢ ᠳᠤᠤᠷ᠎ᠡ ᠪᠠᠢᠬᠤ》 ᠪᠣᠭᠣᠮᠢ ᠶ᠋ᠢᠨ ᠠᠰᠠᠭᠤᠳᠠᠯ ᠢ᠋ ᠰᠢᠢᠳᠪᠦᠷᠢᠯᠡᠨ᠂ ᠣᠷᠣᠨ ᠪᠦᠰᠡ ᠠᠯᠤᠰᠯᠠᠭ᠍ᠰᠠᠨ ᠬᠦᠶ᠋ᠲᠡᠨ ᠬᠡᠯᠬᠢᠶᠡᠲᠦ ᠡᠳ᠋ ᠪᠠᠷᠠᠭᠠᠨ ᠤ᠋ ᠭᠦᠶ᠋ᠯᠭᠡᠭᠡ ᠵᠢᠨ ᠪᠠᠢᠷᠢᠱᠢᠭᠤᠯᠤᠯᠲᠠ ᠶ᠋ᠢ ᠠᠬᠢᠭᠤᠯᠬᠤ ᠵᠠᠩᠭᠢᠯᠠᠭ᠎ᠠ ᠵᠢᠨ ᠠᠷᠭ᠎ᠠ ᠬᠡᠮᠵᠢᠶ᠎ᠡ ᠪᠤᠯᠪᠠ᠃ ᠲᠤᠰ ᠬᠦᠮᠦᠷᠭᠡ ᠵᠸᠩᠵᠸᠦ᠍ ᠵᠢᠨ ᠤᠯᠤᠰ ᠤ᠋ᠨ ᠡᠳ᠋ ᠪᠠᠷᠠᠭᠠᠨ ᠤ᠋ ᠭᠦᠢᠯᠭᠡᠭᠡ ᠶ᠋ᠢᠨ ᠬᠦᠶ᠋ᠰᠦ ᠴᠢᠳᠠᠮᠵᠢᠳᠤ ᠣᠷᠣᠨ ᠳ᠋ᠤ ᠪᠠᠢᠷᠢᠯᠠᠵᠤ᠂ ᠬᠣᠲᠠ ᠵᠢᠨ ᠪᠥᠭᠡᠮᠨᠡᠷᠡᠯ ᠤ᠋ᠨ ᠭᠤᠤᠯ ᠬᠦᠶ᠋ᠰᠦ ᠪᠣᠯᠬᠤ ᠪᠠᠢᠷᠢ ᠰᠠᠭᠤᠷᠢ ᠳ᠋ᠤ ᠲᠦᠱᠢᠭ᠌ᠯᠡᠨ ᠪᠦᠳᠦᠬᠡᠭᠳᠡᠬᠦᠨ ᠢ᠋ ᠲᠦᠷᠭᠡᠨ ᠲᠥᠪᠯᠡᠷᠡᠭᠦᠯᠵᠦ᠍ ᠲᠠᠷᠬᠠᠭᠠᠬᠤ᠂ ᠬᠤᠪᠢᠶᠠᠨ ᠰᠠᠯᠭᠠᠬᠤ ᠪᠠ ᠲᠣᠬᠢᠷᠠᠭᠤᠯᠤᠨ ᠬᠦᠷᠭᠡᠬᠦ᠌ ᠶ᠋ᠢ ᠪᠡᠶᠡᠯᠡᠭᠦᠯᠵᠦ᠍᠂ 24 ᠴᠠᠭ ᠤ᠋ᠨ ᠲᠤᠳᠤᠷ᠎ᠠ ᠬᠦᠷᠭᠡᠵᠦ ᠲᠠᠢᠯᠬᠦ ᠬᠡᠪᠴᠢᠶ᠎ᠡ ᠨᠢ 11 ᠮᠤᠵᠢ ᠪᠠ ᠰᠢᠭᠤᠳ ᠬᠠᠷᠢᠶ᠎ᠠ ᠬᠤᠲᠠ ᠵᠢ ᠬᠠᠮᠤᠷᠴᠠᠢ᠃
ᠤᠢᠯᠠᠭᠠᠭᠰᠠᠨ ᠵᠢᠡᠷ᠂ ᠦᠪᠦᠷ ᠮᠤᠡᠭᠭᠤᠯ ᠤ᠋ᠨ ᠳᠤᠮᠳᠠᠳᠤ ᠤᠷᠤᠨ (ᠵᠸᠩᠵᠸᠦ) ᠤ᠋ ᠬᠠᠮᠲᠤ ᠪᠡᠷ ᠡᠳ᠋ᠯᠡᠬᠦ ᠤᠷᠢᠳᠴᠢᠯᠠᠨ ᠨᠦᠬᠡᠴᠡᠯᠡᠬᠦ ᠬᠦᠮᠦᠷᠭᠡ ᠨᠢ ᠤᠷᠤᠵᠤ ᠰᠠᠭᠤᠷᠢᠰᠢᠭᠰᠠᠨ ᠠᠵᠤ ᠠᠬᠤᠢᠯᠠᠯ ᠳ᠋ᠤ ᠲᠡᠭᠡᠭᠡᠵᠦ ᠪᠠᠭᠤᠯᠭᠠᠬᠤ᠂ ᠨᠦᠬᠡᠴᠡᠯᠡᠨ ᠬᠠᠳᠠᠭᠠᠯᠠᠬᠤ᠂ ᠤᠷᠤᠯᠠᠨ ᠭᠤᠪᠢᠭᠤᠯᠬᠤ᠂ ᠲᠡᠭᠡᠭᠡᠪᠦᠷᠢᠯᠡᠬᠦ᠌᠂ ᠬᠥᠮᠥᠷᠭᠡ ᠵᠢᠨ ᠬᠣᠭᠣᠷᠣᠨᠳᠣ ᠱᠢᠯᠵᠢᠭᠦᠯᠦᠨ ᠥᠭ᠌ᠬᠦ ᠵᠡᠷᠭᠡ ᠡᠯ᠎ᠡ ᠵᠦᠶ᠋ᠯ ᠤ᠋ᠨ ᠦᠶ᠋ᠯᠡᠴᠢᠯᠡᠭᠡ ᠬᠠᠡᠭᠭᠠᠵᠤ ᠪᠠᠢᠨ᠎ᠠ᠃ ᠥᠪᠥᠷ ᠮᠣᠩᠭᠣᠯ ᠤ᠋ᠨ ᠬᠡᠪᠴᠢᠶᠡᠨ ᠳ᠋ᠤ ᠳᠠᠩᠰᠠᠯᠠᠭᠤᠯᠤᠭ᠍ᠰᠠᠨ᠂ ᠬᠢᠷᠢ ᠬᠡᠮ ᠨᠢ ᠪᠦᠷᠢᠨ ᠭᠦᠶ᠋ᠴᠡᠳ᠂ ᠭᠤᠤᠯ ᠡᠵᠡᠩᠨᠡᠵᠦ᠍ ᠪᠠᠢᠭ᠎ᠠ ᠪᠦᠳᠦᠬᠡᠭᠳᠡᠬᠦᠨ ᠨᠢ ᠬᠢᠷᠢ ᠲᠡᠩᠴᠡᠭ᠌ᠰᠡᠨ ᠪᠥᠭᠡᠳ ᠥᠪᠥᠷ ᠮᠣᠩᠭᠣᠯ ᠤ᠋ᠨ ᠮᠠᠯ ᠤ᠋ᠨ ᠠᠱᠢᠭ ᠱᠢᠮ᠎ᠡ ᠲᠠᠷᠢᠶᠠᠯᠠᠩ ᠤ᠋ᠨ ᠪᠦᠲᠦᠭᠡᠭ᠌ᠳᠡᠬᠦᠨ ᠦᠶ᠋ᠯᠡᠳᠪᠦᠷᠢᠯᠡᠵᠦ᠍ ᠪᠤᠯᠪᠠᠰᠤᠷᠠᠭᠤᠯᠬᠤ᠂ ᠡᠯᠧᠺᠲ᠋ᠷᠣᠨ ᠬᠤᠳᠠᠯᠳᠤᠭᠠᠨ ᠤ᠋ ᠪᠤᠷᠤᠯᠠᠭᠤᠯᠭ᠎ᠠ ᠬᠢᠬᠦ ᠵᠡᠷᠭᠡ ᠬᠠᠮᠢᠶ᠎ᠠ ᠪᠥᠬᠥᠶ ᠲᠤᠬᠠᠢᠯᠠᠭ᠍ᠰᠠᠨ ᠠᠵᠢᠯ ᠢ᠋ ᠡᠷᠭᠢᠯᠡᠵᠦ᠍ ᠪᠠᠢᠭ᠎ᠠ ᠠᠵᠤ ᠠᠬᠤᠢᠯᠠᠯ ᠴᠥᠮ ᠤᠷᠤᠵᠤ ᠰᠠᠭᠤᠷᠢᠰᠢᠵᠤ ᠪᠣᠯᠤᠨ᠎ᠠ᠃ ᠤᠷᠤᠵᠤ ᠰᠠᠭᠤᠷᠢᠰᠢᠭᠰᠠᠨ ᠠᠵᠤ ᠠᠬᠤᠢᠯᠠᠯ ᠳ᠋ᠦ ᠲᠦᠷᠦ ᠶ᠋ᠢᠨ ᠪᠤᠳᠤᠯᠭ᠎ᠠ ᠶ᠋ᠢᠨ ᠬᠠᠷᠠᠭᠠᠯᠵᠠᠯ ᠦᠵᠡᠭᠦᠯᠵᠦ᠂ ᠵᠠᠰᠠᠭ ᠤ᠋ᠨ ᠤᠷᠳᠤᠨ ᠡᠴᠡ ᠨᠦᠬᠡᠴᠡᠯᠡᠡ ᠬᠠᠳᠠᠭᠠᠯᠠᠬᠤ ᠦᠢᠯᠡᠴᠢᠯᠡᠭᠡᠨ ᠤ᠋ ᠵᠠᠷᠤᠳᠠᠯ ᠢ᠋ 80% ᠪᠡᠷ ᠨᠦᠬᠦᠪᠦᠷᠢᠯᠡᠬᠦ ᠶ᠋ᠢᠨ ᠬᠠᠮᠲᠤ ᠡᠳᠦᠷ ᠪᠦᠷᠢ 1000 ᠬᠤᠪᠢ ᠡᠯᠧᠺᠲ᠋ᠷᠣᠨ ᠬᠤᠳᠠᠯᠳᠤᠭᠠᠨ ᠤ᠋ ᠲᠦᠷᠭᠡᠨ ᠬᠦᠷᠭᠡᠯᠲᠡ ᠶ᠋ᠢᠨ ᠪᠤᠭᠤᠳᠠᠯᠯᠠᠬᠤ ᠵᠠᠷᠤᠳᠠᠯ᠂ 10 ᠳᠤᠨ B ᠪᠠᠷᠠᠭᠠᠨ ᠤ᠋ ᠦᠵᠦᠭᠦᠷᠯᠢᠭ (ᠵᠢᠵᠢᠭ ᠰᠠᠵᠢᠭ ᠲᠤᠬᠠᠢᠯᠠᠭᠰᠠᠠ ᠠᠵᠢᠯ) ᠤ᠋ᠨ ᠪᠠᠷᠠᠭᠠᠨ ᠤ᠋ ᠠᠵᠢᠯᠯᠠᠭᠠᠨ ᠤ᠋ ᠵᠠᠷᠤᠳᠠᠯ ᠢ᠋ ᠨᠢ ᠬᠠᠰᠤᠨ ᠬᠡᠯᠲᠦᠷᠢᠭᠦᠯᠵᠤ᠂ ᠤᠳᠤᠬᠠᠨ ᠪᠤᠯᠳᠠᠯ᠎ᠠ ᠦᠪᠤᠷ ᠮᠤᠩᠭᠤᠯ ᠤ᠋ᠨ ᠦᠬᠡᠷ ᠬᠣᠨᠢᠨ ᠮᠢᠬᠠᠨ ᠤ᠋ 15 ᠳᠠᠭᠠᠭᠤᠯᠤᠭᠴᠢ ᠠᠵᠤ ᠠᠬᠤᠢᠯᠠᠯ ᠤᠷᠤᠵᠤ ᠰᠠᠭᠤᠷᠢᠰᠢᠪᠠ᠃