ᠪᠠᠢᠴᠠᠭᠠᠬᠤ ᠲᠤᠰᠢᠶᠠᠯᠳᠠᠨ ᠰᠤᠷᠭᠠᠭᠤᠯᠢ ᠵᠢᠨ ᠬᠦᠷᠢᠶᠡᠨ ᠳ᠋ᠸ᠋ ᠬᠦᠨᠵᠡᠬᠡᠢᠷᠡᠨ ᠬᠠᠤᠯᠢ ᠴᠠᠭᠠᠵᠠ ᠵᠢ ᠲᠦᠬᠡᠮᠡᠯᠵᠢᠬᠦᠯᠵᠡᠢ
2026-04-23 10:44:03
ᠵᠣᠬᠢᠶᠠᠭ᠍ᠴᠢ᠄
ᠰᠢᠨᠡᠪᠢᠯᠢᠭ
ᠣᠩᠱᠢᠭ᠍ᠰᠠᠨ ᠣᠳᠠᠭ᠎ᠠ᠄
★★★☆☆

ᠰᠦᠯᠵᠢᠶᠡᠨ᠎ᠦ ᠠᠮᠤᠷ ᠲᠦᠪᠱᠢᠨ᠎ᠦ ᠰᠡᠷᠭᠡᠢᠯᠡᠯᠲᠡ᠎ᠶ᠋ᠢᠨ ᠤᠬᠠᠮᠰᠠᠷ᠎ᠢ ᠦᠨᠡᠨ ᠬᠦ᠌ ᠳᠡᠭᠡᠭ᠌ᠰᠢᠯᠡᠭᠦᠯᠵᠦ᠍᠂ ᠳᠠᠯᠳᠠ ᠴᠢᠨᠠᠷᠲᠠᠶ ᠰᠦᠯᠵᠢᠶᠡᠨ᠎ᠦ ᠬᠠᠯᠳᠠᠯᠭ᠎ᠠ᠎ᠶ᠋ᠢ ᠪᠦᠲᠦᠮᠵᠢᠲᠡᠶ ᠰᠡᠷᠭᠡᠢᠯᠡᠬᠦ᠌᠎ᠶ᠋ᠢᠨ ᠲᠥᠯᠥᠭᠡ᠂ ᠲᠦᠷᠦᠭᠦᠬᠡᠨ ᠬᠣᠲᠣᠩ ᠠᠷᠠᠳ᠎ᠤᠨ ᠲᠣᠭᠣᠷᠢᠭ᠎ᠤᠨ ᠠᠷᠠᠳ᠎ᠤᠨ ᠪᠠᠢᠴᠠᠭᠠᠬᠤ ᠬᠣᠷᠢᠶ᠎ᠠ᠎ᠶ᠋ᠢᠨ ᠪᠠᠢᠴᠠᠭᠠᠬᠤ ᠲᠤᠱᠢᠶᠠᠯᠲᠠᠨ ᠬᠥᠬᠡᠬᠣᠲᠠ᠎ᠶ᠋ᠢᠨ ᠠᠷᠪᠠᠨ ᠵᠢᠷᠭᠤᠳᠤᠭᠠᠷ ᠳᠤᠮᠳᠠᠳᠤ ᠰᠤᠷᠭᠠᠭᠤᠯᠢ᠎ᠳᠤ ᠬᠦᠷᠴᠦ᠍᠂ 《ᠡᠮᠡᠭ᠌ᠲᠡᠶ ᠰᠣᠷᠣᠭ᠍ᠴᠢ᠎ᠶ᠋ᠢᠨ ᠲᠤᠰᠭᠠᠶ ᠲᠠᠯᠠᠪᠤᠷ》᠎ᠤ᠋ᠨ ᠬᠠᠤᠯᠢ᠎ᠪᠠᠷ ᠵᠠᠰᠠᠬᠤ ᠬᠢᠴᠢᠶᠡᠯ ᠨᠡᠭᠡᠭᠡᠵᠦ᠍᠂ ᠠᠩᠬ᠎ᠠ ᠳᠤᠮᠳᠠᠳᠤ ᠵᠢᠨ ᠪᠥᠬᠥ᠌ ᠡᠮᠡᠭ᠌ᠲᠡᠶ ᠰᠤᠷᠤᠭ᠍ᠴᠢᠳ᠎ᠲᠤ ᠥᠪᠡᠷ᠎ᠢ᠎ᠪᠡᠨ ᠬᠠᠮᠠᠭᠠᠯᠠᠬᠤ ᠮᠡᠳᠡᠯᠭᠡ᠎ᠶ᠋ᠢ ᠬᠦᠷᠭᠡᠪᠡ᠃ 

ᠤᠯᠠᠮᠵᠢᠯᠠᠯᠲᠤ ᠬᠠᠤᠯᠢ᠎ᠪᠠᠷ ᠵᠠᠰᠠᠬᠤ ᠬᠢᠴᠢᠶᠡᠯ᠎ᠲᠡᠶ ᠬᠠᠷᠢᠴᠠᠭᠤᠯᠪᠠᠯ᠂ ᠲᠣᠰ ᠤᠳᠠᠭᠠᠨ᠎ᠤ ᠬᠢᠴᠢᠶᠡᠯ ᠨᠢ 《ᠣᠷᠣᠨ ᠵᠠᠶ ᠠᠯᠤᠰᠯᠠᠭ᠍ᠰᠠᠨ ᠱᠠᠯᠢᠬᠯᠠᠬᠤ》 ᠭᠡᠬᠦ᠌ ᠡᠨᠡ ᠬᠦ᠌ ᠨᠢᠭᠤᠴᠠ ᠰᠡᠳᠦᠪ᠎ᠲᠦ ᠠᠩᠬᠠᠷᠤᠯ᠎ᠢᠶᠠᠨ ᠲᠥᠪᠯᠡᠷᠡᠭᠦᠯᠵᠦ᠍᠂ ᠡᠮᠡᠭᠳᠡᠢ ᠰᠤᠷᠤᠬᠴᠢ ᠵᠢ ᠠᠭᠤᠵᠢᠭᠤ ᠲᠠᠯᠪᠢᠭᠤ ᠬᠤᠪᠢ᠎ᠶ᠋ᠢᠨ ᠨᠢᠭᠤᠴᠠ᠎ᠶ᠋ᠢᠨ ᠠᠭᠤᠷ ᠠᠮᠢᠰᠭᠤᠯ᠎ᠤᠨ ᠳᠤᠮᠳᠠ ᠰᠦᠯᠵᠢᠶᠡᠨ᠎ᠦ ᠠᠮᠤᠷ ᠲᠦᠪᠱᠢᠨ᠎ᠦ ᠠᠰᠠᠭᠤᠳᠠᠯ᠎ᠳᠤ ᠱᠢᠭᠤᠳ ᠬᠠᠨᠳᠤᠭᠤᠯᠬᠤ ᠪᠤᠯᠭᠠᠵᠠᠢ᠃ ᠪᠠᠢᠴᠠᠭᠠᠬᠤ ᠲᠤᠱᠢᠶᠠᠯᠲᠠᠨ 《ᠰᠡᠳᠭᠢᠯ᠎ᠢ ᠮᠡᠳᠡᠭ᠌ᠴᠢ ᠡᠭᠡᠴᠢ》 ᠪᠣᠯᠵᠤ᠂ ᠦᠨᠡᠨ ᠪᠣᠳᠠᠲᠠᠶ ᠬᠡᠷᠡᠭ᠎ᠦᠨ ᠵᠢᠱ᠌ᠢᠶ᠎ᠡ᠎ᠲᠡᠶ ᠤᠶᠠᠯᠳᠤᠭᠤᠯᠤᠨ ᠬᠡᠷᠡᠭ᠎ᠢᠶᠡᠷ ᠬᠠᠤᠯᠢ᠎ᠶ᠋ᠢ ᠲᠠᠢᠯᠪᠤᠷᠢᠯᠠᠵᠤ᠂ 《ᠣᠷᠣᠨ ᠵᠠᠶ ᠠᠯᠤᠰᠯᠠᠨ ᠱᠠᠯᠢᠬᠯᠠᠬᠤ》᠎ᠶ᠋ᠢᠨ ᠲᠣᠮᠢᠶᠠᠯᠠᠯ᠂ ᠬᠡᠷᠡᠭ ᠬᠢᠭ᠌ᠦ ᠪᠠᠰᠢᠷ᠂ ᠥᠪᠡᠷ᠎ᠢ᠎ᠪᠡᠨ ᠬᠠᠮᠠᠭᠠᠯᠠᠬᠤ ᠠᠷᠭ᠎ᠠ ᠵᠡᠷᠭᠡ ᠭᠤᠷᠪᠠᠨ ᠲᠠᠯ᠎ᠠ ᠡᠴᠨ ᠰᠦᠯᠵᠢᠶᠡᠨ᠎ᠦ ᠤᠨᠠᠭᠤᠯᠢ᠎ᠶ᠋ᠢ ᠱᠠᠲᠤ ᠱᠠᠲᠤ᠎ᠪᠠᠷ ᠵᠠᠳᠠᠯᠪᠠ᠃ 

ᠤᠢᠯᠠᠭᠠᠬᠰᠠᠨ ᠵᠢᠡᠷ᠂ ᠬᠠᠤᠯᠢ᠎ᠪᠠᠷ ᠵᠠᠰᠠᠬᠤ ᠬᠠᠯᠠᠮᠵᠢᠯᠠᠯ ᠨᠢ ᠬᠢᠴᠢᠶᠡᠯ᠎ᠦᠨ ᠲᠠᠩᠬᠢᠮ᠎ᠳᠤ ᠯᠠ ᠵᠣᠭ᠍ᠰᠣᠬᠤ ᠪᠢᠰᠢ᠂ ᠬᠤᠳᠤᠩ ᠠᠷᠠᠳ ᠤ᠋ᠨ ᠲᠤᠭᠤᠷᠢᠬ ᠤ᠋ᠨ ᠠᠷᠠᠳ ᠤ᠋ᠨ ᠪᠠᠢᠴᠠᠭᠠᠬᠤ ᠬᠤᠷᠢᠶ᠎ᠠ ᠨᠢ ᠪᠠᠰᠠ ᠲᠤᠬᠠᠶ᠎ᠶ᠋ᠢᠨ ᠲᠠᠯᠠᠪᠤᠷ᠎ᠲᠤ ᠵᠠᠬᠢᠳᠠᠯ᠎ᠤᠨ ᠬᠠᠢᠷᠴᠠᠭ ᠭᠠᠷᠭᠠᠵᠤ᠂ ᠰᠤᠷᠤᠬᠴᠢᠳ᠎ᠤᠨ ᠰᠡᠳᠭᠢᠯ᠎ᠦᠨ ᠦᠭᠡ᠎ᠪᠡᠨ ᠬᠡᠯᠡᠬᠦ᠌ ᠦᠷᠳᠡᠬᠡ᠎ᠶ᠋ᠢ ᠪᠠᠢᠭᠤᠯᠪᠠ᠃ ᠰᠤᠷᠤᠬᠴᠢᠳ ᠵᠠᠬᠢᠳᠠᠯ᠎ᠢᠶᠠᠷ ᠲᠠᠮᠵᠢᠨ ᠰᠤᠷᠤᠯᠴᠠᠯᠭ᠎ᠠ ᠵᠢᠨ ᠳᠠᠷᠤᠯᠲᠠ᠂ ᠬᠥᠮᠦᠰ᠎ᠦᠨ ᠬᠠᠷᠢᠴᠠᠭᠠᠨ᠎ᠳᠤ ᠲᠥᠭᠡᠷᠢᠭ᠌ᠳᠡᠬᠦ᠌ ᠪᠠᠢᠳᠠᠯ ᠵᠢᠡᠨ ᠲᠤᠭᠠᠴᠠᠬᠤ ᠳ᠋ᠸ᠋ ᠬᠦᠷᠪᠡᠯ᠂ ᠪᠠᠢᠴᠠᠭᠠᠬᠤ ᠪᠠᠢᠭᠤᠯᠭ᠎ᠠ ᠪᠢᠲᠡᠭᠦᠦ ᠴᠠᠭᠠᠷᠢᠭ᠎ᠤᠨ ᠬᠠᠮᠢᠶᠠᠷᠤᠯᠲᠠ᠎ᠶ᠋ᠢ ᠬᠡᠷᠡᠭᠵᠢᠬᠦᠯᠵᠦ ᠪᠤᠯᠤᠨ᠎ᠠ᠃ ᠲᠠᠷᠤᠢ ᠡᠩ᠎ᠦᠨ ᠪᠠᠢᠳᠠᠯ᠎ᠳᠤ ᠰᠡᠳᠭᠢᠴᠡ᠎ᠶ᠋ᠢᠨ ᠵᠦᠪᠯᠡᠭᠴᠢ ᠡᠴᠨ ᠨᠢᠭᠡᠳ ᠨᠢᠭᠡ᠎ᠪᠡᠷ ᠬᠠᠷᠢᠭᠤᠯᠲᠠ ᠥᠭ᠌ᠴᠦ᠂ ᠬᠠᠯᠳᠠᠯᠭ᠎ᠠ᠎ᠶ᠋ᠢᠨ ᠰᠦᠪᠡᠭ᠌ᠴᠢ᠎ᠶ᠋ᠢ ᠣᠯᠵᠤ ᠮᠡᠳᠡᠪᠡᠯ ᠳᠠᠷᠤᠶ ᠲᠦᠷᠭᠡᠨ ᠬᠠᠤᠯᠢ ᠴᠠᠭᠠᠵᠠ᠎ᠶ᠋ᠢᠨ ᠬᠢᠨᠠᠯᠲᠠ ᠲᠠᠯᠪᠢᠬᠤ ᠠᠵᠢᠯ᠎ᠢ ᠡᠬᠢᠯᠡᠭᠦᠯᠦᠨ᠎ᠡ᠃ ᠠᠵᠢᠯᠯᠠᠭ᠎ᠠ᠎ᠶ᠋ᠢᠨ ᠲᠤᠬᠠᠶ᠎ᠶ᠋ᠢᠨ ᠡᠳᠦᠷ ᠵᠠᠬᠢᠳᠠᠯ᠎ᠤᠨ ᠬᠠᠢᠷᠴᠠᠭ᠎ᠲᠤ 40 ᠭᠠᠷᠤᠶ ᠬᠤᠪᠢ ᠵᠠᠬᠢᠳᠠᠯ᠎ᠢ ᠬᠤᠷᠢᠶᠠᠨ ᠤᠯᠵᠤ᠂ ᠪᠠᠢᠴᠠᠭᠠᠬᠤ ᠲᠤᠱᠢᠶᠠᠯᠲᠠᠨ᠎ᠡᠴᠨ ᠨᠢᠭᠡᠨᠲᠡ ᠨᠢᠭᠡᠳ ᠨᠢᠭᠡ᠎ᠪᠡᠷ ᠱᠢᠶ᠋ᠳᠪᠦᠷᠢᠯᠡᠭᠰᠡᠨ ᠪᠠᠢᠨ᠎ᠠ᠃ 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号