ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠰᠣᠶᠣᠯ ᠪᠠ ᠵᠢᠭᠤᠯᠴᠢᠯᠠᠯ ᠤ᠋ᠨ ᠲᠢᠩᠬᠢᠮ ᠤᠷᠴᠢᠮᠬᠠᠨ ᠥᠪᠥᠷ ᠮᠣᠩᠭᠣᠯ ᠤ᠋ᠨ ᠤᠷᠠᠯᠢᠭ ᠤ᠋ᠨ ᠳᠡᠭᠡᠳᠦ ᠰᠤᠷᠭᠠᠭᠤᠯᠢ ᠲᠠᠶ ᠪᠥᠬᠥ᠌ ᠲᠠᠯ᠎ᠠ ᠶ᠋ᠢᠨ ᠪᠠᠢᠯᠳᠤᠬᠤ ᠪᠣᠳᠣᠯᠭ᠎ᠠ ᠶ᠋ᠢᠨ ᠬᠠᠮᠲᠤᠷᠠᠯᠴᠠᠭᠠᠨ ᠤ᠋ ᠪᠦᠳᠦᠭᠦᠪᠴᠢ ᠵᠥᠪᠯᠡᠯᠴᠡᠭᠡᠷ ᠲᠣᠭ᠍ᠲᠠᠵᠦ᠂ ᠴᠢᠳᠠᠪᠤᠷᠢᠲᠠᠨ ᠬᠥᠮᠦᠵᠢᠭᠦᠯᠬᠦ᠂ ᠡᠷᠳᠡᠮ ᠱᠢᠨᠵᠢᠯᠡᠭᠡᠨ ᠤ᠋ ᠰᠤᠳᠤᠯᠭᠠᠨ ᠤ᠋ ᠬᠠᠮᠲᠤᠷᠠᠯᠴᠠᠭ᠎ᠠ ᠵᠢ ᠴᠢᠩᠭᠠᠳᠭᠠᠬᠤ᠂ ᠨᠡᠢᠭᠡᠮ ᠤ᠋ᠨ ᠦᠶ᠋ᠯᠡᠴᠢᠯᠡᠭᠡᠨ ᠤ᠋ ᠬᠠᠮᠲᠤᠷᠠᠯᠴᠠᠭ᠎ᠠ ᠵᠢ ᠥᠷᠭᠡᠳᠭᠡᠬᠦ ᠪᠡᠷ ᠲᠤᠭᠳᠠᠵᠠᠢ᠃
ᠥᠪᠡᠷᠲᠡᠭᠡᠨ ᠵᠠᠰᠠᠬᠤ ᠣᠷᠣᠨ ᠤ᠋ ᠰᠣᠶᠣᠯ ᠪᠠ ᠵᠢᠭᠤᠯᠴᠢᠯᠠᠯ ᠤ᠋ᠨ ᠲᠢᠩᠬᠢᠮ ᠪᠤᠯᠤᠨ ᠥᠪᠥᠷ ᠮᠣᠩᠭᠣᠯ ᠤ᠋ᠨ ᠤᠷᠠᠯᠢᠭ ᠤ᠋ᠨ ᠳᠡᠭᠡᠳᠦ ᠰᠤᠷᠭᠠᠭᠤᠯᠢ ᠨᠢ 3 ᠶᠡᠬᠡ ᠭᠣᠣᠯᠳᠠᠯᠭ᠎ᠠ ᠲᠠᠶ ᠬᠦᠷᠢᠶᠡᠨ ᠳ᠋ᠦ ᠠᠩᠬᠠᠷᠤᠯ ᠢ᠋ᠶ᠋ᠠᠨ ᠲᠥᠪᠯᠡᠷᠡᠭᠦᠯᠦᠨ ᠪᠣᠳᠠᠲᠠᠢ ᠵᠢ ᠡᠷᠬᠢᠮᠯᠡᠭ᠌ᠰᠡᠨ ᠬᠠᠮᠲᠤᠷᠠᠯᠴᠠᠭ᠎ᠠ ᠪᠠᠨ ᠭᠦᠨᠵᠡᠭᠡᠢᠷᠡᠭᠦᠯᠬᠦ ᠪᠤᠯᠤᠨ᠎ᠠ᠃ ᠡᠬᠦᠨ ᠳ᠋ᠦ᠂ ᠴᠢᠳᠠᠪᠤᠷᠢᠲᠠᠨ ᠢ᠋ ᠬᠥᠮᠦᠵᠢᠭᠦᠯᠬᠦ᠌ ᠬᠠᠮᠲᠤᠷᠠᠯᠴᠠᠭ᠎ᠠ ᠵᠢ ᠭᠦᠨᠵᠡᠭᠡᠢᠷᠡᠭᠦᠯᠵᠦ᠍᠂ ᠳᠠᠳᠤᠯᠭ᠎ᠠ ᠪᠣᠯᠪᠠᠰᠤᠷᠠᠯ ᠤ᠋ᠨ ᠰᠠᠭᠤᠷᠢᠨ ᠢ᠋ ᠬᠠᠮᠲᠤ ᠪᠠᠷ ᠪᠠᠢᠭᠤᠯᠤᠨ᠂ ᠵᠠᠬᠢᠶᠠᠯᠠᠭ᠎ᠠ ᠶ᠋ᠢᠨ ᠮᠠᠶᠢᠭ ᠤ᠋ᠨ ᠴᠢᠳᠠᠪᠤᠷᠢᠲᠠᠨ ᠢ᠋ ᠬᠥᠮᠦᠵᠢᠭᠦᠯᠵᠦ᠂ ᠬᠠᠷᠢᠯᠴᠠᠨ ᠪᠠᠭ᠍ᠰᠢ ᠲᠣᠮᠢᠯᠠᠬᠤ᠂ ᠬᠢᠴᠢᠶᠡᠯ ᠢ᠋ ᠬᠠᠮᠲᠤ ᠪᠠᠷ ᠪᠠᠢᠭᠤᠯᠬᠤ᠂ ᠦᠶ᠋ᠯᠡᠳᠦᠯᠭᠡ ᠪᠡᠷ ᠬᠠᠮᠲᠤ ᠪᠠᠷ ᠬᠥᠮᠦᠵᠢᠭᠦᠯᠬᠦ᠌ ᠵᠢ ᠠᠬᠢᠭᠤᠯᠵᠤ᠂ ᠲᠣᠭ᠎ᠠ ᠬᠡᠮᠵᠢᠶ᠎ᠡ ᠭᠦᠶ᠋ᠴᠡᠳ᠂ ᠪᠦᠲᠦᠴᠡ ᠵᠣᠬᠢᠰᠲᠠᠶ᠂ ᠬᠡᠪ ᠪᠤᠯᠪᠠᠰᠤᠷᠠᠯ ᠱᠢᠯᠢᠳᠡᠭ ᠰᠠᠢᠨ ᠰᠣᠶᠣᠯ ᠵᠢᠭᠤᠯᠴᠢᠯᠠᠯ ᠤ᠋ᠨ ᠲᠤᠰᠭᠠᠶ ᠮᠡᠷᠭᠡᠵᠢᠯ ᠤ᠋ᠨ ᠴᠢᠳᠠᠪᠤᠷᠢᠲᠠᠨ ᠤ᠋ ᠡᠩᠨᠡᠭᠡ ᠵᠢ ᠬᠦᠴᠦᠯᠡᠨ ᠪᠠᠢᠭᠤᠯᠵᠤ᠂ ᠰᠣᠶᠣᠯ ᠵᠢᠭᠤᠯᠴᠢᠯᠠᠯ ᠤ᠋ᠨ ᠴᠢᠨᠠᠷ ᠰᠠᠢᠲᠠᠶ ᠬᠥᠭ᠌ᠵᠢᠯᠲᠡ ᠵᠢᠨ ᠴᠢᠳᠠᠪᠤᠷᠢᠲᠠᠨ ᠤ᠋ ᠲᠤᠯᠭᠠᠭᠤᠷᠢᠯᠠᠯ ᠢ᠋ ᠪᠡᠬᠢᠵᠢᠭᠦᠯᠦᠨ᠎ᠡ; ᠡᠷᠳᠡᠮ ᠱᠢᠨᠵᠢᠯᠡᠭᠡᠨ ᠤ᠋ ᠰᠤᠳᠤᠯᠭᠠᠨ ᠤ᠋ ᠬᠠᠮᠲᠤᠷᠠᠯᠴᠠᠭ᠎ᠠ ᠵᠢ ᠴᠢᠩᠭᠠᠳᠭᠠᠵᠤ᠂ ᠥᠪᠥᠷ ᠮᠣᠩᠭᠣᠯ ᠤ᠋ᠨ ᠰᠣᠶᠣᠯ ᠤ᠋ᠨ ᠡᠬᠢ ᠪᠠᠶᠠᠯᠢᠭ ᠤ᠋ᠨ ᠳᠠᠪᠠᠭᠤᠯᠢᠭ ᠪᠣᠯᠤᠨ ᠤᠷᠠᠯᠢᠭ ᠤ᠋ᠨ ᠱᠢᠨᠵᠢᠯᠡᠭᠡᠨ ᠤ᠋ ᠰᠠᠯᠠᠭᠠᠨ ᠤ᠋ ᠳᠠᠪᠠᠭᠤᠯᠢᠭ ᠲᠦ᠍ ᠰᠠᠭᠤᠷᠢᠯᠠᠨ᠂ ᠰᠣᠶᠣᠯ ᠵᠢᠭᠤᠯᠴᠢᠯᠠᠯ ᠢ᠋ ᠠᠭᠤᠰᠤᠯᠴᠠᠭᠤᠯᠬᠤ᠂ ᠰᠣᠶᠣᠯ ᠤ᠋ᠨ ᠥᠪ ᠢ᠋ ᠬᠠᠮᠠᠭᠠᠯᠠᠨ ᠠᠱᠢᠭ᠍ᠯᠠᠬᠤ᠂ ᠤᠷᠠᠯᠢᠭ ᠤ᠋ᠨ ᠱᠢᠨ᠎ᠡ ᠵᠢ ᠡᠭᠦᠳᠦᠨ ᠬᠥᠭ᠌ᠵᠢᠭᠦᠯᠬᠦ᠌ ᠵᠡᠷᠭᠡ ᠵᠠᠩᠭᠢᠯᠠᠭ᠎ᠠ ᠶ᠋ᠢᠨ ᠴᠢᠭ᠌ᠯᠡᠯ ᠤ᠋ᠨ ᠲᠣᠭᠣᠷᠢᠨ ᠳ᠋ᠦ ᠰᠡᠳᠦᠪ ᠤ᠋ᠨ ᠰᠤᠳᠤᠯᠭᠠᠨ᠂ ᠡᠷᠳᠡᠮ ᠱᠢᠨᠵᠢᠯᠡᠭᠡᠨ ᠤ᠋ ᠰᠣᠯᠢᠯᠴᠠᠭ᠎ᠠ ᠪᠠ ᠣᠶᠤᠨ ᠤ᠋ ᠬᠥᠮᠥᠷᠭᠡ ᠶ᠋ᠢᠨ ᠪᠠᠢᠭᠤᠯᠤᠯᠲᠠ ᠵᠢ ᠬᠠᠮᠲᠤᠷᠠᠨ ᠥᠷᠨᠢᠭᠦᠯᠵᠦ᠍᠂ ᠴᠢᠨᠠᠷ ᠰᠠᠢᠲᠠᠶ ᠰᠤᠳᠤᠯᠭᠠᠨ ᠤ᠋ ᠦᠷ᠎ᠡ ᠪᠦᠲᠦᠭᠡᠯ ᠭᠠᠷᠭᠠᠨ ᠠᠵᠢᠯ ᠲᠥᠷᠥᠯ ᠤ᠋ᠨ ᠬᠥᠭ᠌ᠵᠢᠯᠲᠡ ᠪᠠ ᠱᠢᠨᠵᠢᠯᠡᠬᠦ᠌ ᠤᠬᠠᠭᠠᠨᠴᠢ ᠱᠢᠶ᠋ᠳᠪᠦᠷᠢᠲᠦ ᠪᠣᠳᠣᠯᠭ᠎ᠠ ᠲᠣᠭ᠍ᠲᠠᠭᠠᠬᠤ ᠳ᠋ᠦ ᠣᠨᠣᠯ ᠤ᠋ᠨ ᠲᠤᠯᠭᠠᠭᠤᠷᠢᠯᠠᠯ ᠬᠠᠩᠭᠠᠨ᠎ᠠ; ᠨᠡᠢᠭᠡᠮ ᠤ᠋ᠨ ᠦᠶ᠋ᠯᠡᠴᠢᠯᠡᠭᠡᠨ ᠤ᠋ ᠬᠠᠮᠲᠤᠷᠠᠯᠴᠠᠭ᠎ᠠ ᠵᠢ ᠥᠷᠭᠡᠳᠭᠡᠵᠦ᠍᠂ ᠪᠥᠬᠥ᠌ ᠣᠷᠣᠨ ᠤ᠋ ᠰᠣᠶᠣᠯ ᠵᠢᠭᠤᠯᠴᠢᠯᠠᠯ ᠤ᠋ᠨ ᠬᠥᠭ᠌ᠵᠢᠯᠲᠡ ᠶ᠋ᠢᠨ ᠬᠡᠷᠡᠭ᠌ᠴᠡᠭᠡ ᠱᠠᠭᠠᠷᠳᠠᠯᠭᠠᠲᠠᠶ ᠨᠢᠭ᠍ᠲᠠ ᠤᠶᠠᠯᠳᠤᠭᠤᠯᠤᠨ᠂ ᠤᠳᠭ᠎ᠠ ᠤᠷᠠᠯᠢᠭ ᠤ᠋ᠨ ᠵᠣᠬᠢᠶᠠᠨ ᠪᠦᠲᠦᠭᠡᠯᠭᠡ ᠶ᠋ᠢᠨ ᠦᠵᠡᠭᠦᠯᠭᠡ᠂ ᠪᠣᠳᠠᠰ ᠤ᠋ᠨ ᠪᠤᠰᠤ ᠰᠣᠶᠣᠯ ᠤ᠋ᠨ ᠥᠪ ᠢ᠋ ᠤᠯᠠᠮᠵᠢᠯᠠᠨ ᠵᠠᠯᠭᠠᠮᠵᠢᠯᠠᠬᠤ ᠪᠠ ᠠᠮᠢᠳᠤᠯᠢᠭ᠍ᠵᠢᠭᠤᠯᠬᠤ᠂ ᠰᠣᠶᠣᠯ ᠵᠢᠭᠤᠯᠴᠢᠯᠠᠯ ᠤ᠋ᠨ ᠲᠥᠷᠥᠯ ᠵᠦᠶ᠋ᠯ ᠢ᠋ ᠲᠥᠰᠦᠪᠯᠡᠬᠦ᠌ ᠵᠢᠴᠢ ᠲᠤᠰᠭᠠᠶ ᠮᠡᠷᠭᠡᠵᠢᠯ ᠤ᠋ᠨ ᠤᠷ᠎ᠠ ᠴᠢᠳᠠᠪᠤᠷᠢ ᠶ᠋ᠢᠨ ᠪᠣᠯᠪᠠᠰᠤᠷᠠᠯ᠂ ᠰᠠᠢᠨ ᠳᠤᠷ᠎ᠠ ᠶ᠋ᠢᠨ ᠦᠶ᠋ᠯᠡᠴᠢᠯᠡᠭᠡ ᠵᠡᠷᠭᠡ ᠲᠠᠯ᠎ᠠ ᠪᠠᠷ ᠬᠠᠮᠵᠢᠯᠴᠠᠨ ᠬᠦᠴᠦᠯᠡᠵᠦ᠍᠂ ᠣᠯᠠᠨ ᠨᠡᠢᠲᠡ ᠶ᠋ᠢᠨ ᠦᠶ᠋ᠯᠡᠴᠢᠯᠡᠭᠡ ᠪᠠ ᠨᠡᠢᠭᠡᠮ ᠤ᠋ᠨ ᠦᠶ᠋ᠯᠡᠴᠢᠯᠡᠭᠡᠨ ᠤ᠋ ᠴᠢᠳᠠᠪᠤᠷᠢ ᠵᠢ ᠦᠷᠭᠦᠯᠵᠢᠯᠡᠨ ᠳᠡᠭᠡᠭ᠌ᠰᠢᠯᠡᠭᠦᠯᠵᠦ᠍᠂ ᠥᠪᠥᠷ ᠮᠣᠩᠭᠣᠯ ᠤ᠋ᠨ ᠰᠣᠶᠣᠯ ᠵᠢᠭᠤᠯᠴᠢᠯᠠᠯ ᠤ᠋ᠨ ᠨᠥᠯᠥᠭᠡᠯᠡᠬᠦ᠌ ᠬᠦᠴᠦᠨ ᠢ᠋ ᠲᠠᠰᠤᠷᠠᠯᠲᠠ ᠥᠬᠡᠶ ᠨᠡᠮᠡᠭ᠌ᠳᠡᠭᠦᠯᠬᠦ ᠪᠤᠯᠤᠨ᠎ᠠ᠃
ᠥᠪᠡᠷᠲᠡᠭᠡᠨ ᠵᠠᠰᠠᠬᠤ ᠣᠷᠣᠨ ᠤ᠋ ᠰᠣᠶᠣᠯ ᠪᠠ ᠵᠢᠭᠤᠯᠴᠢᠯᠠᠯ ᠤ᠋ᠨ ᠲᠢᠩᠬᠢᠮ ᠪᠤᠯᠤᠨ ᠥᠪᠥᠷ ᠮᠣᠩᠭᠣᠯ ᠤ᠋ᠨ ᠤᠷᠠᠯᠢᠭ ᠤ᠋ᠨ ᠳᠡᠭᠡᠳᠦ ᠰᠤᠷᠭᠠᠭᠤᠯᠢ ᠲᠣᠰ ᠤᠳᠠᠭ᠎ᠠ ᠶ᠋ᠢᠨ ᠵᠥᠪᠯᠡᠯᠴᠡᠭᠡᠷ ᠲᠣᠬᠢᠷᠠᠯᠴᠠᠭᠰᠠᠨ ᠵᠢᠡᠷ ᠱᠢᠨ᠎ᠡ ᠭᠠᠷᠤᠭ᠎ᠠ ᠪᠣᠯᠭᠠᠨ᠂ ᠬᠠᠮᠲᠤᠷᠠᠯᠴᠠᠭᠠᠨ ᠤ᠋ ᠠᠷᠭ᠎ᠠ ᠬᠡᠮᠵᠢᠶ᠎ᠡ ᠵᠢ ᠤᠯᠠᠮ ᠴᠢᠨᠠᠭ᠍ᠰᠢᠳᠠ ᠨᠠᠷᠢᠯᠢᠬ᠍ᠵᠢᠭᠤᠯᠵᠤ᠂ ᠲᠥᠷᠥᠯ ᠵᠦᠶ᠋ᠯ ᠤ᠋ᠨ ᠨᠠᠢᠳᠠᠪᠤᠷᠢᠵᠢᠭᠤᠯᠤᠯᠲᠠ ᠵᠢ ᠴᠢᠩᠭᠠᠳᠭᠠᠨ᠂ ᠵᠠᠰᠠᠭ ᠤ᠋ᠨ ᠤᠷᠳᠤᠨ ᠪᠠ ᠰᠤᠷᠭᠠᠭᠤᠯᠢ ᠶ᠋ᠢᠨ ᠬᠠᠮᠲᠤᠷᠠᠯᠴᠠᠭ᠎ᠠ ᠶ᠋ᠢᠨ ᠭᠦᠨᠵᠡᠭᠡᠢᠷᠡᠨ ᠪᠣᠳᠠᠲᠠᠢᠵᠢᠬᠤ ᠵᠢ ᠪᠥᠬᠥ᠌ ᠬᠦᠴᠦᠨ ᠵᠢᠡᠷ ᠠᠬᠢᠭᠤᠯᠵᠤ᠂ ᠥᠪᠥᠷ ᠮᠣᠩᠭᠣᠯ ᠤ᠋ᠨ ᠰᠣᠶᠣᠯ ᠵᠢᠭᠤᠯᠴᠢᠯᠠᠯ ᠤ᠋ᠨ ᠠᠵᠤ ᠦᠢᠯᠡᠰ ᠤ᠋ᠨ ᠴᠢᠨᠠᠷ ᠰᠠᠢᠲᠠᠶ ᠬᠥᠭ᠌ᠵᠢᠯᠲᠡ ᠳ᠋ᠦ ᠨᠠᠩ ᠶᠡᠬᠡ ᠬᠦᠴᠦᠨ ᠴᠢᠳᠠᠯ ᠢ᠋ᠶ᠋ᠠᠨ ᠡᠷᠭᠦᠬᠦ ᠪᠡᠷ ᠪᠤᠢ᠃