4 ᠰᠠᠷ᠎ᠠ ᠶ᠋ᠢᠨ 19 ᠤ᠋ ᠦᠳᠡ ᠶ᠋ᠢᠨ ᠬᠣᠢᠨ᠎ᠠ᠂ 2026 ᠣᠨ ᠤ᠋ ᠠᠽᠢᠶ᠎ᠠ ᠲᠢᠪ ᠤ᠋ᠨ ᠵᠢᠣᠳᠣᠣ ᠪᠦᠭᠡ ᠶ᠋ᠢᠨ ᠮᠠᠩᠯᠠᠢ ᠰᠢᠯᠭᠠᠷᠠᠭᠤᠯᠬᠤ ᠤᠷᠤᠯᠳᠤᠭᠠᠨ ᠤ᠋ ᠡᠴᠦᠰ ᠤ᠋ᠨ ᠤᠷᠤᠯᠳᠤᠭᠠᠨ ᠪᠣᠯᠬᠤ ᠬᠣᠯᠢᠮᠠᠭ ᠪᠦᠯᠬᠦᠮ ᠤ᠋ᠨ ᠤᠷᠤᠯᠳᠤᠭᠠᠨ ᠤ᠋ ᠰᠢᠢᠳᠪᠦᠷᠢᠲᠦ ᠤᠷᠤᠯᠳᠤᠭᠠᠨ ᠣᠷᠳᠣᠰ ᠬᠣᠲᠠ ᠶ᠋ᠢᠨ ᠪᠡᠶ᠎ᠡ ᠶ᠋ᠢᠨ ᠲᠠᠮᠢᠷ ᠤ᠋ᠨ ᠦᠢᠯᠡᠰ ᠤ᠋ᠨ ᠬᠥᠭᠵᠢᠬᠦᠯᠦᠯᠲᠡ ᠶ᠋ᠢᠨ ᠲᠥᠪ ᠤ᠋ᠨ ᠪᠡᠶ᠎ᠡ ᠶ᠋ᠢᠨ ᠲᠠᠮᠢᠷ ᠤ᠋ᠨ ᠣᠷᠳᠣᠨ ᠳ᠋ᠤ ᠶᠠᠪᠤᠭᠳᠠᠵᠤ᠂ ᠡᠯ᠎ᠠ ᠲᠥᠯᠥᠭᠡᠯᠡᠭᠴᠢᠳ ᠤ᠋ᠨ ᠠᠩᠭᠢ ᠬᠠᠮᠲᠤᠷᠠᠯᠴᠠᠭ᠎ᠠ ᠪᠠ ᠶᠡᠷᠦᠩᠬᠡᠢᠯᠡᠭᠰᠡᠨ ᠪᠣᠳᠠᠲᠤ ᠬᠦᠴᠦᠨ ᠶ᠋ᠢᠡᠷ ᠶ᠋ᠢᠡᠨ ᠡᠴᠦᠰ ᠤ᠋ᠨ ᠢᠷᠠᠭᠤ ᠠᠯᠳᠠᠷ ᠢ᠋ ᠲᠡᠮᠡᠴᠡᠨ ᠣᠯᠵᠤ᠂ ᠲᠤᠰ ᠬᠤᠭᠤᠴᠠᠭᠠᠨ ᠤ᠋ ᠠᠽᠢᠶ᠎ᠠ ᠲᠢᠪ ᠤ᠋ᠨ ᠵᠢᠣᠳᠣᠣ ᠪᠦᠭᠡ ᠶ᠋ᠢᠨ ᠦᠪᠡᠳᠡᠭᠰᠢ ᠴᠤᠭᠯᠠᠭᠠᠨ ᠠᠮᠵᠢᠯᠲᠠ ᠲᠠᠢ ᠦᠨᠳᠦᠷᠯᠡᠪᠡ᠃

ᠳᠠᠮᠢᠷᠴᠢᠳ ᠬᠤᠷᠴᠠ ᠰᠢᠷᠦᠬᠦᠨ ᠦᠷᠢᠰᠦᠯᠳᠦᠵᠦ ᠪᠠᠢᠭ᠎ᠠ ᠨᠢ᠃
ᠰᠢᠢᠳᠪᠦᠷᠢᠲᠦ ᠤᠷᠤᠯᠳᠤᠭᠠᠨ ᠤ᠋ ᠲᠤᠬᠠᠢ ᠶ᠋ᠢᠨ ᠲᠠᠯᠠᠪᠠᠢᠳᠤ ᠳᠠᠮᠢᠷᠴᠢᠨ ᠨᠢᠭᠡᠪᠦᠷᠢ ᠶ᠋ᠢᠨ ᠢᠯᠠᠵᠤ ᠢᠯᠠᠭᠳᠠᠬᠤ ᠨᠢ ᠪᠦᠯᠬᠦᠮ ᠤ᠋ᠨ ᠡᠴᠦᠰ ᠤ᠋ᠨ ᠨᠡᠷᠡᠰ ᠤ᠋ᠨ ᠳᠠᠷᠠᠭᠠᠯᠠᠯ ᠢ᠋ ᠰᠢᠭᠤᠳ ᠲᠣᠭᠲᠠᠭᠠᠬᠤ ᠪᠤᠯᠬᠤᠷ ᠡᠯ᠎ᠡ ᠲᠥᠯᠥᠭᠡᠯᠡᠭᠴᠢᠳ ᠤ᠋ᠨ ᠠᠩᠭᠢ ᠨᠠᠷᠢᠨ ᠨᠢᠮᠪᠠᠢ ᠪᠠᠢᠷᠢᠯᠠᠭᠤᠯᠵᠤ᠂ ᠲᠠᠮᠢᠷᠴᠢᠳ ᠡᠭᠡᠯᠵᠢᠯᠡᠨ ᠤᠷᠤᠯᠳᠤᠵᠠᠢ᠃ ᠬᠤᠷᠴᠠ ᠰᠢᠷᠦᠭᠦᠨ ᠦᠷᠢᠰᠦᠯᠳᠦᠭᠡᠨᠵᠢᠡᠷ ᠲᠠᠮᠵᠢᠨ᠂ ᠮᠣᠩᠭᠣᠯ ᠤᠯᠤᠰ ᠤ᠋ᠨ ᠲᠥᠯᠥᠭᠡᠯᠡᠭᠴᠢᠳ ᠤ᠋ᠨ ᠠᠩᠭᠢ ᠬᠣᠯᠢᠮᠠᠭ ᠪᠦᠯᠬᠦᠮ ᠤ᠋ᠨ ᠠᠯᠲᠠᠨ ᠮᠧᠳᠠᠯ ᠵᠢᠡᠷ ᠮᠢᠯᠢᠶᠠᠯᠭᠠᠨ᠂ ᠺᠠᠽᠠᠭᠰᠲ᠋ᠠᠨ ᠤ᠋ ᠲᠥᠯᠥᠭᠡᠯᠡᠭᠴᠢᠳ ᠤ᠋ᠨ ᠠᠩᠭᠢ ᠮᠥᠩᠭᠥᠨ ᠮᠧᠳᠠᠯ ᠣᠯᠵᠤ᠂ ᠺᠢᠷᠭᠢᠽᠰᠲ᠋ᠠᠨ᠂ ᠺᠣᠷᠢᠶᠠ ᠶ᠋ᠢᠨ ᠲᠥᠯᠥᠭᠡᠯᠡᠭᠴᠢᠳ ᠤ᠋ᠨ ᠠᠩᠭᠢ ᠲᠣᠰ ᠲᠣᠰ ᠬᠦᠷᠡᠯ ᠮᠧᠳᠠᠯ ᠶ᠋ᠢᠡᠷ ᠱᠠᠩᠨᠠᠭᠳᠠᠵᠠᠢ᠃
ᠤᠷᠤᠯᠳᠤᠭᠠᠨ 4 ᠡᠳᠦᠷ ᠶᠠᠪᠤᠭᠳᠠᠵᠤ᠂ 21 ᠤᠯᠤᠰ ᠪᠠ ᠭᠠᠵᠠᠷ ᠣᠷᠣᠨᠤ ᠳᠦᠯᠦᠭᠡᠯᠡᠭᠴᠢᠳ ᠤ᠋ᠨ ᠠᠩᠭᠢ ᠣᠷᠣᠯᠴᠠᠨ᠂ ᠳᠤᠮᠳᠠᠳᠤ ᠤᠯᠤᠰ ᠤ᠋ᠨ ᠳᠦᠯᠦᠭᠡᠯᠡᠭᠴᠢᠳ ᠤ᠋ᠨ ᠠᠩᠭᠢ 18 ᠲᠠᠮᠢᠷᠴᠢᠨ ᠲᠣᠮᠢᠯᠠᠵᠠᠢ᠃ ᠤᠷᠤᠯᠳᠤᠭᠠᠨ ᠳᠡᠭᠡᠷ᠎ᠡ ᠳᠤᠮᠳᠠᠳᠤ ᠤᠯᠤᠰ ᠤ᠋ᠨ ᠳᠦᠯᠦᠭᠡᠯᠡᠭᠴᠢᠳ ᠤ᠋ᠨ ᠠᠩᠭᠢ ᠪᠦᠬᠦ ᠬᠦᠴᠦᠨ ᠶ᠋ᠢᠡᠷ ᠶ᠋ᠢᠡᠨ ᠴᠢᠷᠮᠠᠢᠨ ᠳᠡᠮᠡᠴᠡᠵᠤ᠂ 2 ᠠᠯᠲᠠᠨ ᠮᠧᠳᠠᠯ᠂ 1 ᠮᠥᠩᠭᠥᠨ ᠮᠧᠳᠠᠯ᠂ 6 ᠬᠦᠷᠡᠯ ᠮᠧᠳᠠᠯ ᠤᠯᠪᠠ᠃