ᠪᠦᠬᠦ ᠣᠷᠣᠨ᠎ᠤ
ᠰᠢᠯᠭᠠᠯᠲᠠ᠎ᠳᠤ ᠬᠣᠯᠪᠣᠭᠳᠠᠬᠤ ᠰᠤᠷᠭᠠᠭᠤᠯᠢ᠎ᠶᠢᠨ ᠭᠠᠳᠠᠨᠠᠬᠢ ᠪᠣᠯᠪᠠᠰᠤᠷᠠᠯ᠎ᠤᠨ ᠪᠠᠢᠭᠤᠯᠤᠮᠵᠢ᠎ᠳᠤ
ᠮᠡᠳᠡᠭᠳᠡᠬᠦ ᠪᠢᠴᠢᠭ
2026 ᠣᠨ᠎ᠤ ᠥᠨᠳᠥᠷ ᠵᠡᠷᠭᠡ᠎ᠶᠢᠨ ᠳᠤᠮᠳᠠᠳᠤ ᠰᠤᠷᠭᠠᠭᠤᠯᠢ ᠳ᠋ᠤ ᠳᠡᠪᠰᠢᠬᠦ
ᠰᠢᠯᠭᠠᠯᠲᠠ ᠪᠠ ᠶᠡᠬᠡ ᠳᠡᠭᠡᠳᠦ ᠰᠤᠷᠭᠠᠭᠤᠯᠢ ᠳ᠋ᠤ ᠰᠣᠷᠣᠭ᠍ᠴᠢ ᠡᠯᠰᠡᠬᠦ ᠤᠯᠤᠰ᠎ᠤᠨ ᠨᠢᠭᠡᠳᠤᠯᠳᠠᠢ
ᠰᠢᠯᠭᠠᠯᠲᠠ ᠤᠳᠠᠯ ᠦᠭᠡᠢ ᠬᠦᠷᠴᠦ ᠢᠷᠡᠬᠦ ᠭᠡᠵᠦ ᠪᠠᠢᠨ᠎ᠠ᠂ ᠰᠢᠯᠭᠠᠯᠲᠠ᠎ᠪᠠᠷ ᠰᠣᠷᠣᠭ᠍ᠴᠢ ᠡᠯᠰᠡᠬᠦ ᠣᠷᠴᠢᠨ ᠨᠥᠬᠥᠴᠡᠯ᠎ᠢ
ᠴᠡᠪᠡᠷᠰᠢᠭᠦᠯᠵᠦ᠂ ᠰᠢᠯᠭᠠᠭᠤᠯᠤᠭ᠍ᠴᠢ ᠵᠢᠴᠢ ᠭᠡᠷ᠎ᠦᠨ ᠠᠬᠠᠮᠠᠳ᠎ᠤᠨ ᠡᠷᠬᠡ ᠠᠰᠢᠭ᠋᠎ᠢ ᠬᠠᠮᠠᠭᠠᠯᠠᠨ᠂ ᠥᠨᠳᠥᠷ
ᠵᠡᠷᠭᠡ᠎ᠶᠢᠨ ᠳᠤᠮᠳᠠᠳᠤ ᠰᠤᠷᠭᠠᠭᠤᠯᠢ ᠳ᠋ᠤ ᠳᠡᠪᠰᠢᠬᠦ ᠰᠢᠯᠭᠠᠯᠲᠠ ᠪᠠ ᠶᠡᠬᠡ ᠳᠡᠭᠡᠳᠦ ᠰᠤᠷᠭᠠᠭᠤᠯᠢ ᠳ᠋ᠤ ᠰᠣᠷᠣᠭ᠍ᠴᠢ
ᠡᠯᠰᠡᠬᠦ ᠤᠯᠤᠰ᠎ᠤᠨ ᠨᠢᠭᠡᠳᠤᠯᠳᠠᠢ ᠰᠢᠯᠭᠠᠯᠳᠠ ᠵᠢᠨ ᠠᠮᠤᠷ ᠳᠤᠭᠲᠠᠭᠤᠨ ᠤᠷᠤᠭᠰᠢᠳᠠᠢ ᠶᠠᠪᠤᠭᠳᠠᠬᠤ ᠬᠠᠷᠠᠯᠲᠠ᠎ᠶᠢ
ᠪᠡᠶᠡᠯᠡᠭᠦᠯᠬᠦ᠎ᠶᠢ ᠦᠨᠡᠨ ᠬᠦ᠌ ᠪᠠᠲᠤᠯᠠᠬᠤ᠎ᠶᠢᠨ ᠲᠥᠯᠥᠭᠡ᠂ ᠡᠳᠦᠭᠡ ᠬᠣᠯᠪᠣᠭᠳᠠᠯ ᠪᠦᠬᠦᠢ ᠱᠠᠭᠠᠷᠳᠠᠯᠭ᠎ᠠ᠎ᠶᠢ
ᠳᠣᠣᠷᠠᠬᠢ ᠮᠡᠲᠦ ᠮᠡᠳᠡᠭᠳᠡᠶ᠎ᠡ᠄
ᠨᠢᠭᠡ᠂
ᠰᠢᠯᠭᠠᠯᠲᠠ᠎ᠳᠤ ᠬᠣᠯᠪᠣᠭᠳᠠᠬᠤ ᠬᠠᠮᠢᠶ᠎ᠠ ᠪᠦᠬᠦᠢ ᠪᠣᠯᠪᠠᠰᠤᠷᠠᠯ᠎ᠳᠤ ᠬᠤᠳᠠᠯ ᠬᠠᠭᠤᠷᠮᠠᠭ ᠤᠬᠠᠭᠤᠯᠭ᠎ᠠ ᠬᠢᠵᠦ᠂
ᠪᠣᠯᠪᠠᠰᠤᠷᠠᠯ᠎ᠤᠨ ᠦᠷ᠎ᠡ ᠪᠦᠲᠦᠮᠵᠢ᠎ᠶᠢ ᠶᠡᠬᠡᠰᠬᠡᠵᠦ᠂ ᠰᠣᠷᠣᠭ᠍ᠴᠢ ᠵᠢᠴᠢ ᠭᠡᠷ᠎ᠦᠨ ᠠᠬᠠᠮᠠᠳ᠎ᠢ ᠥᠳᠥᠭᠡᠨ ᠬᠥᠲᠥᠯᠵᠦ
ᠪᠣᠯᠬᠤ ᠦᠭᠡᠢ᠃
ᠬᠣᠶᠠᠷ᠂
ᠶᠠᠮᠠᠷᠪᠠ ᠬᠡᠯᠪᠡᠷᠢ᠎ᠪᠡᠷ ᠰᠢᠯᠭᠠᠯᠲᠠ ᠳ᠋ᠤ ᠬᠡᠮ ᠬᠢᠬᠦ ᠵᠢ ᠥᠳᠦᠬᠡᠬᠦ᠂ ᠬᠠᠪᠰᠤᠷᠬᠤ᠂ ᠵᠣᠬᠢᠶᠠᠨ ᠪᠠᠢᠭᠤᠯᠬᠤ᠂
ᠣᠷᠣᠯᠴᠠᠵᠤ ᠪᠣᠯᠬᠤ ᠦᠭᠡᠢ᠃
ᠭᠤᠷᠪᠠ᠂
ᠰᠢᠯᠭᠠᠯᠲᠠ ᠪᠠ ᠰᠣᠷᠣᠭ᠍ᠴᠢ ᠡᠯᠰᠡᠬᠦ᠎ᠳᠦ ᠬᠣᠯᠪᠣᠭᠳᠠᠭᠰᠠᠨ ᠮᠡᠳᠡᠭᠡ ᠵᠠᠩᠭᠢ ᠪᠠ ᠶᠠᠷᠢᠶᠠᠨ᠎ᠤ ᠰᠡᠳᠦᠪ᠎ᠢ ᠬᠤᠳᠠᠯ
ᠬᠠᠭᠤᠷᠮᠠᠭ ᠪᠤᠶᠤ ᠥᠰᠬᠡᠨ ᠳᠥᠰᠬᠡᠨ᠎ᠲᠠᠢ ᠵᠣᠬᠢᠶᠠᠨ ᠲᠠᠷᠬᠠᠭᠠᠵᠤ᠂ ᠰᠤᠷᠭᠠᠨ ᠬᠥᠮᠦᠵᠢᠯ᠎ᠦᠨ ᠵᠣᠪᠠᠨᠢᠯ᠎ᠢ ᠪᠣᠶ
ᠪᠣᠯᠭᠠᠵᠤ᠂ ᠰᠢᠯᠭᠠᠯᠲᠠ ᠪᠠ ᠰᠣᠷᠣᠭ᠍ᠴᠢ ᠡᠯᠰᠡᠬᠦ ᠡᠮᠬᠢ ᠵᠢᠷᠤᠮ᠎ᠢ ᠡᠪᠳᠡᠵᠦ ᠪᠣᠯᠬᠤ ᠦᠭᠡᠢ᠃
ᠳᠥᠷᠪᠡ᠂
《ᠰᠢᠯᠭᠠᠯᠲᠠ᠎ᠶᠢᠨ ᠰᠡᠳᠦᠪ》᠂ 《ᠬᠠᠷᠢᠭᠤᠯᠲᠠ》᠂ 《ᠰᠣᠷᠣᠭ᠍ᠴᠢ ᠡᠯᠰᠡᠬᠦ ᠳᠣᠲᠣᠭᠠᠳᠤ᠎ᠶᠢᠨ ᠭᠦᠢᠴᠡᠳᠬᠡᠯ ᠲᠣᠭ᠎ᠠ》 ᠵᠡᠷᠭᠡ᠎ᠶᠢ ᠬᠤᠳᠠᠯᠳᠤᠭᠠᠯᠠᠬᠤ ᠮᠡᠬᠡᠯᠡᠯ᠎ᠦᠨ ᠴᠢᠨᠠᠷᠲᠠᠢ ᠦᠶ᠋ᠯᠡ ᠠᠵᠢᠯᠯᠠᠭ᠎ᠠ᠎ᠪᠠᠷ ᠳᠠᠮᠵᠢᠭᠤᠯᠤᠨ
ᠰᠢᠯᠭᠠᠯᠲᠠ ᠪᠠ ᠰᠣᠷᠣᠭ᠍ᠴᠢ ᠡᠯᠰᠡᠬᠦ᠎ᠳᠦ ᠬᠣᠯᠪᠣᠭᠳᠠᠬᠤ ᠮᠡᠬᠡᠯᠡᠯ᠎ᠦᠨ ᠠᠵᠢᠯᠯᠠᠭ᠎ᠠ ᠬᠢᠵᠦ ᠪᠣᠯᠬᠤ ᠦᠭᠡᠢ᠃
ᠲᠠᠪᠤ᠂
ᠰᠢᠯᠭᠠᠯᠲᠠ᠎ᠶᠢᠨ ᠲᠠᠯᠠᠪᠤᠷ᠎ᠲᠤ ᠣᠷᠣᠵᠤ ᠥᠨᠳᠥᠷ ᠵᠡᠷᠭᠡ᠎ᠶᠢᠨ ᠳᠤᠮᠳᠠᠳᠤ ᠰᠤᠷᠭᠠᠭᠤᠯᠢ ᠳ᠋ᠤ ᠳᠡᠪᠰᠢᠬᠦ
ᠰᠢᠯᠭᠠᠯᠲᠠ ᠪᠠ ᠶᠡᠬᠡ ᠳᠡᠭᠡᠳᠦ ᠰᠤᠷᠭᠠᠭᠤᠯᠢ ᠳ᠋ᠤ ᠰᠣᠷᠣᠭ᠍ᠴᠢ ᠡᠯᠰᠡᠬᠦ ᠤᠯᠤᠰ᠎ᠤᠨ ᠨᠢᠭᠡᠳᠤᠯᠳᠠᠢ
ᠰᠢᠯᠭᠠᠯᠳᠠ ᠵᠢᠨ ᠰᠡᠳᠦᠪ᠎ᠢ ᠴᠤᠭᠯᠠᠭᠤᠯᠬᠤ᠎ᠶᠢ ᠵᠣᠬᠢᠶᠠᠨ ᠪᠠᠶ᠋ᠢᠭᠤᠯᠬᠤ ᠪᠤᠶᠤ ᠣᠷᠣᠯᠴᠠᠵᠤ ᠪᠣᠯᠬᠤ ᠦᠭᠡᠢ᠂
ᠥᠨᠳᠥᠷ ᠵᠡᠷᠭᠡ᠎ᠶᠢᠨ ᠳᠤᠮᠳᠠᠳᠤ ᠰᠤᠷᠭᠠᠭᠤᠯᠢ ᠳ᠋ᠤ ᠳᠡᠪᠰᠢᠬᠦ ᠰᠢᠯᠭᠠᠯᠲᠠ ᠪᠠ ᠶᠡᠬᠡ ᠳᠡᠭᠡᠳᠦ ᠰᠤᠷᠭᠠᠭᠤᠯᠢ
ᠳ᠋ᠤ ᠰᠣᠷᠣᠭ᠍ᠴᠢ ᠡᠯᠰᠡᠬᠦ ᠤᠯᠤᠰ᠎ᠤᠨ ᠨᠢᠭᠡᠳᠤᠯᠳᠠᠢ ᠰᠢᠯᠭᠠᠯᠲᠠ᠎ᠶᠢᠨ ᠵᠢᠩᠬᠢᠨᠢ ᠰᠡᠳᠦᠪ᠎ᠦᠨ ᠤᠭ ᠬᠠᠭᠤᠳᠠᠰᠤ᠎ᠶᠢ
ᠲᠣᠭᠲᠠᠭᠠᠯ ᠠ᠋ᠴᠠ ᠵᠥᠷᠢᠴᠡᠨ ᠨᠡᠢᠳᠡᠯᠡᠵᠤ ᠪᠤᠯᠬᠤ ᠦᠭᠡᠢ᠃
ᠵᠢᠷᠭᠤᠭ᠎ᠠ᠂
ᠰᠢᠯᠭᠠᠯᠲᠠ᠎ᠶᠢᠨ ᠴᠡᠭ᠂ ᠰᠤᠷᠭᠠᠭᠤᠯᠢ᠎ᠶᠢᠨ ᠡᠷᠬᠢᠨ ᠲᠣᠭᠣᠷᠢᠨ ᠵᠡᠷᠭᠡ᠎ᠳᠦ ᠰᠣᠷᠣᠭ᠍ᠴᠢ ᠡᠯᠰᠡᠬᠦ ᠤᠬᠠᠭᠤᠯᠭ᠎ᠠ᠎ᠶᠢ
ᠵᠣᠬᠢᠶᠠᠨ ᠪᠠᠢᠭᠤᠯᠵᠤ᠂ ᠤᠬᠠᠭᠤᠯᠭ᠎ᠠ᠎ᠶᠢᠨ ᠮᠠᠲᠧᠷᠢᠶᠠᠯ ᠲᠠᠷᠬᠠᠭᠠᠵᠤ ᠪᠣᠯᠬᠤ ᠦᠭᠡᠢ᠃
ᠳᠣᠯᠣᠭ᠎ᠠ᠂
ᠶᠠᠮᠠᠷᠪᠠ ᠬᠡᠯᠪᠡᠷᠢ᠎ᠪᠡᠷ《ᠥᠨᠳᠥᠷ ᠵᠡᠷᠭᠡ᠎ᠶᠢᠨ ᠳᠤᠮᠳᠠᠳᠤ ᠰᠤᠷᠭᠠᠭᠤᠯᠢ ᠳ᠋ᠤ
ᠳᠡᠪᠰᠢᠬᠦ ᠰᠢᠯᠭᠠᠯᠲᠠ ᠪᠠ ᠶᠡᠬᠡ ᠳᠡᠭᠡᠳᠦ ᠰᠤᠷᠭᠠᠭᠤᠯᠢ ᠳ᠋ᠤ ᠰᠣᠷᠣᠭ᠍ᠴᠢ ᠡᠯᠰᠡᠬᠦ ᠤᠯᠤᠰ᠎ᠤᠨ ᠨᠢᠭᠡᠳᠤᠯᠳᠠᠢ
ᠰᠢᠯᠭᠠᠯᠲᠠ᠎ᠶᠢᠨ ᠮᠠᠩᠯᠠᠢ》᠂ 《ᠥᠨᠳᠥᠷ ᠵᠡᠷᠭᠡ᠎ᠶᠢᠨ ᠳᠤᠮᠳᠠᠳᠤ ᠰᠤᠷᠭᠠᠭᠤᠯᠢ ᠳ᠋ᠤ ᠳᠡᠪᠰᠢᠬᠦ ᠰᠢᠯᠭᠠᠯᠲᠠ ᠪᠠ ᠶᠡᠬᠡ ᠳᠡᠭᠡᠳᠦ
ᠰᠤᠷᠭᠠᠭᠤᠯᠢ ᠳ᠋ᠤ ᠰᠣᠷᠣᠭ᠍ᠴᠢ ᠡᠯᠰᠡᠬᠦ ᠤᠯᠤᠰ᠎ᠤᠨ ᠨᠢᠭᠡᠳᠤᠯᠳᠠᠢ ᠰᠢᠯᠭᠠᠯᠲᠠ᠎ᠶᠢᠨ ᠪᠠᠶᠠᠷ᠎ᠤᠨ ᠮᠡᠳᠡᠭᠡ 》᠂《ᠥᠨᠳᠥᠷ ᠵᠡᠷᠭᠡ᠎ᠶᠢᠨ ᠳᠤᠮᠳᠠᠳᠤ ᠰᠤᠷᠭᠠᠭᠤᠯᠢ
ᠪᠠ ᠶᠡᠬᠡ ᠳᠡᠭᠡᠳᠦ ᠰᠤᠷᠭᠠᠭᠤᠯᠢ ᠳ᠋ᠤ ᠰᠣᠷᠣᠭ᠍ᠴᠢ ᠡᠯᠰᠡᠬᠦ ᠤᠯᠤᠰ᠎ᠤᠨ ᠨᠢᠭᠡᠳᠤᠯᠳᠠᠢ ᠰᠢᠯᠭᠠᠯᠲᠠ ᠵᠢᠨ ᠰᠤᠷᠭᠠᠭᠤᠯᠢ
ᠳᠡᠪᠰᠢᠭᠰᠡᠨ ᠨᠣᠷᠮ᠎ᠠ》᠂《ᠥᠨᠳᠥᠷ
ᠬᠤᠪᠢ ᠣᠯᠣᠭᠰᠠᠨ ᠰᠢᠯᠭᠠᠭᠤᠯᠤᠭ᠍ᠴᠢ》᠂ ᠲᠣᠰ ᠪᠠᠢᠭᠤᠯᠤᠮᠵᠢ᠎ᠶᠢᠨ 《ᠨᠡᠷᠡᠰ᠎ᠦᠨ ᠵᠢᠭ᠍ᠰᠠᠭᠠᠯᠲᠠ᠎ᠳᠤ ᠣᠷᠣᠭᠰᠠᠨ ᠨᠣᠷᠮ᠎ᠠ》᠂《ᠡᠯᠰᠡᠬᠳᠡᠭᠰᠡᠨ ᠨᠣᠷᠮ᠎ᠠ》ᠵᠡᠷᠭᠡ᠎ᠶᠢ ᠤᠬᠠᠭᠤᠯᠤᠨ ᠰᠤᠷᠲᠠᠯᠴᠢᠯᠠᠵᠤ ᠪᠣᠯᠬᠤ ᠦᠭᠡᠢ; ᠰᠢᠯᠭᠠᠯᠲᠠ᠎ᠶᠢᠨ ᠰᠡᠳᠦᠪ ᠪᠠ ᠡᠯᠰᠡᠭᠰᠡᠨ ᠦᠷ᠎ᠡ ᠳ᠋ᠦᠩ ᠵᠡᠷᠭᠡ᠎ᠶᠢ ᠤᠬᠠᠭᠤᠯᠵᠤ᠂ ᠬᠥᠭᠡᠷᠭᠡᠳᠡᠵᠦ
ᠪᠣᠯᠬᠤ ᠦᠭᠡᠢ; ᠮᠠᠭᠤ ᠤᠳᠤᠷᠢᠳᠤᠮᠵᠢ᠎ᠶᠢ ᠤᠯᠠᠮᠵᠢᠯᠠᠨ ᠲᠠᠷᠬᠠᠭᠠᠵᠤ᠂
ᠰᠢᠯᠭᠠᠯᠲᠠ᠎ᠶᠢᠨ ᠲᠥᠷᠥ᠎ᠶᠢᠨ ᠪᠣᠳᠣᠯᠭ᠎ᠠ᠎ᠶᠢ ᠭᠠᠵᠢᠭᠤᠳᠠᠭᠤᠯᠵᠤ ᠪᠤᠯᠬᠤ ᠦᠭᠡᠢ᠃
ᠨᠠᠢ᠍ᠮᠠ᠂
ᠡᠵᠡᠩᠨᠡᠯᠲᠡ᠎ᠶᠢᠨ ᠬᠡᠪᠴᠢᠶ᠎ᠡ᠎ᠡᠴᠡ᠎ᠪᠡᠨ ᠳᠠᠪᠠᠬᠤ ᠪᠤᠶᠤ ᠵᠢᠷᠤᠮᠵᠢᠯ᠎ᠤᠨ ᠱᠠᠭᠠᠷᠳᠠᠯᠭ᠎ᠠ ᠠ᠋ᠴᠠ ᠵᠥᠷᠢᠴᠡᠨ᠂
ᠲᠣᠭᠲᠠᠭᠠᠯ ᠠ᠋ᠴᠠ ᠵᠥᠷᠢᠴᠡᠨ ᠰᠢᠯᠭᠠᠯᠲᠠ᠎ᠶᠢᠨ ᠡᠷᠡᠮᠡᠯᠵᠡᠯ ᠲᠠᠭᠯᠠᠬᠤ ᠵᠡᠷᠭᠡ ᠵᠥᠪᠯᠡᠯᠭᠡ ᠥᠭᠬᠦ ᠦᠢᠯᠡᠴᠢᠯᠡᠭᠡ᠎ᠶᠢ
ᠥᠷᠨᠢᠭᠦᠯᠵᠦ ᠪᠣᠯᠬᠤ ᠦᠭᠡᠢ᠃
ᠶᠢᠰᠦ᠂
ᠵᠠᠰᠠᠭ᠎ᠤᠨ ᠣᠷᠳᠣᠨ᠎ᠤ ᠪᠠᠢᠭᠤᠯᠤᠮᠵᠢ᠂ ᠠᠵᠢᠯ ᠦᠢᠯᠡᠰ᠎ᠦᠨ ᠨᠢᠭᠡᠴᠢ ᠪᠣᠯᠣᠨ ᠰᠣᠷᠣᠭ᠍ᠴᠢ ᠡᠯᠰᠡᠬᠦ ᠨᠢᠭᠡᠴᠢ᠎ᠶᠢᠨ
ᠠᠯᠪᠠᠨ ᠰᠦᠯᠵᠢᠶ᠎ᠡ᠂ ᠵᠢᠷᠭᠢᠶ᠎ᠡ ᠵᠢᠨ ᠤᠯᠠᠨ ᠨᠡᠶ᠋ᠢᠲᠡ᠎ᠶᠢᠨ ᠳ᠋ᠤᠭᠠᠷ ᠵᠡᠷᠭᠡ᠎ᠶᠢ ᠳᠠᠭᠤᠷᠢᠶᠠᠨ ᠰᠣᠷᠣᠭ᠍ᠴᠢ
ᠡᠯᠰᠡᠬᠦ ᠰᠢᠯᠭᠠᠯᠳᠠ ᠵᠡᠷᠭᠡ ᠦᠶ᠋ᠯᠡ ᠠᠵᠢᠯᠯᠠᠭ᠎ᠠ᠎ᠶᠢ ᠲᠣᠭᠲᠠᠭᠠᠯ ᠠ᠋ᠴᠠ ᠵᠥᠷᠢᠴᠡᠨ ᠥᠷᠨᠢᠭᠦᠯᠵᠦ ᠪᠣᠯᠬᠤ ᠦᠭᠡᠢ᠃
ᠠᠷᠪᠠ᠂
ᠡᠵᠡᠩᠨᠡᠯᠲᠡ᠎ᠶᠢᠨ ᠶᠠᠪᠤᠴᠠ᠎ᠳᠤ ᠦᠨ᠎ᠡ ᠬᠠᠩᠰᠢ᠎ᠶᠢ ᠢᠯᠡ ᠬᠠᠳᠠᠭᠰᠠᠨ ᠦᠭᠡᠢ᠂ ᠦᠨ᠎ᠡ ᠬᠠᠩᠰᠢ᠎ᠶᠢᠨ ᠮᠡᠬᠡᠯᠡᠯ
ᠵᠡᠷᠭᠡ ᠦᠨ᠎ᠡ ᠬᠠᠩᠰᠢ᠎ᠶᠢᠨ ᠬᠠᠤᠯᠢ᠎ᠡᠴᠡ ᠵᠥᠷᠢᠴᠡᠭᠰᠡᠨ ᠦᠢᠯᠡ ᠠᠵᠢᠯᠯᠠᠭ᠎ᠠ ᠭᠠᠷᠴᠤ ᠪᠣᠯᠬᠤ ᠦᠭᠡᠢ᠃
ᠬᠠᠤᠯᠢ
ᠲᠣᠭᠲᠠᠭᠠᠯ ᠠ᠋ᠴᠠ ᠵᠥᠷᠢᠴᠡᠭᠰᠡᠨ ᠦᠶ᠋ᠯᠡ ᠠᠵᠢᠯᠯᠠᠭ᠎ᠠ᠎ᠶᠢ ᠢᠯᠡᠷᠡᠭᠦᠯᠪᠡᠯ ᠴᠢᠩᠭ᠎ᠠ ᠪᠠᠢᠴᠠᠭᠠᠨ ᠰᠢᠢᠳᠪᠦᠷᠢᠯᠡᠨ᠎ᠡ᠃
ᠥᠪᠥᠷ ᠮᠣᠩᠭᠣᠯ᠎ᠤᠨ ᠥᠪᠡᠷᠲᠡᠭᠡᠨ
ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠂
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠬ᠎ᠠ
ᠳᠡᠯᠭᠡᠬᠦᠷ᠎ᠤᠨ ᠬᠢᠨᠠᠯᠳᠠ ᠬᠠᠮᠢᠶᠠᠷᠤᠯᠳᠠ ᠵᠢᠨ ᠳᠤᠪᠴᠢᠶ᠎ᠠ
2026 ᠣᠨ᠎ᠤ 4 ᠰᠠᠷ᠎ᠠ᠎ᠶᠢᠨ 21᠎ᠦ ᠡᠳᠦᠷ
ᠢᠷᠡᠯᠲᠡ᠄ ᠬᠦᠬᠡᠬᠤᠳᠠ ᠵᠢᠨ ᠬᠠᠮ ᠵᠠᠭᠤᠴᠢᠯᠠᠭᠤᠷ