ᠦᠪᠦᠷ ᠮᠤᠩᠭᠤᠯ᠎ᠤᠨ ᠠᠩᠬᠠᠳᠠᠭ᠍ᠴᠢ ᠬᠠᠶᠠᠭᠳᠠᠮᠠᠯ ᠬᠡᠢ᠎ᠪᠡᠷ LNG ᠦᠢᠯᠡᠳᠪᠦᠷᠢᠯᠡᠬᠦ ᠲᠥᠷᠥᠯ ᠵᠦᠢᠯ ᠠᠰᠢᠭᠯᠠᠯᠲᠠ᠎ᠳᠤ ᠤᠷᠤᠪᠠ
2026-04-23 15:36:58
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠥᠪᠥᠷ ᠮᠣᠩᠭᠣᠯ᠎ᠤᠨ ᠵᠢᠦ ᠲᠠᠢ ᠰᠢᠨ᠎ᠡ ᠮᠠᠲᠧᠷᠢᠶᠠᠯ᠎ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ᠎ᠶᠢᠨ ᠰᠢᠲᠠᠭᠠᠬᠤ ᠬᠡᠢ᠎ᠵᠢ ᠶᠡᠷᠦᠩᠬᠡᠢᠯᠡᠨ ᠬᠣᠷᠢᠶᠠᠨ ᠠᠪᠴᠤ ᠠᠰᠢᠭ᠍ᠯᠠᠬᠤ ᠲᠥᠷᠥᠯ ᠵᠦᠢᠯ ᠣᠢᠷ᠎ᠠ᠎ᠳᠤ ᠵᠢᠩᠬᠢᠨᠢ᠎ᠪᠡᠷ ᠠᠰᠢᠭ᠍ᠯᠠᠯᠲᠠ᠎ᠳᠤ ᠣᠷᠣᠵᠤ᠂ ᠥᠪᠡᠷᠲᠡᠭᠡᠨ ᠵᠠᠰᠠᠬᠤ ᠣᠷᠣᠨ᠎ᠤ ᠠᠩᠬᠠᠳᠠᠭ᠍ᠴᠢ 《ᠰᠢᠲᠠᠭᠠᠬᠤ ᠬᠡᠢ᠎ᠵᠢ ᠬᠣᠷᠢᠶᠠᠨ ᠠᠪᠴᠤ LNG ᠦᠢᠯᠡᠳᠪᠦᠷᠢᠯᠡᠬᠦ ᠲᠥᠷᠥᠯ ᠵᠦᠢᠯ》 ᠪᠣᠯᠪᠠ᠃ ᠬᠣᠷᠢᠶᠠᠨ ᠠᠪᠤᠭᠰᠠᠨ᠎ᠤ ᠳᠠᠷᠠᠭᠠᠬᠢ ᠰᠢᠲᠠᠭᠠᠬᠤ ᠬᠡᠢ᠎ᠵᠢ ᠰᠢᠢᠳᠪᠦᠷᠢᠯᠡᠭᠰᠡᠨ᠎ᠦ ᠳᠠᠷᠠᠭ᠎ᠠ LNG (ᠰᠢᠩᠭᠡᠨᠵᠢᠮᠡᠯ ᠪᠠᠢᠭᠠᠯᠢ᠎ᠶᠢᠨ ᠰᠢᠲᠠᠮᠠᠬᠠᠢ ᠬᠡᠢ) ᠪᠠ LEG (ᠰᠢᠩᠭᠡᠨ ᠲᠥᠯᠥᠪᠲᠦ ᠡᠲ᠋ᠠᠨ) ᠬᠣᠶᠠᠷ ᠵᠦᠢᠯ᠎ᠦᠨ ᠦᠢᠯᠡᠳᠬᠦᠨ᠎ᠢ ᠦᠢᠯᠡᠳᠪᠦᠷᠢᠯᠡᠵᠦ᠂ ᠵᠢᠯ ᠪᠦᠷᠢ ᠨᠡᠭᠦᠷᠡᠰᠦᠲᠥ᠋ᠷᠥᠭᠴᠢ᠎ᠶᠢᠨ ᠳᠠᠪᠬᠤᠷ ᠢᠰᠦᠯ᠎ᠦᠨ ᠭᠠᠳᠠᠭᠰᠢᠯᠠᠭᠤᠯᠤᠯᠲᠠ᠎ᠶᠢ 10 ᠲᠦᠮᠡᠨ ᠲᠣᠨ ᠪᠠᠭᠠᠰᠬᠠᠵᠤ᠂ 7000 ᠲᠦᠮᠡᠨ ᠲᠥᠭᠥᠷᠢᠭ᠎ᠦᠨ ᠠᠵᠤ ᠠᠬᠤᠢ᠎ᠶᠢᠨ ᠦᠷ᠎ᠡ ᠠᠰᠢᠭ᠋᠎ᠢ ᠪᠣᠶ ᠪᠣᠯᠭᠠᠨ᠎ᠠ᠃

ᠰᠢᠲᠠᠭᠠᠬᠤ ᠬᠡᠢ᠎ᠨᠢ ᠲᠣᠰᠣ᠌ ᠪᠣᠯᠪᠠᠰᠤᠷᠠᠭᠤᠯᠬᠤ᠂ ᠬᠢᠮᠢ᠎ᠶᠢᠨ ᠠᠵᠤ ᠦᠢᠯᠡᠳᠪᠦᠷᠢ᠂ ᠲᠣᠰᠣ᠌ ᠬᠡᠢ᠎ᠶᠢᠨ ᠠᠢ ᠰᠠᠪᠠ᠎ᠶᠢᠨ ᠦᠢᠯᠡᠳᠪᠦᠷᠢᠯᠡᠯ ᠳᠤᠮᠳᠠ ᠡᠭᠦᠰᠦᠭᠰᠡᠨ ᠰᠢᠲᠠᠮᠠᠬᠠᠢ ᠬᠠᠶᠠᠭᠳᠠᠮᠠᠯ ᠬᠡᠢ᠎ᠶᠢᠨ ᠬᠣᠯᠢᠮᠠᠭ ᠪᠣᠳᠠᠰ ᠪᠠᠢᠵᠤ᠂ ᠭᠣᠣᠯᠳᠠᠭᠤ ᠥᠨᠳᠥᠷ ᠵᠢᠶᠠᠰᠠ᠎ᠲᠠᠢ ᠭᠠᠯ ᠪᠠᠮᠪᠠᠷ᠎ᠤᠨ ᠰᠤᠪᠤᠷᠭ᠎ᠠ ᠪᠡᠷ ᠰᠢᠲᠠᠭᠠᠵᠤ ᠰᠢᠢᠳᠪᠦᠷᠢᠯᠡᠳᠡᠭ᠃ ᠣᠷᠳᠣᠰ᠎ᠤᠨ ᠣᠲᠣ᠌ ᠦᠶ᠎ᠡ᠎ᠶᠢᠨ ᠨᠡᠭᠦᠷᠡᠰᠦ ᠬᠢᠮᠢ᠎ᠶᠢᠨ ᠠᠵᠤ ᠦᠢᠯᠡᠳᠪᠦᠷᠢ᠎ᠶᠢᠨ ᠠᠵᠤ ᠦᠢᠯᠡᠰ᠎ᠲᠦ᠂ ᠰᠢᠲᠠᠭᠠᠬᠤ ᠬᠡᠢ ᠵᠢ ᠬᠣᠷᠢᠶᠠᠨ ᠠᠪᠴᠤ ᠠᠰᠢᠭ᠍ᠯᠠᠬᠤ ᠪᠣᠯ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ᠎ᠶᠢ ᠪᠠᠭᠠᠰᠬᠠᠬᠤ᠂ ᠡᠨᠧᠷᠭᠢ ᠠᠰᠢᠭ᠍ᠯᠠᠬᠤ ᠨᠣᠷᠮ᠎ᠠ᠎ᠶᠢ ᠳᠡᠭᠡᠭᠰᠢᠯᠡᠭᠦᠯᠬᠦ᠂《ᠬᠣᠣᠰ ᠨᠡᠭᠦᠷᠡᠰᠦᠲᠥ᠋ᠷᠥᠭᠴᠢ》᠎ᠶᠢᠨ ᠬᠠᠷᠠᠯᠲᠠ᠎ᠶᠢ ᠨᠠᠢᠳᠠᠪᠤᠷᠢᠵᠢᠭᠤᠯᠬᠤ ᠵᠠᠩᠭᠢᠯᠠᠭ᠎ᠠ᠎ᠶᠢᠨ ᠠᠷᠭ᠎ᠠ ᠬᠡᠮᠵᠢᠶ᠎ᠡ ᠪᠣᠯᠣᠨ᠎ᠠ᠃

ᠥᠪᠥᠷ ᠮᠣᠩᠭᠣᠯ᠎ᠤᠨ ᠵᠢᠦ ᠲᠠᠢ ᠰᠢᠨ᠎ᠡ ᠮᠠᠲᠧᠷᠢᠶᠠᠯ᠎ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ᠎ᠶᠢᠨ ᠰᠢᠲᠠᠭᠠᠬᠤ ᠬᠡᠢ ᠵᠢ ᠶᠡᠷᠦᠩᠬᠡᠢᠯᠡᠨ ᠡᠭᠡᠭᠦᠯᠦᠨ ᠬᠤᠷᠢᠶᠠᠵᠤ ᠠᠰᠢᠭ᠍ᠯᠠᠬᠤ ᠲᠥᠷᠥᠯ ᠵᠦᠢᠯ᠎ᠦᠨ ᠲᠤᠬᠠᠢ᠎ᠶᠢᠨ ᠲᠠᠯᠠᠪᠠᠶ᠎ᠳᠤ᠂ ᠠᠵᠢᠯᠲᠠᠳ ᠶᠠᠭ ᠲᠦᠭᠦᠬᠡᠢ ᠮᠠᠲᠧᠷᠢᠶᠠᠯ᠎ᠤᠨ ᠮᠠᠰᠢᠨ᠎ᠤ ᠠᠪᠴᠢᠭᠤᠯᠬᠤ ᠮᠠᠰᠢᠨ ᠴᠣᠭᠴᠠᠯᠠᠪᠤᠷᠢ᠎ᠳᠤ ᠪᠠᠢᠴᠠᠭᠠᠯᠲᠠ ᠬᠢᠵᠦ ᠪᠠᠢᠯ᠎ᠠ᠃ LNG ᠵᠢ ᠲᠡᠭᠡᠭᠡᠪᠦᠷᠢᠯᠡᠬᠦ ᠲᠣᠭᠣᠷᠢᠭ᠋᠎ᠲᠤ᠂ ᠰᠢᠲᠠᠭᠠᠬᠤ ᠬᠡᠢ ᠵᠢ ᠰᠠᠯᠭᠠᠭᠠᠳ LNG ᠪᠣᠯᠭᠠᠭᠰᠠᠨ᠎ᠤ ᠳᠠᠷᠠᠭ᠎ᠠ ᠲᠡᠭᠡᠭᠡᠪᠦᠷᠢᠯᠡᠵᠦ᠂ ᠲᠠᠰᠤᠷᠠᠯᠲᠠ ᠦᠭᠡᠢ ᠡᠷᠭᠢᠨ ᠲᠣᠭᠣᠷᠢᠨ᠎ᠤ ᠭᠠᠵᠠᠷ ᠣᠷᠣᠨ᠎ᠳᠤ ᠵᠥᠭᠡᠭᠡᠪᠦᠷᠢᠯᠡᠨ᠎ᠡ᠃

《ᠺᠣᠮᠫᠠᠨᠢ ᠬᠦᠷᠦᠭᠡᠵᠦ ᠰᠠᠯᠭᠠᠬᠤ ᠤᠷ᠎ᠠ ᠮᠡᠷᠭᠡᠰᠢᠯ᠎ᠢᠶᠡᠷ ᠳᠠᠮᠵᠢᠭᠤᠯᠤᠨ᠂ ᠥᠩᠭᠡᠷᠡᠭᠰᠡᠨ᠎ᠦ ᠭᠠᠯ ᠪᠠᠮᠪᠠᠷ ᠵᠢᠡᠷ ᠰᠢᠲᠠᠭᠠᠵᠤ ᠰᠢᠢᠳᠪᠦᠷᠢᠯᠡᠳᠡᠭ ᠬᠡᠢ ᠪᠡᠶᠡᠲᠦ᠎ᠶᠢ ᠡᠭᠡᠭᠦᠯᠦᠨ ᠬᠤᠷᠢᠶᠠᠵᠤ ᠳᠠᠬᠢᠨ ᠠᠰᠢᠭ᠍ᠯᠠᠨ᠂ ᠬᠢᠷᠢ ᠲᠡᠩᠴᠡᠭᠰᠡᠨ LNG᠂ LEG ᠦᠢᠯᠡᠳᠬᠦᠨ᠎ᠢ ᠦᠢᠯᠡᠳᠪᠦᠷᠢᠯᠡᠵᠦ ᠭᠠᠳᠠᠭ᠍ᠰᠢ ᠪᠣᠷᠣᠯᠠᠭᠤᠯᠵᠤ᠂ ᠵᠢᠯ ᠪᠦᠷᠢ ᠨᠡᠭᠦᠷᠡᠰᠦᠲᠥ᠋ᠷᠥᠭᠴᠢ᠎ᠶᠢᠨ ᠳᠠᠪᠬᠤᠷ ᠢᠰᠦᠯ᠎ᠦᠨ ᠭᠠᠳᠠᠭᠰᠢᠯᠠᠭᠤᠯᠤᠯᠲᠠ᠎ᠶᠢ ᠪᠠᠷᠤᠭ 10 ᠲᠦᠮᠡᠨ ᠲᠣᠨ ᠪᠠᠭᠠᠰᠬᠠᠵᠤ᠂ ᠠᠵᠤ ᠠᠬᠤᠢ᠎ᠶᠢᠨ ᠦᠷ᠎ᠡ ᠠᠰᠢᠭ᠋ 7000 ᠭᠠᠷᠤᠢ ᠲᠦᠮᠡᠨ ᠲᠥᠭᠥᠷᠢᠭ᠎ᠲᠦ ᠬᠦᠷᠴᠦ᠂ ᠠᠵᠢᠯ ᠲᠥᠷᠥᠯ᠎ᠦᠨ ᠳᠣᠲᠣᠷ᠎ᠠ᠎ᠪᠠᠨ ᠰᠢᠲᠠᠭᠠᠬᠤ ᠬᠡᠢ ᠵᠢ ᠡᠬᠢ ᠪᠠᠶᠠᠯᠢᠭ᠍ᠵᠢᠭᠤᠯᠵᠤ᠂ ᠥᠨᠳᠥᠷ ᠥᠷᠲᠡᠭ᠎ᠲᠠᠢ᠎ᠪᠡᠷ ᠠᠰᠢᠭ᠍ᠯᠠᠬᠤ ᠬᠡᠪ ᠳᠠᠭᠤᠷᠢᠶᠠᠯ᠎ᠢ ᠪᠣᠶ ᠪᠣᠯᠭᠠᠵᠤ᠂ ᠢᠯᠡᠳᠲᠡ ᠠᠵᠤ ᠠᠬᠤᠢ᠂ ᠣᠷᠴᠢᠨ ᠠᠬᠤᠢ᠎ᠶᠢᠨ ᠬᠠᠮᠠᠭᠠᠯᠠᠯᠲᠠ᠎ᠶᠢᠨ ᠦᠷ᠎ᠡ ᠠᠰᠢᠭ᠋ ᠬᠢᠭᠡᠳ ᠵᠢᠱ᠌ᠢᠶ᠎ᠡ ᠦᠵᠡᠭᠦᠯᠦᠨ ᠳᠡᠯᠭᠡᠷᠡᠭᠦᠯᠬᠦ ᠥᠷᠲᠡᠭ᠎ᠢ ᠪᠥᠷᠢᠯᠳᠦᠭᠦᠯᠵᠡᠢ》 ᠭᠡᠵᠦ ᠥᠪᠥᠷ ᠮᠣᠩᠭᠣᠯ᠎ᠤᠨ ᠵᠢᠦ᠎ᠲᠠᠢ ᠰᠢᠨ᠎ᠡ ᠮᠠᠲᠧᠷᠢᠶᠠᠯ᠎ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ᠎ᠶᠢᠨ ᠳᠡᠳ᠋ ᠶᠡᠷᠦᠩᠬᠡᠢ ᠳᠠᠭᠠᠭᠠᠮᠠᠯ ᠯᠦ᠍ ᠵᠧᠨ ᠯᠢᠨ ᠲᠠᠨᠢᠯᠴᠠᠭᠤᠯᠤᠨ᠎ᠠ᠃

ᠰᠢᠲᠠᠭᠠᠬᠤ ᠬᠡᠢ ᠵᠢᠨ《ᠤᠰᠠᠳᠤᠯ》 ᠪᠣᠯ ᠠᠵᠤ ᠦᠢᠯᠡᠳᠪᠦᠷᠢ᠎ᠶᠢᠨ ᠪᠣᠬᠢᠷᠲᠤᠯ ᠦᠭᠡᠢ ᠬᠥᠭᠵᠢᠯᠲᠡ ᠪᠠ ᠮᠡᠷᠭᠡᠵᠢᠯ᠎ᠦᠨ ᠰᠢᠨ᠎ᠡ ᠡᠭᠦᠳᠦᠯᠲᠡ᠎ᠶᠢᠨ ᠢᠯᠡᠷᠡᠯ ᠮᠥᠨ᠃ ᠣᠢᠯᠠᠭᠠᠭᠰᠠᠨ᠎ᠢᠶᠠᠷ᠂ ᠥᠪᠥᠷ ᠮᠣᠩᠭᠣᠯ᠎ᠤᠨ ᠵᠢᠦ᠎ᠲᠠᠢ ᠰᠢᠨ᠎ᠡ ᠮᠠᠲᠧᠷᠢᠶᠠᠯ᠎ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ᠎ᠶᠢᠨ ᠰᠢᠲᠠᠭᠠᠬᠤ ᠬᠡᠢ᠎ᠶᠢ ᠶᠡᠷᠦᠩᠬᠡᠢᠯᠡᠨ ᠬᠣᠷᠢᠶᠠᠨ ᠠᠰᠢᠭ᠍ᠯᠠᠬᠤ ᠲᠥᠷᠥᠯ ᠵᠦᠢᠯ᠎ᠦᠨ ᠶᠡᠷᠦᠩᠬᠡᠢ ᠪᠡᠯᠡ ᠣᠷᠣᠭᠤᠯᠤᠯᠲᠠ ᠨᠢ 6000 ᠲᠦᠮᠡᠨ ᠲᠥᠭᠥᠷᠢᠭ᠂ ᠵᠢᠯ᠎ᠳᠦ LNG ᠵᠢ 1.2 ᠲᠦᠮᠡᠨ ᠲᠣᠨ᠂ LEG ᠵᠢ 0.6 ᠲᠦᠮᠡᠨ ᠲᠣᠨ ᠦᠢᠯᠡᠳᠪᠦᠷᠢᠯᠡᠵᠦ᠂ ᠣᠳᠣᠬᠠᠨ᠎ᠤ ᠵᠠᠬ᠎ᠠ ᠳᠡᠯᠭᠡᠭᠦᠷ᠎ᠦᠨ ᠦᠨ᠎ᠡ ᠬᠠᠩᠰᠢ ᠪᠡᠷ ᠲᠣᠨ ᠪᠦᠷᠢ᠎ᠳᠡᠭᠡᠨ ᠪᠠᠷᠤᠭ 4500 ᠲᠥᠭᠥᠷᠢᠭ ᠬᠦᠷᠴᠦ ᠪᠤᠢ᠃ ᠥᠪᠡᠷᠲᠡᠭᠡᠨ ᠵᠠᠰᠠᠬᠤ ᠣᠷᠣᠨ᠎ᠤ ᠠᠩᠬᠠᠳᠠᠭ᠍ᠴᠢ 《ᠰᠢᠲᠠᠭᠠᠬᠤ ᠬᠡᠢ᠎ᠶᠢ ᠬᠣᠷᠢᠶᠠᠨ ᠠᠪᠴᠤ LNG ᠦᠢᠯᠡᠳᠪᠦᠷᠢᠯᠡᠬᠦ ᠲᠥᠷᠥᠯ ᠵᠦᠢᠯ》ᠪᠣᠯᠵᠤ᠂ ᠤᠷᠤᠭᠰᠢᠲᠠᠢ  ᠪᠡᠷ ᠠᠰᠢᠭ᠍ᠯᠠᠯᠲᠠ᠎ᠳᠤ ᠣᠷᠣᠭᠰᠠᠨ ᠨᠢ ᠵᠡᠭᠦᠨᠭᠠᠷ ᠬᠣᠰᠢᠭᠤᠨ᠎ᠤ ᠠᠵᠤ ᠦᠢᠯᠡᠳᠪᠦᠷᠢ᠎ᠶᠢᠨ ᠬᠠᠶᠠᠭᠳᠠᠮᠠᠯ ᠬᠡᠢ᠎ᠶᠢ 《ᠲᠡᠭᠦᠰᠬᠡᠯ᠎ᠳᠤ ᠨᠢ ᠰᠢᠲᠠᠭᠠᠵᠤ》 ᠪᠠᠢᠭᠰᠠᠨ᠎ᠠᠴᠠ᠎ᠪᠠᠨ 《ᠡᠬᠢ ᠡᠭᠦᠰᠦᠯ᠎ᠡᠴᠡ ᠨᠢ ᠬᠣᠷᠢᠶᠠᠨ ᠠᠪᠬᠤ》 ᠪᠣᠯᠤᠭᠰᠠᠨ ᠦᠨᠳᠦᠰᠦᠨ ᠴᠢᠨᠠᠷᠲᠠᠢ ᠬᠤᠪᠢᠷᠠᠯᠲᠠ᠎ᠶᠢ ᠪᠡᠶᠡᠯᠡᠭᠦᠯᠵᠦ᠂ ᠲᠡᠷᠢᠭᠦᠨ᠎ᠦ ᠮᠡᠷᠭᠡᠵᠢᠯ᠎ᠲᠠᠢ᠂ ᠠᠮᠤᠷ ᠲᠦᠪᠰᠢᠨ ᠥᠨᠳᠥᠷ ᠪᠦᠲᠦᠮᠵᠢᠲᠡᠶ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠣᠳᠣᠬᠢᠴᠢᠯᠠᠭᠰᠠᠨ ᠠᠵᠤ ᠦᠢᠯᠡᠳᠪᠦᠷᠢ᠎ᠶᠢᠨ ᠰᠢᠰᠲᠧᠮ᠎ᠢ ᠪᠠᠶ᠋ᠢᠭᠤᠯᠬᠤ᠎ᠳᠤ ᠰᠢᠨ᠎ᠡ ᠠᠷᠭ᠎ᠠ ᠵᠠᠮ᠎ᠢ ᠨᠡᠭᠡᠭᠡᠵᠦ᠂ ᠨᠡᠭᠦᠷᠡᠰᠦᠨ᠎ᠦ ᠡᠬᠢ ᠪᠠᠶᠠᠯᠢᠭ᠋᠎ᠤᠨ ᠴᠢᠨᠠᠷ ᠰᠠᠢᠲᠠᠢ ᠬᠥᠭᠵᠢᠯᠲᠡ᠎ᠶᠢᠨ ᠵᠠᠮ᠎ᠢᠶᠠᠷ ᠵᠠᠮᠨᠠᠭᠰᠠᠨ᠎ᠢ ᠬᠠᠷᠠᠭᠤᠯᠵᠤ ᠪᠠᠢᠨ᠎ᠠ᠃

ᠢᠷᠡᠯᠲᠡ᠄ ᠦᠪᠦᠷ ᠮᠤᠩᠭᠤᠯ᠎ᠤᠨ ᠰᠤᠨᠢᠨ ᠮᠡᠳᠡᠭᠡᠨ᠎ᠤ ᠰᠦᠯᠵᠢᠶ᠎ᠡ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号